| 9 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠲᠣᠭᠲᠠᠭᠠᠯᠲᠠ ᠪᠠᠷ ᠳᠡᠮᠵᠢᠨ᠂ ᠪᠤᠭᠤᠲᠤ ᠬᠤᠲᠠ ︽ᠳᠤᠮᠳᠠᠳᠤ | ᠤᠯᠤᠰ ᠤᠨ ᠠᠳᠤᠭᠤᠨ ᠬᠤᠳᠠ︾ ᠶᠢᠨ ᠠᠯᠳᠠᠷ ᠭᠥᠷᠳᠡᠪᠡ᠃ | 9 ᠰᠠᠷ᠎ᠠ ᠶᠢᠨ 17 — 18 ᠤ ᠡᠳᠦᠷ᠂ ︽ᠳᠤᠮᠳᠠᠳᠤ ᠤᠯᠤᠰ ᠤᠨ ᠠᠳᠤᠭᠤᠨ ᠬᠤᠳᠠ︾ ᠶᠢ ᠦᠨᠡᠯᠡᠨ | ᠲᠣᠭᠲᠠᠭᠠᠬᠤ ᠲᠤᠰᠬᠠᠢ ᠮᠡᠷᠭᠡᠵᠢᠯᠲᠡᠨ ᠤ ᠪᠦᠯᠬᠦᠮ ᠵᠢᠴᠢ ᠳᠤᠮᠳᠠᠳᠤ ᠤᠯᠤᠰ ᠤᠨ ᠮᠣᠷᠢᠨ ᠦᠢᠯᠡᠰ ᠤᠨ | ᠨᠡᠶᠢᠭᠡᠮᠯᠢᠭ ᠤᠨ 40 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠪᠤᠭᠤᠲᠤ ᠬᠤᠳᠠ ᠶᠢᠨ ᠣᠯᠢᠮᠫᠢᠺ ᠤᠨ ᠲᠠᠮᠢᠷ ᠤᠨ | ᠴᠡᠴᠡᠷᠯᠢᠭ ᠤᠨ ᠮᠣᠷᠢᠨ ᠮᠡᠷᠭᠡᠵᠢᠯ ᠤᠨ ᠭᠤᠷᠪᠠᠨ ᠤᠷᠤᠯᠳᠤᠭᠠᠨ ᠤ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠵᠡᠢ᠃ | ᠰᠠᠶᠢᠬᠠᠨᠳᠠᠯ᠎ᠠ ᠮᠣᠷᠢᠨ ᠤᠷᠤᠯᠳᠤᠭᠠᠨ ᠤ ᠲᠠᠯᠠᠪᠠᠶ᠂ ᠬᠦᠯᠦᠭ ᠪᠠᠭᠤᠳᠠᠯ᠂ ᠥᠪᠥᠷ ᠮᠣᠩᠭᠤᠯ ᠤᠨ ᠲᠠᠷᠢᠶᠠᠯᠠᠩ ᠤᠨ | ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠳᠠᠷᠬᠠᠨ ᠮᠤᠤᠮᠢᠩᠭᠠᠨ ᠬᠤᠰᠢᠭᠤᠨ ᠤ | ᠪᠠᠲᠤᠬᠠᠭᠠᠯᠭ᠎ᠠ ᠪᠠᠯᠭᠠᠰᠦ ᠳᠤ ᠬᠦᠷᠴᠦ᠂ ᠠᠳᠤᠭᠤᠨ ᠤ ᠭᠤᠣᠯ ᠰᠡᠳᠦᠪᠲᠦ ᠤᠷᠤᠯᠳᠤᠭᠠᠨ ᠤ ᠲᠠᠯᠠᠪᠠᠶ᠂ | ᠠᠳᠤᠭᠤᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ᠂ ᠠᠳᠤᠭᠤᠨ ᠤ ᠰᠣᠶᠣᠯ ᠤᠨ ᠦᠵᠡᠰᠬᠦᠯᠡᠩ ᠤᠨ | ᠣᠷᠳᠣᠨ ᠵᠡᠷᠭᠡ ᠶᠢ ᠪᠠᠶᠢᠴᠠᠭᠠᠨ ᠦᠵᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠤᠭᠤᠲᠤ | ᠬᠤᠳᠠ ᠶᠢᠨ ︽ᠳᠤᠮᠳᠠᠳᠤ ᠤᠯᠤᠰ ᠤᠨ ᠠᠳᠤᠭᠤᠨ ᠬᠤᠳᠠ︾ ᠶᠢ ᠪᠠᠶᠢᠭᠤᠯᠬᠤ ᠳᠤ ᠬᠢᠭᠰᠡᠨ ᠠᠵᠢᠯ ᠢ ᠭᠦᠢᠴᠡᠳ | ᠨᠤᠳᠠᠯᠠᠪᠠ᠃ ᠲᠤᠰᠬᠠᠢ ᠮᠡᠷᠭᠡᠵᠢᠯᠲᠡᠨ ᠤ ᠪᠦᠯᠬᠦᠮ ᠤᠨ ᠬᠢᠨ᠂ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠤᠯᠠᠨ | ᠲᠦᠮᠡᠨ ᠤ ᠬᠦᠷᠢᠶᠡᠯᠡᠯ᠂ ᠴᠢᠳᠠᠪᠤᠷᠢᠲᠠᠨ ᠤ ᠡᠩᠨᠡᠭᠡ ᠪᠠᠷ ᠲᠤᠯᠭᠠᠭᠤᠷᠢᠯᠠᠯ ᠪᠣᠯᠭᠠᠵᠤ᠂ ᠪᠤᠭᠤᠲᠤ ᠬᠤᠳᠠ | ︽ᠳᠤᠮᠳᠠᠳᠤ ᠤᠯᠤᠰ ᠤᠨ ᠠᠳᠤᠭᠤᠨ ᠬᠤᠳᠠ︾ ᠶᠢ ᠪᠠᠶᠢᠭᠤᠯᠬᠤ ᠲᠠᠯ᠎ᠠ ᠪᠠᠷ ᠨᠢᠭᠡᠨᠲᠡ ᠨᠥᠬᠦᠴᠡᠯ ᠪᠦᠷᠢᠯᠳᠦᠭᠦᠯᠵᠡᠢ | ᠭᠡᠵᠦ ᠰᠠᠨᠠᠯ ᠨᠢᠭᠡᠲᠡᠢ ᠦᠵᠡᠪᠡ᠃ ᠵᠠᠯᠭᠠᠭᠠᠳ ᠪᠤᠭᠤᠲᠤ ᠬᠤᠳᠠ ︽ᠳᠤᠮᠳᠠᠳᠤ ᠤᠯᠤᠰ ᠤᠨ ᠠᠳᠤᠭᠤᠨᠬᠤᠳᠠ︾ | ᠶᠢᠨ ᠠᠯᠳᠠᠷ ᠬᠦᠷᠳᠡᠬᠦ ᠪᠠᠷ ᠰᠢᠨ᠎ᠡ ᠭᠠᠷᠤᠭ᠎ᠠ ᠪᠣᠯᠭᠠᠵᠤ᠂ ᠲᠡᠷᠢᠭᠦᠨ ᠤ ᠮᠣᠷᠢᠨ ᠮᠡᠷᠭᠡᠵᠢᠯ ᠤᠨ ᠤᠷᠤᠯᠳᠤᠭᠠᠨ ᠪᠣᠯᠣᠨ | ᠠᠳᠤᠭᠤᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ ᠪᠠᠷ ᠳᠠᠮᠵᠢᠭᠤᠯᠵᠤ᠂ ᠮᠣᠷᠢᠨ ᠮᠡᠷᠭᠡᠵᠢᠯ ᠤᠨ | ᠤᠷᠤᠯᠳᠤᠭᠠᠨ᠂ ᠰᠢᠨᠳᠠᠰᠦ ᠰᠢᠯᠭᠠᠬᠤ ᠤᠷᠤᠯᠳᠤᠭᠠᠨ ᠵᠡᠷᠭᠡ ᠤᠷᠤᠯᠳᠤᠭᠠᠨ ᠤ ᠠᠵᠢᠯᠯᠠᠭ᠎ᠠ ᠥᠷᠨᠢᠭᠦᠯᠵᠦ᠂ | ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠥᠪᠡᠷᠮᠢᠴᠡ | ᠣᠨᠴᠠᠯᠢᠭ ᠲᠠᠢ ᠪᠡᠶ᠎ᠡ ᠶᠢᠨ ᠲᠠᠮᠢᠷ ᠤᠨ ᠨᠡᠷ᠎ᠡ ᠶᠢᠨ ᠬᠠᠭᠤᠳᠠᠰᠤ ᠶᠢ ᠪᠦᠷᠢᠯᠳᠦᠭᠦᠯᠦᠨ᠎ᠡ᠃ | |