2023 ᠣᠨ ᠤ ᠪᠥᠬᠦ ᠤᠯᠤᠰ ᠤᠨ U23 ᠤᠯᠠᠨ ᠤᠯᠤᠰ ᠤᠨ ᠮᠠᠶ᠋ᠢᠭ ᠤᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠠᠨ ᠤ ᠣᠷᠣᠨ ᠤ ᠲᠠᠮᠢᠷᠴᠢᠨ ᠨᠢᠭᠡ ᠠᠯᠲᠠᠨ ᠮᠧᠳᠠᠯ ᠬᠤᠶᠠᠷ ᠮᠥᠩᠭᠦᠨ ᠮᠧᠳᠠᠯ ᠠᠷᠪᠠᠨ ᠬᠦᠷᠡᠯ ᠮᠧᠳᠠᠯ ᠣᠯᠪᠠ
ᠨᠡᠶᠢᠲᠡᠯᠡᠭᠰᠡᠨ ᠴᠠᠭ᠄
2023/9/21
    2023 ᠣᠨ ᠤ ᠪᠥᠬᠦ ᠤᠯᠤᠰ ᠤᠨ U23 ᠣᠯᠠᠨ ᠤᠯᠤᠰ ᠤᠨ ᠮᠠᠶ᠋ᠢᠭ ᠤᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ 2023 ᠣᠨ ᠤ 9 ᠰᠠᠷ᠎ᠠ ᠶᠢᠨ 14 ᠤ ᠡᠳᠦᠷ ᠠᠴᠠ 9 ᠰᠠᠷ᠎ᠠ ᠶᠢᠨ 19 ᠤ ᠡᠳᠦᠷ ᠪᠣᠯᠲᠠᠯ᠎ᠠ ᠱᠠᠨ ᠰᠢ ᠮᠤᠵᠢ ᠶᠢᠨ ᠲᠠᠶᠢᠶᠤᠸᠠᠨ ᠬᠤᠲᠠ ᠳᠤ ᠶᠠᠪᠤᠭᠳᠠᠵᠤ᠂ ᠮᠠᠨ ᠤ ᠣᠷᠣᠨ ᠨᠡᠶᠢᠲᠡ 39 ᠲᠠᠮᠢᠷᠴᠢᠨ ᠲᠣᠮᠢᠯᠠᠨ ᠭᠤᠷᠪᠠᠨ ᠶᠡᠭᠡ ᠲᠥᠷᠥᠯ᠂ 25 ᠲᠠᠰ ᠤᠨ ᠤᠷᠤᠯᠳᠤᠭᠠᠨ ᠳᠤ ᠣᠷᠣᠯᠴᠠᠭᠤᠯᠪᠠ᠃     6 ᠡᠳᠦᠷ ᠤᠨ ᠤᠷᠤᠯᠳᠤᠭᠠᠨ ᠢᠶᠠᠷ ᠳᠠᠮᠵᠢᠭᠠᠳ᠂ ᠮᠠᠨ ᠤ ᠣᠷᠣᠨ ᠤ ᠲᠠᠮᠢᠷᠴᠢᠨ ᠨᠡᠶᠢᠲᠡ 1 ᠠᠯᠲᠠᠨ ᠮᠧᠳᠠᠯ᠂ 2 ᠮᠥᠩᠭᠦᠨ ᠮᠧᠳᠠᠯ᠂ 10 ᠬᠦᠷᠡᠯ ᠮᠧᠳᠠᠯ ᠣᠯᠵᠠᠢ᠂ ᠡᠭᠦᠨ ᠳᠤ ᠰᠤᠩᠭᠤᠳᠠᠭ ᠮᠠᠶ᠋ᠢᠭ ᠤᠨ ᠪᠥᠬᠡ ᠶᠢᠨ ᠠᠩᠭᠢ ᠶᠢᠨ ᠪᠠᠢ ᠠᠮᠤᠭᠤᠯᠠᠩ 82 ᠺᠢᠯᠣᠭ᠍ᠷᠠᠮ ᠤᠨ ᠲᠠᠰ ᠤᠨ ᠨᠢᠭᠡᠳᠦᠭᠡᠷ ᠲᠤ ᠣᠷᠣᠵᠤ᠂ ᠪᠤᠶᠠᠨᠵᠢᠶᠠᠭ᠎ᠠ 60 ᠺᠢᠯᠣᠭ᠍ᠷᠠᠮ ᠤᠨ ᠲᠠᠰ ᠤᠨ ᠬᠤᠶᠠᠳᠤᠭᠠᠷ᠂ ᠬᠦᠪᠴᠢᠨ 130 ᠺᠢᠯᠣᠭ᠍ᠷᠠᠮ ᠤᠨ ᠲᠠᠰ ᠤᠨ ᠬᠤᠶᠠᠳᠤᠭᠠᠷ ᠲᠤ ᠣᠷᠣᠵᠤ᠂ ᠴᠧᠨ ᠰᠢᠶᠠᠨ ᠬᠤᠸᠠᠨ 72 ᠺᠢᠯᠣᠭ᠍ᠷᠠᠮ ᠤᠨ ᠲᠠᠰ ᠤᠨ ᠭᠤᠷᠪᠠᠳᠤᠭᠠᠷ᠂ ᠦᠨᠳᠦᠷᠯᠢᠭ 82 ᠺᠢᠯᠣᠭ᠍ᠷᠠᠮ ᠤᠨ ᠲᠠᠰ ᠤᠨ ᠭᠤᠷᠪᠠᠳᠤᠭᠠᠷ᠂ ᠴᠠᠶᠢᠯᠭᠠᠨ 97 ᠺᠢᠯᠣᠭ᠍ᠷᠠᠮ ᠤᠨ ᠲᠠᠰ ᠤᠨ ᠭᠤᠷᠪᠠᠳᠤᠭᠠᠷ ᠲᠤ ᠣᠷᠣᠵᠤ᠂ ᠪᠦᠯᠬᠦᠮ ᠤᠨ ᠶᠡᠷᠦᠩᠬᠡᠢ ᠬᠤᠪᠢ ᠨᠢᠭᠡᠳᠦᠭᠡᠷ ᠲᠤ ᠵᠢᠠᠠᠰᠠᠭᠠᠭᠳᠠᠪᠠ︔ ᠡᠷᠡᠭᠲᠡᠢ ᠶᠢᠨ ᠴᠢᠯᠦᠭᠡᠲᠦ ᠪᠥᠬᠡ ᠶᠢᠨ ᠠᠩᠭᠢ ᠶᠢᠨ ᠪᠠᠳᠤᠴᠡᠩᠬᠡᠯ 74 ᠺᠢᠯᠣᠭ᠍ᠷᠠᠮ ᠤᠨ ᠲᠠᠰ ᠤᠨ ᠭᠤᠷᠪᠠᠳᠤᠭᠠᠷ᠂ ᠲᠦᠰᠢᠭ 97 ᠺᠢᠯᠣᠭ᠍ᠷᠠᠮ ᠤᠨ ᠲᠠᠰ ᠤᠨ ᠭᠤᠷᠪᠠᠳᠤᠭᠠᠷ᠂ ᠢᠳᠠᠮᠵᠠᠪ 97 ᠺᠢᠯᠣᠭ᠍ᠷᠠᠮ ᠤᠨ ᠲᠠᠰ ᠤᠨ ᠭᠤᠷᠪᠠᠳᠤᠭᠠᠷ᠂ ᠰᠦᠷᠯᠢᠭ 125 ᠺᠢᠯᠣᠭ᠍ᠷᠠᠮ ᠤᠨ ᠲᠠᠰ ᠤᠨ ᠭᠤᠷᠪᠠᠳᠤᠭᠠᠷ ᠲᠤ ᠣᠷᠣᠪᠠ︔ ᠡᠮᠡᠭᠲᠡᠢ ᠶᠢᠨ ᠴᠢᠯᠦᠭᠡᠲᠦ ᠪᠥᠬᠡ ᠶᠢᠨ ᠠᠩᠭᠢ ᠶᠢᠨ ᠨᠡᠷᠡᠨ᠎ᠡ 72 ᠺᠢᠯᠣᠭ᠍ᠷᠠᠮ ᠤᠨ ᠳᠡᠰ ᠤᠨ ᠭᠤᠷᠪᠠᠳᠤᠭᠠᠷ᠂ ᠸᠠᠩ ᠰᠢᠨ ᠶᠠᠨ 76 ᠺᠢᠯᠣᠭ᠍ᠷᠠᠮ ᠤᠨ ᠳᠡᠰ ᠤᠨ ᠭᠤᠷᠪᠠᠳᠤᠭᠠᠷ᠂ ᠤᠷᠠᠯᠢᠭ ︵ᠬᠥᠬᠡᠨᠠᠭᠤᠷ ᠢ ᠲᠦᠯᠦᠭᠡᠯᠡᠪᠡ︶ 76 ᠺᠢᠯᠣᠭ᠍ᠷᠠᠮ ᠤᠨ ᠳᠡᠰ ᠤᠨ ᠭᠤᠷᠪᠠᠳᠤᠭᠠᠷ ᠲᠤ ᠣᠷᠣᠵᠠᠢ᠃     ᠲᠤᠰ ᠤᠳᠠᠭᠠᠨ ᠤ ᠤᠷᠤᠯᠳᠤᠭᠠᠨ ᠳᠤ ᠡᠷᠡᠭᠲᠡᠢ ᠶᠢᠨ ᠴᠢᠯᠦᠭᠡᠲᠦ ᠪᠥᠬᠡ᠂ ᠡᠮᠡᠭᠲᠡᠢ ᠶᠢᠨ ᠴᠢᠯᠦᠭᠡᠲᠦ ᠪᠥᠬᠡ᠂ ᠰᠤᠩᠭᠤᠳᠠᠭ ᠮᠠᠶ᠋ᠢᠭ ᠤᠨ ᠪᠥᠬᠡ ᠭᠡᠬᠦ ᠭᠤᠷᠪᠠᠨ ᠲᠣᠮᠣ ᠤᠷᠤᠯᠳᠤᠭᠠᠨ ᠤ ᠵᠦᠢᠯ ᠢ ᠲᠣᠬᠢᠷᠠᠭᠤᠯᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠨᠡᠶᠢᠲᠡ 110 ᠠᠩᠭᠢ᠂ 830 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号