2023 ᠣᠨ ᠤ ᠪᠥᠬᠦ ᠣᠷᠣᠨ ᠤ ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠲᠠᠮᠢᠷ ᠤᠨ ᠳᠠᠰᠬᠠᠯᠵᠢᠭᠤᠯᠤᠭᠴᠢ ᠬᠢᠨᠠᠭᠴᠢ ᠶᠢᠨ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/9/22
   9 ᠰᠠᠷ᠎ᠠ ᠶᠢᠨ 19 ᠤ ᠡᠳᠦᠷ᠂ 2023 ᠣᠨ ᠤ ᠪᠥᠬᠦ ᠣᠷᠣᠨ ᠤ ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠲᠠᠮᠢᠷ ᠤᠨ ᠳᠠᠰᠬᠠᠯᠵᠢᠭᠤᠯᠤᠭᠴᠢ ᠬᠢᠨᠠᠭᠴᠢ ᠶᠢᠨ ᠪᠤᠯᠪᠠᠰᠤᠷᠠᠯ ᠤᠨ ᠠᠩᠭᠢ ᠤᠯᠠᠭᠠᠨᠬᠠᠳᠠ ᠳᠤ ᠬᠢᠴᠢᠶᠡᠯ ᠡᠬᠢᠯᠡᠵᠦ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ 31 ᠪᠡᠶ᠎ᠡ ᠴᠢᠭᠢᠷᠠᠭᠵᠢᠭᠤᠯᠬᠤ ᠲᠠᠮᠢᠷ ᠤᠨ ᠳᠠᠰᠬᠠᠯᠵᠢᠭᠤᠯᠤᠭᠴᠢ ᠬᠢᠨᠠᠭᠴᠢ ᠪᠤᠯᠪᠠᠰᠤᠷᠠᠯ ᠳᠤ ᠣᠷᠣᠯᠴᠠᠵᠠᠢ᠃
    ᠲᠣᠰ ᠤᠳᠠᠭᠠᠨ ᠤ ᠪᠤᠯᠪᠠᠰᠤᠷᠠᠯ ᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠪᠡ᠃ 4 ᠡᠳᠦᠷ ᠤᠨ ᠬᠤᠭᠤᠴᠠᠭ᠎ᠠ ᠲᠠᠢ ᠪᠤᠯᠪᠠᠰᠤᠷᠠᠯ ᠳᠤ ᠣᠨᠣᠯ ᠢᠶᠠᠷ ᠬᠢᠴᠢᠶᠡᠯᠯᠡᠬᠦ ᠪᠠ ᠦᠢᠯᠡᠳᠦᠯᠭᠡ ᠪᠠᠷ ᠵᠢᠯᠤᠭᠤᠳᠬᠤ ᠶᠢ ᠤᠶᠠᠯᠳᠤᠭᠤᠯᠵᠦ᠂ ᠪᠥᠬᠦ ᠣᠷᠣᠨ ᠤ ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠳᠠᠰᠬᠠᠯᠵᠢᠭᠤᠯᠤᠭᠴᠢ ᠬᠢᠨᠠᠭᠴᠢ ᠶᠢᠨ ᠣᠨᠣᠯ ᠪᠠ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠤᠯᠪᠠᠰᠤᠷᠠᠯ ᠤᠨ ᠠᠭᠤᠯᠭ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠰᠬᠠᠢ ᠰᠡᠳᠦᠪᠲᠦ ᠲᠠᠶᠢᠯᠤᠮᠵᠢ᠂ ︽ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ ᠤ ᠳᠦᠷᠢᠮ︾ ᠤᠨ ᠲᠠᠶᠢᠯᠤᠮᠵᠢ ᠵᠡᠷᠭᠡ ᠣᠨᠣᠯ ᠤᠨ ᠬᠢᠴᠢᠶᠡᠯ  ᠪᠠᠭᠳᠠᠵᠦ᠂ ᠦᠢᠯᠡᠳᠦᠯᠭᠡ ᠳᠤ ᠤᠯᠤᠰ ᠤᠨ ᠳᠡᠰ ᠤᠨ ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠲᠠᠮᠢᠷ ᠤᠨ 4 ᠪᠠᠭᠰᠢ ᠶᠢ ᠤᠷᠢᠵᠤ ᠲᠤᠰᠬᠠᠢ ᠮᠡᠷᠭᠡᠵᠢᠯ ᠤᠨ ᠪᠣᠯᠪᠠᠰᠤᠷᠠᠯ ᠬᠢᠯᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号