| 9 ᠰᠠᠷ᠎ᠠ ᠶᠢᠨ 18 ︱ 23 ᠤ ᠡᠳᠦᠷ᠂ ᠳᠡᠯᠡᠬᠡᠢ ᠶᠢᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ | ᠵᠢᠴᠢ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠠᠩᠬᠠᠨ ᠤ ᠥᠷᠲᠡᠭᠡᠨ ᠤ ᠤᠷᠤᠯᠳᠤᠭᠠᠨ | ᠰᠧᠷᠪᠢᠶ᠎ᠠ ᠳᠤ ᠶᠠᠪᠤᠭᠳᠠᠵᠤ᠂ ᠮᠠᠨ ᠤ ᠣᠷᠣᠨ ᠤ ᠲᠠᠮᠢᠷᠴᠢᠨ ᠯᠢ ᠯᠢ ᠳᠤᠮᠳᠠᠳᠤ ᠤᠯᠤᠰ ᠤᠨ ᠠᠩᠭᠢ ᠶᠢ ᠲᠥᠯᠥᠭᠡᠯᠡᠨ | ᠤᠷᠤᠯᠳᠤᠭᠠᠨ ᠳᠤ ᠣᠷᠣᠯᠴᠠᠪᠠ᠃ | ᠪᠡᠭᠡᠵᠢᠩ ᠤᠨ ᠴᠠᠭ ᠢᠶᠠᠷ 9 ᠰᠠᠷ᠎ᠠ ᠶᠢᠨ 21 ᠤ ᠡᠳᠦᠷ ᠤᠨ ᠥᠷᠯᠥᠭᠡ ᠶᠢᠨ ᠤᠷᠤᠯᠳᠤᠭᠠᠨ ᠳᠤ ᠯᠢ ᠯᠢ | ᠲᠦᠷᠺ ᠤᠨ ᠲᠠᠮᠢᠷᠴᠢᠨ ᠢ ᠢᠯᠠᠵᠤ᠂ 65 ᠺᠢᠯᠣᠭ᠍ᠷᠠᠮ ᠤᠨ ᠳᠡᠰ ᠤᠨ ᠬᠦᠷᠡᠯ ᠮᠧᠳᠠᠯ ᠣᠯᠵᠠᠢ᠃ ᠡᠨᠡ ᠪᠤᠯ ᠯᠢ ᠯᠢ | ᠠᠩᠬ᠎ᠠ ᠤᠳᠠᠭ᠎ᠠ ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠣᠷᠣᠯᠴᠠᠵᠤ ᠪᠠᠶᠢᠭ᠎ᠠ ᠶᠠᠪᠤᠳᠠᠯ | ᠪᠤᠯᠤᠨ᠎ᠡ᠂ ᠡᠨᠡᠬᠦ ᠬᠦᠷᠡᠯ ᠮᠧᠳᠠᠯ ᠨᠢ ᠮᠥᠨ ᠴᠦ ᠥᠪᠥᠷ ᠮᠣᠩᠭᠤᠯ ᠤᠨ ᠡᠮᠡᠭᠲᠡᠢ ᠶᠢᠨ ᠴᠢᠯᠦᠭᠡᠲᠦ ᠮᠠᠶ᠋ᠢᠭ ᠤᠨ | ᠪᠥᠬᠡ ᠶᠢᠨ ᠠᠩᠭᠢ 2002 ᠣᠨ ᠳᠤ ᠠᠩᠭᠢ ᠪᠠᠶᠢᠭᠤᠯᠤᠭᠳᠠᠭᠰᠠᠨ ᠠᠴᠠ ᠨᠠᠰᠢ ᠣᠯᠣᠭᠰᠠᠨ ᠠᠩᠬᠠᠳᠠᠭᠴᠢ | ᠳᠡᠯᠡᠬᠡᠢ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠱᠠᠩᠨᠠᠯ ᠤᠨ ᠮᠧᠳᠠᠯ ᠪᠠᠶᠢᠵᠤ᠂ ᠱᠠᠩᠨᠠᠯ ᠤᠨ ᠮᠧᠳᠠᠯ ᠦᠭᠡᠢ | ᠪᠠᠶᠢᠭᠰᠠᠨ ᠬᠤᠭᠤᠰᠤᠨ ᠢ ᠨᠦᠬᠦᠪᠦᠷᠢᠯᠡᠵᠡᠢ᠃ | ᠯᠢ ᠯᠢ 2000 ᠣᠨ ᠳᠤ ᠲᠦᠷᠦᠪᠡ᠂ 2017 ᠣᠨ ᠳᠤ ᠥᠪᠥᠷ ᠮᠣᠩᠭᠤᠯ ᠤᠨ ᠡᠮᠡᠭᠲᠡᠢ ᠶᠢᠨ ᠴᠢᠯᠦᠭᠡᠲᠦ | ᠪᠦᠬᠡ ᠶᠢᠨ ᠠᠩᠭᠢ ᠳᠤ ᠣᠷᠣᠵᠤ᠂ ᠡᠨᠡ ᠵᠢᠯ ᠠᠩᠬ᠎ᠠ ᠤᠳᠠᠭ᠎ᠠ ᠤᠯᠤᠰ ᠤᠨ ᠠᠩᠭᠢ ᠶᠢᠨ ᠪᠣᠯᠪᠠᠰᠤᠷᠠᠯ ᠳᠤ | ᠣᠷᠣᠯᠴᠠᠭᠰᠠᠨ ᠪᠥᠭᠡᠳ ᠤᠯᠠᠨ ᠤᠯᠤᠰ ᠤᠨ ᠤᠷᠤᠯᠳᠤᠭᠠᠨ ᠳᠤ ᠤᠷᠤᠯᠴᠠᠪᠠ᠃ 6 ᠰᠠᠷ᠎ᠠ ᠶᠢᠨ 17 ᠤ ᠡᠳᠦᠷ᠂ | U23 ᠠᠽᠢᠶ᠎ᠠ ᠲᠢᠪ ᠤᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ 62 ᠺᠢᠯᠣᠭ᠍ᠷᠠᠮ ᠤᠨ ᠳᠡᠰ ᠤᠨ | ᠮᠥᠩᠭᠦᠨ ᠮᠧᠳᠠᠯ ᠢ ᠬᠦᠷᠳᠡᠵᠦ ᠥᠩᠭᠡᠷᠡᠪᠡ᠃ |