| | 9 ᠰᠠᠷ᠎ᠠ ᠶᠢᠨ 25 ᠤ ᠣᠷᠣᠢ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ | ᠤᠮᠪᠠᠯᠲᠠ ᠶᠢᠨ ᠤᠷᠤᠯᠳᠤᠭᠠᠨ ᠵᠧᠵᠢᠶᠠᠩ ᠤᠨ ᠬᠠᠩᠵᠧᠦ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ | ᠤᠮᠪᠠᠯᠲᠠ ᠶᠢᠨ ᠣᠷᠳᠣᠨ ᠳᠤ ᠶᠠᠪᠤᠭᠳᠠᠪᠠ᠃ ᠮᠠᠨ ᠤ ᠣᠷᠣᠨ ᠤ ᠲᠠᠮᠢᠷᠴᠢᠨ ᠨᠢᠦ ᠭᠤᠸᠠᠩ ᠱᠧᠩ ᠪᠣᠯᠣᠨ | ᠤᠯᠤᠰ ᠤᠨ ᠠᠩᠭᠢ ᠶᠢᠨ ᠸᠠᠩ ᠱᠦᠨ᠂ ᠸᠠᠩ ᠬᠤᠤ ᠢᠦᠢ᠂ ᠫᠠᠨ ᠵᠠᠨ ᠯᠸ ᠡᠷᠡᠭᠲᠡᠢ ᠶᠢᠨ 4×200 ᠮᠧᠲᠷ ᠤᠨ | ᠴᠢᠯᠦᠭᠡᠲᠦ ᠤᠮᠪᠠᠯᠲᠠ ᠶᠢᠨ ᠪᠤᠤᠬᠢᠶ᠎ᠠ ᠤᠷᠤᠯᠳᠤᠭᠠᠨ ᠳᠤ 7 ᠮᠢᠨᠦ᠋ᠲ 03 ᠰᠧᠺᠦ᠋ᠨ᠋ᠳ᠋ 40 ᠤᠨ ᠬᠢᠷᠢ | ᠪᠦᠲᠦᠮᠵᠢ ᠪᠠᠷ ᠮᠥᠩᠭᠦᠨ ᠮᠧᠳᠠᠯ ᠣᠯᠵᠤ᠂ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠬᠦᠮ ᠳᠤ ᠪᠠᠰᠠ | ᠨᠢᠭᠡ ᠮᠥᠩᠭᠦᠨ ᠮᠧᠳᠠᠯ ᠨᠡᠮᠡᠪᠡ᠂ ᠲᠤᠰ ᠮᠥᠩᠭᠦᠨ ᠮᠧᠳᠠᠯ ᠨᠢ ᠮᠥᠨᠴᠦ ᠥᠪᠥᠷ ᠮᠣᠩᠭᠤᠯ ᠤᠨ ᠤᠮᠪᠠᠯᠲᠠ ᠶᠢᠨ | ᠲᠦᠷᠦᠯ ᠵᠦᠢᠯ ᠤᠨ ᠳᠡᠯᠡᠬᠡᠢ ᠶᠢᠨ ᠴᠢᠬᠤᠯᠠ ᠶᠡᠭᠡ ᠤᠷᠤᠯᠳᠤᠭᠠᠨ ᠳᠤ ᠣᠯᠣᠭᠰᠠᠨ ᠬᠠᠮᠤᠭ ᠤᠨ ᠰᠠᠶᠢᠨ ᠬᠢᠷᠢ | ᠪᠦᠲᠦᠮᠵᠢ ᠪᠣᠯᠣᠨ᠎ᠠ᠃ | | | | |