ᠮᠠᠨ ᠤ ᠣᠷᠣᠨ ᠤ ᠲᠠᠮᠢᠷᠴᠢᠳ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠣᠳᠣᠣ ᠶᠢᠨ ᠡᠷᠡᠭᠳᠡᠢ ᠡᠮᠡᠭᠳᠡᠢ ᠶᠢᠨ ᠪᠦᠯᠬᠦᠮ ᠤᠨ ᠤᠷᠤᠯᠳᠤᠭᠠᠨ ᠳᠤ ᠬᠦᠷᠡᠯ ᠮᠧᠳᠡᠯ ᠬᠦᠷᠳᠡᠪᠡ
ᠨᠡᠶᠢᠲᠡᠯᠡᠭᠰᠡᠨ ᠴᠠᠭ᠄
2023/9/28
   9 ᠰᠠᠷ᠎ᠠ ᠶᠢᠨ 27 ᠤ ᠡᠳᠦᠷ᠂ ᠮᠠᠨ ᠤ ᠣᠷᠣᠨ ᠤ ᠵᠢᠣᠳᠣᠣ ᠶᠢᠨ ᠲᠠᠮᠢᠷᠴᠢᠨ ᠴᠢᠨᠳᠠᠭ᠎ᠠ᠂ ᠪᠦᠬᠡᠪᠢᠯᠢᠭ ᠤᠯᠤᠰ  ᠤᠨ ᠠᠩᠭᠢ ᠶᠢᠨ ᠨᠦᠬᠦᠳ ᠲᠠᠢ ᠪᠠᠨ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠣᠳᠣᠣ ᠶᠢᠨ ᠡᠷᠡᠭᠳᠡᠢ ᠡᠮᠡᠭᠳᠡᠢ ᠶᠢᠨ ᠪᠦᠯᠬᠦᠮ ᠤᠨ ᠤᠷᠤᠯᠳᠤᠭᠠᠨ ᠳᠤ ᠣᠷᠣᠯᠴᠠᠪᠠ᠃    ᠰᠢᠭᠰᠢᠭᠡ ᠤᠷᠤᠯᠳᠤᠭᠠᠨ ᠳᠤ ᠴᠢᠨᠳᠠᠭ᠎ᠠ᠂ ᠪᠦᠬᠡᠪᠢᠯᠢᠭ ᠥᠷᠢᠰᠦᠯᠳᠦᠭᠴᠢ ᠪᠠᠨ ᠢᠯᠠᠵᠤ᠂ ᠳᠤᠮᠳᠠᠳᠤ ᠤᠯᠤᠰ ᠤᠨ ᠠᠩᠭᠢ 4᠄ 3  ᠤᠨ ᠬᠠᠷᠢᠴᠠᠯ ᠢᠶᠠᠷ ᠮᠣᠩᠭᠤᠯ ᠤᠯᠤᠰ ᠤᠨ ᠠᠩᠭᠢ ᠶᠢ ᠢᠯᠠᠵᠦ᠂ ᠲᠡᠭᠡᠳᠦ ᠲᠦᠷᠪᠡ  ᠳᠤ ᠨᠡᠷ᠎ᠡ ᠲᠠᠪᠰᠢᠪᠠ᠃ ᠲᠡᠭᠡᠳᠦ ᠲᠦᠷᠪᠡ ᠶᠢᠨ ᠤᠷᠤᠯᠳᠤᠭᠠᠨ ᠳᠤ᠂ ᠳᠤᠮᠳᠠᠳᠤ ᠤᠯᠤᠰ ᠤᠨ ᠠᠩᠭᠢ 2᠄ 4 ᠶᠢᠨ ᠬᠠᠷᠢᠴᠠᠯ ᠢᠶᠠᠷ ᠦᠽᠪᠧᠺᠰᠲ᠋ᠠᠨ ᠳᠤ ᠢᠯᠠᠭᠳᠠᠵᠦ᠂ ᠲᠡᠳ᠋ ᠲᠠᠷᠢᠭᠦᠨ ᠢ ᠪᠤᠯᠢᠶᠠᠯᠳᠤᠬᠤ ᠤᠷᠤᠯᠳᠤᠭᠠᠨ ᠳᠤ ᠨᠡᠷ᠎ᠡ ᠲᠠᠪᠰᠢᠵᠦ ᠲᠡᠶᠢᠯᠦᠭᠰᠡᠨ ᠦᠭᠡᠢ᠃    ᠬᠦᠷᠡᠯ ᠮᠧᠳᠠᠯ ᠤᠨ ᠥᠷᠢᠰᠦᠯᠳᠦᠭᠡᠨ ᠳᠤ᠂ ᠴᠢᠨᠳᠠᠭ᠎ᠠ᠂ ᠪᠦᠬᠡᠪᠢᠯᠢᠭ ᠠᠩᠭᠢ ᠶᠢᠨ ᠨᠥᠬᠦᠳ ᠲᠠᠢ ᠪᠠᠨ ᠪᠦᠬᠦ ᠬᠦᠴᠦᠨ ᠢᠶᠠᠷ ᠢᠶᠠᠨ ᠳᠠᠭᠠᠷᠢᠯᠲᠠ ᠬᠢᠵᠦ᠂ 4᠄ 2   ᠢᠶᠠᠷ ᠺᠠᠽᠠᠭᠰᠲ᠋ᠠᠨ ᠢ ᠢᠯᠠᠵᠤ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠢᠣᠳᠣᠣ ᠶᠢᠨ ᠤᠷᠤᠯᠳᠤᠭᠠᠨ ᠤ ᠡᠷᠡᠭᠳᠡᠢ ᠡᠮᠡᠭᠳᠡᠢ ᠶᠢᠨ ᠪᠦᠯᠬᠦᠮ ᠤᠨ ᠭᠤᠷᠪᠠᠳᠤᠭᠠᠷ ᠲᠤ ᠣᠷᠣᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号