| | 9 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠶᠤᠯ | ᠦᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯ | ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠦ᠂ ᠲᠣᠪᠴᠢᠶ᠎ᠠ ᠶᠢᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ | ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠣᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ | ᠰᠤᠳᠤᠯᠤᠨ ᠮᠠᠭᠠᠳᠯᠠᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠤ | ᠲᠣᠪᠴᠢᠶ᠎ᠠ ᠶᠢᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠠᠬᠢᠨ ᠴᠢᠬᠤᠯᠠᠴᠢᠯᠠᠵᠤ ᠳᠠᠬᠢᠨ | ᠳᠠᠶᠢᠴᠢᠯᠠᠵᠤ ᠳᠠᠬᠢᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢᠦ ᠬᠤ᠋ ᠴᠧᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ | ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠣᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ | ᠴᠢᠨᠠᠷ ᠢ ᠭᠦᠢᠴᠡᠳ ᠲᠠᠨᠢᠵᠤ᠂ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠤᠨ ᠵᠠᠭᠪᠤᠷ ᠲᠤ ᠲᠣᠬᠢᠷᠠᠭᠤᠯᠤᠯᠲᠠ ᠬᠢᠵᠦ᠂ ᠠᠶᠤᠯ ᠦᠭᠡᠢ ᠦᠢᠯᠡᠳᠪᠦᠷᠢᠯᠡᠯ ᠤᠨ | ︽ᠲᠠᠨᠢᠯᠲᠠ ᠶᠢᠨ ᠦᠵᠡᠯᠲᠡ︾ ᠶᠢ ᠪᠠᠲᠤ ᠪᠤᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ︽ᠬᠠᠷᠢᠭᠤᠴᠠᠯᠭ᠎ᠠ ᠶᠢᠨ | ᠦᠵᠡᠯᠲᠡ︾ ᠶᠢ ᠪᠠᠲᠤᠳᠬᠠᠵᠤ᠂ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ︽ᠭᠤᠣᠯᠳᠠᠯᠭ᠎ᠠ ᠲᠠᠢ ᠪᠣᠭᠤᠮᠲᠠ︾ | ᠶᠢ ᠴᠢᠩᠭ᠎ᠠ ᠠᠳᠬᠤᠵᠤ᠂ ︽ᠬᠦᠨᠳᠦ ᠶᠡᠭᠡ ᠭᠡᠮ ᠰᠣᠭᠤᠭ︾ ᠢ ᠳᠤᠪᠤᠶᠢᠯᠭᠠᠵᠦ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠢ | ᠳᠡᠭᠡᠭᠰᠢᠯᠡᠭᠦᠯᠵᠦ᠂ ︽ᠲᠣᠭᠲᠠᠴᠠ ᠶᠢᠨ ᠰᠢᠨ᠎ᠡ ᠶᠢ ᠡᠭᠦᠳᠬᠦ︾ ᠶᠢ ᠳᠤᠪᠤᠶᠢᠯᠭᠠᠵᠦ ᠠᠰᠠᠭᠤᠳᠠᠯ ᠢ ᠢᠯᠡᠷᠡᠭᠦᠯᠬᠦ ᠪᠠ | ᠠᠰᠠᠭᠤᠳᠠᠯ ᠢ ᠰᠢᠢᠳᠪᠦᠷᠢᠯᠡᠬᠦ ᠴᠢᠩᠭ᠎ᠠ ᠬᠦᠰᠡᠯ ᠪᠣᠯᠣᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠠᠮᠤᠷ | ᠲᠦᠪᠰᠢᠨ ᠤ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠢᠭᠡ ᠳᠤ ᠠᠳᠡᠯ ᠤᠨ ᠴᠤᠬᠤᠶᠢᠬᠤ ᠶᠢ ᠡᠷᠡᠰ ᠬᠤᠷᠢᠭᠯᠠᠬᠤ ᠬᠡᠷᠡᠭᠲᠡᠢ᠃ ᠣᠶᠢᠷ᠎ᠠ ᠶᠢᠨ | ᠬᠤᠭᠤᠴᠠᠭᠠᠨ ᠤ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠬᠡᠨ ᠠᠪᠴᠤ᠂ ᠰᠢᠲᠠᠮᠠᠬᠠᠢ | ᠬᠡᠢ ᠶᠢᠨ ᠠᠮᠤᠷ ᠲᠦᠪᠰᠢᠨ ᠢ ᠶᠡᠭᠡ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠵᠠᠩᠭᠢᠯᠠᠭ᠎ᠠ ᠶᠢᠨ | ᠭᠤᠭᠴᠤᠭ᠎ᠠ ᠳᠤ ᠴᠢᠭᠯᠡᠭᠦᠯᠦᠨ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠢᠲᠠᠮᠠᠬᠠᠢ ᠬᠡᠢ ᠶᠢᠨ ᠠᠳᠡᠯ ᠡᠭᠦᠰᠬᠦ | ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ᠃ ᠬᠤᠶᠠᠷ ᠲᠤ ᠡ᠊ᠨᠳᠡᠯ ᠤᠯᠠᠨ ᠭᠠᠷᠬᠤ ᠬᠠᠨᠳᠤᠰᠢ ᠶᠢ ᠡᠷᠡᠰ | ᠬᠤᠷᠢᠭᠯᠠᠬᠤ ᠬᠡᠷᠡᠭᠲᠡᠢ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠷᠡᠰ ᠰᠡᠷᠭᠡᠶᠢᠯᠡᠵᠦ᠂ ᠪᠥᠬᠦ ᠠᠵᠢᠯᠲᠠᠨ ᠤ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠤᠷ | ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ | ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠶᠡᠬᠡᠪᠡᠷ | ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠬᠦ ᠬᠡᠷᠡᠭᠲᠡᠢ᠃ | ᠪᠡᠶ᠎ᠡ ᠶᠢᠨ ᠲᠠᠮᠢᠷ ᠤᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ︽ᠡᠴᠦᠰ ᠲᠤᠨᠢ ᠲᠤᠯᠲᠠᠯ᠎ᠠ︾᠂ ︽ᠲᠤᠶᠢᠯᠪᠤᠷᠢᠲᠠᠢ︾ ᠪᠠᠶᠢᠬᠤ ᠶᠢ ᠦᠨᠡᠨᠬᠦ | ᠪᠡᠶᠡᠯᠡᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠨ᠂ | ᠨᠠᠷᠢᠨ ᠲᠠᠩᠰᠠ ᠶᠢ ᠪᠠᠶᠢᠭᠤᠯᠵᠤ᠂ ᠬᠡᠰᠡᠭ ᠬᠤᠪᠢᠶᠠᠨ ᠳᠠᠭᠠᠭᠠᠴᠢᠯᠠᠭᠤᠯᠤᠨ ᠬᠢᠵᠦ᠂ ᠳᠠᠷᠤᠶᠢᠬᠠᠨ ᠬᠡᠷᠡᠭᠵᠢᠭᠦᠯᠵᠦ | ᠳᠠᠷᠤᠶᠢᠬᠠᠨ ᠥᠭᠡᠷᠡᠴᠢᠯᠡᠬᠦ ᠶᠢ ᠰᠢᠮᠳᠠᠭᠤᠯᠵᠤ᠂ ᠨᠢᠭᠡ ᠨᠢᠭᠡ ᠪᠠᠷ ᠰᠢᠯᠭᠠᠨ ᠬᠤᠷᠢᠶᠠᠵᠤ᠂ ᠠᠶᠤᠯ ᠦᠭᠡᠢ | ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠥᠷᠨᠢᠯᠲᠡ ᠶᠢ ᠪᠥᠬᠦ | ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠨᠢᠭᠡ ᠳᠤ᠂ ᠨᠠᠮᠤᠷ ᠡᠪᠦᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠠᠵᠢᠯ ᠢ | ᠰᠤᠯᠠᠷᠠᠭᠤᠯᠵᠤ ᠪᠣᠯᠬᠤ ᠦᠭᠡᠢ᠂ ᠰᠢᠨ᠎ᠡ ᠲᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ︽ | ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ︔ | ᠬᠤᠶᠠᠷ ᠲᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠰᠤᠯᠠᠷᠠᠭᠤᠯᠵᠤ ᠪᠣᠯᠬᠤ ᠦᠭᠡᠢ᠂ ᠢᠳᠡᠭᠡᠨ ᠤ ᠠᠮᠤᠷ | ᠲᠦᠪᠰᠢᠨ ᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠮᠠᠭᠲᠠ ᠨᠠᠷᠢᠨ ᠨᠢᠮᠪᠠᠢ ᠬᠡᠷᠡᠭᠵᠢᠭᠦᠯᠵᠦ᠂ ᠢᠳᠡᠭᠡᠨ ᠤ | ᠵᠦᠢᠯ ᠢ ᠬᠠᠮᠢᠶᠠᠷᠤᠯᠳᠠ ᠶᠢ ᠴᠢᠩᠭᠠᠷᠠᠭᠤᠯᠬᠤ ᠬᠡᠷᠡᠭᠲᠡᠢ︔ ᠭᠤᠷᠪᠠ ᠳᠤ᠂ ᠤᠷᠤᠯᠳᠤᠭᠠᠨ ᠤ ᠠᠵᠢᠯᠯᠠᠭ᠎ᠠ ᠶᠢᠨ ᠠᠮᠤᠷ | ᠲᠦᠪᠰᠢᠨ ᠤ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠢᠵᠦ᠂ ᠤᠯᠤᠰ ᠲᠦᠷᠦ ᠶᠢᠨ ᠵᠣᠭᠰᠣᠴᠠ ᠪᠠᠨ ᠢᠮᠠᠭᠲᠠ | ᠪᠠᠷᠢᠮᠲᠠᠯᠠᠵᠤ᠂ ᠠᠵᠢᠯᠯᠠᠭ᠎ᠠ ᠶᠢᠨ ᠠᠮᠤᠷ ᠲᠦᠪᠰᠢᠨ ᠤ ᠤᠬᠠᠮᠰᠠᠷ ᠢ ᠪᠠᠲᠤᠳᠬᠠᠬᠤ ᠬᠡᠷᠡᠭᠲᠡᠢ︔ ᠳᠥᠷᠪᠡ ᠳᠤ | ᠭᠠᠳᠠᠭᠰᠢ ᠭᠠᠷᠬᠤ ᠪᠠᠷ ᠮᠡᠳᠡᠭᠦᠯᠦᠨ ᠳᠠᠩᠰᠠᠯᠠᠭᠤᠯᠬᠤ ᠳᠤ ᠴᠠᠭ ᠲᠤᠬᠠᠢ ᠳᠤᠨᠢ ᠮᠡᠳᠡᠭᠦᠯᠦᠨ ᠳᠠᠩᠰᠠᠯᠠᠭᠤᠯᠬᠤ | ᠳᠦᠷᠢᠮ ᠪᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠨᠠᠷᠢᠨ ᠬᠢᠨᠠᠮᠠᠭᠠᠢ ᠬᠡᠷᠡᠭᠵᠢᠭᠦᠯᠬᠦ ᠬᠡᠷᠡᠭᠲᠡᠢ︔ ᠲᠠᠪᠤ ᠳᠤ᠂ | ᠲᠥᠪ ᠤᠨ ᠨᠠᠢᠮᠠᠨ ᠲᠣᠭᠲᠠᠭᠠᠯ ᠵᠢᠴᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠰᠤᠷᠲᠠᠯ ᠤᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ | ᠬᠡᠷᠡᠭᠲᠡᠢ︔ ᠵᠢᠷᠭᠤᠭ᠎ᠠ ᠳᠤ᠂ ᠲᠠᠯᠠᠪᠠᠢ ᠣᠷᠳᠣᠨ ᠵᠡᠷᠭᠡ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ | ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠢᠮᠠᠭᠲᠠ ᠪᠠᠲᠤ ᠪᠤᠢ ᠪᠣᠯᠭᠠᠵᠤ᠂ | ᠠᠮᠤᠷ ᠲᠦᠪᠰᠢᠨ ᠤ ᠤᠯᠠᠭᠠᠨ ᠱᠤᠭᠤᠮ ᠢ ᠪᠠᠲᠤ ᠰᠠᠬᠢᠬᠤ ᠬᠡᠷᠡᠭᠳᠡᠢ᠃ ᠲᠣᠪᠴᠢᠶ᠎ᠠ ᠰᠢᠰᠲ᠋ᠧᠮ ᠤᠨ ᠡᠯ᠎ᠡ ᠰᠠᠯᠠᠭ᠎ᠠ | ᠮᠥᠴᠢᠷ ᠡᠯ᠎ᠡ ᠨᠢᠭᠡᠴᠢ ᠨᠦᠭᠦᠳ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠠᠮᠤᠷ | ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠪᠥᠬᠦ ᠣᠷᠣᠨ ᠤ ᠪᠡᠶ᠎ᠡ ᠶᠢᠨ | ᠲᠠᠮᠢᠷ ᠤᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠲᠣᠭᠲᠠᠭᠤᠨ ᠢᠶᠠᠷ ᠰᠠᠶᠢᠵᠢᠷᠠᠨ | ᠬᠥᠭᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ | ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠢ ᠲᠦᠷᠭᠡᠳᠬᠡᠨ ᠪᠦᠲᠦᠭᠡᠨ | ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠡᠯ᠎ᠡ ᠭᠠᠵᠠᠷ ᠭᠡᠷ᠂ ᠡᠯ᠎ᠡ ᠰᠢᠭᠤᠳ | ᠬᠠᠷᠢᠶ᠎ᠠ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ᠂ ᠬᠠᠮᠢᠶ᠎ᠠ | ᠪᠦᠬᠦᠢ ᠠᠵᠢᠯᠲᠠᠳ ᠬᠤᠷᠠᠯ ᠳᠤ ᠣᠷᠣᠯᠴᠠᠪᠠ᠃ |