ᠮᠠᠨ ᠤ ᠣᠷᠣᠨ ᠤ ᠲᠠᠮᠢᠷᠴᠢᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠡᠯᠡᠰᠦᠨ ᠴᠥᠯ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠤ ᠠᠩᠬᠠᠨ ᠤ ᠠᠯᠲᠠᠨ ᠮᠧᠳᠠᠯ ᠢ ᠤᠯᠪᠠ
ᠨᠡᠶᠢᠲᠡᠯᠡᠭᠰᠡᠨ ᠴᠠᠭ᠄
2023/9/7
    ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠤᠭᠤᠳᠬᠤ ᠲᠥᠪ ᠠᠴᠠ ᠭᠤᠣᠯᠯᠠᠨ ᠡᠷᠭᠢᠯᠡᠭᠰᠡᠨ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠡᠯᠡᠰᠦᠨ ᠴᠥᠯ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ 9 ᠰᠠᠷ᠎ᠠ ᠶᠢᠨ 4 ᠤ ᠡᠳᠦᠷ ᠠᠴᠠ 8 ᠤ ᠡᠳᠦᠷ ᠪᠣᠯᠲᠠᠯ᠎ᠠ ᠨᠢᠩᠰᠢᠶᠠ ᠶᠢᠨ ᠵᠥᠩ ᠸᠧᠢ ᠬᠤᠲᠠ ᠶᠢᠨ ᠱᠠ ᠫᠦᠸᠧ ᠲᠧᠦ ᠲᠣᠭᠤᠷᠢᠭ ᠲᠤ ᠶᠠᠪᠤᠭᠳᠠᠪᠠ᠃     9 ᠰᠠᠷ᠎ᠠ ᠶᠢᠨ 5 ᠤ ᠡᠳᠦᠷ ᠶᠠᠪᠤᠭᠳᠠᠭᠰᠠᠨ ᠡᠯᠡᠰᠦᠨ ᠴᠥᠯ ᠤᠨ ᠬᠡᠭᠡᠷᠡᠯᠡᠨ ᠬᠦᠶᠦᠬᠦ ᠤᠷᠤᠯᠳᠤᠭᠠᠨ ᠳᠤ᠂ ᠮᠠᠨ ᠤ ᠣᠷᠣᠨ ᠤ ᠲᠠᠮᠢᠷᠴᠢᠨ ᠯᠢ ᠲᠢᠶ᠋ᠧ ᠨᠢᠩ ᠲᠣᠰ ᠬᠤᠭᠤᠴᠠᠭᠠᠨ ᠤ ᠤᠷᠤᠯᠳᠤᠭᠠᠨ ᠤ ᠠᠩᠬᠠᠨ ᠤ ᠠᠯᠲᠠᠨ ᠮᠧᠳᠠᠯ ᠢ ᠣᠯᠪᠠ᠃     ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠡᠯᠡᠰᠦᠨ ᠴᠥᠯ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠳᠤ ᠥᠪᠥᠷ ᠮᠣᠩᠭᠤᠯ ᠤᠨ ᠬᠢᠨ 10 ᠲᠠᠮᠢᠷᠴᠢᠨ ᠲᠣᠮᠢᠯᠠᠵᠤ᠂ ᠵᠢᠷᠭᠤᠭᠠᠨ ᠵᠦᠢᠯ ᠤᠨ ᠤᠷᠤᠯᠳᠤᠭᠠᠨ ᠳᠤ ᠣᠷᠣᠯᠴᠠᠬᠤ ᠪᠠᠷ ᠨᠡᠷ᠎ᠡ ᠮᠡᠳᠡᠭᠦᠯᠵᠡᠢ᠃ ᠡᠭᠦᠨ ᠠᠴᠠ ᠡᠮᠦᠨ᠎ᠡ᠂ ᠥᠪᠥᠷ ᠮᠣᠩᠭᠤᠯ ᠨᠢᠭᠡᠨᠲᠡ ᠣᠯᠠᠨ ᠵᠢᠯ ᠳᠠᠷᠠᠭᠠᠯᠠᠨ ᠠᠩᠭᠢ ᠲᠣᠮᠢᠯᠠᠨ ᠡᠯᠡᠰᠦᠨ ᠴᠥᠯ ᠤᠨ ᠪᠡᠶ᠎ᠡ ᠴᠢᠭᠢᠷᠠᠭᠵᠢᠭᠤᠯᠬᠤ  ᠲᠠᠮᠢᠷ ᠤᠨ ᠴᠤᠭᠯᠠᠭᠠᠨ  ᠳᠤ ᠣᠷᠣᠯᠴᠠᠭᠰᠠᠨ ᠪᠥᠭᠡᠳ ᠨᠡᠯᠢᠶᠡᠳ ᠰᠠᠶᠢᠨ ᠬᠢᠷᠢ ᠪᠦᠲᠦᠮᠵᠢ ᠣᠯᠣᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号