ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠦᠯᠳᠡ ᠪᠤᠯᠤᠨ ᠦᠯᠵᠡᠶᠢᠳᠦ ᠠᠮᠢᠳᠠᠨ ᠢ ᠨᠡᠶᠢᠳᠡᠯᠡᠪᠡ
ᠨᠡᠶᠢᠲᠡᠯᠡᠭᠰᠡᠨ ᠴᠠᠭ᠄
2024/1/12
    ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠪᠣᠯᠤᠨ ᠬᠠᠢᠨᠠᠨ ᠮᠣᠵᠢ᠂ ᠰᠠᠨᠶᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠳᠤ ᠪᠣᠯᠤᠭᠰᠠᠨ ᠰᠣᠨᠢᠨ ᠮᠡᠳᠡᠭᠡ ᠨᠡᠢᠲᠡᠯᠡᠬᠦ ᠬᠤᠷᠠᠯ ᠠᠴᠠ  ᠤᠶᠢᠯᠠᠭᠠᠭᠰᠠᠨ ᠢᠶᠠᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ 2024 ᠣᠨ ᠤ 11 ᠰᠠᠷ᠎ᠠ ᠶᠢᠨ 22 ᠤ ᠡᠳᠦᠷ ᠠᠴᠠ 30 ᠤ ᠡᠳᠦᠷ ᠪᠣᠯᠲᠠᠯ᠎ᠠ ᠬᠠᠢᠨᠠᠨ ᠮᠣᠵᠢ ᠶᠢᠨ ᠰᠠᠨᠶᠠ ᠬᠤᠲᠠ ᠳᠤ ᠶᠠᠪᠤᠭᠳᠠᠬᠤ ᠪᠣᠯᠤᠨ᠎ᠠ᠂  ᠮᠤᠷᠢᠨ ᠤᠷᠤᠯᠳᠤᠭᠠᠨ 2024 ᠣᠨ ᠤ 7 ᠰᠠᠷ᠎ᠠ ᠶᠢᠨ 8 ᠤ ᠡᠳᠦᠷ ᠠᠴᠠ 13 ᠤ ᠡᠳᠦᠷ ᠪᠣᠯᠲᠠᠯ᠎ᠠ ᠰᠢᠨᠵᠢᠶᠠᠩ ᠤᠨ ᠤᠢᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ  ᠳᠤ ᠶᠠᠪᠤᠭᠳᠠᠨ᠎ᠠ᠃
   ᠬᠤᠷᠠᠯ ᠳᠡᠭᠡᠷ᠎ᠡ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠤ ᠰᠦᠯᠳᠡ᠂ ᠥᠯᠵᠡᠶᠢᠲᠦ ᠠᠮᠢᠳᠠᠨ᠂ ᠤᠬᠠᠭᠤᠯᠭ᠎ᠠ ᠶᠢᠨ ᠵᠢᠷᠤᠭ ᠪᠣᠯᠤᠨ ᠲᠠᠮᠢᠷ ᠤᠨ ᠴᠤᠭᠯᠠᠭᠠᠨ ᠤ ᠳᠠᠭᠤᠤ ᠶᠢ ᠨᠡᠶᠢᠲᠡᠯᠡᠪᠡ᠃ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠦᠯᠳᠡ ᠪᠣᠯᠤᠨ ᠥᠯᠵᠡᠢᠲᠦ ᠠᠮᠢᠲᠠᠨ ᠢ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠵᠢᠷᠤᠵᠤ ᠲᠥᠯᠥᠪᠯᠡᠬᠦ ᠪᠦᠯᠬᠦᠮ ᠠᠴᠠ ᠵᠢᠷᠤᠭ ᠲᠥᠯᠥᠪᠯᠡᠭᠡ ᠬᠢᠵᠦ᠂ ᠬᠤᠷᠠᠯ ᠤᠨ ᠰᠦᠯᠳᠡ ᠶᠢ ᠭᠤᠷᠪᠠᠯᠵᠢᠨ ᠲᠠᠷᠢᠭᠦᠯᠡᠭᠴᠢ ᠴᠡᠴᠡᠭ᠂ ᠡᠷᠬᠢᠵᠦ ᠬᠠᠷᠠᠭᠰᠠᠨ ᠪᠤᠭᠤ ᠵᠢᠴᠢ ︽12︾ ᠭᠡᠬᠦ ᠲᠤᠭ᠎ᠠ ᠪᠠᠷ ᠪᠦᠷᠢᠯᠳᠤᠪᠡ᠃ ᠭᠤᠷᠪᠠᠯᠵᠢᠨ ᠲᠡᠷᠢᠭᠦᠯᠡᠭᠴᠢ ᠴᠡᠴᠡᠭ ᠪᠣᠯ ᠬᠠᠢᠨᠠᠨ ᠤ ᠮᠣᠵᠢ ᠶᠢᠨ ᠴᠡᠴᠡᠭ᠂  ᠬᠠᠯᠠᠭᠤᠨ ᠰᠡᠳᠭᠢᠯᠭᠡ᠂ ᠡᠷᠡᠰ ᠬᠠᠲᠠᠭᠤ ᠡᠷᠡᠯᠭᠡᠭᠯᠡᠨ ᠤᠷᠤᠭᠰᠢᠯᠠᠬᠤ ᠵᠤᠷᠢᠭ ᠰᠠᠨᠠᠭ᠎ᠠ ᠶᠢ ᠲᠦᠯᠦᠭᠡᠯᠡᠳᠡᠭ᠃ ᠡᠷᠬᠢᠵᠦ ᠬᠠᠷᠠᠭᠰᠠᠨ ᠪᠤᠭᠤ ᠪᠤᠯ ᠰᠠᠨᠶᠠ ᠬᠤᠳᠠ ᠶᠢᠨ ᠰᠤᠶᠤᠯ ᠤᠨ ᠲᠦᠯᠦᠭᠡᠯᠡᠯ ᠪᠤᠯᠤᠨ᠎ᠡ᠃ 8 ᠬᠤᠪᠢ ᠤᠬᠠᠭᠤᠯᠭ᠎ᠠ ᠶᠢᠨ ᠵᠢᠷᠤᠭ ᠢ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠠᠴᠠ ᠵᠢᠷᠤᠵᠤ ᠲᠥᠯᠥᠪᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠤᠢᠢᠯᠠᠭᠠᠭᠳᠠᠬᠤᠨ ᠪᠣᠯᠭᠠᠨ ᠵᠣᠬᠢᠶᠠᠨ ᠪᠦᠲᠦᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠯᠧᠮᠧᠨ᠋ᠲ ᠪᠣᠯᠤᠨ ᠬᠠᠶᠢᠨᠠᠨ ᠤ ᠬᠥᠮᠦᠨ ᠰᠣᠶᠣᠯ ᠤᠨ ᠭᠠᠵᠠᠷ ᠤᠨ ᠲᠡᠮᠳᠡᠭ᠂ ᠪᠠᠶᠢᠭᠠᠯᠢ ᠶᠢᠨ ᠦᠵᠡᠮᠵᠢ ᠳᠤ ᠠᠭᠤᠰᠤᠯᠴᠠᠭᠤᠯᠵᠤ᠂ ︽ᠪᠦᠯᠬᠦᠮᠳᠡᠨ ᠲᠡᠮᠡᠴᠡᠵᠦ᠂ ᠳᠠᠷᠪᠠᠭᠤᠯ ᠬᠡᠶᠢᠰᠬᠡᠨ ᠠᠶᠠᠨ ᠵᠠᠮ ᠳᠠᠭᠠᠨ ᠤᠷᠤᠭᠰᠢᠯᠠᠬᠤ︾ ᠴᠢᠬᠤᠯᠠ ᠠᠭᠤᠯᠤᠭᠳᠠᠬᠤᠨ ᠢ ᠠᠮᠢᠳᠤᠯᠢᠭ ᠢᠶᠠᠷ ᠢᠯᠡᠷᠡᠭᠦᠯᠪᠡ᠃  ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠡ ᠪᠠᠰᠠ ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠶᠠᠷ ᠭᠤᠤᠯ ᠲᠠᠭᠤᠤ ᠶᠢ ᠨᠡᠶᠢᠳᠡᠯᠡᠪᠡ᠃
   ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ︽ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠭᠡᠵᠦ ᠲᠣᠪᠴᠢᠯᠠᠵᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠭᠠᠭᠠᠴᠢᠯᠠᠨ ᠡᠷᠬᠢᠯᠡᠵᠦ᠂ 4 ᠵᠢᠯ ᠳᠤ ᠨᠢᠭᠡ ᠬᠤᠭᠤᠴᠠᠭ᠎ᠠ ᠶᠠᠪᠤᠭᠳᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号