ᠮᠣᠷᠢᠨ ᠮᠡᠷᠭᠡᠵᠢᠯ ᠤᠨ ᠳᠠᠭᠠᠭᠠᠮᠠᠭᠠᠢ ᠴᠢᠳᠠᠪᠤᠷᠢ ᠶᠢᠨ ᠪᠠᠷᠢᠮᠵᠢᠶ᠎ᠠ ᠳᠤ ᠬᠦᠷᠬᠦ ᠤᠷᠤᠯᠳᠤᠭᠠᠨ ᠪᠤᠭᠤᠲᠤ ᠬᠤᠳᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2024/10/21
    ᠲᠦᠷᠦᠭᠦᠬᠡᠨ 2024 ᠣᠨ ᠤ ᠲᠤᠮᠳᠠᠳᠤ ᠤᠯᠤᠰ ᠤᠨ ᠮᠣᠷᠢᠨ ᠮᠡᠷᠭᠡᠵᠢᠯ ᠤᠨ ᠨᠡᠶᠢᠭᠡᠮᠯᠢᠭ ᠤᠨ 40 ᠺᠢᠯᠣᠮᠧᠲᠷ ᠪᠣᠯᠣᠨ 80 ᠺᠢᠯᠣᠮᠧᠲᠷ ᠤᠨ ᠳᠠᠭᠠᠭᠠᠮᠠᠭᠠᠢ ᠴᠢᠳᠠᠪᠤᠷᠢ ᠶᠢᠨ ᠪᠠᠷᠢᠮᠵᠢᠶ᠎ᠠ ᠳᠤ ᠬᠦᠷᠬᠦ ᠤᠷᠤᠯᠳᠤᠭᠠᠨ ᠪᠤᠭᠤᠲᠤ ᠬᠤᠳᠠ ᠶᠢᠨ ᠰᠠᠶᠢᠬᠠᠨᠲᠠᠯ᠎ᠠ ᠮᠣᠷᠢᠨ ᠤᠷᠤᠯᠳᠤᠭᠠᠨ ᠤ ᠲᠠᠯᠠᠪᠤᠷ ᠲᠤ ᠶᠠᠪᠤᠭᠳᠠᠵᠠᠢ᠃ ᠲᠤᠰ ᠤᠷᠤᠯᠳᠤᠭᠠᠨ ᠳᠤ ᠪᠡᠭᠡᠵᠢᠩ᠂ ᠰᠧᠴᠤᠸᠠᠨ᠂ ᠰᠢᠨᠵᠢᠶᠠᠩ ᠵᠡᠷᠭᠡ ᠭᠠᠵᠠᠷ ᠣᠷᠣᠨ ᠤ 80 ᠭᠠᠷᠤᠢ ᠮᠣᠷᠢ ᠣᠷᠣᠯᠴᠠᠵᠠᠢ᠃ ᠤᠷᠤᠯᠳᠤᠭᠠᠨ ᠳᠡᠭᠡᠷ᠎ᠡ ᠨᠢᠭᠡᠳᠦᠯᠲᠡᠢ ᠴᠡᠩᠬᠡᠷ ᠥᠩᠭᠡ ᠶᠢᠨ ᠨᠣᠮᠧᠷᠲᠤ ᠤᠤᠵᠢ ᠡᠮᠦᠰᠦᠭᠰᠡᠨ ᠤᠷᠤᠯᠳᠤᠬᠴᠢ ᠠᠴᠠ ᠤᠷᠤᠯᠳᠤᠭᠠᠨ ᠤ ᠭᠦᠯᠦᠭ ᠢᠶᠠᠨ ᠤᠨᠤᠵᠦ᠂ ᠪᠤᠭᠤᠲᠤ ᠬᠤᠳᠠ ᠶᠢᠨ ᠰᠠᠶᠢᠬᠠᠨᠲᠠᠯ᠎ᠠ ᠮᠣᠷᠢᠨ ᠤᠷᠤᠯᠳᠤᠭᠠᠨ ᠤ ᠲᠠᠯᠠᠪᠤᠷ  ᠲᠤ ᠠᠮᠠᠭᠠᠢ ᠳᠠᠷᠤᠨ ᠳᠣᠪᠲᠤᠯᠤᠭᠤᠯᠤᠨ ᠤᠷᠤᠯᠳᠤᠵᠦ᠂ ᠠᠯᠳᠠᠨ ᠵᠢᠯᠣᠭᠤ ᠬᠡᠶᠢᠰᠬᠡᠭᠰᠡᠨ ᠠᠵᠢᠨᠠᠢ ᠭᠦᠯᠦᠭ ᠤᠳ ᠪᠤᠭᠤᠲᠤ ᠬᠤᠳᠠ ᠶᠢᠨ ᠨᠠᠮᠤᠷ ᠤᠨ ᠡᠳᠦᠷ ᠤᠨ ᠨᠢᠭᠡᠨ ᠦᠵᠡᠮᠵᠢ ᠪᠣᠯᠵᠤ᠂ ᠲᠤᠰ ᠬᠤᠳᠠ ᠶᠢᠨ ᠮᠣᠷᠢᠨ ᠮᠡᠷᠭᠡᠵᠢᠯ ᠤᠨ ᠤᠷᠤᠯᠳᠤᠭᠠᠨ ᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠵᠢᠷᠤᠭ ᠪᠣᠯ ᠤᠷᠤᠯᠳᠤᠭᠠᠨ ᠤ ᠠᠬᠤᠢ ᠲᠠᠯᠠᠪᠠᠢ ᠪᠣᠯᠣᠨ᠎ᠠ᠃ ᠰᠤᠷᠪᠤᠯᠵᠢᠯᠠᠭᠴᠢ ᠸ᠊· ᠭᠡᠷᠡᠯᠳᠦ ᠰᠡᠭᠦᠳᠡᠷᠯᠡᠪᠡ
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号