| 9 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠠᠩᠬᠠᠳᠤᠭᠠᠷ ᠬᠤᠭᠤᠴᠠᠭᠠᠨ ᠤ ᠪᠥᠬᠦ | ᠤᠯᠤᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ︵ᠤᠮᠠᠷᠠᠳᠦ ᠤᠷᠤᠨ︶ ᠤ ᠲᠡᠭᠦᠰᠬᠦ | ᠶᠣᠰᠣᠯᠠᠯ ᠲᠢᠶᠠᠨᠵᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ | ᠶᠠᠪᠤᠭᠳᠠᠵᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ | ᠤᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧ ᠬᠤᠩ ᠢᠦᠶ ᠲᠡᠭᠦᠰᠬᠦ ᠶᠣᠰᠣᠯᠠᠯ ᠳᠤ | ᠣᠷᠣᠯᠴᠠᠪᠠ᠃ | ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠤᠷᠤᠯᠳᠤᠭᠠᠨ ᠳᠤ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠳᠣᠷᠣᠨᠠᠲᠤ ᠣᠷᠣᠨ᠂ ᠳᠤᠮᠳᠠᠳᠤ ᠣᠷᠣᠨ᠂ | ᠡᠮᠦᠨᠡᠲᠦ ᠣᠷᠣᠨ᠂ ᠪᠠᠷᠠᠭᠤᠨ ᠡᠮᠦᠨ᠎ᠡ᠂ ᠪᠠᠷᠠᠭᠤᠨ ᠬᠤᠶᠢᠲᠤ ᠣᠷᠣᠨ ᠵᠡᠷᠭᠡ 7 ᠤᠷᠤᠯᠳᠤᠭᠠᠨ ᠤ ᠲᠣᠭᠤᠷᠢᠭ | ᠬᠤᠪᠢᠶᠠᠵᠠᠢ᠃ ᠤᠮᠠᠷᠠᠲᠤ ᠣᠷᠣᠨ ᠤ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠳᠤ 5 ᠲᠥᠷᠥᠯ ᠵᠦᠢᠯ᠂ | 10 ᠥᠪᠡᠷ ᠢᠶᠠᠨ ᠰᠣᠩᠭᠤᠬᠤ ᠲᠥᠷᠥᠯ ᠵᠦᠢᠯ ᠤᠨ ᠤᠷᠤᠯᠳᠤᠭᠠᠨ ᠲᠣᠬᠢᠷᠠᠭᠤᠯᠵᠠᠢ᠃ ᠡᠭᠦᠨ ᠳᠤ᠂ ᠳᠤᠮᠳᠠᠳᠤ | ᠤᠯᠤᠰ ᠤᠨ ᠮᠠᠶ᠋ᠢᠭ ᠤᠨ ᠪᠦᠬᠡ ᠪᠠᠷᠢᠯᠳᠤᠬᠤ᠂ ᠫᠢᠩᠫᠠᠩ ᠪᠥᠮᠪᠦᠭᠡ ᠶᠢᠨ ᠤᠷᠤᠯᠳᠤᠭᠠᠨ ᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠪᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠤᠷᠤᠯᠳᠤᠭᠠᠨ ᠡᠷᠭᠢᠯᠡᠬᠦ | ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠵᠦ᠂ ︽ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ︾ ᠢ ᠭᠥᠷᠳᠡᠵᠦ᠂ | 2 ᠤᠷᠤᠯᠳᠤᠭᠠᠨ ᠡᠷᠬᠢᠯᠡᠭᠰᠡᠨ ᠨᠢᠭᠡᠴᠢ ︽ᠬᠠᠮᠤᠭ ᠤᠨ ᠰᠠᠶᠢᠨ ᠤᠷᠤᠯᠳᠤᠭᠠᠨ ᠤ ᠲᠣᠭᠤᠷᠢᠭ︾ ᠤᠨ ᠢᠷᠠᠭᠤ | ᠠᠯᠳᠠᠷ ᠢ ᠭᠥᠷᠳᠡᠪᠡ᠃ ᠮᠠᠨ ᠤ ᠣᠷᠣᠨ ᠳᠤ ᠨᠡᠶᠢᠲᠡ 20 ᠠᠯᠲᠠᠨ ᠮᠧᠳᠠᠯ 30 ᠮᠥᠩᠭᠦᠨ ᠮᠧᠳᠠᠯ 23 ᠬᠦᠷᠡᠯ | ᠮᠧᠳᠠᠯ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠲᠣᠰ | ᠲᠣᠰ 1 ᠬᠦᠷᠲᠡᠪᠡ᠂ ᠡᠭᠦᠨ ᠳᠤ ᠲᠠᠢ ᠵᠢᠶ ᠨᠢᠳᠤᠷᠭ᠎ᠠ᠂ ᠬᠡᠢ ᠠᠯᠠᠭᠠᠳᠠᠬᠤ ᠪᠥᠮᠪᠦᠭᠡ᠂ ᠪᠡᠶ᠎ᠡ ᠴᠢᠭᠢᠷᠠᠭᠵᠢᠭᠤᠯᠬᠤ | ᠠᠮᠢᠰᠬᠤᠯ ᠤᠨ ᠲᠠᠮᠢᠷ᠂ ᠬᠥᠯ ᠪᠥᠮᠪᠦᠭᠡ ᠵᠡᠷᠭᠡ 5 ᠪᠠᠭ᠎ᠠ ᠲᠥᠷᠥᠯ ᠵᠦᠢᠯ ᠨᠢ ᠪᠥᠬᠦ ᠤᠯᠤᠰ ᠤᠨ ᠶᠡᠷᠦᠩᠬᠡᠶ | ᠰᠢᠢᠳᠪᠦᠷᠢᠲᠦ ᠤᠷᠤᠯᠳᠤᠭᠠᠨ ᠳᠤ ᠨᠡᠷ᠎ᠡ ᠲᠠᠪᠰᠢᠪᠡ᠃ |