ᠳᠤᠮᠳᠠᠳᠤ ᠤᠯᠤᠰ ᠤᠨ ᠬᠢᠲᠠᠳ ᠠᠨᠠᠭᠠᠬᠤ ᠤᠬᠠᠭᠠᠨ ᠤ ᠬᠦᠷᠢᠶᠡᠯᠡᠩ ᠤᠨ ᠭᠤᠸᠠᠩ ᠠᠨ ᠮᠧᠨ ᠡᠮᠨᠡᠯᠭᠡ ᠶᠢᠨ | ᠬᠤᠷᠢᠶ᠎ᠠ ᠵᠡᠷᠭᠡ ᠪᠠᠢᠭᠤᠯᠤᠮᠵᠢ ᠶᠢᠨ ᠰᠤᠳᠤᠯᠭᠠᠳᠠᠳ ᠤᠨ ᠢᠯᠡᠷᠡᠭᠦᠯᠦᠭᠰᠡᠨ ᠢᠶᠠᠷ᠂ ᠠᠩᠬ᠎ᠠ ᠴᠢᠰᠤᠨ ᠳᠠᠷᠤᠯᠲᠠ | ᠦᠨᠳᠤᠷ ᠪᠤᠯᠵᠦ ᠨᠠᠰᠤᠨ ᠳᠤ ᠬᠦᠷᠦᠭᠰᠡᠳ ᠲᠠᠢ ᠵᠢᠢ ᠨᠢᠳᠤᠷᠭ᠎ᠠ ᠪᠤᠯᠪᠠᠰᠤᠷᠠᠬᠤ ᠨᠢ ᠴᠢᠰᠤᠨ ᠲᠠᠷᠤᠯᠳᠠ ᠪᠠᠨ | ᠪᠠᠭᠤᠷᠠᠭᠤᠯᠬᠤ ᠦᠭᠡᠷ᠎ᠡ ᠬᠦᠴᠢᠯᠳᠦᠷᠦᠭᠴᠢᠳᠦ ᠬᠦᠳᠡᠯᠭᠡᠭᠡᠨ ᠬᠢᠬᠦ ᠠᠴᠠ ᠢᠯᠡᠬᠦᠦ ᠦᠷ᠎ᠡ ᠠᠰᠢᠭ ᠲᠠᠢ ᠪᠠᠶᠢᠬᠤ ᠶᠢ | ᠤᠯᠵᠦ ᠮᠡᠳᠡᠪᠡ᠃ | ᠰᠤᠳᠤᠯᠭᠠᠳᠠᠳ ᠠᠴᠠ ᠲᠠᠢ ᠵᠢᠢ ᠨᠢᠳᠤᠷᠭ᠎ᠠ ᠪᠤᠯᠪᠠᠰᠤᠷᠠᠬᠤ ᠪᠤᠯᠤᠨ ᠨᠡᠩ ᠰᠢᠷᠦᠬᠦᠨ ᠬᠦᠴᠢᠯᠳᠦᠷᠦᠭᠴᠢᠳᠦ | ᠬᠦᠳᠡᠯᠭᠡᠭᠡᠨ ᠬᠢᠬᠦ ︵ᠠᠭᠠᠵᠢᠮ ᠬᠦᠶᠦᠬᠦ᠂ ᠬᠤᠷᠳᠤᠨ ᠠᠯᠬᠤᠬᠤ᠂ ᠲᠤᠭᠤᠢ ᠤᠨᠤᠬᠤ︶ ᠨᠢ ᠠᠩᠬ᠎ᠠ ᠴᠢᠰᠤᠨ | ᠲᠠᠷᠤᠯᠳᠠ ᠦᠨᠳᠦᠷ ᠪᠤᠯᠵᠦ ᠪᠠᠶᠢᠭ᠎ᠠ ᠬᠦᠮᠦᠰ ᠲᠤ ᠬᠢᠷᠢ ᠵᠡᠷᠭᠡ ᠨᠦᠯᠦᠭᠡ ᠲᠠᠢ ᠪᠠᠶᠢᠳᠠᠭ ᠢ ᠬᠠᠷᠢᠴᠠᠭᠤᠯᠤᠨ | ᠦᠵᠡᠵᠡᠢ᠃ ᠣᠷᠤᠯᠴᠠᠭᠴᠢ ᠶᠢ ᠬᠤᠶᠠᠷ ᠳᠤᠭᠤᠶᠢᠯᠠᠩ ᠬᠤᠪᠢᠶᠠᠵᠦ᠂ ᠨᠢᠭᠡ ᠳᠤᠭᠤᠶᠢᠯᠠᠩ ᠨᠢ ᠠᠰᠠᠷ ᠤᠨ ᠱᠠᠳᠦ | ᠠᠪᠠᠷᠢᠬᠤ᠂ ᠠᠭᠠᠵᠢᠮ ᠭᠦᠶᠦᠬᠦ᠂ ᠬᠤᠷᠳᠤᠨ ᠠᠯᠬᠤᠬᠤ ᠪᠠ ᠳᠤᠭᠤᠢ ᠤᠨᠤᠬᠤ ᠵᠡᠷᠭᠡ ᠬᠦᠴᠢᠯᠳᠦᠷᠦᠭᠴᠢᠳᠦ | ᠬᠦᠳᠡᠯᠭᠡᠭᠡᠨ ᠬᠢᠵᠦ᠂ ᠭᠠᠷᠠᠭ ᠪᠦᠷᠢ 4 ᠤᠳᠠᠭ᠎ᠠ᠂ ᠤᠳᠠᠭ᠎ᠠ ᠪᠦᠷᠢ 1 ᠴᠠᠭ᠂ 1 ᠵᠢᠯ ᠪᠠᠷᠢᠮᠳᠠᠯᠠᠭᠰᠠᠨ ᠪᠠᠶᠢᠨ᠎ᠡ᠃ | ᠨᠦᠬᠦᠭᠡ ᠲᠤᠭᠤᠶᠢᠯᠠᠩ ᠨᠢ ︵ᠳᠤᠮᠳᠠᠴᠢ ᠨᠠᠰᠤ ᠨᠢ 49 ᠨᠠᠰᠤ︶ ᠲᠠᠢ ᠵᠢᠢ ᠨᠢᠳᠤᠷᠭ᠎ᠠ ᠪᠤᠯᠪᠠᠰᠤᠷᠠᠨ᠂ | ᠲᠠᠰᠬᠠᠯᠵᠢᠭᠤᠯᠤᠭᠴᠢ ᠶᠢᠨ ᠵᠢᠯᠣᠭᠤᠳᠤᠯᠭ᠎ᠠ ᠳᠣᠣᠷ᠎ᠠ ᠭᠠᠷᠠᠭ ᠪᠦᠷᠢ 4 ᠤᠳᠠᠭ᠎ᠠ᠂ ᠤᠳᠠᠭ᠎ᠠ ᠪᠦᠷᠢ 1 ᠴᠠᠭ᠂ 1 | ᠵᠢᠯ ᠤᠨ ᠲᠤᠷᠰᠢ ᠲᠠᠢ ᠵᠢᠢ ᠨᠢᠳᠤᠷᠭ᠎ᠠ ᠪᠤᠯᠪᠠᠰᠤᠷᠠᠵᠠᠢ᠃ | ᠰᠤᠳᠤᠯᠭᠠᠨ ᠤ ᠦᠷ᠎ᠡ ᠳ᠋ᠦᠩ ᠠᠴᠠ᠂ ᠲᠠᠢ ᠵᠢᠢ ᠨᠢᠳᠤᠷᠭ᠎ᠠ ᠪᠤᠯᠪᠠᠰᠤᠷᠠᠭᠠᠳ ᠴᠢᠰᠦᠨ ᠲᠠᠷᠤᠯᠳᠠ | ᠪᠠᠭᠤᠷᠠᠭᠰᠠᠨ ᠬᠡᠮᠵᠢᠶ᠎ᠡ ᠨᠢ ᠬᠦᠴᠢᠯᠲᠦ᠋ᠷᠦᠭᠴᠢᠲᠦ ᠬᠥᠳᠡᠯᠭᠡᠭᠡᠨ ᠬᠢᠭᠰᠡᠨ ᠠᠴᠠ ᠢᠯᠡᠷᠬᠡᠢ ᠶᠡᠭᠡ ᠪᠥᠭᠡᠳ | ᠦᠷᠭᠦᠯᠵᠢᠯᠡᠯ ᠴᠢᠨᠠᠷ ᠨᠢ ᠤᠳᠠᠭᠠᠨ ᠪᠠᠶᠢᠳᠠᠭ ᠢ ᠤᠯᠵᠦ ᠮᠡᠳᠡᠵᠡᠢ᠃ | ᠬᠦᠴᠢᠯᠲᠦ᠋ᠷᠦᠭᠴᠢᠲᠦ ᠬᠥᠳᠡᠯᠭᠡᠭᠡᠨ ᠲᠠᠢ ᠠᠳᠠᠯᠢᠳᠬᠠᠪᠠᠯ᠂ ᠲᠠᠢ ᠵᠢᠢ ᠨᠢᠳᠤᠷᠭ᠎ᠠ ᠨᠢ ᠲᠦᠷᠢᠯᠳᠡ ᠬᠦᠴᠦ | ᠪᠠᠭ᠎ᠠ ᠲᠤᠯᠠ ᠡᠯ᠎ᠡ ᠨᠠᠰᠤᠨ ᠤ ᠬᠦᠮᠦᠰ ᠲᠤ ᠲᠤᠬᠢᠷᠡᠨᠡ᠃ ᠲᠠᠢ ᠵᠢᠢ ᠨᠢᠳᠤᠷᠭ᠎ᠠ ᠪᠡᠶ᠎ᠡ ᠶᠢᠨ ᠲᠡᠩᠴᠡᠭᠦᠷᠢ ᠪᠣᠯᠤᠨ | ᠵᠢᠷᠦᠬᠡ ᠠᠭᠤᠰᠭᠢᠨ ᠤ ᠠᠵᠢᠯᠯᠠᠭ᠎ᠠ ᠶᠢ ᠰᠠᠶᠢᠵᠢᠷᠠᠭᠤᠯᠬᠤ ᠳᠤ ᠲᠤᠰᠠᠲᠠᠢ ᠲᠡᠳᠦᠢ ᠦᠭᠡᠢ ᠲᠠᠶᠢᠪᠤᠭᠤᠨ ᠪᠠᠶᠢᠯᠭᠠᠳᠠᠭ | ᠪᠤᠯᠬᠤᠷ ᠴᠢᠰᠤᠨ ᠲᠠᠷᠤᠯᠳᠠ ᠶᠢ ᠪᠠᠭᠤᠷᠠᠭᠤᠯᠬᠤ ᠳᠤ ᠠᠰᠢᠭᠳᠠᠢ᠃ |