ᠳ᠋ᠦ᠋ ᠪᠥᠸᠧ ᠵᠢᠶᠦ᠋ᠨ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠭᠤᠷᠪᠠᠨ ᠶᠡᠭᠡ ᠪᠦᠮᠪᠦᠭᠡ ᠶᠢᠨ ᠲᠠᠮᠢᠷ ᠤᠨ ᠴᠤᠭᠯᠠᠭᠠᠨ ᠳᠤ ᠤᠷᠤᠯᠴᠠᠵᠦ ᠪᠠᠶᠢᠭ᠎ᠠ ᠥᠪᠥᠷ ᠮᠣᠩᠭᠤᠯ ᠤᠨ ᠡᠮᠡᠭᠲᠡᠶ ᠶᠢᠨ ᠠᠯᠠᠭᠠᠳᠠᠬᠤ ᠪᠥᠮᠪᠦᠭᠡ ᠶᠢᠨ ᠠᠩᠭᠢ ᠶᠢᠨ  ᠲᠠᠮᠢᠷᠴᠢᠳ ᠢ ᠵᠤᠷᠢᠭᠵᠢᠭᠤᠯᠪᠠ
ᠨᠡᠶᠢᠲᠡᠯᠡᠭᠰᠡᠨ ᠴᠠᠭ᠄
2024/11/22
    11 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ᠂ ᠠᠩᠬᠠᠳᠤᠭᠠᠷ ᠬᠤᠭᠤᠴᠠᠭᠠᠨ ᠤ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠭᠤᠷᠪᠠᠨ ᠶᠡᠭᠡ ᠪᠥᠮᠪᠥᠭᠡᠨ ᠤ ᠲᠠᠮᠢᠷ ᠤᠨ ᠴᠤᠭᠯᠠᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠳ᠋ᠦ᠋ ᠪᠥᠸᠧ ᠵᠢᠶᠦ᠋ᠨ ᠬᠤᠨᠠᠨ ᠤ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ᠂ ᠲᠤᠬᠠᠶ ᠶᠢᠨ ᠲᠠᠯᠠᠪᠠᠶ ᠳᠤ ᠥᠪᠥᠷ ᠮᠣᠩᠭᠤᠯ ᠤᠨ ᠡᠮᠡᠭᠲᠡᠶ ᠶᠢᠨ ᠠᠯᠠᠭᠠᠳᠠᠬᠤ ᠪᠥᠮᠪᠦᠭᠡ ᠶᠢᠨ ᠠᠩᠭᠢ ᠬᠢᠭᠡᠳ ᠯᠢᠶᠣᠤᠨᠢᠩ ᠤᠨ ᠡᠮᠡᠭᠲᠡᠶ ᠶᠢᠨ ᠠᠯᠠᠭᠠᠳᠠᠬᠤ ᠪᠥᠮᠪᠦᠭᠡ ᠶᠢᠨ ᠠᠩᠭᠢ ᠶᠢᠨ ᠤᠷᠤᠯᠳᠤᠭᠠᠨ ᠢ ᠰᠣᠨᠢᠷᠬᠠᠵᠤ᠂ ᠲᠠᠮᠢᠷᠴᠢᠳ ᠢ ᠵᠤᠷᠢᠭᠵᠢᠭᠤᠯᠪᠠ᠃
    ᠤᠷᠤᠯᠳᠤᠭᠠᠨ ᠳᠤ ᠥᠪᠥᠷ ᠮᠣᠩᠭᠤᠯ ᠤᠨ ᠡᠮᠡᠭᠲᠡᠢ ᠶᠢᠨ ᠠᠯᠠᠭᠠᠳᠠᠬᠤ ᠪᠥᠮᠪᠦᠭᠡ ᠶᠢᠨ ᠠᠩᠭᠢ ᠯᠢᠶᠣᠤᠨᠢᠩ ᠤᠨ ᠡᠮᠡᠭᠲᠡᠢ ᠶᠢᠨ ᠠᠯᠠᠭᠠᠳᠠᠬᠤ ᠪᠥᠮᠪᠦᠭᠡ ᠶᠢᠨ ᠠᠩᠭᠢ ᠶᠢ ᠢᠯᠠᠪᠠ᠃ ᠤᠷᠤᠯᠳᠤᠭᠠᠨ ᠤ ᠳᠠᠷᠠᠭ᠎ᠠ᠂ ᠳ᠋ᠦ᠋ ᠪᠥᠸᠧ ᠵᠢᠶᠦ᠋ᠨ ᠥᠪᠥᠷ ᠮᠣᠩᠭᠤᠯ ᠤᠨ ᠡᠮᠡᠭᠲᠡᠶ ᠶᠢᠨ ᠠᠯᠠᠭᠠᠳᠠᠬᠤ ᠪᠥᠮᠪᠦᠭᠡ ᠶᠢᠨ ᠠᠩᠭᠢ ᠳᠤ ᠬᠠᠯᠠᠭᠤᠨ ᠪᠠᠶᠠᠷ ᠬᠦᠷᠭᠡᠵᠦ᠂ ᠲᠠᠮᠢᠷᠴᠢᠳ ᠤᠨ ᠤᠷᠤᠯᠳᠤᠭᠠᠨ ᠤ ᠳᠤᠮᠳᠠᠬᠢ ᠢᠯᠡᠷᠡᠯ ᠢ ᠭᠦᠢᠴᠡᠳ ᠨᠤᠲᠠᠯᠠᠪᠠ᠃
    ᠳ᠋ᠦ᠋ ᠪᠥᠸᠧ ᠵᠢᠶᠦ᠋ᠨ ᠠᠴᠠ᠂ ᠥᠪᠥᠷ ᠮᠣᠩᠭᠤᠯ ᠤᠨ ᠡᠮᠡᠭᠲᠡᠶ ᠶᠢᠨ ᠠᠯᠠᠭᠠᠳᠠᠬᠤ ᠪᠥᠮᠪᠦᠭᠡ ᠶᠢᠨ ᠠᠩᠭᠢ ᠤᠷᠤᠯᠳᠤᠭᠠᠨ ᠤ ᠲᠠᠯᠠᠪᠠᠶ ᠳᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠭᠠᠷᠮᠠᠭᠠᠶ ᠮᠡᠷᠭᠡᠵᠢᠯ ᠪᠠᠶᠢᠯᠳᠤᠬᠤ ᠠᠷᠭ᠎ᠠ ᠶᠢᠨ ᠬᠢᠷᠢ ᠲᠦᠪᠰᠢᠨ ᠢ ᠢᠯᠡᠷᠡᠭᠦᠯᠵᠦ᠂ ᠤᠷᠤᠯᠳᠤᠭᠠᠨ ᠤ ᠢᠯᠠᠯᠲᠠ ᠶᠢ ᠤᠯᠤᠯ᠎ᠠ᠃ ᠡᠮᠡᠭᠲᠡᠶ ᠶᠢᠨ ᠠᠯᠠᠭᠠᠳᠠᠬᠤ ᠪᠥᠮᠪᠦᠭᠡ ᠶᠢᠨ ᠠᠩᠭᠢ ᠶᠢᠨ ᠲᠠᠮᠢᠷᠴᠢᠳ ᠪᠠᠷᠳᠠᠮᠨᠠᠬᠤ ᠥᠬᠡᠶ ᠪᠠᠴᠢᠮᠳᠠᠬᠤ ᠥᠬᠡᠶ ᠪᠠᠶᠢᠵᠤ᠂ ᠪᠥᠬᠦ ᠲᠠᠯ᠎ᠠ ᠪᠠᠷ ᠳ᠋ᠦᠩᠨᠡᠵᠦ᠂ ᠲᠠᠷᠠᠭᠠᠴᠢ ᠶᠢᠨ ᠤᠷᠤᠯᠳᠤᠭᠠᠨ ᠤ  ᠪᠡᠯᠡᠳᠬᠡᠯ ᠢ ᠦᠷᠭᠦᠯᠵᠢᠯᠡᠨ ᠰᠠᠶᠢᠲᠤᠷ ᠬᠢᠵᠦ᠂ ᠬᠦᠴᠦᠷᠬᠡᠭ ᠦᠷᠢᠰᠦᠯᠳᠦᠭᠴᠢ ᠲᠠᠢ ᠵᠣᠷᠢᠭᠲᠠᠶ ᠪᠠᠷ ᠦᠷᠢᠰᠦᠯᠳᠦᠨ᠂  ᠵᠤᠷᠢᠭ ᠰᠠᠨᠠᠭ᠎ᠠ᠂ ᠬᠢᠷᠢ ᠲᠦᠪᠰᠢᠨ ᠢᠶᠠᠨ ᠢᠯᠡᠷᠡᠭᠦᠯᠵᠦ᠂ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠵᠤ᠂ ᠪᠥᠬᠦ ᠤᠯᠤᠰ ᠤᠨ ᠠᠷᠠᠳ ᠲᠦᠮᠡᠨ ᠳᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠴᠤᠭ ᠵᠢᠪᠬᠤᠭ᠎ᠠ ᠶᠢ ᠢᠯᠡᠷᠡᠭᠦᠯᠬᠦ ᠶᠢ ᠬᠦᠰᠡᠵᠦ ᠪᠠᠶᠢᠨ᠎ᠠ ᠭᠡᠵᠡᠶ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号