ᠳᠡᠭᠦᠵᠢᠩ᠄ ᠨᠢᠭᠡ ᠤᠳᠠᠭᠠᠨ ᠤ ᠥᠨᠳᠥᠷ ᠣᠭᠲᠠᠷᠭᠤᠢ ᠳᠠᠬᠢ ︽ᠪᠠᠯᠧᠲ ᠪᠥᠵᠢᠭ︾ ᠰᠠᠨᠶᠠ ᠳᠤ ᠲᠣᠭᠯᠠᠪᠠ
ᠨᠡᠶᠢᠲᠡᠯᠡᠭᠰᠡᠨ ᠴᠠᠭ᠄
2024/11/29
    ᠠᠷᠠᠳ ᠤᠨ ᠰᠦᠯᠵᠢᠶᠡᠨ ᠤ ᠰᠠᠨᠶᠠ ᠶᠢᠨ 11 ᠰᠠᠷ᠎ᠠ ᠶᠢᠨ 28 ᠤ ᠡᠳᠦᠷ ᠤᠨ ᠮᠡᠳᠡᠭᠡ ︵ ᠶᠢᠨ ᠬᠤᠩ ᠬᠤᠸᠠ᠂ ᠮᠠᠨᠠᠹᠦ᠋᠂ ᠮᠧᠩ ᠹᠠᠨ ᠱᠧᠩ︶ 12 ᠤᠳᠠᠭ᠎ᠠ ᠤᠷᠢᠳᠴᠢᠯᠠᠨ ᠰᠠᠵᠢᠯᠠᠵᠤ᠂ ᠬᠥᠳᠡᠯᠦᠯ ᠪᠠᠷᠢᠯ ᠨᠢ ᠬᠦᠴᠦᠲᠡᠢ᠂ ᠠᠶᠢᠵᠠᠮ ᠴᠣᠬᠢᠯᠭ᠎ᠠ ᠨᠢ ᠢᠯᠭᠤᠮ ᠲᠣᠳᠣ ᠪᠥᠭᠡᠳ 10.5 ᠮᠧᠲᠷ ᠤᠨ ᠬᠤᠩᠬᠤᠨ ᠤ ᠡᠰᠢ ᠶᠢᠨ ᠥᠨᠳᠥᠷ ᠲᠤ ᠬᠦᠷᠴᠦ᠂ ᠬᠤᠩᠬᠤ ᠶᠢ ᠳᠤᠤᠭᠠᠷᠭᠠᠬᠤ ᠠᠭᠱᠠᠨ ᠵᠠᠭᠤᠷ᠎ᠠ ᠨᠢᠵᠢᠭᠢᠨᠡᠭᠰᠡᠨ ᠠᠯᠠᠭ᠎ᠠ ᠲᠡᠰᠢᠯᠲᠡ ᠶᠢᠨ ᠳᠠᠭᠤᠨ ᠪᠠ ᠤᠷᠠᠶᠢᠯᠠᠨ ᠬᠠᠰᠬᠢᠷᠬᠤ ᠳᠠᠭᠤᠨ ᠪᠦᠬᠦ ᠲᠠᠯᠠᠪᠠᠶ ᠪᠠᠷ ᠳᠦᠭᠦᠷᠡᠯ᠎ᠡ᠃ ᠭᠢᠷᠢᠨ ᠤ ᠠᠩᠭᠢ ᠶᠢᠨ ᠵᠣᠣ ᠢ ᠮᠧᠩ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠡᠭᠦᠵᠢᠩ ᠤᠷᠤᠯᠳᠤᠭᠠᠨ ᠤ ᠵᠦᠢᠯ ᠤᠨ 55 ᠺᠢᠯᠣᠭ᠍ᠷᠠᠮ ᠤᠨ ᠲᠠᠰ ᠤᠨ ᠭᠠᠭᠴᠠ ᠬᠥᠮᠥᠨ ᠤ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠠᠮᠵᠢᠯᠲᠠᠲᠠᠢ ᠭᠥᠷᠳᠡᠪᠡ᠃     ᠬᠤᠨᠠᠨ ᠤ ᠠᠩᠭᠢ ᠶᠢᠨ ᠲᠠᠨ ᠸᠧᠨ ᠮᠧᠶ᠂ ᠾᠧᠪᠧᠢ ᠶᠢᠨ ᠠᠩᠭᠢ ᠶᠢᠨ ᠵᠠᠩ ᠺᠧ ᠮᠢᠩ᠂ ᠭᠢᠷᠢᠨ ᠤ ᠠᠩᠭᠢ ᠶᠢᠨ ᠱᠧᠨ ᠹᠧᠢ ᠲᠣᠰ ᠲᠣᠰ ᠬᠤᠶᠠᠳᠤᠭᠠᠷ ᠳᠡᠰ ᠤᠨ ᠱᠠᠩᠨᠠᠯ ᠭᠥᠷᠳᠡᠪᠡ︔ ᠭᠢᠷᠢᠨ ᠤ ᠠᠩᠭᠢ ᠶᠢᠨ ᠯᠢ ᠮᠧᠶ ᠵᠧᠨ᠂ ᠶᠦᠨᠨᠠᠨ ᠤ ᠠᠩᠭᠢ ᠶᠢᠨ ᠪᠢ ᠶᠦᠩ ᠯᠢ᠂ ᠾᠧᠪᠧᠢ ᠶᠢᠨ ᠠᠩᠭᠢ ᠶᠢᠨ ᠵᠠᠩ ᠰᠢᠨ ᠪᠥᠸᠧ᠂ ᠵᠢᠶᠠᠩᠰᠤ  ᠶᠢᠨ ᠠᠩᠭᠢ ᠶᠢᠨ ᠯᠢᠦ ᠴᠧᠩ ᠮᠧᠶ ᠨᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃
    ᠳᠡᠭᠦᠵᠢᠩ ᠭᠡᠳᠡᠭ ᠡᠨᠡ ᠬᠦ ᠡᠷᠲᠡᠨ ᠤ ᠤᠯᠠᠮᠵᠢᠯᠠᠯ ᠲᠠᠢ ᠪᠥᠭᠡᠳ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠲᠠᠢ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠦᠢᠯ ᠨᠢ ᠤᠯᠠᠮᠵᠢᠯᠠᠯᠲᠤ ᠪᠡᠶ᠎ᠡ ᠲᠠᠮᠢᠷ ᠤᠨ ᠬᠥᠳᠡᠯᠭᠡᠭᠡᠨ ᠤ ᠬᠡᠯᠪᠡᠷᠢ ᠪᠠᠨ ᠬᠠᠳᠠᠭᠠᠯᠠᠭᠰᠠᠨ ᠤ ᠰᠠᠭᠤᠷᠢᠨ ᠳᠡᠭᠡᠷ᠎ᠡ ᠲᠠᠰᠤᠷᠠᠯᠲᠠ ᠦᠭᠡᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠵᠤ᠂ ᠪᠡᠶ᠎ᠡ ᠴᠢᠭᠢᠷᠠᠭᠵᠢᠭᠤᠯᠤᠯ ᠤᠨ ᠴᠢᠨᠠᠷ᠂ ᠥᠷᠢᠰᠦᠯᠳᠦᠭᠡᠨ ᠤ ᠴᠢᠨᠠᠷ᠂ ᠵᠤᠭ᠎ᠠ ᠴᠡᠩᠭᠡᠯ ᠤᠨ ᠴᠢᠨᠠᠷ ᠪᠠ ᠰᠣᠨᠢᠷᠬᠠᠯ ᠤᠨ ᠴᠢᠨᠠᠷ ᠢᠶᠠᠷ ᠴᠢᠩᠭ᠎ᠠ ᠪᠠᠷ ᠢᠶᠠᠨ ᠥᠷᠭᠡᠨ ᠲᠦᠮᠡᠨ ᠤ ᠪᠠᠭ᠋ᠠᠷᠬᠠᠯ ᠢ ᠲᠠᠲᠠᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号