ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠬᠠᠶᠢᠨᠠᠨ ᠤ ᠰᠠᠨᠶᠠ ᠬᠤᠲᠠ ᠳᠤ ᠨᠢᠵᠢᠭᠢᠷ ᠰᠠᠶᠢᠬᠠᠨ ᠡᠬᠢᠯᠡᠬᠦ ᠶᠢ | ᠳᠠᠭᠠᠯᠳᠤᠨ ᠪᠦᠭᠦ ᠤᠯᠤᠰ ᠤᠨ ᠡᠯ᠎ᠡ ᠭᠠᠵᠠᠷ ᠤᠨ ᠦᠨᠳᠦᠰᠦᠲᠡᠨ ᠨᠦᠭᠦᠳ ᠤᠨ ᠲᠠᠮᠢᠷᠴᠢᠳ ᠨᠢᠭᠡ ᠳᠣᠣᠷ᠎ᠠ | ᠴᠤᠭᠯᠠᠷᠠᠨ ᠳᠡᠯᠡᠬᠡᠢ ᠶᠢᠷᠲᠢᠨᠴᠦ ᠳᠤ ᠪᠡᠶ᠎ᠡ ᠶᠢᠨ ᠲᠠᠮᠢᠷ ᠪᠣᠯᠣᠨ ᠰᠣᠶᠣᠯ ᠤᠨ ᠦᠪᠡᠳᠡᠭᠰᠢ ᠨᠠᠶᠢᠷ ᠢ ᠰᠣᠨᠢᠷᠬᠠᠭᠤᠯᠤᠯᠠ᠃ | | | ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠠᠶᠢᠨᠠᠨ ᠮᠤᠵᠢ ᠶᠢᠨ | ᠠᠷᠠᠳ ᠤᠨ ᠵᠠᠰᠠᠭ ᠤᠨ ᠣᠷᠳᠣᠨ᠂ ᠢᠯᠢ ᠶᠢᠨ ᠬᠠᠰᠠᠭ ᠥᠪᠡᠷᠲᠡᠭᠡᠨ ᠵᠠᠰᠠᠬᠤ ᠵᠧᠦ ᠶᠢᠨ ᠠᠷᠠᠳ ᠤᠨ ᠵᠠᠰᠠᠭ ᠤᠨ | ᠣᠷᠳᠣᠨ ︵ᠬᠤᠪᠢᠶᠠᠷᠢ ᠤᠷᠤᠯᠳᠤᠭᠠᠨ ᠤ ᠲᠠᠯᠠᠪᠠᠶ᠂ ᠮᠣᠷᠢᠨ ᠳᠡᠭᠡᠷᠡᠬᠢ ᠲᠥᠷᠥᠯ ᠵᠦᠢᠯ︶ ᠳᠠᠭᠠᠭᠠᠴᠢᠯᠠᠨ ᠡᠷᠭᠢᠯᠡᠵᠦ᠂ | ︽ᠪᠦᠯᠬᠦᠮᠳᠡᠨ ᠲᠡᠮᠡᠴᠡᠵᠦ᠂ ᠳᠠᠷᠪᠠᠭᠤᠯ ᠬᠡᠶᠢᠰᠬᠡᠨ ᠠᠶᠠᠨ ᠳᠠᠭᠠᠨ ᠮᠣᠷᠳᠠᠶ᠎ᠠ︾ ᠭᠡᠬᠦ ᠪᠠᠷ ᠭᠤᠣᠯ ᠰᠡᠳᠦᠪ ᠪᠣᠯᠭᠠᠵᠠᠢ᠃ | ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠤᠷᠤᠯᠳᠤᠭᠠᠨ ᠤ ᠲᠥᠷᠥᠯ ᠪᠠ | ᠲᠤᠬᠯᠠᠯᠲᠠ ᠶᠢᠨ ᠲᠥᠷᠥᠯ ᠭᠡᠵᠦ ᠬᠤᠪᠢᠶᠠᠨ᠂ ᠤᠷᠤᠯᠳᠤᠭᠠᠨ ᠤ ᠲᠦᠷᠦᠯ ᠳᠤ ᠨᠡᠶᠢᠲᠡ 18 ᠤᠷᠤᠯᠳᠤᠭᠠᠨ ᠤ ᠵᠦᠢᠯ | ᠲᠣᠬᠢᠷᠠᠭᠤᠯᠵᠤ᠂ ᠲᠡᠪᠡᠭ ᠢᠰᠬᠦᠯᠬᠦ᠂ ᠯᠤᠤᠲᠤ ᠣᠩᠭᠤᠴᠠ᠂ ᠲᠤᠭᠤᠷᠠᠭᠤᠯ᠂ ᠲᠥᠪᠡᠳ ᠮᠠᠶ᠋ᠢᠭ ᠤᠨ ᠳᠡᠭᠡᠰᠦ ᠲᠠᠲᠠᠬᠤ | ᠵᠡᠷᠭᠡ ᠶᠢ ᠪᠠᠭᠲᠠᠭᠠᠵᠠᠢ; ᠲᠣᠬᠯᠠᠯᠲᠠ ᠶᠢᠨ ᠲᠥᠷᠥᠯ ᠳᠤ ᠤᠷᠤᠯᠳᠤᠭᠠᠨ᠂ ᠤᠷ᠎ᠠ ᠮᠡᠷᠭᠡᠵᠢᠯ ᠪᠠ ᠶᠡᠷᠦᠩᠬᠡᠢ | ᠤᠷᠤᠯᠳᠤᠭᠠᠨ ᠭᠡᠵᠦ ᠭᠤᠷᠪᠠᠨ ᠠᠩᠭᠢ ᠬᠤᠪᠢᠶᠠᠵᠠᠢ᠃ ᠡᠭᠦᠨ ᠳᠤ᠂ ᠮᠣᠷᠢᠨ ᠳᠡᠭᠡᠷᠡᠬᠢ ᠲᠥᠷᠥᠯ ᠵᠦᠢᠯ ᠨᠢ ᠡᠨᠡ | ᠵᠢᠯ ᠤᠨ 7 ᠰᠠᠷ᠎ᠠ ᠳᠤ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠵᠣᠣ ᠰᠦ᠋ ᠰᠢᠶᠠᠨ ᠳᠤ | ᠶᠠᠪᠤᠭᠳᠠᠭᠰᠠᠨ ᠪᠠᠶᠢᠨ᠎ᠠ᠃ | | ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ︽ᠡᠷᠬᠡ ᠲᠡᠭᠰᠢ᠂ ᠪᠦᠯᠬᠦᠮᠳᠡᠯ ᠲᠠᠢ᠂ ᠡᠷᠡᠯᠬᠡᠭᠯᠡᠨ | ᠲᠡᠮᠡᠴᠡᠬᠦ᠂ ᠡᠷᠡᠮᠡᠬᠡᠶᠢᠯᠡᠨ ᠤᠷᠤᠭᠰᠢᠯᠠᠬᠤ︾ ᠶᠢ ᠵᠢᠷᠤᠮᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠲᠤᠮᠳᠠᠳᠤ ᠶᠢᠨ ᠰᠣᠶᠣᠯ ᠤᠨ | ᠢᠲᠡᠭᠡᠯ ᠢ ᠪᠠᠲᠤᠳᠬᠠᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ | ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠠᠪᠴᠠᠩ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ | ᠠᠬᠢᠭᠤᠯᠬᠤ ᠪᠠ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ | ᠴᠢᠬᠤᠯᠠ ᠬᠠᠷᠠᠯᠲᠠ ᠪᠤᠯᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠡᠷᠡᠯᠬᠡᠭᠯᠡᠨ ᠲᠡᠮᠡᠴᠡᠬᠦ ᠤᠶᠤᠨ ᠰᠠᠨᠠᠭᠠᠨ ᠤ ᠳᠦᠷᠰᠦ | ᠪᠠᠶᠢᠳᠠᠯ ᠢ ᠭᠦᠢᠴᠡᠳ ᠢᠯᠡᠷᠡᠭᠦᠯᠵᠡᠢ᠃ | | ᠮᠠᠨ ᠤ ᠣᠷᠣᠨ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠤᠯᠠᠨ ᠦᠨᠳᠦᠰᠦᠲᠡᠨ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠨ ᠦᠨᠳᠦᠰᠦᠲᠡᠨ ᠪᠦᠯᠬᠦᠮᠳᠡᠨ ᠲᠠᠪᠰᠢᠬᠰᠠᠨ᠂ ᠠᠵᠤ ᠠᠬᠤᠢ ᠰᠣᠶᠣᠯ ᠬᠥᠭᠵᠢᠨ | ᠴᠡᠴᠡᠭᠯᠡᠭᠰᠡᠨ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠬᠠᠮᠲᠤ ᠪᠠᠷ ᠴᠣᠭᠴᠠᠯᠠᠨ ᠪᠠᠶᠢᠭᠤᠯᠤᠨ᠎ᠠ᠃ ᠤᠷᠳᠤ | ᠬᠤᠭᠤᠴᠠᠭᠠᠨ ᠤ ᠲᠤᠷᠰᠢ᠂ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠶᠡᠭᠡ | ᠲᠠᠪᠰᠢᠯᠳᠠ ᠶᠢ ᠠᠬᠢᠭᠤᠯᠬᠤ ᠪᠠᠷ ᠵᠣᠷᠢᠯᠭ᠎ᠠ ᠪᠣᠯᠭᠠᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠬᠥᠭᠵᠢᠯᠲᠡ ᠶᠢ ᠬᠦᠴᠦᠯᠡᠨ ᠠᠬᠢᠭᠤᠯᠤᠭᠰᠠᠭᠠᠷ ᠢᠷᠡᠵᠡᠢ᠃ ᠲᠣᠰ ᠬᠤᠭᠤᠴᠠᠭᠠᠨ ᠤ ᠪᠦᠭᠦ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ᠂ ᠮᠠᠨ ᠤ ᠣᠷᠣᠨ ᠤ | ᠲᠥᠯᠥᠭᠡᠯᠡᠭᠴᠢᠳ ᠤᠨ ᠪᠦᠯᠭᠦᠮ ᠨᠠᠩ ᠴᠤ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠨ᠎ᠡ ᠴᠠᠭ ᠦᠶ᠎ᠡ ᠶᠢᠨ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃ | ᠲᠡᠪᠡᠭ ᠢᠰᠬᠦᠯᠬᠦ᠂ ᠳᠡᠭᠦᠵᠢᠩ ᠨᠠᠭᠠᠳᠬᠤ᠂ ᠬᠤᠯᠬᠤᠪᠴᠢ ᠨᠤᠮᠤ ᠬᠠᠷᠪᠤᠬᠤ᠂ ᠲᠥᠪᠡᠳ ᠮᠠᠶ᠋ᠢᠭ ᠤᠨ ᠳᠡᠭᠡᠰᠦ ᠲᠠᠲᠠᠬᠤ᠂ | ᠦᠨᠳᠦᠰᠦᠲᠡᠨ ᠤ ᠦᠱᠦ᠂ ᠦᠨᠳᠦᠰᠦᠲᠡᠨ ᠤ ᠮᠠᠶ᠋ᠢᠭ ᠤᠨ ᠪᠦᠭᠡ ᠪᠠᠷᠢᠯᠳᠤᠬᠤ᠂ ᠦᠨᠳᠦᠰᠦᠲᠡᠨ ᠤ ᠮᠣᠷᠢᠨ ᠮᠡᠷᠭᠡᠵᠢᠯ᠂ | ᠦᠨᠳᠦᠰᠦᠲᠡᠨ ᠤ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ 8 ᠤᠷᠤᠯᠳᠤᠭᠠᠨ ᠤ ᠲᠥᠷᠥᠯ ᠪᠠ ᠴᠦ᠋ ᠪᠤᠯᠢᠶᠠᠯᠳᠤᠬᠤ᠂ | ᠪᠤᠶᠢᠺᠤ ᠪᠥᠮᠪᠦᠭᠡ᠂ ᠲᠡᠮᠡᠭᠡᠨ ᠪᠥᠮᠪᠦᠭᠡ᠂ ᠮᠣᠷᠢᠨ ᠮᠡᠷᠭᠡᠵᠢᠯ ᠵᠡᠷᠭᠡ 4 ᠲᠣᠬᠯᠠᠯᠲᠠ ᠶᠢᠨ ᠲᠥᠷᠥᠯ ᠳᠤ ᠣᠷᠣᠯᠴᠠᠪᠠ᠃ | ᠲᠤᠰ ᠬᠤᠭᠤᠴᠠᠭᠠᠨ ᠤ ᠤᠷᠤᠯᠳᠤᠭᠠᠨ ᠡᠬᠢᠯᠡᠭᠰᠡᠨ ᠲᠦᠷᠦᠭᠦᠦ ᠬᠤᠶᠠᠷ ᠡᠳᠦᠷ ᠲᠤ᠂ ᠮᠠᠨ ᠤ ᠣᠷᠣᠨ ᠤ ᠲᠠᠮᠢᠷᠴᠢᠳ | ᠤᠯᠠᠨ ᠲᠦᠷᠦᠯ ᠤᠨ ᠤᠷᠤᠯᠳᠤᠭᠠᠨ ᠳᠤ ᠡᠷᠡᠯᠬᠡᠭᠯᠡᠨ ᠲᠡᠮᠡᠴᠡᠵᠦ᠂ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ | ᠳ᠋ᠦ᠋ ᠬᠤᠤ ᠶᠢᠩ ᠦᠨᠳᠦᠰᠦᠲᠡᠨ ᠤ ᠦᠱᠦ ᠶᠢᠨ ᠡᠮᠡᠭᠲᠡᠢ ᠶᠢᠨ ᠤᠯᠠᠮᠵᠢᠯᠠᠯᠲᠤ ᠳᠠᠩ ᠵᠡᠪᠰᠡᠭ ᠤᠨ ᠰᠢᠢᠳᠪᠦᠷᠢᠲᠦ | ᠤᠷᠤᠯᠳᠤᠭᠠᠨ ᠳᠤ ᠬᠤᠶᠠᠳᠤᠭᠠᠷ ᠳᠡᠰ ᠤᠨ ᠱᠠᠩᠨᠠᠯ ᠭᠥᠷᠳᠡᠭᠰᠡᠨ᠂ ᠾᠥᠸᠧ ᠰᠢᠶᠣᠣ ᠢᠦᠢ ᠦᠨᠳᠦᠰᠦᠲᠡᠨ ᠤ | ᠪᠠᠷᠢᠮᠵᠢᠶᠠᠲᠤ ᠬᠤᠯᠬᠤᠪᠴᠢ ᠨᠤᠮᠤ ᠶᠢᠨ ᠡᠮᠡᠭᠲᠡᠢ ᠶᠢᠨ ᠵᠣᠭᠰᠤᠭ᠎ᠠ ᠬᠠᠷᠪᠤᠭ᠎ᠠ ᠶᠢᠨ ᠨᠢᠭᠡᠳᠦᠭᠡᠷ ᠳᠡᠰ ᠤᠨ ᠱᠠᠩᠨᠠᠯ ᠢ | ᠭᠥᠷᠳᠡᠭᠰᠡᠨ᠂ ᠴᠢᠬᠡᠴᠢ ᠦᠨᠳᠦᠰᠦᠲᠡᠨ ᠤ ᠪᠠᠷᠢᠮᠵᠢᠶᠠᠲᠤ ᠬᠤᠯᠬᠤᠪᠴᠢ ᠨᠤᠮᠤ ᠶᠢᠨ ᠡᠷᠡᠭᠲᠡᠢ ᠶᠢᠨ ᠵᠣᠭᠰᠤᠭ᠎ᠠ | ᠬᠠᠷᠪᠤᠭ᠎ᠠ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠭᠰᠡᠨ᠂ ᠦᠨᠳᠦᠰᠦᠲᠡᠨ ᠤ ᠦᠱᠦ ᠶᠢᠨ ᠤᠷᠤᠯᠳᠤᠭᠠᠨ ᠳᠤ᠂ | ᠳ᠋ᠦ᠋ ᠬᠤᠤ ᠶᠢᠩ ᠡᠮᠡᠭᠲᠡᠢ ᠶᠢᠨ ᠤᠯᠠᠮᠵᠢᠯᠠᠯᠲᠤ ᠪᠤᠰᠤᠳ ᠲᠦᠷᠦᠯ ᠤᠨ ᠨᠢᠳᠤᠷᠭᠠᠨ ᠲᠡᠮᠡᠴᠡᠭᠡᠨ ᠤ ᠨᠢᠭᠡᠳᠦᠭᠡᠷ | ᠳᠡᠰ ᠤᠨ ᠱᠠᠩᠨᠠᠯ ᠭᠥᠷᠳᠡᠭᠰᠡᠨ᠂ ᠮᠠ ᠵᠢᠩ ᠶᠢᠩ᠂ ᠮᠠ ᠸᠧᠨ ᠪᠦᠸᠧ ᠡᠮᠡᠭᠲᠡᠢ ᠶᠢᠨ ᠬᠤᠣᠰᠯᠠᠯ ᠲᠡᠮᠡᠴᠡᠯᠳᠦᠭᠡᠨ ᠤ | ᠭᠤᠷᠪᠠᠳᠤᠭᠠᠷ ᠳᠡᠰ ᠤᠨ ᠱᠠᠩᠨᠠᠯ ᠢ ᠭᠥᠷᠳᠡᠭᠰᠡᠨ ᠵᠡᠷᠭᠡ ᠪᠠᠶᠠᠷ ᠤᠨ ᠴᠢᠮᠡᠭᠡ ᠶᠢ ᠵᠠᠯᠭᠠᠭ᠎ᠠ ᠪᠠᠷ ᠰᠣᠨᠣᠷᠳᠠᠭᠤᠯᠵᠤ | ᠪᠠᠶᠢᠨ᠎ᠠ ᠁ | | ᠡᠨᠡ ᠵᠢᠯ ᠤᠨ 7 ᠰᠠᠷ᠎ᠠ ᠶᠢᠨ 13 ᠤ ᠡᠳᠦᠷ᠂ ᠦᠨᠳᠦᠰᠦᠲᠡᠨ ᠤ ᠮᠣᠷᠢᠨ ᠤᠷᠤᠯᠳᠤᠭᠠᠨ ᠤ 8000 | ᠮᠧᠲᠷ ᠤᠨ ᠤᠷᠤᠯᠳᠤᠭᠠᠨ ᠳᠠᠭᠤᠰᠬᠤ ᠶᠢ ᠳᠠᠭᠠᠯᠳᠤᠨ ᠰᠢᠨᠵᠢᠶᠠᠩ ᠤᠨ ᠢᠯᠢ ᠵᠧᠦ ᠶᠢᠨ ᠵᠣᠣ ᠰᠦ᠋ ᠰᠢᠶᠠᠨ ᠳᠤ | ᠶᠠᠪᠤᠭᠳᠠᠭᠰᠠᠨ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠮᠣᠷᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ | 6 ᠡᠳᠦᠷ ᠤᠨ ᠤᠷᠤᠯᠳᠤᠭᠠᠨ ᠳᠤ᠂ ᠮᠠᠨ ᠤ ᠣᠷᠣᠨ ᠤ ᠲᠥᠯᠥᠭᠡᠯᠡᠭᠴᠢᠳ ᠤᠨ ᠪᠦᠯᠭᠦᠮ ᠤᠨ 70 ᠲᠠᠮᠢᠷᠴᠢᠨ 63 | ᠮᠣᠷᠢ ᠪᠠ 13 ᠲᠡᠮᠡᠭᠡ ᠲᠠᠢ ᠪᠠᠨ ᠤᠷᠤᠯᠳᠤᠭᠠᠨ ᠤ ᠲᠠᠯᠠᠪᠤᠷ ᠲᠤ ᠡᠷᠡᠮᠡᠬᠡᠶᠢᠯᠡᠨ ᠥᠷᠢᠰᠦᠯᠳᠦᠵᠦ᠂ ᠨᠡᠶᠢᠲᠡ 24 | ᠵᠦᠢᠯ ᠤᠨ ᠱᠠᠩᠨᠠᠯ ᠭᠥᠷᠳᠡᠭᠰᠡᠨ ᠰᠢᠯᠢᠳᠡᠭ ᠬᠢᠷᠢ ᠪᠦᠳᠦᠮᠵᠢ ᠶᠢ ᠪᠢᠴᠢᠭᠯᠡᠵᠦ᠂ ᠨᠢᠭᠡᠳᠦᠭᠡᠷ ᠳᠡᠰ ᠤᠨ ᠱᠠᠩᠨᠠᠯ ᠢ 2᠂ | ᠬᠤᠶᠠᠳᠤᠭᠠᠷ ᠳᠡᠰ ᠤᠨ ᠱᠠᠩᠨᠠᠯ ᠢ 10᠂ ᠭᠤᠷᠪᠠᠳᠤᠭᠠᠷ ᠳᠡᠰ ᠤᠨ ᠱᠠᠩᠨᠠᠯ ᠢ 12 ᠬᠦᠷᠲᠡᠵᠡᠢ᠃ ᠡᠭᠦᠨ ᠳᠤ᠂ | ᠲᠡᠮᠡᠭᠡᠨ ᠪᠥᠮᠪᠦᠭᠡ ᠶᠢᠨ ᠲᠣᠬᠯᠠᠯᠲᠠ ᠪᠠ ᠮᠣᠷᠢᠨ ᠮᠡᠷᠭᠡᠵᠢᠯ ᠤᠨ ᠲᠣᠬᠯᠠᠯᠲᠠ ᠨᠢ ᠥᠷᠭᠡᠨ ᠤᠯᠠᠨ ᠦᠵᠡᠭᠴᠢᠳ ᠤᠨ | ᠠᠩᠬᠠᠷᠤᠯ ᠢ ᠶᠡᠬᠡᠳᠡ ᠲᠠᠲᠠᠵᠤ᠂ ᠦᠵᠡᠭᠴᠢᠳ ᠤᠯᠠᠨ ᠤ ᠤᠤᠬᠠᠶᠢᠯᠠᠯ ᠬᠠᠰᠬᠢᠷᠤᠯ ᠢ ᠣᠯᠵᠤ᠂ ᠨᠠᠩ ᠣᠯᠠᠨ | ᠬᠥᠮᠥᠨ ᠳᠤ ᠲᠡᠮᠡᠭᠡᠨ ᠪᠥᠮᠪᠦᠭᠡ ᠶᠢᠨ ᠬᠥᠳᠡᠯᠭᠡᠭᠡᠨ ᠢ ᠣᠶᠢᠯᠠᠭᠠᠭᠤᠯᠤᠭᠰᠠᠨ ᠪᠥᠭᠡᠳ ᠮᠣᠷᠢᠨ ᠮᠡᠷᠭᠡᠵᠢᠯ ᠤᠨ | ᠬᠥᠳᠡᠯᠭᠡᠭᠡᠨ ᠤ ᠬᠠᠴᠢᠨ ᠭᠠᠶᠢᠬᠠᠮᠰᠢᠭ ᠢ ᠰᠣᠨᠢᠷᠬᠠᠭᠤᠯᠤᠯᠠ᠃ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠮᠣᠷᠢᠨ | ᠮᠡᠷᠭᠡᠵᠢᠯ ᠤᠨ ᠤᠷᠤᠯᠳᠤᠭᠠᠨ ᠪᠠ ᠲᠤᠬᠯᠠᠯᠳᠠ ᠶᠢᠨ ᠵᠦᠢᠯ ᠳᠤ ᠪᠦᠭᠦ ᠤᠯᠤᠰ ᠤᠨ 12 ᠲᠥᠯᠥᠭᠡᠯᠡᠭᠴᠢᠳ ᠤᠨ | ᠪᠦᠯᠭᠦᠮ ᠤᠨ 229 ᠲᠠᠮᠢᠷᠴᠢᠨ ᠣᠷᠣᠯᠴᠠᠬᠰᠠᠨ ᠪᠠᠶᠢᠨ᠎ᠠ᠃ | | ᠣᠶᠢᠷ᠎ᠠ ᠶᠢᠨ ᠵᠢᠯ ᠳᠤ᠂ ᠮᠠᠨ ᠤ ᠣᠷᠣᠨ ᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠬᠥᠳᠡᠯᠭᠡᠭᠡᠨ ᠡᠳᠦᠷ ᠢᠷᠡᠬᠦᠶ᠎ᠡ ᠪᠠᠶᠠᠯᠢᠭᠵᠢᠵᠤ᠂ ᠤᠯᠠᠨ ᠨᠡᠶᠢᠳᠡ ᠶᠢᠨ ᠠᠩᠬᠠᠷᠤᠯ ᠢ ᠲᠠᠲᠠᠵᠤ ᠬᠠᠯᠠᠭᠤᠨ | ᠬᠦᠷᠢᠶᠡᠯᠡᠯ ᠢ ᠣᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠴᠥᠭᠡᠨ ᠲᠣᠭᠠᠲᠤ ᠦᠨᠳᠦᠰᠦᠲᠡᠨ ᠤ ᠪᠠᠶᠠᠯᠢᠭ | ᠰᠠᠶᠢᠬᠠᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠭᠦ ᠪᠠᠷ ᠲᠠᠮᠵᠢᠨ ᠮᠣᠷᠢᠨ ᠮᠡᠷᠭᠡᠵᠢᠯ᠂ ᠪᠦᠭᠡ | ᠪᠠᠷᠢᠯᠳᠤᠬᠤ᠂ ᠰᠤᠷ ᠬᠠᠷᠪᠤᠬᠤ᠂ ᠪᠤᠶᠢᠺᠤ ᠪᠥᠮᠪᠦᠭᠡ᠂ ᠮᠥᠰᠥ ᠴᠠᠰᠤᠨ ᠤ ᠬᠥᠳᠡᠯᠭᠡᠭᠡᠨ᠂ ᠮᠣᠩᠭᠤᠯ ᠰᠢᠲᠠᠷ᠎ᠠ᠂ ᠲᠡᠮᠡᠭᠡᠨ | ᠪᠥᠮᠪᠦᠭᠡ᠂ ᠪᠢᠯᠠᠭᠤ᠂ ᠠᠨᠳᠠᠢ ᠵᠡᠷᠭᠡ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ | ᠲᠦᠭᠡᠮᠡᠯᠵᠢᠭᠦᠯᠦᠨ ᠳᠡᠯᠭᠡᠷᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠠᠭ ᠦᠶ᠎ᠡ ᠶᠢᠨ ᠭᠦᠭ | ᠠᠶᠢᠵᠠᠮ ᠢ ᠴᠢᠪᠬᠠᠳᠠᠨ᠎ᠠ᠃ ᠡᠭᠦᠨ ᠤ ᠬᠠᠮᠲᠤ᠂ ᠤᠯᠠᠮᠵᠢᠯᠠᠯᠲᠤ ᠪᠡᠶ᠎ᠡ ᠶᠢᠨ ᠲᠠᠮᠢᠷ ᠢ ᠵᠢᠭᠤᠯᠴᠢᠯᠠᠯ᠂ ᠰᠣᠶᠣᠯ᠂ | ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠲᠠᠢ ᠤᠶᠠᠯᠳᠤᠭᠤᠯᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ | ᠲᠥᠷᠥᠯ ᠵᠦᠢᠯ ᠢ ᠰᠢᠨ᠎ᠡ ᠭᠡᠷᠡᠯ ᠭᠢᠯᠪᠠᠭ᠎ᠠ ᠰᠠᠴᠤᠷᠠᠭᠤᠯᠵᠤ᠂ ᠨᠠᠩ ᠣᠯᠠᠨ ᠬᠥᠮᠥᠰ ᠤᠨ ᠦᠨᠳᠦᠰᠦᠲᠡᠨ ᠤ ᠪᠡᠶ᠎ᠡ ᠶᠢᠨ | ᠲᠠᠮᠢᠷ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠶᠢ ᠲᠠᠶᠢᠴᠢᠯᠠᠵᠤ᠂ | ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠭᠤᠯᠤᠯᠲᠠ ᠳᠤ ᠬᠥᠳᠡᠯᠭᠡᠬᠦ ᠬᠦᠴᠦᠨ ᠨᠡᠮᠡᠷᠢᠯᠡᠨ᠎ᠡ᠃ | ︵ᠭᠡᠷᠡᠯ ᠵᠢᠷᠤᠭ ᠤᠳ ᠪᠣᠯ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ | ᠶᠣᠰᠣᠯᠠᠯ ᠪᠠ ᠤᠷᠤᠯᠳᠤᠭᠠᠨ ᠤ ᠬᠡᠰᠡᠭ ᠦᠵᠡᠭᠳᠡᠯ ᠪᠣᠯᠣᠨ᠎ᠠ︶ | ︵ᠰᠢᠨᠬᠤᠸᠠ ᠰᠦᠯᠵᠢᠶ᠎ᠡ ᠠᠴᠠ ᠠᠪᠤᠪᠠ︶ |