12 ᠰᠠᠷ᠎ᠠ ᠶᠢᠨ 14 ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠨᠡᠶᠢᠳᠡ | ᠶᠢᠨ ᠮᠦᠰᠦ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ | ᠬᠥᠬᠡᠬᠤᠲᠠ ᠳᠤ ᠬᠤᠷᠠᠯᠳᠤᠪᠠ᠃ ᠲᠠᠨᠢᠯᠴᠠᠭᠤᠯᠤᠭᠰᠠᠨ ᠢᠶᠠᠷ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ | ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ 12 ᠰᠠᠷ᠎ᠠ ᠶᠢᠨ | 21 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ ᠶᠠᠪᠤᠭᠳᠠᠨ᠎ᠠ᠃ | | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ | ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧ ᠬᠤᠩ ᠢᠦᠶ᠂ ᠥᠪᠡᠷᠲᠡᠭᠡᠨ ᠵᠠᠰᠠᠬᠤ | ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ᠂ ᠬᠥᠯᠥᠨ ᠪᠤᠶᠢᠷ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠦᠨ ᠸᠧᠶ ᠨᠡᠷ ᠰᠣᠨᠢᠨ ᠮᠡᠳᠡᠭᠡ ᠨᠡᠶᠢᠲᠡᠯᠡᠬᠦ | ᠬᠤᠷᠠᠯ ᠳᠤ ᠣᠷᠣᠯᠴᠠᠵᠤ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ | ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠵᠢᠴᠢ ᠬᠠᠮᠢᠶ᠎ᠠ ᠪᠥᠬᠦᠶ ᠤᠷᠤᠯᠳᠤᠭᠠᠨ ᠤ ᠠᠵᠢᠯᠯᠠᠭ᠎ᠠ ᠶᠢᠨ | ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ᠡᡁᠧ ᠬᠤᠩ ᠢᠦᠢ ᠢᠯᠡᠷᠬᠡᠶᠢᠯᠡᠬᠦ ᠳᠤ ᠪᠠᠨ᠂ ᠪᠦᠬᠦ ᠤᠯᠤᠰ ᠤᠨ ᠤᠯᠠᠨ ᠨᠡᠶᠢᠳᠡ ᠶᠢᠨ ᠮᠥᠰᠥ ᠴᠠᠰᠤᠨ ᠤ | ᠤᠯᠠᠷᠢᠯ ᠤᠨ ᠵᠢᠱᠢᠶ᠎ᠡ ᠦᠵᠡᠭᠦᠯᠬᠦ ᠲᠠᠶᠢᠴᠢᠯᠠᠯᠳᠠ ᠳᠣᠣᠷ᠎ᠠ᠂ ᠡᠯ᠎ᠡ ᠭᠠᠵᠠᠷ ᠤᠨ ᠬᠢᠨ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠪᠠᠶᠠᠯᠢᠭ ᠤᠯᠠᠨ ᠶᠠᠩᠵᠤ ᠶᠢᠨ᠂ ᠢᠯᠡ ᠲᠣᠳᠣ ᠤᠯᠠᠨ ᠲᠦᠮᠡᠨᠴᠢ ᠴᠢᠨᠠᠷᠲᠠᠢ | ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ︽ᠭᠤᠷᠪᠠᠨ ᠳ᠋ᠦᠩᠰᠢᠭᠤᠷ ᠬᠥᠮᠦᠨ ᠢ | ᠲᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠳᠤ ᠴᠢᠬᠤᠯᠠ ᠦᠢᠯᠡᠳᠦᠯ ᠦᠵᠡᠭᠦᠯᠪᠡ ᠭᠡᠵᠡᠢ᠃ ᠣᠳᠣᠬᠠᠨ ᠳᠤ᠂ ᠪᠥᠬᠦ | ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠢ ᠨᠢᠭᠡᠨᠲᠡ 10 ᠵᠢᠯ ᠠᠮᠵᠢᠯᠲᠠ ᠲᠠᠢ ᠡᠷᠭᠢᠯᠡᠵᠦ᠂ | ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠬᠤ | ᠴᠢᠬᠤᠯᠠ ᠠᠵᠢᠯ ᠤᠨ ᠲᠠᠪᠴᠠᠩ ᠪᠠ ᠨᠠᠷᠠᠲᠤ ᠲᠡᠮᠳᠡᠭᠲᠦ ᠶᠢᠨ ᠴᠢᠨᠠᠷᠲᠠᠶ ᠠᠵᠢᠯᠯᠠᠭ᠎ᠠ ᠪᠣᠯᠤᠭᠰᠠᠨ ᠪᠠᠶᠢᠨ᠎ᠠ᠃ ᠲᠣᠰ | ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠳᠤ ︽ᠪᠠᠶᠠᠷ ᠬᠥᠷ ᠲᠠᠢ | ᠮᠥᠰᠥ ᠴᠠᠰᠤ ᠬᠠᠮᠲᠤ ᠪᠠᠷ ᠢᠷᠡᠭᠡᠳᠦᠶ ᠶᠢ ᠴᠣᠭᠴᠠᠯᠠᠬᠤ︾ ᠪᠠᠷ ᠭᠤᠤᠯ ᠰᠡᠳᠦᠪ ᠪᠣᠯᠭᠠᠵᠤ᠂ ᠪᠥᠬᠦ ᠤᠯᠤᠰ ᠤᠨ | ᠡᠯ᠎ᠡ ᠭᠠᠵᠠᠷ ᠤᠨ ᠥᠷᠨᠢᠭᠦᠯᠬᠦ ᠪᠠᠷ ᠲᠥᠯᠥᠪᠯᠡᠵᠦ ᠪᠠᠶᠢᠭ᠎ᠠ ᠡᠯ᠎ᠡ ᠱᠠᠲᠤᠨ ᠤ ᠡᠯ᠎ᠡ ᠲᠥᠷᠥᠯ ᠤᠨ ᠪᠥᠬᠦ ᠤᠯᠤᠰ ᠤᠨ | ᠴᠢᠨᠠᠷᠲᠠᠶ ᠬᠤᠯᠪᠣᠭᠠᠯᠠᠨ ᠬᠥᠳᠡᠯᠦᠯᠴᠡᠭᠰᠡᠨ ᠪᠤᠶᠤ ᠣᠷᠣᠨ ᠪᠦᠰᠡ ᠶᠢᠨ ᠴᠢᠨᠠᠷᠲᠠᠶ ᠬᠤᠯᠪᠣᠭᠠᠯᠠᠨ ᠬᠥᠳᠡᠯᠦᠯᠴᠡᠭᠰᠡᠨ | ᠣᠯᠠᠨ ᠨᠡᠶᠢᠳᠡ ᠶᠢᠨ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠨᠡᠶᠢᠲᠡ 1853 ᠵᠦᠢᠯ ᠪᠠᠶᠢᠵᠤ᠂ | ᠡᠭᠦᠨ ᠳᠤ ᠮᠦᠰᠦ ᠴᠠᠰᠤᠨ ᠤ ᠤᠷᠤᠯᠳᠤᠭᠠᠨ 820 ᠵᠦᠢᠯ ᠪᠠᠶᠢᠵᠤ᠂ ᠮᠥᠰᠥ ᠴᠠᠰᠤᠨ ᠤ ᠠᠵᠢᠯᠯᠠᠭ᠎ᠠ 655 | ᠵᠦᠢᠯ ᠪᠠᠶᠢᠵᠤ᠂ ᠮᠥᠰᠥ ᠴᠠᠰᠤᠨ ᠤ ᠦᠪᠡᠳᠡᠭᠰᠢ ᠨᠠᠶᠢᠷ ᠵᠢᠴᠢ ᠪᠤᠰᠤᠳ ᠶᠡᠷᠦᠩᠬᠡᠶᠢᠯᠡᠭᠰᠡᠨ ᠴᠢᠨᠠᠷᠲᠠᠶ ᠠᠵᠢᠯᠯᠠᠭ᠎ᠠ | ᠵᠡᠷᠭᠡ 378 ᠵᠦᠢᠯ ᠪᠣᠶ᠃ | | ᠳ᠋ᠦ᠋ ᠪᠥᠸᠧ ᠵᠢᠶᠦ᠋ᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠳᠡ ᠶᠢᠨ ᠮᠦᠰᠦ ᠴᠠᠰᠤᠨ ᠤ ᠤᠯᠠᠷᠢᠯ ᠤᠨ ᠪᠦᠬᠦᠯᠢ ᠴᠣᠭᠴᠠ ᠶᠢᠨ | ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠭᠤᠤᠯᠳᠠᠯᠭ᠎ᠠ ᠲᠠᠢ ᠲᠠᠨᠢᠯᠴᠠᠭᠤᠯᠪᠠ᠃ ᠡᠬᠢᠯᠡᠯᠲᠡ ᠶᠢᠨ | ᠶᠣᠰᠣᠯᠠᠯ ᠤᠨ ᠲᠤᠬᠠᠶ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ | ᠪᠡᠯᠭᠡᠯᠡᠬᠦ ᠶᠣᠰᠣᠯᠠᠯ ᠢ ᠵᠡᠷᠭᠡ ᠪᠠᠷ ᠡᠷᠬᠢᠯᠡᠬᠦ ᠶᠢᠨ ᠬᠠᠮᠲᠤ ᠣᠷᠣᠨ ᠨᠤᠲᠤᠭ ᠤᠨ ᠣᠨᠴᠠᠯᠢᠭ ᠲᠠᠢ ᠮᠥᠰᠥ ᠴᠠᠰᠤᠨ ᠤ | ᠠᠵᠢᠯᠯᠠᠭ᠎ᠠ ᠶᠢ ᠥᠷᠨᠢᠭᠦᠯᠦᠨ᠎ᠡ᠃ ᠣᠯᠠᠨ ᠨᠡᠶᠢᠳᠡ ᠶᠢᠨ ᠮᠥᠰᠥ ᠴᠠᠰᠤᠨ ᠤ ᠤᠯᠠᠷᠢᠯ ᠤᠨ ᠬᠤᠭᠤᠴᠠᠭᠠᠨ ᠳᠤ᠂ ᠡᠯ᠎ᠡ | ᠠᠶᠢᠮᠠᠭ ᠬᠤᠲᠠ ᠡᠯ᠎ᠡ ᠲᠥᠷᠥᠯ ᠤᠨ ᠣᠯᠠᠨ ᠨᠡᠶᠢᠳᠡ ᠶᠢᠨ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ | 357 ᠵᠦᠢᠯ ᠡᠷᠭᠢᠯᠡᠵᠦ᠂ ᠵᠢᠱᠢᠯᠲᠡ ᠪᠠᠷ 800 ᠲᠦᠮᠡ ᠭᠠᠷᠤᠶ ᠬᠥᠮᠦᠨ ᠤᠳᠠᠭ᠎ᠠ ᠶᠢᠨ ᠨᠥᠯᠥᠭᠡᠯᠡᠨ ᠳᠠᠶᠢᠴᠢᠯᠠᠵᠤ | ᠣᠷᠣᠯᠴᠠᠭᠤᠯᠤᠨ᠎ᠠ᠃ | ᠰᠦᠨ ᠸᠧᠶ ᠬᠡᠯᠡᠬᠦ ᠳᠤ ᠪᠠᠨ᠂ ᠣᠳᠣᠬᠠᠨ ᠳᠤ᠂ ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠲᠠᠯᠠᠪᠤᠷ ᠤᠨ | ᠲᠣᠬᠢᠷᠠᠭᠤᠯᠤᠯᠲᠠ᠂ ᠬᠡᠭᠡᠷᠡᠯᠡᠨ ᠭᠤᠯᠭᠤᠬᠤ ᠤᠷᠤᠯᠳᠤᠭᠠᠨ ᠤ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ | ᠨᠢᠭᠡᠨᠲᠡ ᠳᠠᠭᠤᠰᠬᠠᠵᠤ᠂ ᠰᠣᠷᠢᠯᠲᠠ᠂ ᠠᠮᠤᠷ ᠲᠦᠪᠰᠢᠨ ᠤ ᠬᠠᠮᠠᠭᠠᠯᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ | ᠰᠠᠶᠢᠨ ᠳᠤᠷ᠎ᠠ ᠶᠢᠨ ᠦᠢᠯᠡᠴᠢᠯᠡᠭᠡ᠂ ᠶᠡᠷᠦᠩᠬᠡᠶᠢᠯᠡᠭᠰᠡᠨ ᠪᠠᠲᠤᠯᠠᠭ᠎ᠠ᠂ ᠵᠠᠬ᠎ᠠ ᠳᠡᠯᠭᠡᠭᠦᠷ ᠤᠨ ᠨᠡᠭᠡᠭᠡᠨ | ᠬᠥᠭᠵᠢᠭᠦᠯᠦᠯᠲᠡ ᠵᠡᠷᠭᠡ ᠡᠯ᠎ᠡ ᠵᠦᠢᠯ ᠤᠨ ᠠᠵᠢᠯ ᠢ ᠶᠠᠭ ᠯᠠᠪᠳᠠᠭᠤᠨ ᠢᠶᠠᠷ ᠠᠬᠢᠭᠤᠯᠵᠤ ᠪᠠᠶᠢᠨ᠎ᠠ᠃ ᠡᠬᠢᠯᠡᠯᠲᠡ ᠶᠢᠨ | ᠶᠣᠰᠣᠯᠠᠯ ᠤᠨ ᠬᠤᠭᠤᠴᠠᠭᠠᠨ ᠳᠤ᠂ ᠬᠥᠯᠥᠨ ᠪᠤᠶᠢᠷ 26 ᠵᠦᠢᠯ ᠤᠨ ᠣᠯᠠᠨ ᠨᠡᠶᠢᠳᠡ ᠶᠢᠨ ᠤᠷᠤᠯᠳᠤᠭᠠᠨ ᠤ | ᠠᠵᠢᠯᠯᠠᠭ᠎ᠠ ᠶᠢ ᠵᠡᠷᠭᠡ ᠪᠠᠷ ᠦᠷᠨᠢᠭᠦᠯᠬᠦ ᠪᠤᠯᠤᠨ᠎ᠡ᠃ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠮᠥᠰᠥ ᠴᠠᠰᠤᠨ ᠤ ᠪᠡᠶ᠎ᠡ ᠶᠢᠨ | ᠲᠠᠮᠢᠷ ᠤᠨ ᠴᠢᠨᠠᠷ ᠰᠠᠶᠢᠲᠠᠶ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠶ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ ᠲᠤᠬᠠᠶ ᠰᠠᠨᠠᠯ ᠤᠳ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ | ︽ᠰᠡᠭᠦᠯᠴᠢ ᠶᠢᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠴᠠᠭ ᠬᠤᠭᠤᠴᠠᠭ᠎ᠠ︾ ᠳᠤ | ᠳᠤᠮᠳᠠᠳᠤ ᠤᠯᠤᠰ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠤᠯᠠᠮ ᠨᠢᠭᠡ | ᠠᠯᠬᠤᠮ ᠲᠥᠯᠥᠪᠯᠡᠨ ᠪᠠᠶᠢᠷᠢᠯᠠᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢ ᠬᠥᠲᠥᠯᠦᠨ | ᠵᠢᠯᠣᠭᠤᠳᠴᠤ ᠪᠠᠶᠢᠭᠠᠳ ᠣᠯᠠᠨ ᠨᠡᠶᠢᠳᠡ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠢ ᠪᠥᠬᠦ ᠤᠯᠤᠰ ᠲᠤ ᠲᠦᠭᠡᠮᠡᠯᠵᠢᠭᠦᠯᠦᠨ ᠬᠥᠭᠵᠢᠭᠦᠯᠬᠦ ᠶᠢ ᠳᠥᠯᠭᠢᠨ ᠠᠬᠢᠭᠤᠯᠵᠦ ᠪᠤᠢ᠃ ︽ᠰᠠᠨᠠᠯ︾ | ᠢ ᠳᠠᠷᠤᠮᠠᠯᠯᠠᠨ ᠲᠠᠷᠬᠠᠭᠠᠭᠰᠠᠨ ᠤ ᠳᠠᠷᠠᠭᠠᠬᠢ ᠠᠩᠬᠠᠳᠠᠭᠴᠢ ᠪᠥᠬᠦ ᠤᠯᠤᠰ ᠤᠨ ᠣᠯᠠᠨ ᠨᠡᠶᠢᠳᠡ ᠶᠢᠨ ᠮᠥᠰᠥ | ᠴᠠᠰᠤᠨ ᠤ ᠤᠯᠠᠷᠢᠯ ᠳᠤ᠂ ᠠᠷᠠᠳ ᠣᠯᠠᠨ ᠤ ᠣᠯᠠᠨ ᠶᠠᠩᠵᠤ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ | ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠣᠯᠠᠨ ᠣᠯᠠᠨ ᠨᠡᠶᠢᠳᠡᠴᠢ ᠴᠢᠨᠠᠷᠲᠠᠶ ᠮᠥᠰᠥ | ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠨᠠᠩ ᠳᠥᠭᠦᠮ ᠳᠥᠲᠡ ᠮᠥᠰᠥ ᠴᠠᠰᠤᠨ ᠤ ᠲᠠᠮᠢᠷ ᠤᠨ | ᠲᠠᠯᠠᠪᠠᠶ ᠶᠢᠨ ᠲᠥᠬᠦᠭᠡᠷᠦᠮᠵᠢ ᠶᠢ ᠪᠠᠶᠢᠭᠤᠯᠵᠤ᠂ ᠣᠯᠠᠨ ᠲᠦᠮᠡᠨ ᠤ ᠳᠡᠷᠭᠡᠳᠡᠬᠢ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠨᠠᠩ ᠣᠯᠠᠨ ᠣᠯᠠᠨ ᠲᠦᠮᠡᠨ ᠢᠯᠠᠩᠭᠤᠶ᠎ᠠ | ᠵᠠᠯᠠᠭᠤᠴᠤᠳ ᠪᠠᠭᠠᠴᠤᠳ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠴᠠᠭ ᠦᠶ᠎ᠡ ᠶᠢᠨ ᠳᠤᠮᠳᠠᠳᠤ ᠤᠯᠤᠰ ᠤᠨ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠤ ᠰᠢᠨ᠎ᠡ ᠳᠦᠷᠰᠦ ᠪᠠᠶᠢᠳᠠᠯ ᠢ ᠪᠥᠬᠦ ᠲᠠᠯ᠎ᠠ ᠪᠠᠷ ᠢᠯᠡᠷᠡᠭᠦᠯᠬᠦ ᠪᠣᠯᠤᠨ᠎ᠠ᠃ |