ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠡᠬᠢᠯᠡᠯ᠎ᠡ
ᠨᠡᠶᠢᠲᠡᠯᠡᠭᠰᠡᠨ ᠴᠠᠭ᠄
2024/12/23
   ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠳᠡ ᠶᠢᠨ ᠮᠥᠰᠥ ᠴᠠᠰᠤᠨ ᠤ ᠤᠯᠠᠷᠢᠯ 12 ᠰᠠᠷ᠎ᠠ ᠶᠢᠨ 21 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ ᠡᠬᠢᠯᠡᠪᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠳᠠᠷᠤᠭ᠎ᠠ ᠭᠤᠤ ᡁᠢ ᠳ᠋ᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠠᠮᠢᠷᠴᠢᠨ ᠤ ᠲᠥᠯᠥᠭᠡᠯᠡᠭᠴᠢ᠂ ᠣᠯᠠᠨ ᠲᠦᠮᠡᠨ ᠤ ᠲᠥᠯᠥᠭᠡᠯᠡᠭᠴᠢ ᠲᠠᠢ ᠬᠠᠮᠲᠤ ᠪᠠᠷ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠳᠡ ᠶᠢᠨ ᠮᠥᠰᠥ ᠴᠠᠰᠤᠨ ᠤ ᠤᠯᠠᠷᠢᠯ ᠢ ᠡᠬᠢᠯᠡᠭᠦᠯᠪᠡ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠤᠭᠲᠤᠬᠤ ᠦᠭᠡ ᠬᠡᠯᠡᠵᠦ᠂ ᠣᠯᠠᠨ ᠲᠦᠮᠡᠨ ᠤ ᠮᠥᠰᠥ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ ᠥᠷᠨᠢᠭᠦᠯᠦᠭᠰᠡᠨ ᠨᠢ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠷᠠᠭ᠎ᠠ᠂ ᠦᠪᠦᠷ ᠮᠤᠩᠭᠤᠯ ᠤᠨ ᠥᠷᠨᠢᠩᠭᠦᠶ ᠬᠥᠭᠵᠢᠯᠲᠡ ᠶᠢᠨ ᠪᠠᠶᠢᠳᠠᠯ ᠢ ᠪᠠᠲᠤᠯᠠᠬᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠲᠦᠷᠭᠡᠳᠬᠡᠨ ᠪᠦᠷᠢᠯᠳᠦᠭᠦᠯᠬᠦ ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠭᠰᠠᠨ ᠪᠠᠶᠢᠨ᠎ᠠ᠃ ᠪᠢᠳᠡ ᠥᠪᠥᠷ ᠮᠣᠩᠭᠤᠯ ᠤᠨ ᠮᠥᠰᠥ ᠴᠠᠰᠤᠨ ᠤ ᠠᠵᠤ ᠠᠬᠤᠶ ᠶᠢᠨ ᠳᠡᠭᠡᠭᠰᠢᠯᠡᠬᠦ ᠬᠤᠭᠤᠴᠠᠭ᠎ᠠ᠂ ᠲᠦᠷᠭᠡᠨ ᠵᠠᠮ ᠳᠤ ᠣᠷᠣᠬᠤ ᠶᠢ ᠴᠢᠷᠮᠠᠶᠢᠨ ᠠᠬᠢᠭᠤᠯᠵᠤ᠂ ︽ᠬᠦᠢᠲᠡᠨ ᠡᠬᠢ ᠪᠠᠶᠠᠯᠢᠭ︾ ᠢ         ︽ᠬᠠᠯᠠᠭᠤᠨ ᠠᠵᠤ ᠦᠢᠯᠡᠰ︾ ᠪᠣᠯᠭᠠᠵᠤ᠂ ︽ᠪᠠᠭ᠎ᠠ ᠴᠠᠰᠤᠨ ᠴᠡᠴᠡᠭ︾ ᠢ ︽ᠶᠡᠭᠡ ᠬᠥᠭᠵᠢᠯᠲᠡ︾ ᠪᠣᠯᠭᠠᠵᠤ᠂ ︽ᠮᠥᠰᠥ ᠴᠠᠰᠤᠨ ᠣᠷᠣᠨ︾ ᠢ ︽ᠠᠯᠲᠠ ᠮᠥᠩᠭᠦᠨ ᠠᠭᠤᠯᠠ︾ ᠪᠣᠯᠭᠠᠨ᠎ᠠ ᠭᠡᠵᠦ ᠢᠯᠡᠷᠬᠡᠶᠢᠯᠡᠪᠡ᠃
   ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠤᠷᠭᠠᠨ ᠤ ᠳᠠᠷᠤᠭ᠎ᠠ ᠳ᠋ᠢᠩ ᠳ᠋ᠦᠩ ᠪᠠᠶᠠᠷ ᠤᠨ ᠦᠭᠡ ᠳᠡᠭᠡᠨ᠂ ᠲᠣᠰ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠳᠡ ᠶᠢᠨ ᠮᠥᠰᠥ ᠴᠠᠰᠤᠨ ᠤ ᠤᠯᠠᠷᠢᠯ ᠢ ᠡᠬᠢᠯᠡᠭᠦᠯᠬᠦ ᠪᠠᠷ ᠠᠵᠠ ᠲᠣᠬᠢᠶᠠᠯ ᠪᠣᠯᠭᠠᠵᠤ᠂ ᠣᠯᠠᠨ ᠨᠡᠶᠢᠳᠡ ᠶᠢᠨ ᠳᠡᠷᠭᠡᠳᠡᠬᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠨᠠᠩ ᠣᠯᠠᠨ ᠣᠯᠠᠨ ᠨᠡᠶᠢᠳᠡ ᠶᠢ ᠢᠯᠠᠩᠭᠤᠶ᠎ᠠ ᠵᠠᠯᠠᠭᠤᠴᠤᠳ ᠪᠠᠭᠠᠴᠤᠳ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠤᠨ᠎ᠠ᠃ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠠᠴᠠ ︽ᠮᠥᠰᠥ ᠴᠠᠰᠤᠨ ᠤ ᠪᠡᠶ᠎ᠡ ᠶᠢᠨ ᠲᠠᠮᠢᠷ ᠤᠨ ᠴᠢᠨᠠᠷ ᠰᠠᠶᠢᠲᠠᠶ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠶ ᠰᠠᠨᠠᠯ ᠤᠳ︾ ᠤᠨ ᠱᠠᠭᠠᠷᠳᠠᠯᠭ᠎ᠠ ᠶᠣᠰᠣᠭᠠᠷ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠪᠥᠬᠦ ᠤᠯᠤᠰ ᠲᠤ ᠲᠦᠭᠡᠮᠡᠯᠵᠢᠭᠦᠯᠦᠨ ᠬᠥᠭᠵᠢᠭᠦᠯᠬᠦ ᠶᠢ ᠠᠬᠢᠭᠤᠯᠵᠤ᠂      ︽ᠭᠤᠷᠪᠠᠨ  ᠳ᠋ᠦᠩᠰᠢᠭᠤᠷ  ᠬᠥᠮᠦᠨ ᠢ  ᠳᠠᠶᠢᠴᠢᠯᠠᠨ  ᠮᠥᠰᠥ  ᠴᠠᠰᠤᠨ ᠤ  ᠲᠠᠮᠢᠷ ᠤᠨ  ᠬᠥᠳᠡᠯᠭᠡᠭᠡᠨ  ᠳᠤ  ᠣᠷᠣᠯᠴᠠᠭᠤᠯᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠮᠥᠰᠥ ᠴᠠᠰᠤᠨ ᠤ ᠲᠠᠯ᠎ᠠ ᠶᠢᠨ ᠬᠦᠴᠦᠨ ᠴᠢᠳᠠᠯ ᠢᠶᠠᠨ ᠡᠷᠭᠦᠨ᠎ᠡ  ᠭᠡᠵᠦ ᠢᠯᠡᠳᠬᠡᠪᠡ᠃    ᠳᠡᠯᠡᠭᠡᠢ ᠶᠢᠨ ᠣᠯᠢᠮᠫᠢᠺ ᠤᠨ ᠪᠡᠶ᠎ᠠ ᠶᠢᠨ ᠲᠠᠮᠢᠷ ᠤᠨ ᠬᠦᠲᠡᠯᠭᠡᠭᠡᠡ ᠤ ᠵᠥᠪᠯᠡᠯ ᠤᠨ ᠲᠡᠷᠢᠭᠦᠯᠡᠭᠴᠢ ᠪᠠᠾᠧ ᠸᠢᠳᠢᠣ᠋ ᠪᠠᠷ ᠳᠠᠮᠵᠢᠭᠤᠯᠤᠨ ᠤᠯᠠᠨ ᠨᠡᠶᠢᠳᠡ ᠶᠢᠨ ᠮᠥᠰᠥ ᠴᠠᠰᠤᠨ ᠤ ᠤᠯᠠᠷᠢᠯ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃    ᠡᠬᠢᠯᠡᠯᠲᠡ ᠶᠢᠨ ᠶᠣᠰᠣᠯᠠᠯ ᠤᠨ ᠠᠬᠤᠶ ᠲᠠᠯᠠᠪᠠᠶ ᠳᠤ ᠪᠠᠰᠠ ᠪᠦᠬᠦ ᠤᠯᠤᠰ ᠤᠨ ᠮᠥᠰᠥ ᠴᠠᠰᠤᠨ ᠤ ᠤᠷᠤᠯᠳᠤᠭᠠᠨ ᠤ ᠭᠠᠷᠴᠠᠭ ᠢ ᠨᠡᠶᠢᠲᠡᠯᠡᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠮᠥᠰᠥ ᠴᠠᠰᠤᠨ ᠤ ︽ᠬᠦᠢᠲᠡᠨ ᠡᠬᠢ ᠪᠠᠶᠠᠯᠢᠭ︾ ᠢ        ︽ᠬᠠᠯᠠᠭᠤᠨ ᠠᠵᠤ ᠠᠬᠤᠶ︾ ᠪᠣᠯᠭᠠᠪᠠ᠃    ᠵᠠᠩ ᠬᠤᠢ᠂ ᠴᠧᠨ ᠯᠦᠩ᠂ ᠴᠢᠤᠢ ᠴᠦᠨ ᠢᠦᠢ᠂ ᠬᠠᠨ ᠼᠦᠩ᠂ ᠯᠢ ᠴᠢᠶᠠᠨ᠂ ᠭᠦᠸᠧ ᠴᠢ ᠴᠢ᠂ ᠬᠤᠤ ᠲᠢᠩ᠂ ᠶᠠᠩ ᠯᠢᠦ ᠵᠡᠷᠭᠡ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠯᠢᠳᠡᠭ ᠲᠠᠮᠢᠷᠴᠢᠳ ᠤᠨ ᠲᠥᠯᠥᠭᠡᠯᠡᠭᠴᠢ ᠪᠣᠯᠤᠨ ᠤᠯᠠᠨ ᠨᠡᠶᠢᠳᠡ ᠶᠢᠨ ᠲᠥᠯᠥᠭᠡᠯᠡᠭᠴᠢ ᠬᠠᠮᠲᠤᠪᠠᠷ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠤᠯᠠᠨ ᠢ ᠮᠦᠰᠦ ᠴᠠᠰᠤᠨ ᠲᠠᠯᠠᠪᠠᠢ ᠳᠤ ᠬᠦᠷᠴᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠢᠳᠡᠪᠬᠢᠲᠡᠢ ᠣᠷᠣᠯᠴᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠳᠤ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠢᠴᠢᠭᠯᠡᠬᠦ ᠳᠤ ᠪᠡᠶ᠎ᠡ ᠲᠠᠮᠢᠷ ᠤᠨ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃    ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃
   ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠲᠣᠰ ᠬᠤᠭᠤᠴᠠᠭᠠᠨ ᠤ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠳᠤ ᠪᠥᠬᠦ ᠤᠯᠤᠰ ᠤᠨ ᠡᠯ᠎ᠡ ᠱᠠᠳᠤᠨ ᠤ ᠡᠯ᠎ᠡ ᠲᠥᠷᠥᠯ ᠤᠨ ᠪᠥᠬᠦ ᠤᠯᠤᠰ ᠤᠨ ᠴᠢᠨᠠᠷᠲᠠᠶ ᠬᠤᠯᠪᠣᠭᠠᠯᠠᠨ ᠬᠥᠳᠡᠯᠦᠯᠴᠡᠭᠰᠡᠨ ᠪᠤᠶᠤ ᠣᠷᠣᠨ ᠪᠦᠰᠡ ᠶᠢᠨ ᠴᠢᠨᠠᠷᠲᠠᠶ ᠬᠤᠯᠪᠣᠭᠠᠯᠠᠨ ᠬᠥᠳᠡᠯᠦᠯᠴᠡᠭᠰᠡᠨ ᠣᠯᠠᠨ ᠨᠡᠶᠢᠳᠡ ᠶᠢᠨ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠨᠡᠶᠢᠲᠡ 1853  ᠵᠦᠢᠯ ᠪᠠᠶᠢᠵᠤ᠂ ᠡᠭᠦᠨ ᠳᠤ ᠮᠥᠰᠥ ᠴᠠᠰᠤᠨ ᠤ ᠤᠷᠤᠯᠳᠤᠭᠠᠨ 820 ᠵᠦᠢᠯ᠂ ᠮᠥᠰᠥ ᠴᠠᠰᠤᠨ ᠤ ᠠᠵᠢᠯᠯᠠᠭ᠎ᠠ 655  ᠵᠦᠢᠯ᠂ ᠮᠥᠰᠥ ᠴᠠᠰᠤᠨ ᠤ ᠦᠪᠡᠳᠡᠭᠰᠢ ᠨᠠᠶᠢᠷ ᠵᠢᠴᠢ ᠪᠤᠰᠤᠳ ᠶᠡᠷᠦᠩᠬᠡᠶᠢᠯᠡᠭᠰᠡᠨ ᠴᠢᠨᠠᠷᠲᠠᠶ ᠠᠵᠢᠯᠯᠠᠭ᠎ᠠ ᠵᠡᠷᠭᠡ 378  ᠵᠦᠢᠯ ᠪᠣᠶ᠃ ᠡᠯ᠎ᠡ ᠭᠠᠵᠠᠷ ᠤᠨ ᠬᠢᠨ ᠪᠠᠰᠠ ᠣᠯᠠᠨ ᠨᠡᠶᠢᠳᠡ ᠶᠢᠨ ᠦᠵᠡᠵᠦ ᠰᠣᠨᠢᠷᠬᠠᠬᠤ ᠳᠤᠷᠠᠲᠠᠶ ᠠᠷᠠᠳ ᠤᠨ ᠵᠠᠩ ᠦᠢᠯᠡ ᠶᠢᠨ ᠤᠯᠠᠮᠵᠢᠯᠠᠯᠲᠤ ᠮᠥᠰᠥ ᠴᠠᠰᠤᠨ ᠤ ᠲᠥᠷᠥᠯ ᠵᠦᠢᠯ ᠢ ᠭᠦᠨᠵᠡᠭᠡᠶ ᠢᠯᠡᠷᠡᠭᠦᠯᠵᠦ᠂ ᠲᠤᠬᠠᠶ ᠶᠢᠨ ᠭᠠᠵᠠᠷ ᠤᠨ ᠣᠨᠴᠠᠯᠢᠭ ᠢᠶᠠᠷ ᠪᠠᠶᠠᠯᠢᠭ ᠪᠠ ᠣᠯᠠᠨ ᠨᠡᠶᠢᠳᠡ ᠶᠢᠨ ᠣᠷᠣᠯᠴᠠᠬᠤ ᠳᠤ ᠲᠥᠬᠦᠮ ᠠᠷᠠᠳ ᠤᠨ ᠵᠠᠩ ᠦᠢᠯᠡ ᠶᠢᠨ ᠮᠥᠰᠥ ᠴᠠᠰᠤᠨ ᠤ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠣᠯᠤᠨ᠎ᠠ᠃    ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠭᠤᠤ ᡁᠢ ᠳ᠋ᠠᠨ᠂ ᠸᠠᠩ ᠯᠢ ᠰᠢᠶᠠ᠂ ᠰᠦᠨ ᠵᠢᠶᠦ᠋ᠨ ᠴᠢᠩ ᠨᠡᠷ ᠬᠥᠯᠥᠨ ᠪᠤᠶᠢᠷ ᠤᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠷᠨᠢᠭᠦᠯᠦᠭᠰᠡᠨ ᠪᠠ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠤᠨᠴᠠᠯᠢᠭᠳᠤ ᠠᠩᠭᠢ ᠶᠢᠨ ᠪᠠᠶᠢᠭᠤᠯᠤᠯᠲᠠ ᠵᠢᠴᠢ ᠣᠯᠠᠨ ᠨᠡᠶᠢᠳᠡ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号