ᠶᠠᠩ ᠱᠠᠨ ᠬᠤᠩ ᠲᠦᠯᠦᠭᠡᠯᠡᠭᠴᠢ᠄ ᠪᠡᠶ᠎ᠡ ᠶᠢᠨ ᠲᠠᠮᠢᠷ ᠤᠨ ᠠᠵᠤ ᠦᠢᠯᠡᠰ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2024/3/11
   ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠨᠾᠦ᠋ᠢ ᠮᠤᠵᠢ ᠶᠢᠨ ᠹᠦ᠋ ᠶᠠᠩ ᠬᠤᠲᠠ ᠶᠢᠨ ᠳᠡᠳ᠋ ᠳᠠᠷᠤᠭ᠎ᠠ ᠶᠠᠩ ᠱᠠᠨ ᠬᠤᠩ 2024 ᠤᠨ ᠤ  ᠬᠤᠶᠠᠷ  ᠬᠤᠷᠠᠯ ᠳᠤ    ︽ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠭᠤᠯᠭ᠎ᠠ︾ ᠶᠢ ᠳᠤᠷᠠᠳᠤᠨ ᠭᠠᠷᠭᠠᠵᠠᠶ᠃    ᠶᠠᠩ ᠱᠠᠨ ᠬᠤᠩ ᠤᠨ ᠲᠠᠨᠢᠯᠴᠠᠭᠤᠯᠤᠭᠰᠠᠨ ᠢᠶᠠᠷ᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ︾ ᠳᠤ᠄ ︽2035 ᠤᠨ ᠪᠣᠯᠬᠤ ᠳᠤ ᠪᠡᠶ᠎ᠡ ᠶᠢᠨ ᠲᠠᠮᠢᠷ ᠤᠨ ᠠᠵᠤ ᠦᠢᠯᠡᠰ ᠢ ᠤᠯᠤᠰ ᠠᠷᠠᠳ ᠤᠨ ᠠᠵᠤ ᠠᠬᠤᠢ ᠶᠢᠨ ᠲᠤᠯᠭᠠᠭᠤᠷᠢᠯᠠᠬᠤ ᠴᠢᠨᠠᠷᠲᠠᠢ ᠠᠵᠤ ᠦᠢᠯᠡᠰ ᠪᠤᠯᠭᠠᠵᠦ᠂ 2035 ᠣᠨ ᠳᠤ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠶᠡᠷᠦᠩᠬᠡᠶ ᠬᠡᠮᠵᠢᠶ᠎ᠡ ᠶᠢᠨ GDP ᠳᠤ ᠡᠵᠡᠯᠡᠬᠦ ᠬᠤᠪᠢ ᠪᠠᠷᠤᠭ 3% ᠳᠤ ᠬᠦᠷᠭᠡᠨ᠎ᠡ︾᠃ 2023 ᠣᠨ ᠤ 12 ᠰᠠᠷ᠎ᠠ ᠳᠤ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ 2022 ᠣᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠶᠡᠷᠦᠩᠬᠡᠶ ᠬᠡᠪᠴᠢᠶ᠎ᠡ ︵ᠶᠡᠷᠦᠩᠬᠡᠶ ᠭᠠᠷᠭᠠᠯᠲᠠ︶ 33008 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠥᠷᠲᠡᠭ ᠨᠢ 13092 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.9%᠂ 6.9% ᠪᠠᠷ ᠨᠡᠮᠡᠭᠳᠡᠪᠡ᠃    ᠶᠠᠩ ᠱᠠᠨ  ᠬᠤᠩ ᠤᠨ ᠦᠵᠡᠬᠦ ᠪᠠᠷ᠂ ︽ᠣᠳᠣᠬᠠᠨ ᠳᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠠᠵᠠ ᠲᠣᠬᠢᠶᠠᠯ ᠠᠪᠴᠢᠷᠠᠭᠰᠠᠨ ᠪᠣᠯᠪᠠᠴᠤ ᠲᠥᠷᠥ ᠶᠢᠨ ᠪᠣᠳᠣᠯᠭ᠎ᠠ ᠶᠢᠨ ᠬᠦᠴᠦᠨ ᠵᠦᠢᠯ᠂ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠲᠦᠪᠰᠢᠨ᠂ ᠬᠡᠷᠡᠭᠯᠡᠭᠡᠨ ᠤ ᠳᠠᠳᠬᠠᠯ ᠵᠡᠷᠭᠡ ᠨᠥᠯᠥᠭᠡ ᠪᠠᠷ ᠬᠢᠵᠠᠭᠠᠷᠯᠠᠭᠳᠠᠵᠤ᠂ ᠣᠳᠣᠬᠢ ᠱᠠᠲᠤᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠨᠢ ᠰᠢᠨ᠎ᠡ ᠴᠠᠭ ᠦᠶ᠎ᠡ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ᠂ ᠬᠡᠷᠡᠭᠯᠡᠭᠡᠨ ᠤ ᠲᠠᠰ ᠳᠡᠪᠰᠢᠬᠦ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠰᠠ ᠵᠣᠬᠢᠬᠤ ᠵᠥᠷᠢᠶ᠎ᠡ ᠲᠠᠢ ᠪᠠᠶᠢᠭᠰᠠᠭᠠᠷ︾ ᠭᠡᠵᠡᠶ᠃ ᠶᠠᠩ ᠱᠠᠨ ᠬᠤᠩ ᠭᠤᠷᠪᠠᠨ ᠲᠠᠯ᠎ᠠ ᠶᠢᠨ ᠠᠰᠠᠭᠤᠳᠠᠯ ᠢ ᠲᠤᠷᠠᠳᠤᠭᠰᠠᠨ ᠪᠠᠶᠢᠨ᠎ᠡ᠄ ᠨᠢᠭᠡ ᠳᠤ ᠠᠵᠤ ᠦᠢᠯᠡᠰ ᠤᠨ ᠪᠦᠲᠦᠴᠡ ᠵᠦᠶ ᠵᠣᠬᠢᠰ ᠥᠬᠡᠶ᠃ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠡᠪᠴᠢᠶ᠎ᠡ ᠪᠣᠯᠤᠨ ᠬᠥᠭᠵᠢᠯᠲᠡ ᠶᠢᠨ ᠬᠢᠷᠢ ᠬᠡᠮᠵᠢᠶ᠎ᠡ ᠬᠠᠷᠢᠴᠠᠩᠭᠤᠶ ᠳᠣᠤᠷ᠎ᠠ ᠪᠠᠶᠢᠵᠤ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠦᠢᠯᠡᠰ ᠪᠣᠯᠤᠨ ᠤᠷᠤᠯᠳᠤᠭᠠᠨ ᠲᠣᠭᠯᠠᠯᠲᠠ ᠭᠠᠷᠭᠠᠬᠤ ᠦᠢᠯᠡᠰ ᠤᠨ ᠬᠡᠪᠴᠢᠶ᠎ᠡ ᠨᠢ ᠶᠡᠭᠡ  ᠪᠢᠰᠢ ᠪᠠᠶᠢᠨ᠎ᠠ᠃ ᠬᠤᠶᠠᠷ ᠲᠤ ᠠᠵᠤ ᠦᠢᠯᠡᠰ ᠤᠨ ᠬᠡᠪᠴᠢᠶ᠎ᠡ ᠶᠡᠭᠡ ᠪᠢᠰᠢ᠃ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠨᠡᠮᠡᠭᠳᠡᠯ ᠥᠷᠲᠡᠭ ᠨᠢ ᠪᠡᠶ᠎ᠡ ᠶᠢᠨ ᠲᠠᠮᠢᠷ ᠤᠨ ᠠᠵᠤ ᠦᠢᠯᠡᠰ ᠤᠨ ᠨᠡᠮᠡᠭᠳᠡᠯ ᠥᠷᠲᠡᠭ ᠠᠴᠠ ᠬᠤᠯᠠ ᠥᠨᠳᠥᠷ ᠪᠠᠶᠢᠳᠠᠭ᠃ ᠭᠤᠷᠪᠠ ᠳᠤ ᠬᠡᠷᠡᠭᠯᠡᠭᠡᠨ ᠤ ᠰᠠᠭᠤᠷᠢ ᠪᠠᠳᠦ ᠪᠢᠰᠢ᠃ ᠮᠠᠨ ᠤ ᠤᠯᠤᠰ ᠤᠨ ᠬᠥᠮᠦᠨ ᠪᠦᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠬᠡᠷᠡᠭᠯᠡᠭᠡ ᠬᠡᠳᠦ ᠳᠣᠤᠷ᠎ᠠ ᠮᠥᠷᠲᠡᠭᠡᠨ ᠣᠷᠣᠨ ᠪᠦᠰᠡ ᠶᠢᠨ ᠴᠢᠨᠠᠷᠲᠠᠶ ᠵᠥᠷᠢᠶ᠎ᠡ ᠨᠡᠯᠢᠶᠡᠳ ᠶᠡᠭᠡ᠂ ᠬᠥᠮᠦᠨ ᠪᠦᠷᠢ ᠶᠢᠨ ᠳᠤᠮᠳᠠᠴᠢ ᠪᠡᠶ᠎ᠡ ᠶᠢᠨ ᠲᠠᠮᠢᠷ ᠤᠨ ᠬᠡᠷᠡᠭᠯᠡᠭᠡ ᠭᠠᠳᠠᠭᠠᠳᠤ ᠶᠢᠨ ᠲᠡᠷᠢᠭᠦᠨ ᠤ ᠭᠠᠵᠠᠷ ᠣᠷᠣᠨ ᠯᠤᠭ᠎ᠠ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ᠃    ᠶᠠᠩ ᠱᠠᠨ ᠬᠤᠩ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠠᠴᠠ ︽ᠪᠡᠶ᠎ᠡ ᠶᠢᠨ ᠲᠠᠮᠢᠷ ᠤᠨ ᠠᠵᠤ  ᠦᠢᠯᠡᠰ ᠢ  ᠲᠦᠷᠭᠡᠳᠬᠡᠨ  ᠬᠥᠭᠵᠢᠭᠦᠯᠵᠦ  ᠪᠡᠶ᠎ᠡ ᠶᠢᠨ  ᠲᠠᠮᠢᠷ  ᠤᠨ  ᠬᠡᠷᠡᠭᠯᠡᠭᠡ ᠶᠢ  ᠠᠬᠢᠭᠤᠯᠬᠤ  ᠲᠤᠬᠠᠶ  ᠰᠠᠨᠠᠯ  ᠤᠳ︾ ︵ᠲᠥᠷᠥ ᠲᠠᠷᠬᠠᠭᠠᠭᠰᠠᠨ ︹2014︺ 46 ᠳ᠋ᠤᠭᠠᠷ ᠲᠣᠭᠠᠲᠤ︶ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠰᠠᠭᠤᠷᠢᠨ ᠳᠡᠭᠡᠷ᠎ᠡ᠂ ᠣᠳᠣᠬᠠᠨ ᠤ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠪᠠᠶᠢᠳᠠᠯ ᠳᠤ ᠤᠯᠠᠮ ᠨᠢᠭᠡ ᠠᠯᠬᠤᠮ ᠵᠣᠬᠢᠴᠠᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠪᠤᠶᠢᠵᠢᠭᠤᠯᠬᠤ ᠡᠷᠴᠢᠮ ᠢ ᠴᠢᠩᠭᠠᠷᠠᠭᠤᠯᠬᠤ ᠶᠢ ᠰᠠᠨᠠᠭᠤᠯᠪᠠ᠃    ᠨᠢᠭᠡ ᠳᠤ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ᠪᠡᠶ᠎ᠡ ᠶᠢᠨ ᠲᠠᠮᠢᠷ ᠤᠨ ᠤᠷᠤᠯᠳᠤᠭᠠᠨ ᠲᠣᠭᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ ᠤᠷᠤᠯᠳᠤᠭᠠᠨ ᠤ ᠡᠵᠡᠩᠨᠡᠯᠲᠡ ᠶᠢᠨ ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠢᠯᠡᠴᠢᠯᠡᠭᠡᠨ ᠤ ᠶᠠᠰᠤ ᠴᠢᠨᠠᠷ ᠪᠠ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠷᠤᠯᠳᠤᠭᠠᠨ ᠤ ᠬᠡᠷᠡᠭᠯᠡᠭᠡᠨ ᠤ ᠬᠡᠯᠬᠢᠶ᠎ᠡ ᠶᠢᠨ ᠠᠵᠤ ᠠᠬᠤᠶ ᠶᠢᠨ ᠬᠡᠯᠬᠢᠶ᠎ᠡ ᠶᠢ ᠪᠦᠷᠢᠯᠳᠦᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠡᠯ᠎ᠡ ᠭᠠᠵᠠᠷ ᠤᠨ ᠲᠤᠰᠬᠠᠶ ᠮᠡᠷᠭᠡᠵᠢᠯ ᠤᠨ ᠤᠷᠤᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠺᠣᠮᠫᠠᠨᠢ ᠶᠢ ᠲᠦᠷᠭᠡᠳᠬᠡᠨ ᠪᠤᠶᠢᠵᠢᠭᠤᠯᠬᠤ ᠶᠢ ᠳᠡᠮᠵᠢᠵᠦ᠂ ᠡᠯᠧᠺᠲᠷᠤᠨ ᠤᠷᠤᠯᠳᠤᠭᠠᠨ ᠵᠡᠷᠭᠡ ᠣᠷᠣᠨ ᠨᠤᠲᠤᠭ ᠤᠨ ᠤᠷᠤᠯᠳᠤᠭᠠᠨ ᠢ ᠪᠣᠶ ᠪᠣᠯᠭᠠᠵᠤ᠂ ᠬᠤᠲᠠ ᠶᠢᠨ ᠤᠷᠤᠯᠳᠤᠭᠠᠨ ᠤ ᠣᠷᠴᠢᠨ ᠠᠬᠤᠶ ᠶᠢ ᠪᠣᠶ ᠪᠣᠯᠭᠠᠵᠤ᠂ ᠬᠤᠲᠠ ᠶᠢᠨ ᠪᠡᠶ᠎ᠡ ᠶᠢᠨ ᠲᠠᠮᠢᠷ ᠤᠨ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠎ᠠ᠃    ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠪᠠ᠃ ᠤᠶᠤᠨᠲᠤ ᠪᠡᠶ᠎ᠡ ᠶᠢᠨ ᠲᠠᠮᠢᠷ ᠤᠨ ᠠᠵᠤ ᠦᠢᠯᠡᠰ ᠢ ᠬᠥᠭᠵᠢᠭᠦᠯᠬᠦ ᠶᠢ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠪᠣᠷᠣ ᠲᠥᠯᠥᠪ ᠲᠤ ᠣᠷᠣᠭᠤᠯᠵᠤ᠂ ᠡᠯ᠎ᠡ ᠭᠠᠵᠠᠷ ᠤᠨ ᠣᠶᠤᠨᠴᠢ ᠪᠡᠶ᠎ᠡ ᠶᠢᠨ ᠲᠠᠮᠢᠷ ᠤᠨ ᠲᠣᠨᠤᠭ ᠲᠥᠬᠦᠭᠡᠷᠦᠮᠵᠢ ᠶᠢ ᠶᠡᠬᠡᠪᠡᠷ ᠬᠥᠭᠵᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠤᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠲᠥᠪ ᠤᠨ ᠰᠢᠯᠵᠢᠭᠦᠯᠦᠨ ᠥᠭᠬᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠤᠶᠤᠨᠲᠤ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠤᠶᠤᠨᠲᠤ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠣᠶᠤᠨᠴᠢᠯᠠᠭᠰᠠᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠵᠢᠪᠦᠮᠡᠯ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ  ᠲᠣᠭᠠᠴᠢᠯᠠᠭᠰᠠᠨ  ᠪᠡᠶ᠎ᠡ ᠶᠢᠨ  ᠲᠠᠮᠢᠷ  ᠤᠨ  ᠬᠡᠷᠡᠭᠯᠡᠭᠡᠨ  ᠤ  ᠰᠢᠨ᠎ᠡ  ᠪᠠᠶᠢᠳᠠᠯ ᠢ ᠪᠣᠶ ᠪᠣᠯᠭᠠᠨ᠎ᠠ᠃    ᠭᠤᠷᠪᠠ ᠳᠤ᠂ ᠳᠡᠯᠭᠡᠨ ᠦᠵᠡᠭᠦᠯᠬᠦ ᠲᠠᠪᠴᠠᠩ ᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠤᠨ ᠪᠡᠶ᠎ᠡ ᠶᠢᠨ ᠲᠠᠮᠢᠷ ᠤᠨ ᠬᠡᠷᠡᠭᠰᠡᠯ ᠤᠨ ᠦᠵᠡᠰᠬᠦᠯᠡᠩ ᠡᠷᠬᠢᠯᠡᠬᠦ ᠶᠢ ᠳᠡᠮᠵᠢᠵᠦ᠂ ᠲᠦᠷᠦᠭᠦᠴᠦᠳ ᠤᠨ ᠶᠠᠷᠢᠶᠠᠨ ᠤ ᠲᠠᠪᠴᠠᠩ᠂ ᠠᠵᠤ ᠦᠢᠯᠡᠰ ᠤᠨ ᠦᠵᠡᠰᠬᠦᠯᠡᠩ᠂ ᠲᠠᠨᠢᠯᠴᠠᠭᠤᠯᠭ᠎ᠠ ᠶᠢᠨ ᠵᠥᠪᠳᠡᠯᠴᠡᠭᠡ ᠶᠢᠨ ᠠᠵᠢᠯᠯᠠᠭ᠎ᠠ᠂ ᠪᠡᠶᠡᠴᠢᠯᠡᠨ ᠣᠶᠢᠯᠠᠭᠠᠬᠤ ᠦᠵᠡᠭᠦᠯᠦᠯᠭᠡ ᠪᠠᠷ ᠭᠤᠣᠯ ᠠᠭᠤᠯᠭ᠎ᠠ ᠪᠣᠯᠭᠠᠵᠤ᠂ ᠲᠦᠷᠦᠯ ᠵᠦᠢᠯ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠬᠡᠷᠡᠭᠰᠡᠯ ᠤᠨ ᠳᠡᠯᠭᠡᠨ ᠪᠣᠷᠣᠯᠠᠭᠤᠯᠭ᠎ᠠ ᠶᠢ ᠥᠷᠭᠡᠳᠬᠡᠨ᠎ᠡ᠃ ᠡᠯ᠎ᠡ ᠭᠠᠵᠠᠷ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠦᠵᠡᠰᠬᠦᠯᠡᠩ ᠡᠷᠬᠢᠯᠡᠬᠦ ᠶᠢ ᠳᠠᠮᠵᠢᠵᠤ᠂  ᠲᠤᠭᠤᠢ ᠤᠨᠤᠬᠤ ᠵᠠᠮ ᠱᠤᠭᠤᠮ᠂ ᠶᠠᠪᠠᠭᠠᠨ ᠵᠠᠮ ᠱᠤᠭᠤᠮ᠂ ᠬᠤᠪᠢ ᠶᠢᠨ ᠲᠡᠷᠭᠡ ᠪᠠᠷ ᠠᠶᠠᠯᠠᠬᠤ ᠵᠢᠭᠤᠯᠴᠢᠯᠠᠯ ᠤᠨ ᠵᠠᠮ ᠱᠤᠭᠤᠮ ᠵᠡᠷᠭᠡ ᠶᠢ ᠲᠣᠭᠲᠠᠭᠠᠵᠤ᠂ ᠥᠨᠳᠥᠷ ᠬᠢᠷᠢ ᠲᠦᠪᠰᠢᠨ᠂ ᠲᠤᠰᠬᠠᠶ ᠮᠡᠷᠭᠡᠵᠢᠯ ᠤᠨ ᠴᠢᠨᠠᠷ᠂ ᠵᠠᠬ᠎ᠠ ᠳᠡᠯᠭᠡᠭᠦᠷᠴᠢᠯᠡᠭᠰᠡᠨ ᠨᠠᠷᠠᠲᠤ ᠲᠡᠮᠳᠡᠭᠲᠦ ᠶᠢᠨ ᠦᠵᠡᠰᠬᠦᠯᠡᠩ ᠢ ᠪᠣᠶ ᠪᠣᠯᠭᠠᠵᠤ᠂ ᠬᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ ᠥᠬᠡᠶ ᠪᠠᠳᠠᠷᠠᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号