2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠤᠷᠤᠯᠳᠤᠭᠠᠨ ᠤ ᠲᠠᠯᠠᠪᠠᠶ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/20
    5 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠠᠴᠠ ᠲᠠᠭᠠᠭᠠᠴᠢᠯᠠᠨ ᠡᠷᠭᠢᠯᠡᠭᠰᠡᠨ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠤᠷᠤᠯᠳᠤᠭᠠᠨ ᠤ ᠲᠠᠯᠠᠪᠠᠶ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠠᠵᠢᠯᠯᠠᠭ᠎ᠠ ᠳᠤ ᠣᠷᠣᠯᠴᠠᠭᠰᠠᠨ ᠪᠥᠭᠡᠳ ᠡᠬᠢᠯᠡᠭᠰᠡᠨ ᠢ ᠵᠠᠷᠯᠠᠪᠠ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯᠪᠡᠭ ᠪᠠᠶᠠᠯᠢᠭ ᠠᠭᠤᠯᠭ᠎ᠠ ᠲᠠᠢ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠦᠷᠨᠢᠭᠦᠯᠵᠦ᠂ ᠥᠪᠥᠷ ᠮᠣᠩᠭᠤᠯ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠬᠥᠰᠢᠭᠡ ᠶᠢ ᠰᠡᠬᠦᠵᠦ᠂ ᠵᠠᠩ ᡁᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠵᠢᠴᠢ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠲᠤᠭ ᠣᠯᠭᠤᠪᠠ︔ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠠᠴᠠ ᠥᠷᠭᠡᠨ ᠤᠯᠠᠨ ᠪᠡᠶ᠎ᠡ ᠴᠢᠭᠢᠷᠠᠭᠵᠢᠭᠤᠯᠬᠤ ᠬᠥᠮᠦᠰ ᠲᠤ ᠲᠤᠬᠠᠢ ᠶᠢᠨ ᠲᠠᠯᠠᠪᠠᠢ ᠶᠢᠨ ᠵᠢᠯᠤᠭᠤᠳᠤᠯᠭ᠎ᠠ ᠬᠢᠵᠡᠢ᠃ ᠡᠭᠦᠨ ᠤ ᠬᠠᠮᠲᠤ᠂ ᠬᠤᠲᠠ ᠶᠢᠨ ᠠᠷᠠᠳ ᠪᠠᠰᠠ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠪᠡᠶᠡᠴᠢᠯᠡᠨ ᠣᠶᠢᠯᠠᠭᠠᠬᠤ᠂ ᠲᠤᠬᠠᠶ ᠶᠢᠨ ᠲᠠᠯᠠᠪᠤᠷ ᠲᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠰᠦᠢᠳᠬᠡᠯ ᠬᠤᠷᠢᠶᠠᠬᠤ ᠥᠬᠡᠶ ᠦᠢᠯᠡᠴᠢᠯᠡᠭᠡ ᠶᠢ ᠭᠥᠷᠳᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠢ ᠣᠶᠢᠯᠠᠭᠠᠪᠠ᠃
   ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠯᠢᠳᠡᠭ ᠲᠠᠮᠢᠷᠴᠢᠨ᠂ ᠰᠤᠷᠭᠠᠭᠴᠢ᠂ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠵᠡᠷᠭᠡ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡ ᠨᠠᠰᠤᠲᠠᠨ ᠨᠢᠭᠡ ᠪᠠᠭ᠎ᠠ︾᠂ ᠡᠮᠡᠭᠲᠡᠶᠢᠴᠦᠳ᠂ ᠵᠡᠮᠳᠡᠭᠴᠦᠳ᠂ ᠮᠠᠯᠴᠢᠨ ᠲᠠᠷᠢᠶᠠᠴᠢᠨ ᠵᠡᠷᠭᠡ ᠭᠤᠤᠯᠳᠠᠯᠭ᠎ᠠ ᠲᠠᠢ ᠬᠥᠮᠦᠰ ᠲᠤ ᠦᠢᠯᠡᠴᠢᠯᠡᠨ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠤᠷᠭᠠᠭᠤᠯᠢ᠂ ᠴᠡᠷᠢᠭ ᠤᠨ ᠬᠤᠸᠠᠷᠠᠨ᠂ ᠦᠵᠡᠮᠵᠢ ᠶᠢᠨ ᠣᠷᠣᠨ᠂ ᠬᠤᠳᠠᠯᠳᠤᠭᠠᠨ ᠤ ᠲᠣᠭᠤᠷᠢᠭ ᠵᠡᠷᠭᠡ ᠳᠤ ᠭᠦᠨᠵᠡᠭᠡᠶᠢᠷᠡᠵᠦ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ᠂ ᠬᠢᠯᠢ ᠬᠢᠵᠠᠭᠠᠷ ᠣᠷᠣᠨ᠂ ᠬᠠᠲᠤᠨ ᠭᠤᠤᠯ ᠤᠨ ᠡᠷᠭᠢ ᠳᠠᠭᠠᠤ ᠵᠡᠷᠭᠡ ᠭᠠᠵᠠᠷ ᠣᠷᠣᠨ ᠲᠡᠶᠢᠰᠢ ᠬᠡᠯᠪᠡᠶᠢᠬᠦ ᠶᠢ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ᠂ ᠬᠥᠳᠡᠯᠭᠡᠭᠡᠨ ᠤ ᠲᠥᠷᠥᠯ ᠵᠦᠢᠯ ᠢ ᠲᠦᠭᠡᠮᠡᠯᠵᠢᠭᠦᠯᠬᠦ ᠪᠠ ᠳᠡᠯᠭᠡᠷᠡᠭᠦᠯᠬᠦ᠂ ᠪᠡᠶ᠎ᠡ ᠮᠠᠬᠠᠪᠣᠳ ᠤᠨ ᠪᠠᠶᠢᠴᠠᠭᠠᠯᠳᠠ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠣᠯᠠᠨ ᠲᠦᠮᠡᠨ ᠤ ᠳᠡᠷᠭᠡᠳᠡ ᠬᠦᠷᠭᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号