ᠲᠦᠩᠯᠢᠶᠣᠣ ᠬᠤᠲᠠ ᠶᠢᠨ ᠳᠣᠯᠣᠳᠤᠭᠠᠷ ᠬᠤᠭᠤᠴᠠᠭᠠᠨ ᠤ ᠬᠤᠷᠴᠢᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠴᠢ 2024 ᠬᠤᠷᠴᠢᠨ ᠤ ᠮᠠᠷᠠᠽᠤᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 26 ᠤ ᠡᠳᠦᠷ ᠤᠨ 8 ᠴᠠᠭ 30 ᠮᠢᠨᠦ᠋ᠲ ᠲᠤ᠂ ᠲᠦᠩᠯᠢᠶᠣᠣ ᠬᠤᠲᠠ ᠶᠢᠨ ᠳᠣᠯᠣᠳᠤᠭᠠᠷ ᠬᠤᠭᠤᠴᠠᠭᠠᠨ ᠤ ᠬᠤᠷᠴᠢᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠵᠢᠴᠢ 2024 ᠬᠤᠷᠴᠢᠨ ᠤ ᠮᠠᠷᠠᠽᠤᠨ ᠤᠷᠤᠯᠳᠤᠭᠠᠨ ᠡᠬᠢᠯᠡᠪᠡ᠃
    ᠤᠷᠤᠯᠳᠤᠭᠠᠨ ᠢ ᠲᠦᠩᠯᠢᠶᠣᠣ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠣ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠲᠦᠩᠯᠢᠶᠣᠣ ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠲᠦᠩᠯᠢᠶᠣᠣ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠩᠯᠢᠶᠣᠣ ᠬᠤᠳᠠ ᠶᠢᠨ ᠬᠤᠷᠢᠶ᠎ᠠ᠂ ᠲᠦᠩᠯᠢᠶᠣᠣ ᠬᠤᠳᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠦᠩᠯᠢᠶᠣᠣ ᠬᠤᠳᠠ ᠶᠢᠨ ᠬᠠᠮ ᠵᠠᠭᠤᠴᠢᠯᠠᠭᠤᠷ ᠤᠨ ᠲᠥᠪ ᠠᠴᠠ ᠳᠠᠭᠠᠭᠠᠴᠢᠯᠠᠨ ᠡᠷᠬᠢᠯᠡᠪᠡ᠃
    ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠳᠤᠮᠳᠠᠳᠤ ᠤᠯᠤᠰ ᠤᠨ ᠲᠠᠮᠢᠷᠴᠢᠨ ᠴᠧᠨ ᠪᠠᠢ ᠹᠠ 02᠄ 18᠄ 55 ᠶᠢᠨ ᠬᠢᠷᠢ ᠪᠦᠲᠦᠮᠵᠢ ᠪᠠᠷ ᠡᠷᠡᠭᠲᠡᠢ ᠶᠢᠨ ᠮᠠᠷᠠᠽᠤᠨ ᠤᠷᠤᠯᠳᠤᠭᠠᠨ ᠤ ᠮᠠᠩᠯᠠᠢ ᠳᠤ ᠮᠠᠩᠯᠠᠶᠢᠯᠠᠵᠦ᠂ ᠡᠮᠡᠭᠲᠡᠢ ᠶᠢᠨ ᠮᠠᠷᠠᠽᠤᠨ ᠤᠷᠤᠯᠳᠤᠭᠠᠨ ᠳᠤ᠂ ᠳᠤᠮᠳᠠᠳᠤ ᠤᠯᠤᠰ ᠤᠨ ᠲᠠᠮᠢᠷᠴᠢᠨ ᠦ᠋ ᠯᠢᠩ 02᠄ 45᠄ 51  ᠶᠢᠨ ᠬᠢᠷᠢ ᠪᠦᠲᠦᠮᠵᠢ ᠪᠠᠷ ᠮᠠᠩᠯᠠᠶᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号