ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠦᠢᠺᠦ ᠪᠥᠮᠪᠦᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠰᠠᠨᠠᠯ
ᠨᠡᠶᠢᠲᠡᠯᠡᠭᠰᠡᠨ ᠴᠠᠭ᠄
2024/6/11
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄     ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠤᠶᠢᠺᠤ ᠪᠥᠮᠪᠦᠭᠡ ᠶᠢᠨ ᠲᠥᠷᠥᠯ ᠵᠦᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠨ ᠳᠠᠶᠢᠴᠢᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃     ᠨᠢᠭᠡ᠂ ᠶᠡᠷᠦᠩᠬᠡᠢ ᠱᠠᠭᠠᠷᠳᠠᠯᠭ᠎ᠠ     ᠬᠥᠮᠥᠨ ᠢᠶᠠᠷ ᠦᠨᠳᠦᠰᠦ ᠪᠣᠯᠭᠠᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ︵ᠳᠣᠷᠣᠭᠰᠢ ᠮᠣᠷᠢᠨᠳᠠᠪᠠᠭ᠎ᠠ ᠬᠤᠰᠢᠭᠤ ᠭᠡᠵᠦ ᠲᠣᠪᠴᠢᠯᠠᠨ᠎ᠠ︶ ᠶᠢᠨ ᠪᠤᠶᠢᠺᠤ ᠪᠥᠮᠪᠦᠭᠡ ᠶᠢᠨ ᠲᠥᠷᠥᠯ ᠵᠦᠢᠯ ᠤᠨ ᠬᠥᠭᠵᠢᠯᠲᠡ ᠪᠠᠷ ᠵᠢᠱᠢᠶ᠎ᠡ ᠦᠵᠡᠭᠦᠯᠵᠦ᠂ ᠪᠤᠶᠢᠺᠤ ᠪᠥᠮᠪᠦᠭᠡ ᠶᠢᠨ ᠤᠷᠤᠯᠳᠤᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠤᠶᠢᠺᠤ ᠪᠥᠮᠪᠦᠭᠡ ᠶᠢᠨ ᠬᠥᠳᠡᠯᠭᠡᠭᠡᠨ ᠤ ᠬᠥᠮᠥᠨ ᠠᠮᠠ ᠶᠢᠨ ᠬᠡᠪᠴᠢᠶ᠎ᠡ ᠶᠢ ᠥᠷᠭᠡᠳᠬᠡᠨ᠎ᠡ᠃ 2025 ᠣᠨ ᠪᠣᠯᠬᠤ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠢᠳᠡᠪᠬᠢᠲᠡᠢ ᠪᠡᠯᠡᠳᠬᠡᠯ ᠬᠢᠵᠦ᠂ ᠡᠷᠡᠭᠲᠡᠢ ᠶᠢᠨ ᠪᠤᠶᠢᠺᠤ ᠪᠥᠮᠪᠦᠭᠡ ᠶᠢᠨ ᠲᠥᠷᠥᠯ ᠵᠦᠢᠯ ᠳᠤ ︽ᠬᠤᠶᠠᠷ ᠢ ᠪᠠᠲᠤᠯᠠᠵᠤ ᠨᠢᠭᠡ ᠶᠢ ᠲᠡᠮᠡᠴᠡᠨ ᠣᠯᠬᠤ︾᠂ ᠡᠮᠡᠭᠲᠡᠢ ᠶᠢᠨ ᠪᠤᠶᠢᠺᠤ ᠪᠥᠮᠪᠦᠭᠡ ᠶᠢᠨ ᠲᠥᠷᠥᠯ ᠵᠦᠢᠯ ᠳᠤ ︽ᠳᠤᠮᠳᠠ ᠤᠷᠤᠰᠬᠠᠯ ᠳᠤ ᠣᠷᠣᠬᠤ︾ ᠶᠢ ᠪᠡᠶᠡᠯᠡᠭᠦᠯᠵᠦ᠂ ᠪᠡᠯᠡᠳᠬᠡᠯ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠠᠩᠬ᠎ᠠ ᠠᠯᠬᠤᠮ ᠬᠡᠪᠴᠢᠶᠡᠵᠢᠭᠦᠯᠦᠨ᠎ᠡ᠃ 2030 ᠣᠨ ᠪᠣᠯᠬᠤ ᠳᠤ᠂ ᠪᠥᠬᠦ ᠣᠷᠣᠨ ᠳᠤ ᠪᠤᠶᠢᠺᠤ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ  ‍ᠤ‌‍ᠪᠤᠯᠪᠠᠰᠤᠷᠠᠯ ᠤᠨ ᠰᠠᠭᠤᠷᠢᠨ ᠭᠠᠵᠠᠷ ᠢ 15 ︵ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠰᠠᠭᠤᠷᠢᠨ ᠭᠠᠵᠠᠷ ᠤᠨ ᠶᠡᠷᠦᠩᠬᠡᠢ ᠲᠤᠭ᠎ᠠ ᠬᠡᠮᠵᠢᠶ᠎ᠡ︶ ᠠᠴᠠ ᠳᠤᠲᠠᠭᠤ ᠦᠭᠡᠢ ᠪᠠᠶᠢᠭᠤᠯᠵᠤ᠂ ᠳᠠᠩᠰᠠᠯᠠᠭᠤᠯᠤᠭᠰᠠᠨ ᠲᠠᠮᠢᠷᠴᠢᠨ ᠢ 2000 ᠬᠥᠮᠥᠨ ᠳᠤ ᠬᠦᠷᠦᠭᠦᠯᠵᠦ᠂ ᠪᠤᠯᠪᠠᠰᠤᠷᠠᠯ ᠳᠤ ᠪᠠᠶᠢᠩᠭᠤ ᠣᠷᠣᠯᠴᠠᠬᠤ ᠵᠠᠯᠠᠭᠤᠴᠤᠳ ᠪᠠᠭᠠᠴᠤᠳ ᠢ 1 ᠲᠦᠮᠡᠨ ᠬᠥᠮᠥᠨ ᠠᠴᠠ ᠳᠠᠪᠠᠭᠤᠯᠤᠨ᠂ ᠤᠷᠤᠯᠳᠤᠭᠠᠨ ᠤ ᠬᠢᠷᠢ ᠬᠡᠮᠵᠢᠶ᠎ᠡ ᠪᠠᠷ ᠲᠡᠷᠢᠭᠦᠯᠡᠭᠰᠡᠨ᠂ ᠤᠷᠤᠯᠳᠤᠭᠠᠨ ᠤ ᠰᠢᠰᠲ᠋ᠧᠮ ᠢᠶᠠᠷ ᠪᠦᠷᠢᠨ ᠲᠡᠭᠦᠯᠳᠡᠷ᠂ ᠲᠠᠯᠠᠪᠤᠷ ᠪᠡᠯᠡᠳᠬᠡᠮᠵᠢ ᠶᠢᠨ ᠪᠠᠲᠤᠯᠠᠭ᠎ᠠ ᠪᠠᠷ ᠬᠦᠴᠦᠲᠡᠢ᠂ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢᠶᠠᠷ ᠪᠦᠷᠢᠨ ᠲᠡᠭᠦᠯᠳᠡᠷ᠂ ᠪᠡᠶ᠎ᠡ ᠶᠢᠨ ᠲᠠᠮᠢᠷ ᠤᠨ ᠲᠦᠭᠡᠮᠡᠯᠵᠢᠭᠦᠯᠦᠯᠲᠡ ᠶᠢᠨ ᠨᠣᠷᠮ᠎ᠠ ᠪᠠᠷ ᠨᠡᠯᠢᠶᠡᠳ ᠥᠨᠳᠥᠷ ᠪᠥᠬᠦ ᠤᠯᠤᠰ ᠤᠨ ᠪᠤᠶᠢᠺᠤ ᠪᠥᠮᠪᠦᠭᠡ ᠶᠢᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃     ᠬᠤᠶᠠᠷ᠂ ᠪᠤᠶᠢᠺᠤ ᠪᠥᠮᠪᠦᠭᠡ ᠶᠢᠨ ᠤᠷᠤᠯᠳᠤᠭᠠᠨ ᠤ ᠬᠢᠷᠢ ᠲᠦᠪᠰᠢᠨ ᠢ ᠲᠡᠭᠡᠭᠰᠢᠯᠡᠬᠦᠯᠬᠦ ᠪᠠᠨ ᠲᠦᠷᠭᠡᠳᠬᠡᠨ᠎ᠡ    ᠰᠢᠨᠵᠢᠯᠡᠬᠦ ᠤᠬᠠᠭᠠᠨᠴᠢ ᠵᠢᠷᠤᠮᠵᠢᠭᠰᠠᠨ ᠲᠠᠮᠢᠷᠴᠢᠨ ᠢ ᠰᠢᠯᠢᠨ ᠰᠣᠩᠭᠤᠬᠤ ᠲᠣᠭᠲᠠᠴᠠ᠂ ᠬᠢᠨᠠᠨ ᠰᠢᠯᠭᠠᠬᠤ ᠪᠠᠷᠢᠮᠵᠢᠶ᠎ᠠ᠂ ᠡᠳᠦᠷ ᠲᠤᠳᠤᠮ ᠤᠨ ᠬᠠᠮᠢᠶᠠᠷᠤᠯᠲᠠ᠂ ᠱᠠᠩᠨᠠᠵᠤ ᠲᠣᠷᠭᠠᠬᠤ ᠵᠡᠷᠭᠡ ᠳᠦᠷᠢᠮ ᠢ ᠲᠣᠭᠲᠠᠭᠠᠵᠤ᠂ ᠴᠢᠳᠠᠪᠤᠷᠢᠲᠠᠨ ᠢ ᠢᠯᠡᠷᠡᠭᠦᠯᠦᠨ ᠬᠥᠮᠥᠵᠢᠭᠦᠯᠦᠨ᠎ᠡ᠃ 2025 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠪᠤᠶᠢᠺᠤ ᠪᠥᠮᠪᠦᠭᠡ ᠶᠢᠨ ᠲᠤᠰᠬᠠᠢ ᠮᠡᠷᠭᠡᠵᠢᠯ ᠤᠨ ᠠᠩᠭᠢ ᠶᠢᠨ ᠪᠦᠲᠦᠴᠡ ᠶᠢ ᠨᠠᠩ ᠰᠢᠯᠢᠳᠡᠭ᠂ ᠪᠣᠳᠠᠲᠤ ᠬᠦᠴᠦᠨ ᠢ ᠨᠠᠩ ᠴᠢᠩᠭ᠎ᠠ ᠪᠣᠯᠭᠠᠵᠤ᠂ ᠬᠤᠶᠠᠳᠤᠭᠠᠷ ᠹᠷᠣᠨᠲ ᠤᠨ ᠡᠩᠨᠡᠭᠡ ᠶᠢᠨ ᠲᠤᠭ᠎ᠠ ᠬᠡᠮᠵᠢᠶ᠎ᠡ ᠶᠢ ᠭᠦᠢᠴᠡᠳ᠂ ᠳᠠᠯᠳᠠ ᠬᠦᠴᠦᠨ ᠢ ᠲᠣᠪᠣᠶᠢᠮ᠎ᠠ ᠪᠣᠯᠭᠠᠬᠤ ᠪᠠᠷ ᠴᠢᠷᠮᠠᠶᠢᠨ᠎ᠠ᠃ ︽ᠬᠦᠴᠢᠷ᠂ ᠴᠢᠩᠭ᠎ᠠ᠂ ᠪᠣᠳᠠᠲᠤ ᠲᠡᠶᠢᠨ ᠠᠴᠠ ᠡᠭᠦᠰᠴᠦ᠂ ᠶᠡᠭᠡ ᠬᠡᠮᠵᠢᠶᠡᠨ ᠤ ᠲᠠᠮᠢᠷ ᠤᠨ ᠬᠥᠳᠡᠯᠭᠡᠭᠡᠨ ᠤ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠯ ᠬᠢᠬᠦ︾ ᠵᠠᠷᠴᠢᠮ ᠢ ᠪᠠᠷᠢᠮᠲᠠᠯᠠᠨ᠂ ᠪᠤᠶᠢᠺᠤ ᠪᠥᠮᠪᠦᠭᠡ ᠶᠢᠨ ︽ᠪᠣᠯᠪᠠᠰᠤᠷᠠᠯ᠂ ᠰᠠᠯᠠᠭ᠎ᠠ᠂ ᠡᠮᠨᠡᠯᠭᠡ᠂ ᠰᠤᠷᠭᠠᠨ ᠬᠥᠮᠦᠵᠢᠯ᠂ ᠬᠤᠪᠴᠠᠰᠤ︾ ᠨᠡᠶᠢᠯᠡᠮᠡᠯ ᠮᠠᠶ᠋ᠢᠭ ᠤᠨ ᠪᠣᠯᠪᠠᠰᠤᠷᠠᠯ ᠤᠨ ᠪᠦᠯᠬᠦᠮ ᠨᠡᠶᠢᠲᠡ ᠶᠢᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠲᠠᠢ ᠪᠣᠯᠪᠠᠰᠤᠷᠠᠯ ᠤᠨ ᠪᠦᠯᠬᠦᠮ ᠨᠡᠶᠢᠲᠡ ᠶᠢ ᠤᠷᠢᠵᠤ᠂ ᠰᠢᠨᠵᠢᠯᠡᠬᠦ ᠤᠬᠠᠭᠠᠨᠴᠢᠯᠠᠭᠰᠠᠨ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠵᠤ᠂ ᠭᠤᠣᠯᠳᠠᠯᠭ᠎ᠠ ᠲᠠᠢ ᠲᠠᠮᠢᠷᠴᠢᠨ ᠢ ᠰᠣᠩᠭᠤᠨ ᠪᠤᠶᠢᠺᠦ ᠪᠥᠮᠪᠦᠭᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠤᠯᠤᠰ ᠲᠤ ᠣᠴᠢᠭᠤᠯᠤᠨ ᠪᠣᠯᠪᠠᠰᠤᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ ᠤᠷᠤᠯᠳᠤᠭᠠᠨ ᠳᠤ ᠣᠷᠣᠯᠴᠠᠬᠤ ᠶᠢ ᠲᠡᠮᠵᠢᠵᠤ᠂ ᠪᠣᠳᠠᠲᠤ ᠪᠠᠶᠢᠯᠳᠤᠭᠠᠨ ᠤ ᠲᠤᠷᠰᠢᠯᠭ᠎ᠠ ᠬᠤᠷᠠᠮᠳᠤᠭᠤᠯᠤᠨ᠎ᠠ᠃     ᠭᠤᠷᠪᠠ᠂ ᠲᠠᠯᠠᠪᠤᠷ ᠭᠠᠵᠠᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠨ ᠲᠦᠷᠬᠡᠳᠬᠡᠨ᠎ᠡ     ᠮᠣᠷᠢᠨᠳᠠᠪᠠᠭ᠎ᠠ ᠬᠤᠰᠢᠭᠤᠨ ᠤ ᠤᠯᠤᠰ ᠤᠨ ᠲᠠᠰ ᠤᠨ ᠪᠤᠶᠢᠺᠤ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠣᠯᠠᠨ ᠤᠯᠤᠰ ᠤᠨ ᠤᠷᠤᠯᠳᠤᠭᠠᠨ ᠤ ᠵᠦᠢᠯ ᠢ ᠣᠷᠣᠭᠤᠯᠤᠨ ᠠᠪᠴᠢᠷᠠᠵᠤ᠂ ᠴᠢᠨᠠᠷ ᠰᠠᠶᠢᠲᠠᠢ ᠪᠤᠶᠢᠺᠤ ᠪᠥᠮᠪᠦᠭᠡ ᠶᠢᠨ ᠤᠷᠤᠯᠳᠤᠭᠠᠨ ᠤ ᠶᠠᠪᠤᠳᠠᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ᠎ᠠ᠃ ᠬᠥᠬᠡᠬᠤᠲᠠ ᠶᠢᠨ ᠣᠲᠣ ᠶᠢᠨ ᠪᠠᠶᠢᠭ᠎ᠠ ᠲᠠᠯᠠᠪᠤᠷ ᠤᠨ ᠪᠡᠯᠡᠳᠬᠡᠮᠵᠢ ᠶᠢ ᠠᠰᠢᠭᠯᠠᠨ ᠭᠡᠷ ᠤᠨ ᠭᠠᠳᠠᠨᠠᠬᠢ ᠪᠤᠶᠢᠺᠤ ᠪᠥᠮᠪᠦᠭᠡ ᠶᠢᠨ ᠪᠣᠯᠪᠠᠰᠤᠷᠠᠯ ᠤᠨ ᠤᠷᠤᠯᠳᠤᠭᠠᠨ ᠤ ᠲᠠᠯᠠᠪᠤᠷ ᠢ 2 ᠥᠭᠡᠷᠡᠴᠢᠯᠡᠨ ᠪᠠᠶᠢᠭᠤᠯᠵᠤ᠂ ᠲᠤᠰᠬᠠᠢ ᠮᠡᠷᠭᠡᠵᠢᠯ ᠤᠨ ᠠᠩᠭᠢ ᠶᠢᠨ ᠪᠣᠯᠪᠠᠰᠤᠷᠠᠯ ᠢ ᠪᠠᠲᠤᠯᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠬᠡᠯᠪᠡᠷᠢ ᠶᠢᠨ ᠤᠷᠤᠯᠳᠤᠭᠠᠨ ᠪᠠ ᠪᠣᠯᠪᠠᠰᠤᠷᠠᠯ ᠤᠨ ᠡᠭᠦᠷᠭᠡ ᠶᠢ ᠭᠥᠯᠢᠶᠡᠨ ᠠᠪᠤᠨ᠎ᠠ᠃ ᠮᠣᠷᠢᠨᠳᠠᠪᠠᠭ᠎ᠠ ᠬᠤᠰᠢᠭᠤᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠶᠢ ᠳᠡᠮᠵᠢᠵᠦ᠂ ᠪᠤᠶᠢᠺᠤ ᠪᠥᠮᠪᠦᠭᠡ ᠶᠢᠨ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢᠨ ᠲᠠᠯᠠᠪᠤᠷ ᠤᠨ ᠪᠡᠯᠡᠳᠬᠡᠮᠵᠢ ᠶᠢ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠨ᠎ᠠ᠃ ᠨᠥᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠥᠨ ᠠᠮᠠ ᠶᠢᠨ ᠬᠡᠪᠴᠢᠶ᠎ᠡ᠂ ᠪᠠᠶᠢᠭᠠᠯᠢ ᠶᠢᠨ ᠨᠥᠬᠦᠴᠡᠯ᠂ ᠪᠦᠢᠺᠦ ᠪᠥᠮᠪᠦᠭᠡ ᠶᠢᠨ ᠬᠥᠭᠵᠢᠯᠲᠡ ᠶᠢᠨ ᠰᠠᠭᠤᠷᠢ ᠶᠢ ᠦᠨᠳᠦᠰᠦᠯᠡᠨ᠂ ᠨᠢᠭᠡ ᠪᠦᠯᠦᠭ ᠪᠦᠢᠺᠦ ᠪᠥᠮᠪᠦᠭᠡ ᠶᠢᠨ ᠲᠠᠯᠠᠪᠤᠷ ᠭᠠᠵᠠᠷ ᠤᠨ ᠪᠡᠯᠡᠳᠬᠡᠮᠵᠢ ᠶᠢ ᠲᠥᠯᠥᠪᠯᠡᠭᠡ ᠲᠠᠢ ᠪᠠᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠬᠤ ᠶᠢ ᠳᠡᠮᠵᠢᠨ᠎ᠡ᠃ 2026 ᠣᠨ ᠪᠣᠯᠬᠤ ᠳᠤ᠂ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠲᠦᠩᠯᠢᠶᠣᠣ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠠᠶᠢᠮᠠᠭ ᠬᠤᠲᠠ ᠨᠤᠭᠤᠳ ᠪᠣᠯᠪᠠᠰᠤᠷᠠᠯ ᠤᠨ ᠲᠠᠯᠠᠪᠠᠶ ᠣᠷᠳᠣᠨ ᠤ ᠪᠡᠯᠡᠳᠬᠡᠮᠵᠢ ᠶᠢᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠯᠠᠨ ᠡᠰᠢᠵᠢᠭᠰᠡᠨ ᠪᠠᠲᠤᠯᠠᠭ᠎ᠠ ᠶᠢᠨ ᠪᠠᠶᠢᠷᠢᠰᠢᠯ ᠢ ᠪᠣᠶ ᠪᠣᠯᠭᠠᠨ᠎ᠠ᠃     ᠳᠥᠷᠪᠡ᠂ ᠪᠤᠶᠢᠺᠤ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠲᠦᠷᠭᠡᠳᠬᠡᠨ᠎ᠡ     ᠡᠯ᠎ᠡ ᠠᠶᠢᠮᠠᠭ ᠬᠤᠲᠠ ᠨᠤᠭᠤᠳ ᠡᠬᠢ ᠪᠠᠶᠠᠯᠢᠭ ᠢᠶᠠᠨ ᠭᠦᠢᠴᠡᠳ ᠠᠭᠤᠳᠠᠯᠵᠤ᠂ ᠬᠥᠭᠵᠢᠯᠲᠡ ᠶᠢᠨ ᠪᠠᠴᠢᠮ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠦᠨᠡᠯᠡᠬᠦ᠂ ᠤᠷᠮᠠᠰᠢᠭᠤᠯᠵᠤ ᠪᠠᠲᠤᠯᠠᠬᠤ ᠵᠡᠷᠭᠡ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠡᠳᠡᠯᠭᠡ ᠪᠠᠨ ᠰᠢᠨᠡᠳᠬᠡᠬᠦ᠂ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠤᠶᠢᠺᠤ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠥᠨᠳᠦᠷᠯᠢᠭ ᠢ ᠪᠠᠶᠢᠭᠤᠯᠬᠤ ᠬᠡᠷᠡᠭᠲᠡᠢ᠃ ᠵᠠᠯᠠᠭᠤᠴᠤᠳ ᠪᠠᠭᠠᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠤᠶᠢᠺᠤ ᠪᠥᠮᠪᠦᠭᠡ ᠶᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤ ᠲᠦᠭᠡᠮᠡᠯᠵᠢᠭᠦᠯᠬᠦ ᠬᠡᠪᠴᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ 2026 ᠣᠨ ᠪᠣᠯᠬᠤ ᠳᠤ᠂ ᠠᠶᠢᠮᠠᠭ ᠬᠤᠲᠠ ᠨᠢᠭᠡᠪᠦᠷᠢ ᠳᠤ ᠠᠳᠠᠭ ᠲᠠᠭᠠᠨ 1 ᠪᠤᠶᠢᠺᠤ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠠᠩᠭᠢ ᠶᠢ ᠵᠣᠬᠢᠶᠠᠨ ᠪᠠᠶᠢᠭᠤᠯᠤᠨ᠎ᠠ᠃ ᠬᠥᠯᠥᠨ ᠪᠤᠶᠢᠷ ᠬᠤᠲᠠ ᠶᠢᠨ ᠴᠢᠨᠠᠷ ᠰᠠᠶᠢᠲᠠᠢ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠤᠶᠢᠺᠤ ᠪᠥᠮᠪᠦᠭᠡ ᠶᠢᠨ ᠲᠥᠷᠥᠯ ᠵᠦᠢᠯ ᠤᠨ ︽ᠰᠤᠷᠭᠠᠭᠤᠯᠢ ᠳᠡᠪᠰᠢᠬᠦ ᠳᠤ ᠰᠢᠭᠤᠳ ᠨᠡᠪᠲᠡᠷᠡᠬᠦ ᠲᠡᠷᠭᠡ︾ ᠶᠢ ᠪᠠᠶᠢᠭᠤᠯᠬᠤ ᠶᠢ ᠰᠦᠪᠡᠭᠴᠢᠯᠡᠵᠦ᠂ ᠬᠠᠷᠢᠴᠠᠩᠭᠤᠢ ᠲᠣᠭᠲᠠᠭᠤᠨ᠂ ᠨᠡᠪᠲᠡᠷᠡᠨ ᠤᠷᠤᠭᠰᠢᠯᠠᠭᠰᠠᠨ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠪᠣᠶ ᠪᠣᠯᠭᠠᠨ᠎ᠠ᠃ ᠲᠠᠮᠢᠷᠴᠢᠨ ᠰᠣᠩᠭᠤᠬᠤ ᠬᠠᠷᠠᠭ᠎ᠠ ᠪᠠᠨ ᠥᠷᠭᠡᠳᠬᠡᠵᠦ᠂ ᠨᠥᠬᠦᠴᠡᠯ ᠳᠤ ᠨᠡᠶᠢᠴᠡᠬᠦ ᠪᠤᠶᠢᠺᠤ ᠪᠥᠮᠪᠦᠭᠡ ᠶᠢᠨ ᠲᠠᠮᠢᠷᠴᠢᠨ ᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠲᠠᠮᠢᠷᠴᠢᠨ ᠤ ᠣᠷᠣᠨ ᠲᠤᠭ᠎ᠠ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠤᠰᠬᠠᠢ ᠮᠡᠷᠭᠡᠵᠢᠯ ᠳᠤ ᠪᠤᠶᠢᠺᠤ ᠪᠥᠮᠪᠦᠭᠡ ᠨᠡᠮᠡᠬᠦ ᠴᠢᠭᠯᠡᠯ ᠢ ᠠᠯᠬᠤᠮ ᠠᠯᠬᠤᠮ ᠢᠶᠠᠷ ᠰᠦᠪᠡᠭᠴᠢᠯᠡᠵᠦ᠂ ᠲᠠᠮᠢᠷᠴᠢᠳ ᠤᠨ ᠰᠤᠷᠭᠠᠭᠤᠯᠢ ᠳᠡᠪᠰᠢᠬᠦ ᠵᠠᠮ ᠮᠥᠷ ᠢ ᠰᠠᠭᠠᠳ ᠦᠭᠡᠢ ᠨᠡᠪᠲᠡᠷᠡᠭᠦᠯᠦᠨ᠎ᠡ     ᠲᠠᠪᠤ᠂ ᠪᠣᠯᠪᠠᠰᠤᠷᠠᠯ ᠤᠨ ᠤᠷᠤᠯᠳᠤᠭᠠᠨ ᠤ ᠰᠢᠰᠲ᠋ᠧᠮ ᠢ ᠪᠠᠶᠢᠭᠤᠯᠬᠤ ᠢ ᠲᠦᠷᠭᠡᠳᠬᠡᠨ᠎ᠡ     ᠪᠤᠶᠢᠺᠤ ᠪᠥᠮᠪᠦᠭᠡ ᠶᠢᠨ ᠪᠣᠯᠪᠠᠰᠤᠷᠠᠯ ᠤᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ ᠨᠠᠰᠤᠨ ᠤ ᠱᠠᠲᠤ ᠦᠶ᠎ᠡ ᠶᠢᠨ ᠬᠥᠭᠵᠢᠯᠲᠡ ᠶᠢᠨ ᠬᠠᠷᠠᠯᠲᠠ᠂ ᠣᠬᠤᠷ ᠬᠤᠭᠤᠴᠠᠭᠠᠨ ᠤ ᠡᠭᠦᠷᠭᠡ᠂ ᠪᠣᠯᠪᠠᠰᠤᠷᠠᠯ ᠤᠨ ᠠᠭᠤᠯᠭ᠎ᠠ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠤᠰᠬᠠᠢ ᠮᠡᠷᠭᠡᠵᠢᠯ ᠤᠨ ᠠᠩᠭᠢ ᠬᠢᠭᠡᠳ ᠪᠡᠯᠡᠳᠬᠡᠯ ᠴᠢᠳᠠᠪᠤᠷᠢᠲᠠᠨ ᠤ ᠰᠤᠷᠭᠠᠭᠤᠯᠢ ᠶᠢᠨ ᠬᠠᠮᠲᠤᠷᠠᠯᠴᠠᠬᠤ ᠵᠠᠭᠪᠤᠷ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠯ ᠲᠠᠢ᠂ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠣᠯᠪᠠᠰᠤᠷᠠᠯ ᠤᠨ  ᠰᠢᠰᠲ᠋ᠧᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠰᠠᠶᠢᠲᠤᠷ ᠠᠳᠬᠤᠵᠤ᠂ 12 ᠨᠠᠰᠤ᠂ 14 ᠨᠠᠰᠤ ᠵᠡᠷᠭᠡ ᠨᠠᠰᠤᠨ ᠤ U ᠰᠢᠷᠢᠰ ᠤᠷᠤᠯᠳᠤᠭᠠᠨ ᠢ ᠨᠡᠮᠡᠨ ᠪᠠᠶᠢᠭᠤᠯᠵᠤ᠂ ᠤᠷᠤᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠤᠨ᠎ᠠ᠃ ᠨᠥᠬᠦᠴᠡᠯ ᠲᠠᠢ ᠠᠶᠢᠮᠠᠭ ᠬᠤᠲᠠ ᠶᠢ ᠵᠣᠷᠢᠭᠵᠢᠭᠤᠯᠵᠤ ᠪᠠᠶᠢᠭᠠᠳ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠶᠠᠪᠤᠳᠠᠯ ᠢ ᠢᠳᠡᠪᠬᠢᠲᠡᠢ ᠪᠠᠷ ᠭᠤᠶᠤᠴᠢᠯᠠᠨ ᠡᠷᠭᠢᠯᠡᠬᠦ ᠪᠠᠷ ᠭᠤᠶᠤᠴᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠦᠭᠡ ᠶᠢᠨ ᠵᠤᠨ ︵ᠡᠪᠦᠯ︶ ᠤ ᠠᠮᠠᠷᠠᠯᠲᠠ ᠶᠢᠨ ᠰᠠᠭᠤᠷᠢᠨ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠪᠤᠶᠢᠺᠤ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠶᠢ ᠡᠷᠭᠢᠯᠡᠵᠦ᠂ ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ᠂ ᠰᠢᠰᠲ᠋ᠧᠮ ᠨᠢ ᠪᠦᠷᠢᠨ ᠲᠡᠭᠦᠯᠳᠡᠷ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠷᠤᠯᠳᠤᠭᠠᠨ ᠤ ᠠᠵᠢᠯᠯᠠᠭᠠᠨ ᠤ  ᠰᠢᠰᠲ᠋ᠧᠮ ᠢ ᠪᠦᠷᠢᠯᠳᠦᠭᠦᠯᠦᠨ᠎ᠡ᠃     ᠵᠢᠷᠭᠤᠭ᠎ᠠ᠂ ᠪᠤᠶᠢᠺᠤ ᠪᠥᠮᠪᠦᠭᠡ ᠶᠢᠨ ᠠᠵᠤ ᠦᠢᠯᠡᠰ ᠢ ᠬᠦᠭᠵᠢᠭᠦᠯᠬᠦ ᠪᠠᠨ ᠲᠦᠷᠭᠡᠳᠬᠡᠨ᠎ᠡ     ᠡᠯ᠎ᠡ ᠭᠠᠵᠠᠷ ᠣᠷᠣᠨ ᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠪᠦᠢᠺᠦ ᠪᠥᠮᠪᠦᠭᠡ ᠶᠢᠨ ᠤᠷᠤᠯᠳᠤᠭᠠᠨ ᠤ ᠲᠣᠭᠯᠠᠯᠲᠠ᠂ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ᠂ ᠪᠡᠶ᠎ᠡ ᠴᠢᠭᠢᠷᠠᠭᠵᠢᠭᠤᠯᠤᠨ ᠰᠡᠯᠡᠭᠦᠴᠡᠬᠦ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠢ ᠬᠥᠭᠵᠢᠭᠦᠯᠵᠦ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠤᠷᠤᠯᠳᠤᠭᠠᠨ ᠤ ᠠᠵᠢᠯᠯᠠᠭ᠎ᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠨᠠᠩ ᠣᠯᠠᠨ ᠦᠢᠯᠡᠳᠬᠦᠨ ᠪᠠ ᠦᠢᠯᠡᠴᠢᠯᠡᠭᠡ ᠶᠢ ᠭᠠᠷᠭᠠᠵᠤ᠂ ᠪᠦᠢᠺᠦ ᠪᠥᠮᠪᠦᠭᠡ ᠶᠢᠨ ᠬᠥᠳᠡᠯᠭᠡᠭᠡᠨ ᠬᠢᠭᠡᠳ ᠰᠣᠶᠣᠯ᠂ ᠵᠢᠭᠤᠯᠴᠢᠯᠠᠯ ᠵᠡᠷᠭᠡ ᠶᠢᠨ ᠠᠭᠤᠰᠤᠯᠳᠤᠨ ᠬᠥᠭᠵᠢᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠯᠬᠢᠨ ᠠᠬᠢᠭᠤᠯᠤᠨ᠎ᠠ᠃ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠦᠭᠡ ᠶᠢᠨ ᠠᠵᠤ ᠦᠢᠯᠡᠰ ᠤᠨ ᠬᠥᠭᠵᠢᠯᠲᠡ ᠶᠢᠨ ᠥᠨᠳᠦᠷᠯᠢᠭ ᠭᠠᠵᠠᠷ ᠪᠠᠶᠢᠭᠤᠯᠬᠤ ᠶᠢ ᠳᠡᠮᠵᠢᠨ᠎ᠡ᠃     ᠳᠣᠯᠤᠭ᠎ᠠ᠂ ᠪᠤᠶᠢᠺᠤ ᠪᠥᠮᠪᠦᠭᠡ ᠶᠢᠨ ᠰᠣᠶᠣᠯ ᠢ ᠪᠤᠶᠢᠵᠢᠭᠤᠯᠬᠤ ᠪᠠᠨ ᠲᠦᠷᠭᠡᠳᠬᠡᠨ᠎ᠡ     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠢᠶᠠᠨ ᠪᠣᠯᠭᠠᠬᠤ ᠶᠢ ᠪᠠᠷᠢᠮᠲᠠᠯᠠᠵᠤ᠂ ᠪᠦᠢᠺᠦ ᠪᠥᠮᠪᠦᠭᠡ ᠶᠢᠨ ᠰᠣᠶᠣᠯ ᠤᠨ ᠥᠪᠡᠷᠮᠢᠴᠡ ᠡᠭᠦᠰᠦᠯ ᠵᠢᠴᠢ ᠬᠥᠭᠵᠢᠯᠲᠡ ᠶᠢᠨ ᠶᠠᠪᠤᠴᠠ ᠶᠢ ᠭᠦᠨᠵᠡᠭᠡᠢ ᠠᠭᠤᠳᠠᠯᠵᠤ᠂ ᠪᠦᠢᠺᠦ ᠪᠥᠮᠪᠦᠭᠡ ᠶᠢᠨ ᠰᠣᠶᠣᠯ ᠤᠨ ᠤᠬᠢ ᠰᠣᠳᠣ ᠶᠢ ᠪᠣᠯᠪᠠᠰᠤᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠠᠭᠤᠰᠤᠯᠴᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠠᠪᠴᠠᠩ ᠢ ᠪᠠᠶᠢᠭᠤᠯᠤᠨ᠎ᠠ᠃ ᠳᠠᠭᠤᠷ ᠦᠨᠳᠦᠰᠦᠲᠡᠨ ᠤ ᠤᠯᠠᠮᠵᠢᠯᠠᠯᠲᠤ ᠪᠤᠶᠢᠺᠤ ᠪᠥᠮᠪᠦᠭᠡ ᠶᠢᠨ ᠤᠷᠤᠯᠳᠤᠭᠠᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠶᠢ ᠴᠢᠩᠭᠠᠳᠬᠠᠵᠤ᠂ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠦᠭᠡ ᠶᠢᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠪᠤᠶᠢᠺᠤ ᠪᠥᠮᠪᠦᠭᠡ ᠶᠢᠨ ᠰᠣᠶᠣᠯ ᠪᠠ ᠤᠷᠤᠯᠳᠤᠭᠠᠨ ᠤ ᠠᠵᠢᠯᠯᠠᠭ᠎ᠠ ᠶᠢ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠮᠠᠶ᠋ᠢᠭ ᠪᠠ ᠠᠷᠭ᠎ᠠ ᠵᠠᠮ ᠢ ᠠᠰᠢᠭᠯᠠᠨ ᠪᠤᠶᠢᠺᠤ ᠪᠥᠮᠪᠦᠭᠡ ᠶᠢᠨ ᠥᠯᠢᠭᠡᠷ ᠢ ᠰᠠᠶᠢᠲᠤᠷ ᠶᠠᠷᠢᠵᠤ᠂ ᠪᠤᠶᠢᠺᠤ ᠪᠥᠮᠪᠦᠭᠡ ᠶᠢᠨ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠨᠡᠶᠢᠲᠡ ᠶᠢᠨ ᠪᠤᠶᠢᠺᠤ ᠪᠥᠮᠪᠦᠭᠡ ᠶᠢᠨ ᠲᠤᠬᠠᠢ ᠲᠠᠨᠢᠯᠲᠠ ᠪᠠ ᠠᠩᠬᠠᠷᠤᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃     ᠨᠠᠢᠮᠠ᠂ ᠳᠡᠮᠵᠢᠵᠦ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠎ᠠ     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠵᠢᠯ ᠪᠦᠷᠢ ᠬᠡᠷᠡᠭᠴᠡᠭᠡ ᠪᠠᠨ ᠦᠨᠳᠦᠰᠦᠯᠡᠨ ᠵᠣᠬᠢᠬᠤ ᠬᠡᠮᠵᠢᠶᠡᠨ ᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠤᠶᠢᠺᠤ ᠪᠥᠮᠪᠦᠭᠡ ᠶᠢᠨ ᠲᠠᠯᠠᠪᠠᠶ ᠣᠷᠳᠣᠨ ᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠪᠠᠭᠠᠵᠢ ᠬᠡᠷᠡᠭᠰᠡᠯ ᠬᠤᠳᠠᠯᠳᠤᠨ ᠠᠪᠬᠤ᠂ ᠴᠢᠳᠠᠪᠤᠷᠢᠲᠠᠨ ᠣᠷᠣᠭᠤᠯᠤᠨ ᠠᠪᠴᠢᠷᠠᠬᠤ᠂  ᠪᠤᠯᠪᠠᠰᠤᠷᠠᠯ ᠰᠣᠯᠢᠯᠴᠠᠭ᠎ᠠ ᠬᠢᠬᠦ᠂ ᠭᠠᠳᠠᠭᠠᠳᠤ ᠳᠤ ᠭᠠᠷᠴᠤ ᠪᠣᠯᠪᠠᠰᠤᠷᠠᠯ ᠤᠷᠤᠯᠳᠤᠭᠠᠨ ᠬᠢᠬᠦ ᠵᠡᠷᠭᠡ ᠶᠢ ᠳᠡᠮᠵᠢᠨ᠎ᠡ᠃ ᠪᠤᠶᠢᠺᠤ ᠪᠥᠮᠪᠦᠭᠡ ᠶᠢᠨ ᠲᠠᠮᠢᠷᠴᠢᠳ ᠤᠨ ᠠᠵᠢᠯ ᠠᠴᠠ ᠪᠠᠨ ᠪᠠᠭᠤᠬᠤ᠂ ᠠᠵᠢᠯ ᠤᠨ ᠪᠠᠶᠢᠷᠢ ᠰᠣᠯᠢᠬᠤ᠂ ᠠᠵᠢᠯ ᠣᠯᠭᠤᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠡᠯ᠎ᠡ ᠠᠶᠢᠮᠠᠭ ᠬᠤᠲᠠ᠂ ᠡᠯ᠎ᠡ ᠳᠡᠭᠡᠳᠦ ᠰᠤᠷᠭᠠᠭᠤᠯᠢ ᠨᠤᠭᠤᠳ ᠶᠡᠭᠡ ᠳᠤᠮᠳᠠᠳᠤ ᠪᠠᠭ᠎ᠠ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠲᠣᠬᠢᠷᠠᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠶᠣᠰᠣᠭᠠᠷ᠂ ᠬᠡᠷᠡᠭᠴᠡᠭᠡ ᠶᠣᠰᠣᠭᠠᠷ ᠪᠤᠶᠢᠺᠤ ᠪᠥᠮᠪᠦᠭᠡ ᠶᠢᠨ ᠰᠤᠷᠭᠠᠭᠴᠢ ᠶᠢᠨ ᠠᠵᠢᠯ ᠤᠨ ᠪᠠᠶᠢᠷᠢ ᠲᠣᠬᠢᠷᠠᠭᠤᠯᠵᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠪᠤᠶᠢᠺᠤ ᠪᠥᠮᠪᠦᠭᠡ ᠶᠢᠨ ᠰᠤᠷᠭᠠᠭᠴᠢ ᠶᠢᠨ ᠮᠡᠷᠭᠡᠵᠢᠯ ᠤᠨ ᠴᠣᠯᠠ ᠳᠡᠪᠰᠢᠬᠦ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠦᠨᠡᠯᠡᠨ ᠲᠣᠭᠲᠠᠭᠠᠬᠤ ᠵᠡᠷᠭᠡ ᠲᠠᠯ᠎ᠠ ᠪᠠᠷ ᠡᠯ᠎ᠡ ᠬᠢᠴᠢᠶᠡᠯ ᠲᠥᠷᠥᠯ ᠤᠨ ᠪᠠᠭᠰᠢ ᠯᠤᠭ᠎ᠠ ᠠᠳᠠᠯᠢ ᠲᠠᠰ ᠤᠨ ᠣᠯᠭᠤᠮᠵᠢ ᠭᠥᠷᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃     ᠶᠢᠰᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠤᠶᠢᠺᠤ ᠪᠥᠮᠪᠦᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠨᠢ ᠪᠥᠬᠦ ᠣᠷᠣᠨ ᠤ ᠪᠤᠶᠢᠺᠤ ᠪᠥᠮᠪᠦᠭᠡ ᠶᠢᠨ ᠡᠩᠨᠡᠭᠡ ᠶᠢᠨ ᠪᠠᠶᠢᠭᠤᠯᠤᠯᠲᠠ᠂ ᠲᠠᠯᠠᠪᠤᠷ ᠭᠠᠵᠠᠷ ᠤᠨ ᠪᠠᠲᠤᠯᠠᠭ᠎ᠠ᠂ ᠤᠷᠤᠯᠳᠤᠭᠠᠨ ᠤ ᠠᠵᠢᠯᠯᠠᠭ᠎ᠠ ᠵᠡᠷᠭᠡ ᠶᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠵᠢᠯᠣᠭᠤᠳᠤᠯᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠪᠦᠢᠺᠦ ᠪᠥᠮᠪᠦᠭᠡ ᠶᠢᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠦᠢᠺᠦ ᠪᠥᠮᠪᠦᠭᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠡᠯᠡ ᠮᠥᠩᠭᠦ ᠶᠢᠨ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠮᠣᠷᠢᠨᠳᠠᠪᠠᠭ᠎ᠠ ᠬᠤᠰᠢᠭᠤᠨ ᠤ ᠪᠤᠶᠢᠺᠤ ᠪᠥᠮᠪᠦᠭᠡ ᠶᠢᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠵᠢᠯ ᠤᠨ ᠵᠣᠯᠭᠠᠯᠴᠠᠭ᠎ᠠ ᠪᠠᠨ ᠴᠢᠩᠭᠠᠳᠬᠠᠨ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠪᠤᠶᠢᠺᠤ ᠪᠥᠮᠪᠦᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号