ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠧᠦ᠋ᠷᠣᠫᠠ ᠲᠢᠪ ᠤᠨ ᠬᠦᠯ ᠪᠦᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠤᠭᠤᠴᠠᠭᠠᠨ ᠳᠤ ᠬᠢ ᠪᠥᠬᠦ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠬᠠᠮᠢᠶᠠᠷᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/21
     6  ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ᠧᠦ᠋ᠷᠣᠫᠠ ᠲᠢᠪ ᠤᠨ ᠬᠦᠯ ᠪᠦᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠤᠭᠤᠴᠠᠭᠠᠨ ᠳᠤ ᠬᠢ ᠪᠥᠬᠦ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠣᠯᠠᠭᠤᠯᠭ᠎ᠠ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠵᠠᠩ ᡁᠢ ᠠᠴᠠ ᠧᠦ᠋ᠷᠣᠫᠠ ᠲᠢᠪ ᠤᠨ ᠬᠦᠯ ᠪᠦᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠨᠢ ᠡᠩᠨᠡᠭᠡ ᠶᠢ ᠥᠷᠭᠡᠳᠬᠡᠬᠦ᠂  ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠬᠦ᠂ ᠥᠷᠢᠰᠥᠯᠳᠦᠨ ᠲᠠᠭᠠᠬᠤ ᠲᠣᠭᠯᠠᠭᠠᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠠᠵᠠ ᠲᠣᠬᠢᠶᠠᠯ ᠬᠠᠩᠭᠠᠪᠠ᠂ ᠪᠥᠬᠦ ᠣᠷᠣᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠶᠡᠷᠦᠩᠬᠡᠶ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠠᠵᠠ ᠲᠣᠬᠢᠶᠠᠯ ᠢ ᠠᠮᠵᠢᠨ᠂ ᠪᠠᠶᠢᠳᠠᠯ ᠢ ᠠᠮᠵᠢᠨ ᠤᠷᠤᠭᠰᠢᠯᠠᠵᠤ᠂  ᠤᠷᠤᠯᠳᠤᠭᠠᠨ ᠤ ᠬᠤᠭᠤᠴᠠᠭᠠᠨ ᠳᠤ ᠬᠢ ᠮᠠᠨ ᠤ ᠣᠷᠣᠨ ᠤ ᠥᠷᠢᠰᠥᠯᠳᠦᠨ ᠳᠠᠭᠠᠬᠤ ᠲᠣᠭᠯᠠᠭᠠᠮ ᠤᠨ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠵᠠᠩ ᡁᠢ ᠠᠴᠠ ᠣᠷᠳᠣᠰ ᠬᠤᠲᠠ ᠪᠠ ᠲᠦᠩᠯᠢᠶᠣᠤ ᠬᠤᠲᠠ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠲᠠᠢ ᠤᠶᠠᠯᠳᠤᠭᠤᠯᠤᠨ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠰᠢᠰᠲ᠋ᠧᠮ ᠨᠢ ᠡᠷᠬᠡᠪᠰᠢ ᠤᠯᠤᠰ ᠲᠥᠷᠥ ᠶᠢ ᠡᠷᠬᠢᠮᠯᠡᠬᠦ ᠵᠤᠭᠰᠤᠴᠠ ᠠᠴᠠ ᠣᠳᠣᠬᠠᠨ ᠤ ᠤᠯᠤᠰ ᠤᠨ ᠪᠦᠬᠦᠯᠢ ᠴᠣᠭᠴᠠ ᠶᠢᠨ ᠠᠮᠤᠷ ᠲᠦᠪᠰᠢᠨ ᠲᠦᠭᠰᠢᠭᠦᠷᠢ ᠶᠢᠨ ᠪᠠᠶᠢᠳᠠᠯ ᠵᠢᠴᠢ ᠱᠠᠩᠨᠠᠯᠲᠤ ᠰᠤᠭᠤᠯᠤᠭ᠎ᠠ ᠶᠢᠨ ᠠᠵᠢᠯ ᠲᠥᠷᠥᠯ ᠤᠨ ︽ᠬᠢᠨᠠᠯᠲᠠ ᠬᠠᠮᠢᠶᠠᠷᠤᠯᠲᠠ︾ ᠶᠢᠨ ᠱᠠᠭᠠᠷᠳᠠᠯᠭ᠎ᠠ ᠶᠢ ᠲᠣᠳᠣᠷᠬᠠᠶ ᠲᠠᠨᠢᠵᠤ᠂ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ ᠤᠬᠠᠮᠰᠠᠷ ᠢ ᠪᠠᠲᠤ ᠪᠣᠶ ᠪᠣᠯᠭᠠᠵᠤ᠂ ᠠᠮᠤᠷ ᠲᠦᠪᠰᠢᠨ ᠲᠣᠭᠲᠠᠭᠤᠨ ᠪᠠᠶᠢᠬᠤ ᠶᠢ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠡᠵᠡᠩᠨᠡᠯᠲᠡ ᠶᠢᠨ ᠠᠵᠢᠯ ᠤᠨ ᠬᠠᠮᠤᠭ ᠤᠨ ᠴᠢᠬᠤᠯᠠ᠂ ᠬᠠᠮᠤᠭ ᠤᠨ ᠭᠤᠤᠯ ᠵᠠᠷᠴᠢᠮ ᠪᠣᠯᠭᠠᠵᠤ᠂ ᠧᠦ᠋ᠷᠣᠫᠠ ᠲᠢᠪ ᠤᠨ ᠬᠦᠯ ᠪᠦᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠤᠭᠤᠴᠠᠭᠠᠨ ᠳᠠᠬᠢ ᠪᠥᠬᠦ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠦᠬᠦᠯᠢ ᠴᠣᠭᠴᠠ ᠶᠢᠨ ᠲᠦᠭᠰᠢᠭᠦᠷᠢ ᠶᠢ ᠡᠵᠡᠮᠳᠡᠵᠦ᠂ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠵᠠᠩ ᡁᠢ ᠱᠠᠭᠠᠷᠳᠠᠭᠰᠠᠨ ᠨᠢ᠂ ᠨᠢᠭᠡ ᠳᠤ ᠦᠵᠡᠯ ᠰᠠᠨᠠᠭ᠎ᠠ ᠪᠠᠨ ᠨᠢᠭᠡᠳᠬᠡᠵᠦ᠂ ᠤᠯᠤᠰ ᠲᠥᠷᠥ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ︽ᠤᠯᠤᠰ ᠲᠥᠷᠥ ᠶᠢᠨ ᠠᠮᠤᠷ ᠲᠦᠪᠰᠢᠨ︾ ᠢ ᠬᠠᠮᠠᠭᠠᠯᠠᠬᠤ  ᠵᠤᠭᠰᠤᠴᠠ ᠠᠴᠠ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠣᠯᠠᠭᠤᠯᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠠᠯᠲᠠ ᠪᠠᠨ ᠲᠣᠳᠣᠷᠬᠠᠶᠢᠯᠠᠵᠤ᠂ ᠱᠠᠭᠠᠷᠳᠠᠯᠭ᠎ᠠ ᠪᠠᠨ ᠤᠶᠢᠯᠠᠭᠠᠨ᠂ ᠪᠣᠷᠣᠯᠠᠭᠤᠯᠭ᠎ᠠ ᠶᠢᠨ ᠬᠠᠮᠢᠶᠠᠷᠤᠯᠲᠠ ᠶᠢᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠬᠠᠮᠠᠭᠠᠯᠠᠬᠤ ᠬᠡᠷᠡᠭᠲᠡᠶ᠃      ᠬᠤᠶᠠᠷ ᠲᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠤᠭ ᠤᠨ ᠨᠠᠷᠢᠯᠢᠭ᠂ ᠴᠢᠩᠭ᠎ᠠ ᠨᠢᠮᠪᠠᠢ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠢ ᠠᠵᠢᠯ ᠤᠨ ᠣᠪᠣᠷ ᠢᠶᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠬᠡᠷᠡᠭᠲᠡᠢ᠃ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠬᠤ ᠲᠣᠭᠲᠠᠴᠠ ᠪᠠ ᠠᠵᠢᠯ ᠤᠨ ᠴᠤᠪᠤᠷᠠᠯ ᠢ ᠪᠠᠶᠢᠭᠤᠯᠵᠤ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠨᠡᠪᠲᠡᠷᠡᠯᠴᠡᠭᠡ ᠪᠠᠨ ᠴᠢᠩᠭᠠᠳᠬᠠᠵᠤ᠂ ᠬᠠᠮᠲᠤᠷᠠᠯᠴᠠᠭ᠎ᠠ ᠥᠷᠨᠢᠭᠦᠯᠵᠦ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠶ᠃      ᠭᠤᠷᠪᠠ ᠳᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠰᠤᠷᠪᠤᠯᠵᠢᠯᠠᠨ ᠪᠠᠶᠢᠴᠠᠭᠠᠨ ᠰᠤᠳᠤᠯᠬᠤ᠂ ᠰᠤᠭᠤᠴᠢᠨ ᠪᠠᠶᠢᠴᠠᠭᠠᠵᠤ ᠬᠠᠷᠢᠯᠴᠠᠨ ᠪᠠᠶᠢᠴᠠᠭᠠᠬᠤ ᠪᠠ ᠰᠦᠪᠡᠭᠴᠢ ᠴᠤᠭᠯᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠪᠣᠳᠠᠲᠤ ᠴᠣᠭᠴᠠ ᠶᠢᠨ ᠳᠡᠯᠭᠡᠭᠦᠷ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠭᠠᠵᠠᠷ ᠣᠷᠣᠨ ᠤ ᠬᠢᠨᠠᠨ ᠡᠵᠡᠮᠳᠡᠬᠦ ᠬᠠᠮᠢᠶᠠᠷᠤᠯᠲᠠ ᠶᠢ ᠨᠠᠷᠢᠯᠢᠬᠵᠢᠭᠤᠯᠤᠨ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠢᠯᠭᠠᠨ ᠲᠠᠨᠢᠬᠤ ᠪᠠ ᠠᠷᠢᠯᠭᠠᠬᠤ ᠬᠡᠷᠡᠭᠲᠡᠶ᠃      ᠲᠦᠷᠪᠡ ᠳᠤ᠂ ᠪᠣᠭᠤᠮᠲᠠ ᠶᠢ ᠤᠷᠤᠭᠰᠢ ᠰᠢᠯᠵᠢᠭᠦᠯᠵᠦ᠂ ᠬᠢᠮᠤᠷᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠡᠷᠲᠡ ᠳᠤ ᠰᠠᠭᠤᠷᠢᠯᠠᠵᠤ᠂ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠲᠦᠷᠭᠡᠨ ᠪᠠᠶᠢᠬᠤ ᠶᠢ ᠪᠣᠳᠣᠯᠬᠢᠯᠠᠵᠤ᠂ ᠪᠣᠷᠣᠯᠠᠭᠤᠯᠤᠯᠲᠠ᠂ ᠶᠠᠷᠢᠶ᠎ᠠ ᠬᠡᠯᠡᠯᠴᠡᠭᠡᠨ ᠤ ᠪᠠᠶᠢᠳᠠᠯ᠂ ᠤᠬᠠᠭᠤᠯᠭ᠎ᠠ ᠵᠡᠷᠭᠡ ᠪᠦᠬᠦ ᠬᠦᠷᠢᠶ᠎ᠡ᠂ ᠡᠯ᠎ᠡ ᠭᠤᠭᠴᠤᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠲᠦᠭᠰᠢᠭᠦᠷᠢ ᠶᠢᠨ ᠬᠥᠮᠥᠷᠭᠡ᠂ ᠬᠡᠷᠡᠭ ᠶᠠᠪᠤᠳᠠᠯ ᠤᠨ ᠬᠥᠮᠥᠷᠭᠡ ᠶᠢ ᠴᠠᠭ ᠲᠤᠬᠠᠢ ᠳᠤᠨᠢ ᠰᠢᠨᠡᠳᠬᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠲᠠᠪᠤ ᠳᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠰᠤᠷᠲᠠᠯ ᠤᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠵᠤ᠂ ᠬᠠᠤᠯᠢᠵᠢᠯ ᠤᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠬᠠᠷᠢᠭᠤᠴᠠᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠡᠩᠨᠡᠭᠡᠨ ᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃      ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ᠬᠠᠷᠢᠭᠤᠴᠠᠯᠭᠠᠲᠠᠨ ᠪᠣᠯᠤᠨ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号