ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠭᠤᠷᠪᠠᠨ ᠬᠥᠮᠥᠨ ᠤ ᠰᠠᠭᠰᠤᠨ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/6/3
    6 ᠰᠠᠷ᠎ᠠ ᠶᠢᠨ 1 ᠤ ᠡᠳᠦᠷ᠂ ︽ᠺᠠᠷᠠᠮᠸᠢ ᠬᠤᠨᠳᠠᠭᠠᠲᠤ︾ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠭᠤᠷᠪᠠᠨ ᠬᠥᠮᠥᠨ ᠤ ᠰᠠᠭᠰᠤᠨ ᠪᠥᠮᠪᠦᠭᠡ ᠶᠢᠨ ᠤᠷᠤᠯᠳᠤᠭᠠᠨ ᠬᠥᠬᠡᠬᠤᠲᠠ ᠳᠤ ᠡᠬᠢᠯᠡᠪᠡ᠂ ᠥᠪᠥᠷ ᠮᠣᠩᠭᠤᠯ ᠤᠨ ᠣᠶᠤᠲᠠᠳ ᠵᠢᠴᠢ ᠬᠥᠬᠡᠬᠤᠲᠠ ᠶᠢᠨ ᠥᠨᠳᠥᠷ ᠳᠤᠮᠳᠠᠳᠤ ᠶᠢᠨ ᠰᠤᠷᠤᠭᠴᠢᠳ ᠢᠶᠠᠷ ᠪᠦᠷᠢᠯᠳᠦᠭᠰᠡᠨ 36 ᠪᠥᠮᠪᠥᠭᠡᠨ ᠠᠩᠭᠢ ᠤᠷᠤᠯᠳᠤᠭᠠᠨ ᠳᠤ ᠣᠷᠣᠯᠴᠠᠪᠠ᠃
    ᠲᠤᠰ ᠤᠳᠠᠭ᠎ᠠ ᠶᠢᠨ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ  ᠠᠴᠠ ᠭᠤᠤᠯᠯᠠᠨ ᠡᠷᠬᠢᠯᠡᠵᠦ᠂ ᠤᠷᠤᠯᠳᠤᠭᠠᠨ ᠢ ᠬᠥᠬᠡ ᠳᠤᠭᠤᠶᠢᠯᠠᠩ᠂ ᠬᠥᠬᠡᠭᠴᠢᠨ ᠳᠤᠭᠤᠶᠢᠯᠠᠩ ᠪᠠ ᠤᠯᠠᠭᠠᠨ ᠳᠤᠭᠤᠶᠢᠯᠠᠩ ᠭᠡᠵᠦ ᠬᠤᠪᠢᠶᠠᠵᠤ᠂ ᠨᠠᠩ ᠣᠯᠠᠨ ᠵᠠᠯᠠᠭᠤᠴᠤᠳ ᠪᠠᠭᠠᠴᠤᠳ ᠤᠨ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠬᠤ ᠶᠢᠨ ᠲᠥᠯᠥᠭᠡ᠂ ᠭᠠᠷᠮᠠᠭᠠᠢ ᠢᠯᠡᠷᠡᠯ ᠲᠠᠢ ᠪᠦᠯᠬᠦᠮ ᠳᠤ ᠱᠠᠩᠨᠠᠯ ᠤᠨ ᠬᠤᠨᠳᠠᠭ᠎ᠠ᠂ ᠦᠨᠡᠮᠯᠡᠯ ᠵᠢᠴᠢ ᠱᠠᠩᠨᠠᠯ ᠤᠨ ᠪᠣᠳᠠᠰ ᠲᠤᠬᠢᠷᠠᠭᠤᠯᠪᠠ᠃
    ᠰᠤᠷᠭᠠᠭᠤᠯᠢ ᠶᠢᠨ ᠬᠦᠷᠢᠶᠡᠨ ᠤ ᠰᠠᠭᠰᠤᠨ ᠪᠥᠮᠪᠦᠭᠡ ᠶᠢᠨ ᠤᠷᠤᠯᠳᠤᠭᠠᠨ ᠳᠤ ᠤᠷᠤᠯᠴᠠᠭᠰᠠᠨ ᠠᠩᠭᠢ ᠨᠤᠭᠤᠳ ᠤᠨ ᠢᠯᠡᠷᠡᠯ ᠨᠢ ᠴᠦ ᠬᠥᠮᠥᠰ ᠤᠨ ᠠᠩᠬᠠᠷᠤᠯ ᠢ ᠲᠠᠲᠠᠵᠤ᠂ ᠲᠠᠮᠢᠷᠴᠢᠳ ᠤᠨ ᠤᠷᠤᠯᠳᠤᠭᠠᠨ ᠳᠤ  ᠬᠢ ᠲᠡᠮᠡᠦᠯᠡᠯ ᠨᠢ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢ ᠢᠯᠡᠷᠭᠦᠯᠪᠡ᠃
    ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠭᠤᠷᠪᠠᠨ ᠬᠥᠮᠥᠨ ᠤ ᠰᠠᠭᠰᠤᠨ ᠪᠥᠮᠪᠦᠭᠡ ᠶᠢᠨ ᠤᠷᠤᠯᠳᠤᠭᠠᠨ ᠨᠢ ᠰᠠᠭᠰᠤᠨ ᠪᠥᠮᠪᠥᠭᠡᠨ ᠳᠤ ᠪᠠᠭ᠋ᠠᠲᠠᠢ ᠵᠠᠯᠠᠭᠤᠴᠤᠳ ᠪᠠᠭᠠᠴᠤᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠭᠤᠷ ᠠᠮᠢᠰᠬᠤᠯ ᠢ ᠳᠡᠭᠡᠭᠰᠢᠯᠡᠭᠦᠯᠦᠨ᠂ ᠤᠷᠤᠯᠳᠤᠭᠠᠨ ᠤ ᠬᠡᠯᠪᠡᠷᠢ ᠪᠠᠷ ᠳᠠᠮᠵᠢᠭᠤᠯᠤᠨ᠂ ᠤᠷᠤᠯᠳᠤᠭᠠᠨ ᠳᠤ ᠣᠷᠣᠯᠴᠠᠭᠰᠠᠳ ᠤᠨ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠪᠠ ᠤᠷᠤᠯᠳᠤᠭᠠᠨ ᠤ ᠬᠠᠯᠠᠭᠤᠨ ᠰᠡᠳᠬᠢᠯᠭᠡ ᠶᠢ ᠬᠦᠭᠵᠢᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号