ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄ | ︽ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠤᠨᠨᠳᠠᠯᠴᠠᠭᠠᠨ ᠤ ᠪᠠᠶᠢᠭᠤᠯᠤᠯᠲᠠ ᠶᠢᠨ ᠠᠵᠢᠯ ᠤᠨ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠠᠵᠢᠯ ᠤᠨ ᠲᠦᠰᠦᠯ | | ︽ᠲᠣᠭᠠᠵᠢᠭᠤᠯᠤᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2022﹈ 14 ᠳ᠋ᠤᠭᠡᠷ | ᠲᠣᠭᠠᠲᠤ︶᠂ ︽ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠤᠨᠨᠳᠠᠯᠴᠠᠭᠠᠨ ᠤ ᠪᠠᠶᠢᠭᠤᠯᠤᠯᠲᠠ ᠶᠢᠨ ᠵᠦᠭᠯᠡᠭᠦᠷ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇ 2022 ﹈ 102 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠷᠢᠮᠵᠢᠶ᠎ᠠ ᠨᠢ ᠨᠢᠭᠡᠳᠦᠯᠲᠡᠶ᠂ | ᠪᠠᠶᠢᠷᠢᠰᠢᠭᠤᠯᠤᠯᠲᠠ ᠨᠢ ᠵᠦᠶ ᠵᠣᠬᠢᠰᠲᠠᠶ᠂ ᠬᠠᠮᠵᠢᠯᠴᠠᠨ ᠬᠠᠮᠢᠶᠠᠷᠤᠨᠨᠰᠠᠨ᠂ ᠠᠮᠤᠷ ᠲᠦᠪᠰᠢᠨ ᠪᠥᠭᠡᠳ | ᠨᠠᠶᠢᠳᠠᠪᠤᠷᠢᠲᠠᠶ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠣᠭᠲᠠᠯᠴᠠᠭ᠎ᠠ ᠶᠢ ᠡᠮᠬᠢᠯᠡᠨ ᠨᠡᠶᠢᠯᠡᠭᠦᠯᠵᠦ ᠴᠤᠭᠴᠠᠯᠠᠨ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠨᠢᠭᠡᠳᠦᠯᠲᠡᠶ ᠲᠥᠯᠥᠪᠯᠡᠬᠦ ᠪᠠ ᠬᠠᠮᠢᠶᠠᠷᠬᠤ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠨᠢᠭᠡ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠭᠥᠷᠳᠡᠬᠦ᠂ ᠨᠡᠭᠡᠭᠡᠯᠲᠡ ᠲᠠᠢ | ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠶᠢᠯᠭᠠᠬᠤ᠂ ᠬᠠᠳᠠᠭᠠᠯᠠᠬᠤ᠂ ᠳᠠᠩᠰᠠᠨ ᠳᠤ ᠣᠷᠣᠭᠤᠯᠬᠤ ᠵᠡᠷᠭᠡ ᠠᠵᠢᠯ ᠢ | ᠨᠢᠭᠡᠳᠦᠯᠲᠡᠶ ᠲᠥᠯᠥᠪᠯᠡᠨ᠂ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃ ︵ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ᠂ ᠲᠣᠰ | ᠠᠵᠢᠯ ᠲᠥᠷᠥᠯ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠢᠶᠠᠨ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠣᠢᠢᠯᠠᠭᠠᠨ | ᠲᠣᠳᠣᠯᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ ᠡᠯ᠎ᠡ | ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠯᠦᠭᠡ ᠳ᠋ᠠᠶᠢᠲ᠋ᠠ ᠶᠢ ᠬᠠᠮᠲᠤ ᠪᠠᠷ ᠭᠥᠷᠳᠡᠵᠦ ᠬᠡᠷᠡᠭᠯᠡᠬᠦ ᠶᠢ ᠦᠷᠨᠢᠭᠦᠯᠬᠦ | ᠬᠡᠷᠡᠭᠲᠡᠢ᠂ ᠰᠠᠯᠠᠭ᠎ᠠ ᠮᠥᠴᠢᠷ ᠠᠯᠤᠰᠯᠠᠭᠰᠠᠨ ᠳ᠋ᠠᠶᠢᠲ᠋ᠠ ᠶᠢ ᠬᠠᠮᠲᠤ ᠪᠠᠷ ᠭᠥᠷᠳᠡᠵᠦ ᠰᠣᠯᠢᠯᠴᠠᠬᠤ ᠨᠡᠪᠲᠡᠷᠡᠯ ᠵᠠᠮ ᠢ | ᠠᠰᠲᠠᠭᠠᠨ ᠪᠠᠶᠢᠭᠤᠯᠵᠤ ᠪᠣᠯᠬᠤ ᠥᠬᠡᠶ᠂ ᠨᠢᠭᠡᠨᠲᠡ ᠪᠠᠶᠢᠭ᠎ᠠ ᠨᠡᠪᠲᠡᠷᠡᠯ ᠵᠠᠮ ᠢ ᠪᠣᠯ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠬᠠᠮᠲᠤ ᠪᠠᠷ ᠭᠥᠷᠳᠡᠵᠦ ᠰᠣᠯᠢᠯᠴᠠᠬᠤ ᠰᠢᠰᠲ᠋ᠧᠮ ᠤᠨ | ᠬᠠᠮᠢᠶᠠᠷᠤᠯᠲᠠ ᠳᠤ ᠣᠷᠤᠭᠤᠯᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠪᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ | ᠲᠠᠨᠢᠨ ᠮᠡᠳᠡᠵᠦ ᠠᠪᠬᠤ ᠪᠠ ᠨᠠᠶᠢᠷᠠᠭᠤᠯᠤᠨ ᠵᠣᠬᠢᠶᠠᠬᠤ ᠠᠵᠢᠯ ᠢᠶᠠᠨ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠵᠤ᠂ | ᠬᠡᠷᠡᠭᠴᠡᠭᠡ ᠪᠠᠨ ᠦᠨᠳᠦᠰᠦᠯᠡᠵᠦ ᠲᠣᠰ ᠭᠠᠵᠠᠷ ᠣᠷᠣᠨ ᠤ ᠪᠠᠨ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠵᠦ᠂ ᠣᠷᠣᠨ | ᠪᠦᠰᠡ ᠲᠠᠰ ᠱᠠᠲᠤ ᠠᠯᠤᠰᠯᠠᠨ ᠳ᠋ᠠᠶᠢᠲ᠋ᠠ ᠶᠢ ᠬᠠᠮᠲᠤ ᠪᠠᠷ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠳ᠋ᠠᠶᠢᠲ᠋ᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠲᠠ ᠶᠢ ᠴᠢᠩᠭᠠᠳᠬᠠᠬᠤ ᠬᠡᠷᠡᠭᠲᠡᠶ᠃ ︵ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠶᠠᠷ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠥᠷᠲᠡᠵᠦ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠦᠨ᠎ᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠥᠷᠲᠡᠬᠦ ᠠᠵᠢᠯ ᠢ ᠨᠢᠭᠡᠲᠦᠯᠲᠡᠢ ᠲᠥᠯᠥᠪᠯᠡᠨ ᠠᠬᠢᠭᠤᠯᠤᠨ᠎ᠠ︔ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠭᠥᠷᠳᠡᠬᠦ | ᠴᠢᠬᠤᠯᠠ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠭᠤᠤᠯᠳᠠᠯᠭ᠎ᠠ ᠲᠠᠢ | ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ | ᠬᠥᠷᠲᠡᠬᠦ ᠲᠠᠯ᠎ᠠ ᠶᠢᠨ ᠬᠠᠤᠯᠢ ᠲᠣᠭᠲᠠᠭᠠᠯ ᠲᠦᠷᠢᠮ ᠭᠤᠷᠢᠮ᠂ ᠪᠠᠷᠢᠮᠵᠢᠶ᠎ᠠ ᠵᠢᠷᠤᠮᠵᠢᠯ᠂ ᠠᠮᠤᠷ ᠲᠦᠪᠰᠢᠨ ᠤ | ᠲᠣᠭᠲᠠᠴᠠ ᠶᠢᠨ ᠪᠠᠶᠢᠭᠤᠯᠤᠯᠲᠠ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠠᠬᠢᠭᠤᠯᠤᠨ᠎ᠠ︔ ᠪᠥᠬᠦ | ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠪᠠ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠲᠤᠨᠨᠳᠠᠯᠴᠠᠭᠠᠨ ᠤ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠭᠠᠵᠢᠭᠤᠯᠤᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠳᠤ | ᠬᠦᠴᠦᠲᠡᠶ ᠲᠤᠯᠭᠠᠭᠤᠷᠢᠯᠠᠯ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ᠂ ᠡᠯ᠎ᠡ | ᠰᠠᠯᠠᠭ᠎ᠠ ᠮᠥᠴᠢᠷ ᠨᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ | ᠳ᠋ᠠᠶᠢᠲ᠋ᠠ ᠶᠢ ᠬᠠᠮᠲᠤ ᠪᠠᠷ ᠬᠦᠷᠲᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠬᠠᠮᠢᠶᠠᠷᠤᠯᠲᠠ ᠶᠢᠨ ᠪᠠᠶᠢᠭᠤᠯᠤᠮᠵᠢ ᠪᠠ ᠭᠤᠤᠯ ᠪᠣᠯᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠬᠦ ᠳᠤ ᠵᠣᠬᠢᠴᠠᠭᠤᠯᠭ᠎ᠠ ᠨᠢ ᠡᠷᠴᠢᠮᠲᠡᠢ᠂ ᠡᠭᠦᠷᠭᠡ | ᠬᠠᠷᠢᠭᠤᠴᠠᠯᠭ᠎ᠠ ᠨᠢ ᠲᠣᠳᠣᠷᠬᠠᠶ᠂ ᠠᠵᠢᠯᠯᠠᠭᠠᠨ ᠨᠢ ᠤᠷᠤᠭᠰᠢᠲᠠᠶ᠂ ᠬᠠᠮᠢᠶᠠᠷᠤᠯᠲᠠ ᠨᠢ ᠵᠢᠷᠤᠮᠵᠢᠭᠤᠨ᠂ ᠠᠮᠤᠷ | ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠨᠢᠭᠡ | ᠴᠤᠭᠴᠠᠵᠢᠭᠤᠯᠤᠨ ᠪᠠᠶᠢᠷᠢᠰᠢᠭᠤᠯᠵᠤ᠂ ᠪᠦᠬᠦᠯᠢ ᠴᠣᠭᠴᠠᠲᠤ ᠴᠢᠨᠠᠷᠲᠠᠶ ᠪᠠᠷ ᠠᠬᠢᠭᠤᠯᠤᠨ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠭᠥᠷᠳᠡᠬᠦ᠂ ᠨᠡᠭᠡᠭᠡᠯᠲᠡ ᠲᠠᠢ ᠪᠣᠯᠭᠠᠬᠤ᠂ | ᠬᠡᠷᠡᠭᠯᠡᠬᠦ᠂ ᠠᠮᠤᠷ ᠲᠦᠪᠰᠢᠨ ᠪᠠᠶᠢᠯᠭᠠᠬᠤ᠂ ᠬᠠᠳᠠᠭᠠᠯᠠᠬᠤ᠂ ᠳᠠᠩᠰᠠᠨ ᠳᠤ ᠣᠷᠣᠭᠤᠯᠬᠤ ᠡᠯ᠎ᠡ ᠭᠤᠭᠴᠤᠭ᠎ᠠ ᠪᠥᠬᠦ | ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷᠴᠠᠭ ᠤᠨ ᠬᠠᠮᠢᠶᠠᠷᠤᠯᠲᠠ᠂ ᠳ᠋ᠠᠶᠢᠲ᠋ᠠ ᠶᠢ ᠴᠤᠭᠯᠠᠭᠤᠯᠤᠨ | ᠨᠡᠶᠢᠯᠡᠭᠦᠯᠬᠦ᠂ ᠳ᠋ᠠᠶᠢᠲ᠋ᠠ ᠶᠢᠨ ᠵᠠᠰᠠᠯᠲᠠ᠂ ᠲᠣᠮᠣ ᠳ᠋ᠠᠶᠢᠲ᠋ᠠ ᠪᠠᠷ ᠵᠠᠳᠠᠯᠤᠯᠲᠠ ᠬᠢᠬᠦ᠂ ᠠᠮᠤᠷ ᠲᠦᠪᠰᠢᠨ ᠢ ᠬᠠᠮᠠᠭᠠᠯᠠᠬᠤ | ᠵᠡᠷᠭᠡ ᠴᠢᠳᠠᠪᠤᠷᠢ ᠶᠢ ᠦᠨᠳᠦᠰᠦᠨ ᠳᠤ ᠪᠠᠨ ᠪᠦᠷᠢᠳᠦᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ | ᠪᠡᠶᠡᠯᠡᠭᠦᠯᠦᠨ᠎ᠡ︶ | ᠬᠤᠶᠠᠷ᠂ ᠳ᠋ᠠᠶᠢᠲ᠋ᠠ ᠶᠢᠨ ᠭᠠᠷᠴᠠᠭ ᠤᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠭᠤᠷᠪᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠭᠦᠢᠴᠡᠳ ᠬᠡᠮᠵᠢᠶ᠎ᠡ ᠪᠠᠷ ᠨᠠᠶᠢᠷᠠᠭᠤᠯᠤᠨ | ᠵᠣᠬᠢᠶᠠᠨ᠎ᠠ᠃ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠭᠠᠷᠴᠠᠭ ᠢ ᠨᠢᠭᠡᠲᠦᠯᠲᠡᠢ ᠲᠦᠯᠦᠪᠯᠡᠨ ᠬᠠᠮᠢᠶᠠᠷᠴᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠢᠢᠯᠠᠭᠠᠨ ᠲᠣᠳᠣᠯᠠᠵᠤ᠂ ᠥᠪᠡᠷᠲᠡᠭᠡᠨ ᠵᠠᠰᠠᠬᠤ ᠣᠷᠣᠨ — ᠠᠶᠢᠮᠠᠭ | ᠬᠤᠲᠠ — ᠬᠤᠰᠢᠭᠤ ᠰᠢᠶᠠᠨ ︵ᠬᠤᠲᠠ᠂ ᠲᠣᠭᠤᠷᠢᠭ︶ — ᠰᠣᠮᠣ ᠰᠢᠶᠠᠩ ᠪᠠᠯᠭᠠᠰᠤ ᠵᠡᠷᠭᠡ ᠳᠡᠰ ᠱᠠᠲᠤ ᠶᠢ | ᠬᠠᠮᠤᠷᠤᠭᠰᠠᠨ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ | ᠪᠠᠶᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠤᠨ ᠵᠢᠷᠤᠮᠵᠢᠭᠤᠯᠤᠭᠰᠠᠨ ᠪᠣᠯᠪᠠᠰᠤᠷᠠᠯ ᠢ ᠴᠢᠩᠭᠠᠳᠬᠠᠨ᠂ ᠪᠥᠬᠦ | ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ︽ᠨᠢᠭᠡᠳᠪᠦᠷᠢ ᠲᠠᠩᠰᠠ︾ ᠶᠢ ᠪᠣᠶ ᠪᠣᠯᠭᠠᠵᠤ᠂ ᠲᠠᠰ ᠱᠠᠲᠤ | ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ | ᠲᠤᠬᠠᠶᠢᠯᠠᠭᠰᠠᠨ ᠠᠵᠢᠯ ᠠᠯᠤᠰᠯᠠᠭᠰᠠᠨ ᠳ᠋ᠠᠶᠢᠲ᠋ᠠ ᠶᠢ ᠡᠮᠬᠢ ᠵᠢᠷᠤᠮ ᠲᠠᠢ ᠭᠦᠢᠯᠬᠡᠬᠡᠯᠡᠬᠦ ᠪᠠ ᠬᠠᠮᠲᠤ ᠪᠠᠷ ᠭᠥᠷᠳᠡᠵᠦ | ᠬᠡᠷᠡᠭᠯᠡᠬᠦ ᠳᠤ ᠲᠤᠯᠭᠠᠭᠤᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ | 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ ᠡᠯ᠎ᠡ ᠠᠶᠢᠮᠠᠭ ᠬᠤᠲᠠ ᠶᠢᠨ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠪᠠᠨ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠬᠤ᠂ ᠮᠡᠳᠡᠭᠦᠯᠦᠨ | ᠬᠦᠷᠭᠡᠬᠦ ᠪᠠ ᠨᠡᠶᠢᠲᠡᠯᠡᠬᠦ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ ᠺᠣᠳ᠋ ᠤᠨ | ᠲᠦᠷᠢᠮ᠂ ᠳ᠋ᠠᠶᠢᠲ᠋ᠠ ᠶᠢᠨ ᠡᠬᠢ ᠪᠠᠶᠠᠯᠢᠭ ᠢ ᠨᠤᠮᠧᠷᠯᠠᠬᠤ ᠲᠦᠷᠢᠮ᠂ ᠡᠰᠢ ᠳ᠋ᠠᠶᠢᠲ᠋ᠠ ᠶᠢᠨ ᠵᠢᠷᠤᠮᠵᠢᠯ ᠵᠡᠷᠭᠡ | ᠱᠠᠭᠠᠷᠳᠠᠯᠭ᠎ᠠ ᠶᠢ ᠦᠨᠳᠦᠰᠦᠯᠡᠨ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ | ᠨᠠᠶᠢᠷᠠᠭᠤᠯᠤᠨ ᠵᠣᠬᠢᠶᠠᠬᠤ ᠶᠢ ᠬᠢᠨᠠᠨ ᠬᠠᠷᠭᠤᠭᠤᠯᠬᠤ ᠪᠠᠨ ᠴᠢᠩᠭᠠᠳᠬᠠᠬᠤ ᠬᠡᠷᠡᠭᠲᠡᠶ᠃ ︵ᠡᠯ᠎ᠡ ᠠᠶᠢᠮᠠᠭ ᠬᠤᠲᠠ ᠶᠢᠨ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 | ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠲᠣᠰ ᠠᠵᠢᠯ ᠲᠥᠷᠥᠯ ᠤᠨ ᠢᠶᠠᠨ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠭᠠᠷᠴᠠᠭ ᠢ ᠡᠮᠬᠢᠯᠡᠨ ᠲᠢᠭᠯᠡᠬᠦ᠂ ᠤᠷᠢᠳᠴᠢᠯᠠᠨ ᠨᠠᠶᠢᠷᠠᠭᠤᠯᠬᠤ ᠶᠢ ᠬᠠᠷᠢᠭᠤᠴᠠᠨ᠎ᠠ᠃ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ︽ᠭᠤᠷᠪᠠ ᠶᠢ ᠲᠣᠭᠲᠠᠭᠠᠬᠤ︾ ᠲᠥᠰᠦᠯ ᠤᠨ ᠶᠣᠰᠣᠭᠠᠷ ᠲᠤᠰ | ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠭᠤᠣᠯ ᠪᠣᠯᠬᠤ ᠲᠤᠬᠠᠶᠢᠯᠠᠭᠰᠠᠨ | ᠠᠵᠢᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠣᠶ | ᠪᠣᠯᠤᠭᠰᠠᠨ᠂ ᠴᠤᠭᠯᠠᠭᠤᠯᠤᠭᠰᠠᠨ ᠪᠠ ᠬᠠᠮᠢᠶᠠᠷᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠲᠥᠷᠥ ᠶᠢᠨ | ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠳ᠋ᠠᠶᠢᠲ᠋ᠠ ᠶᠢᠨ ᠭᠠᠷᠴᠠᠭ ᠤᠨ ᠠᠭᠤᠯᠭ᠎ᠠ᠂ ᠲᠥᠷᠥᠯ ᠠᠩᠬᠢᠯᠠᠵᠤ | ᠲᠠᠰ ᠬᠤᠪᠢᠶᠠᠬᠤ ᠵᠡᠷᠭᠡ ᠬᠠᠮᠢᠶ᠎ᠠ ᠪᠥᠬᠦᠶ ᠪᠠᠷᠢᠮᠵᠢᠶ᠎ᠠ ᠱᠠᠭᠠᠷᠳᠠᠯᠭ᠎ᠠ ᠶᠣᠰᠣᠭᠠᠷ ᠭᠦᠢᠴᠡᠳ ᠬᠡᠮᠵᠢᠶ᠎ᠡ ᠪᠠᠷ | ᠭᠠᠷᠴᠠᠭᠯᠠᠵᠤ᠂ ᠭᠠᠷᠴᠠᠭ ᠲᠠᠬᠢ ᠭᠤᠤᠯ ᠳ᠋ᠠᠶᠢᠲ᠋ᠠ᠂ ᠰᠡᠷᠭᠡᠭ ᠳ᠋ᠠᠶᠢᠲ᠋ᠠ ᠶᠢ ᠬᠠᠮᠲᠤ ᠪᠠᠷ ᠬᠦᠷᠲᠡᠬᠦ ᠲᠦᠷᠢᠮ ᠢ | ᠲᠣᠳᠣᠷᠬᠠᠢ ᠲᠣᠭᠲᠠᠭᠠᠵᠤ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠬᠢᠭᠡᠳ ᠲᠥᠷᠥ ᠶᠢᠨ | ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠳ᠋ᠠᠶᠢᠲ᠋ᠠ ᠶᠢᠨ ᠭᠠᠷᠴᠠᠭ ᠲᠤ ᠠᠭᠤᠯᠤᠭᠳᠠᠵᠤ ᠪᠠᠶᠢᠭ᠎ᠠ ᠮᠡᠳᠡᠭᠡ | ᠵᠠᠩᠭᠢ ᠶᠢ ᠦᠨᠳᠦᠰᠦᠨ ᠳᠤ ᠪᠠᠨ ᠨᠢᠭᠡᠳᠦᠯᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ︵ᠥᠪᠡᠷᠲᠡᠭᠡᠨ | ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ | ᠪᠡᠶᠡᠯᠡᠭᠦᠯᠦᠨ᠎ᠡ︶ | ︵ᠳᠥᠷᠪᠡ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠵᠢᠷᠤᠮᠵᠢᠭᠤᠯᠤᠨ ᠨᠠᠶᠢᠷᠠᠭᠤᠯᠤᠨ | ᠵᠣᠬᠢᠶᠠᠨ᠎ᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ | ᠠᠵᠢᠯ ᠢ ᠥᠷᠨᠢᠭᠦᠯᠵᠦ᠂ ᠤᠯᠤᠰ ᠠᠴᠠ ᠪᠠᠭᠤᠯᠭᠠᠭᠰᠠᠨ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠦᠨ᠂ | ᠳ᠋ᠠᠶᠢᠲ᠋ᠠ ᠶᠢᠨ ᠢᠷᠡᠯᠲᠡ ᠶᠢ ᠢᠯᠭᠠᠨ ᠳᠣᠲᠣᠯᠠᠬᠤ᠂ ᠳ᠋ᠠᠶᠢᠲ᠋ᠠ ᠶᠢ ᠲᠥᠷᠥᠯ ᠠᠩᠬᠢᠯᠠᠵᠤ ᠲᠠᠰ ᠬᠤᠪᠢᠶᠠᠬᠤ᠂ ︽ᠨᠢᠭᠡ | ᠳ᠋ᠠᠶᠢᠲ᠋ᠠ ᠨᠢᠭᠡ ᠢᠷᠡᠯᠲᠡ︾ ︽ᠭᠠᠷᠴᠠᠭ — ᠳ᠋ᠠᠶᠢᠲ᠋ᠠ︾ ᠶᠢ ᠬᠤᠯᠪᠣᠭᠳᠠᠭᠤᠯᠬᠤ᠂ ︽ᠳ᠋ᠠᠶᠢᠲ᠋ᠠ — ᠰᠢᠰᠲ᠋ᠧᠮ︾ | ᠢ ᠬᠤᠯᠪᠣᠭᠳᠠᠭᠤᠯᠬᠤ ᠵᠡᠷᠭᠡ ᠱᠠᠭᠠᠷᠳᠠᠯᠭ᠎ᠠ ᠶᠢᠨ ᠪᠣᠳᠠᠲᠠᠶ ᠬᠡᠷᠡᠭᠵᠢᠭᠦᠯᠬᠦ ᠠᠷᠭ᠎ᠠ ᠵᠠᠮ ᠢ ᠰᠦᠪᠡᠭᠴᠢᠯᠡᠨ᠎ᠡ᠃ | ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ | ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠲᠣᠮᠣ ᠳ᠋ᠠᠶᠢᠲ᠋ᠠ ᠶᠢᠨ ᠲᠥᠪ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 9 ᠳ᠋ᠤᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ | ᠭᠠᠷᠴᠠᠭ ᠢ ᠨᠠᠷᠢᠨ ᠬᠠᠭᠤᠳᠠᠰᠤ ᠪᠣᠯᠭᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠳ᠋ᠠᠶᠢᠲ᠋ᠠ ᠶᠢᠨ ᠡᠬᠢ ᠪᠠᠶᠠᠯᠢᠭ ᠪᠣᠢ | ᠪᠣᠯᠣᠭᠰᠠᠨ ᠤ ᠳᠠᠷᠠᠭ᠎ᠠ ᠳ᠋ᠠᠶᠢᠲ᠋ᠠ ᠶᠢᠨ ᠢᠷᠡᠯᠲᠡ ᠶᠢ ᠢᠯᠭᠠᠨ ᠳᠣᠲᠣᠯᠠᠬᠤ᠂ ᠳ᠋ᠠᠶᠢᠲ᠋ᠠ ᠶᠢ ᠲᠥᠷᠥᠯ ᠠᠩᠬᠢᠯᠠᠵᠤ ᠲᠠᠰ | ᠬᠤᠪᠢᠶᠠᠬᠤ ᠵᠢᠴᠢ ᠲᠣᠭᠲᠠᠭᠠᠯ ᠳᠤ ᠨᠡᠶᠢᠴᠡᠬᠦ ᠴᠢᠨᠠᠷ᠂ ᠠᠮᠤᠷ ᠲᠦᠪᠰᠢᠨ ᠴᠢᠨᠠᠷ᠂ ᠬᠡᠷᠡᠭᠯᠡᠵᠦ ᠪᠣᠯᠬᠤᠶᠢᠴᠠ | ᠴᠢᠨᠠᠷ ᠲᠤ ᠥᠪᠡᠰᠦᠪᠡᠨ ᠪᠠᠶᠢᠴᠠᠭᠠᠯᠲᠠ ᠬᠢᠵᠦ᠂ ᠳ᠋ᠠᠶᠢᠲ᠋ᠠ ᠶᠢᠨ ᠡᠬᠢ ᠪᠠᠶᠠᠯᠢᠭ ᠤᠨ ᠳᠠᠩᠰᠠᠯᠠᠯᠲᠠ ᠶᠢ ᠪᠡᠶᠡᠯᠡᠭᠦᠯᠵᠦ᠂ | ︽ᠭᠠᠷᠴᠠᠭ — ᠳ᠋ᠠᠶᠢᠲ᠋ᠠ︾ ︽ᠳ᠋ᠠᠶᠢᠲ᠋ᠠ — ᠰᠢᠰᠲ᠋ᠧᠮ︾ ᠤᠨ ᠬᠤᠯᠪᠤᠭᠳᠠᠬᠤ ᠬᠠᠷᠢᠴᠠᠭ᠎ᠠ ᠶᠢ ᠪᠠᠶᠢᠭᠤᠯᠤᠨ᠂ | ᠳ᠋ᠠᠶᠢᠲ᠋ᠠ ᠶᠢᠨ ᠢᠷᠡᠯᠲᠡ ᠶᠢ ᠲᠣᠳᠣᠷᠬᠠᠢ ᠲᠣᠨᠨᠳᠠᠭᠠᠵᠦ᠂ ᠳ᠋ᠠᠶᠢᠲ᠋ᠠ ᠶᠢ ᠳᠠᠬᠢᠨ ᠳᠠᠪᠲᠠᠨ ᠴᠤᠭᠯᠠᠭᠤᠯᠬᠤ ᠠᠴᠠ | ᠵᠠᠶᠢᠯᠠᠰᠬᠢᠵᠦ᠂ ᠳ᠋ᠠᠶᠢᠲ᠋ᠠ ᠶᠢᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠳᠤ ᠲᠥᠬᠦᠮ ᠦᠵᠡᠭᠦᠯᠦᠨ᠂ ︽ᠨᠢᠭᠡ | ᠳ᠋ᠠᠶᠢᠲ᠋ᠠ ᠳᠤ ᠨᠢᠭᠡ ᠢᠷᠡᠯᠲᠡ ᠲᠠᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠤᠭᠠᠳ ᠬᠢᠷᠢ | ᠲᠡᠩᠴᠡᠭᠰᠡᠨ ᠥᠬᠡᠶ ᠭᠠᠷᠴᠠᠭ ᠢ ᠪᠤᠴᠠᠭᠠᠨ ᠵᠠᠯᠠᠷᠠᠭᠤᠯᠤᠭᠤᠯᠵᠤ᠂ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ | ᠦᠨᠡᠨ ᠬᠦ ᠵᠢᠷᠤᠮᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ︵ᠲᠠᠪᠤ︶ ᠭᠠᠷᠴᠠᠭ ᠢ ᠵᠡᠷᠭᠡ ᠪᠠᠷ ᠰᠢᠨᠡᠳᠬᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠭᠠᠷᠴᠠᠭ ᠢ ᠵᠡᠷᠭᠡ ᠪᠠᠷ | ᠰᠢᠨᠡᠳᠬᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ | ᠮᠥᠴᠢᠷ ᠨᠢ ᠳ᠋ᠠᠶᠢᠲ᠋ᠠ ᠶᠢᠨ ᠭᠠᠷᠴᠠᠭ ᠲᠤ ᠲᠣᠬᠢᠷᠠᠭᠤᠯᠤᠯᠲᠠ ᠬᠢᠬᠦ ᠳᠤ ᠪᠠᠨ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠴᠠᠭ ᠲᠤᠬᠠᠶ ᠳᠤ ᠨᠢ ᠵᠡᠷᠭᠡ ᠪᠠᠷ ᠰᠢᠨᠡᠳᠬᠡᠬᠦ ᠬᠡᠷᠡᠭᠲᠡᠶ | ᠃ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ ᠭᠠᠷᠪᠠᠯ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠲᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ︔ | ᠨᠢᠭᠡᠨᠲᠡ ᠳᠠᠩᠰᠠᠯᠠᠭᠤᠯᠤᠭᠰᠠᠨ ᠳ᠋ᠠᠶᠢᠲ᠋ᠠ ᠶᠢᠨ ᠡᠬᠢ ᠪᠠᠶᠠᠯᠢᠭ ᠢ ᠴᠠᠭ ᠲᠤᠬᠠᠶ ᠳᠤ ᠨᠢ ᠰᠢᠨᠡᠳᠬᠡᠬᠦ ᠶᠢᠨ ᠬᠠᠮᠲᠤ᠂ | ︽ᠳ᠋ᠠᠶᠢᠲ᠋ᠠ — ᠰᠢᠰᠲ᠋ᠧᠮ︾ ᠤᠨ ᠬᠤᠯᠪᠣᠭᠳᠠᠬᠤ ᠬᠠᠷᠢᠴᠠᠭ᠎ᠠ ᠶᠢ ᠵᠡᠷᠭᠡ ᠪᠠᠷ ᠰᠢᠨᠡᠳᠬᠡᠬᠦ ᠬᠡᠷᠡᠭᠲᠡᠶ᠃ ᠵᠠᠷᠴᠢᠮ | ᠳᠡᠭᠡᠷ᠎ᠡ ᠪᠠᠨ᠂ ᠭᠠᠷᠴᠠᠭ ᠲᠤ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ | ᠰᠢᠨ᠎ᠡ ᠪᠠᠷ ᠨᠡᠮᠡᠭᠳᠡᠭᠰᠡᠨ ᠪᠠᠶᠢᠪᠠᠯ᠂ 20 ᠠᠵᠢᠯᠯᠠᠬᠤ ᠡᠳᠦᠷ ᠤᠨ ᠳᠣᠲᠣᠷ᠎ᠠ ᠳᠡᠩᠰᠡᠯᠡᠵᠦ ᠳᠠᠭᠤᠰᠬᠠᠬᠤ ᠬᠡᠷᠡᠭᠲᠡᠶ︔ | ᠭᠠᠷᠴᠠᠭ ᠤᠨ ᠮᠡᠳᠡᠭᠡ ᠵᠠᠩᠭᠢ ᠳᠤ ᠬᠤᠪᠢᠷᠠᠯᠲᠠ ᠭᠠᠷᠪᠠᠯ᠂ 20 ᠠᠵᠢᠯᠯᠠᠬᠤ ᠡᠳᠦᠷ ᠤᠨ ᠳᠣᠲᠣᠷ᠎ᠠ ᠰᠢᠨᠡᠳᠬᠡᠵᠦ | ᠳᠠᠭᠤᠰᠬᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ | ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ | ᠭᠤᠷᠪᠠ᠂ ᠳ᠋ᠠᠶᠢᠲ᠋ᠠ ᠶᠢᠨ ᠡᠬᠢ ᠪᠠᠶᠠᠯᠢᠭ ᠤᠨ ᠨᠢᠭᠡ ᠴᠣᠭᠴᠠᠵᠢᠭᠤᠯᠤᠯᠲᠠ ᠶᠢ ᠴᠢᠩᠭᠠᠷᠠᠭᠤᠯᠤᠨ᠎ᠠ | ︵ᠵᠢᠷᠭᠤᠭ᠎ᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠤᠭᠯᠠᠭᠤᠯᠤᠨ ᠨᠡᠶᠢᠯᠡᠭᠦᠯᠬᠦ ᠶᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢᠶᠠᠷ ᠰᠠᠭᠤᠷᠢ ᠪᠣᠯᠭᠠᠵᠤ᠂ ᠳ᠋ᠠᠶᠢᠲ᠋ᠠ ᠶᠢᠨ ᠡᠬᠢ ᠪᠠᠶᠠᠯᠢᠭ ᠢ ︽ | ᠬᠡᠷᠡᠭᠴᠡᠭᠡ ᠪᠠᠨ ᠦᠨᠳᠦᠰᠦᠯᠡᠵᠦ ᠴᠤᠭᠯᠠᠭᠤᠯᠤᠨ ᠨᠡᠶᠢᠯᠡᠭᠦᠯᠵᠦ᠂ ᠴᠤᠭᠯᠠᠭᠤᠯᠬᠤ ᠵᠣᠬᠢᠰᠲᠠᠢ ᠶᠢ ᠨᠢ ᠪᠦᠬᠦᠨ ᠢ | ᠴᠤᠭᠯᠠᠭᠤᠯᠬᠤ︾ ᠶᠢ ᠠᠬᠢᠭᠤᠯᠤᠨ᠂ ᠯᠣᠬᠢᠭᠲᠤ ᠵᠠᠯᠭᠠᠨ ᠣᠷᠣᠭᠤᠯᠬᠤ ᠠᠷᠭ᠎ᠠ ᠮᠠᠶ᠋ᠢᠭ ᠪᠠ ᠹᠢᠽᠢᠺ ᠴᠤᠭᠯᠠᠷᠠᠯ ᠤᠨ | ᠠᠷᠭ᠎ᠠ ᠮᠠᠶ᠋ᠢᠭ ᠢᠶᠠᠷ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ | ᠨᠡᠶᠢᠯᠡᠭᠦᠯᠬᠦ ᠶᠢᠨ ᠬᠠᠮᠲᠤ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠯᠣᠭᠢᠭ ᠳᠡᠭᠡᠷ᠎ᠡ ᠪᠠᠨ ᠡᠯ᠎ᠡ ᠠᠶᠢᠮᠠᠭ ᠬᠤᠲᠠ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠳ᠋ᠠᠶᠢᠲ᠋ᠠ ᠶᠢᠨ ᠡᠬᠢ | ᠪᠠᠶᠠᠯᠢᠭ ᠤᠨ ᠬᠥᠮᠥᠷᠭᠡ ᠶᠢ ᠪᠥᠬᠦ ᠬᠡᠮᠵᠢᠶ᠎ᠡ ᠪᠠᠷ ᠵᠠᠯᠭᠠᠨ ᠣᠷᠣᠭᠤᠯᠤᠨ᠎ᠠ︔ ᠹᠢᠽᠢᠺ ᠤᠨ ᠲᠠᠯ᠎ᠠ ᠪᠠᠷ ᠬᠡᠷᠡᠭᠴᠡᠭᠡ ᠪᠠᠨ | ᠦᠨᠳᠦᠰᠦᠯᠡᠵᠦ ᠬᠥᠮᠦᠨ ᠠᠮᠠ᠂ ᠬᠠᠤᠯᠢ ᠶᠢᠨ ᠡᠷᠬᠡᠲᠡᠨ᠂ ᠢᠲᠡᠭᠡᠮᠵᠢ ᠶᠢᠨ ᠮᠡᠳᠡᠭᠡ ᠵᠠᠩᠭᠢ᠂ ᠡᠯᠧᠺᠲᠷᠣᠨ ᠭᠡᠷᠡᠴᠢ | ᠦᠨᠡᠮᠯᠡᠯ ᠵᠡᠷᠭᠡ ᠰᠠᠭᠤᠷᠢ ᠬᠥᠮᠥᠷᠭᠡ ᠶᠢ ᠴᠤᠭᠯᠠᠭᠤᠯᠤᠨ᠎ᠠ᠃ ᠬᠡᠷᠡᠭᠴᠡᠭᠡ ᠪᠠᠨ ᠦᠨᠳᠦᠰᠦᠯᠡᠵᠦ ᠨᠠᠮ ᠤᠨ ᠬᠤᠷᠢᠶ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ | ᠪᠠᠶᠢᠭᠤᠯᠤᠮᠵᠢ ᠶᠢᠨ ᠳ᠋ᠠᠶᠢᠲ᠋ᠠ ᠵᠢᠴᠢ ᠣᠯᠠᠨ ᠨᠡᠶᠢᠲᠡ ᠶᠢᠨ ᠳ᠋ᠠᠶᠢᠲ᠋ᠠ ᠪᠠ ᠨᠡᠶᠢᠭᠡᠮ ᠤᠨ ᠳ᠋ᠠᠶᠢᠲ᠋ᠠ ᠶᠢ ᠵᠠᠯᠭᠠᠨ | ᠣᠷᠣᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ | ᠠᠬᠢᠭᠤᠯᠤᠨ᠎ᠠ︶ ᠥᠪᠡᠷᠲᠡᠭᠡᠨ ᠵᠠᠰᠠᠬᠤ ᠣᠷᠣᠨ ᠤ ᠡᠭᠴᠡ ᠪᠠᠶᠢᠭᠤᠯᠤᠭᠰᠠᠨ ᠰᠢᠰᠲ᠋ᠧᠮ ᠤᠨ ᠳ᠋ᠠᠶᠢᠲ᠋ᠠ ᠶᠢ ᠦᠨᠳᠦᠰᠦᠨ | ᠱᠠᠲᠤᠨ ᠳᠤ ᠪᠠᠭᠤᠯᠭᠠᠵᠤ ᠪᠤᠴᠠᠭᠠᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠦᠯᠢᠶᠡᠨ ᠠᠪᠴᠤ ᠰᠢᠢᠳᠪᠦᠷᠢᠯᠡᠬᠦ ᠲᠠᠪᠴᠠᠩ᠂ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ᠂ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠲᠤᠬᠠᠶᠢᠯᠠᠭᠰᠠᠨ | ᠠᠵᠢᠯ ᠤᠨ ᠶᠡᠷᠦᠩᠬᠡᠶᠢᠯᠡᠭᠰᠡᠨ ᠭᠦᠢᠴᠡᠳᠬᠡᠬᠦ ᠲᠠᠪᠴᠠᠩ ᠵᠡᠷᠭᠡ ᠣᠷᠣᠨ ᠤ ᠡᠭᠴᠡ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮ ᠨᠢ ᠬᠡᠷᠡᠭᠴᠡᠭᠡ ᠪᠠᠨ ᠦᠨᠳᠦᠰᠦᠯᠡᠵᠦ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠪᠠᠷ | ᠭᠥᠷᠳᠡᠵᠦ᠂ ᠬᠤᠤᠰ ᠴᠢᠭᠯᠡᠯ ᠤᠨ ᠳ᠋ᠠᠶᠢᠲ᠋ᠠ ᠶᠢᠨ ᠵᠠᠯᠭᠠᠭᠠᠰᠤ ᠶᠢ ᠣᠨᠣᠴᠠᠲᠠᠶ ᠪᠠᠷ ᠨᠡᠶᠢᠲᠡᠯᠡᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠪᠥᠬᠦ ᠴᠤᠪᠤᠷᠠᠯ ᠤᠨ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠳᠤ ᠲᠤᠯᠭᠠᠭᠤᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠳᠣᠯᠤᠭ᠎ᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠵᠠᠰᠠᠯᠲᠠ ᠶᠢ ᠴᠢᠩᠭᠠᠳᠬᠠᠨ᠎ᠠ᠃ ᠳ᠋ᠠᠶᠢᠲ᠋ᠠ ᠶᠢ | ᠴᠤᠭᠯᠠᠭᠤᠯᠤᠨ ᠨᠡᠶᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠬᠥᠷᠲᠡᠬᠦ᠂ ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ | ᠠᠮᠤᠷ ᠲᠦᠪᠰᠢᠨ ᠪᠠᠶᠢᠯᠭᠠᠬᠤ᠂ ᠬᠠᠳᠠᠭᠠᠯᠠᠬᠤ᠂ ᠳᠠᠩᠰᠠᠨ ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠶᠢ | ᠬᠠᠮᠤᠷᠤᠭᠰᠠᠨ ᠳ᠋ᠠᠶᠢᠲ᠋ᠠ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠳ᠋ᠠᠶᠢᠲ᠋ᠠ ᠶᠢᠨ ᠵᠠᠰᠠᠯᠲᠠ ᠶᠢᠨ ᠲᠦᠷᠢᠮ ᠢ | ᠲᠤᠳᠤᠷᠬᠠᠢ ᠲᠣᠭᠲᠠᠭᠠᠨ᠂ ᠴᠤᠭᠯᠠᠭᠤᠯᠤᠨ ᠨᠡᠶᠢᠯᠡᠭᠦᠯᠦᠭᠰᠡᠨ ᠳ᠋ᠠᠶᠢᠲ᠋ᠠ ᠳᠤ ᠪᠥᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠵᠢᠷᠤᠮᠵᠢᠭᠰᠠᠨ ᠵᠠᠰᠠᠯᠲᠠ ᠬᠢᠨ᠎ᠠ᠃ ︽ᠬᠡᠨ ᠬᠠᠮᠢᠶᠠᠷᠪᠠᠯ ᠲᠡᠷᠡ ᠬᠠᠷᠢᠭᠤᠴᠠᠬᠤ᠂ ᠬᠡᠨ ᠬᠠᠩᠭᠠᠪᠠᠯ | ᠲᠡᠷᠡ ᠬᠠᠷᠢᠭᠤᠴᠠᠬᠤ᠂ ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠳ᠋ᠠᠶᠢᠲ᠋ᠠ ᠶᠢᠨ ᠶᠠᠰᠤ | ᠴᠢᠨᠠᠷ ᠢ ᠬᠠᠷᠢᠭᠤ ᠲᠤᠰᠬᠠᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠲᠣᠭᠲᠠᠴᠠ ᠪᠠ ᠤᠷᠮᠠᠰᠢᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠳ᠋ᠠᠶᠢᠲ᠋ᠠ ᠶᠢᠨ ᠶᠠᠰᠤ ᠴᠢᠨᠠᠷ ᠲᠤ ᠠᠵᠢᠯ ᠶᠠᠪᠤᠳᠠᠯ ᠤᠨ ᠡᠮᠦᠨ᠎ᠡ᠂ | ᠠᠵᠢᠯ ᠶᠠᠪᠤᠳᠠᠯ ᠤᠨ ᠳᠤᠮᠳᠠ ᠪᠠ ᠠᠵᠢᠯ ᠶᠠᠪᠤᠳᠠᠯ ᠤᠨ ᠳᠠᠷᠠᠭ᠎ᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ | ᠂ ᠠᠰᠠᠭᠤᠳᠠᠯ ᠲᠠᠢ ᠳ᠋ᠠᠶᠢᠲ᠋ᠠ ᠶᠢ ᠬᠠᠷᠢᠭᠤ ᠲᠤᠰᠬᠠᠵᠤ ᠪᠣᠯᠬᠤ᠂ ᠬᠠᠮᠲᠤ ᠪᠠᠷ ᠭᠥᠷᠳᠡᠬᠦ ᠶᠠᠪᠤᠴᠠ ᠶᠢ ᠮᠦᠷᠳᠡᠨ | ᠤᠬᠤᠴᠢᠯᠠᠵᠤ ᠪᠣᠯᠬᠤ᠂ ᠳ᠋ᠠᠶᠢᠲ᠋ᠠ ᠶᠢᠨ ᠶᠠᠰᠤ ᠴᠢᠨᠠᠷ ᠤᠨ ᠠᠰᠠᠭᠤᠳᠠᠯ ᠤᠨ ᠬᠠᠷᠢᠭᠤᠴᠠᠯᠭ᠎ᠠ ᠶᠢ ᠲᠣᠭᠲᠠᠭᠠᠵᠤ | ᠪᠣᠯᠬᠤ ᠶᠢ ᠪᠡᠶᠡᠯᠡᠭᠦᠯᠵᠦ᠂ ᠳ᠋ᠠᠶᠢᠲ᠋ᠠ ᠶᠢ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ | ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ | ᠳ᠋ᠠᠶᠢᠲ᠋ᠠ ᠶᠢᠨ ᠲᠤᠬᠠᠶᠢᠯᠠᠭᠰᠠᠨ ᠠᠵᠢᠯ ᠤᠨ ᠬᠠᠷᠢᠶᠠᠯᠠᠯ᠂ ᠢᠷᠡᠯᠲᠡ ᠶᠢᠨ ᠬᠠᠷᠢᠶᠠᠯᠠᠯ᠂ ᠬᠠᠮᠲᠤ ᠪᠠᠷ ᠭᠥᠷᠳᠡᠬᠦ ᠶᠢᠨ | ᠬᠠᠷᠢᠶᠠᠯᠠᠯ᠂ ᠨᠡᠭᠡᠭᠡᠯᠲᠡ ᠶᠢᠨ ᠬᠠᠷᠢᠶᠠᠯᠠᠯ ᠵᠡᠷᠭᠡ ᠶᠢ ᠵᠢᠷᠤᠮᠵᠢᠭᠤᠯᠤᠨ᠎ᠠ᠃ ᠣᠯᠠᠨ ᠡᠬᠢᠲᠦ ᠬᠠᠷᠢᠴᠠᠭᠤᠯᠤᠯ᠂ ᠭᠠᠷᠤᠯ | ᠬᠤᠯᠪᠣᠭ᠎ᠠ ᠶᠢᠨ ᠵᠠᠳᠠᠯᠤᠯᠲᠠ᠂ ᠵᠣᠬᠢᠶᠠᠮᠠᠯ ᠣᠶᠤᠨ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠳ᠋ᠠᠶᠢᠲ᠋ᠠ ᠶᠢᠨ | ᠶᠠᠰᠤ ᠴᠢᠨᠠᠷ ᠲᠤ ᠣᠯᠠᠨ ᠡᠬᠢ ᠪᠠᠷ ᠬᠠᠷᠭᠤᠭᠤᠯᠤᠨ ᠬᠢᠨᠠᠬᠤ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ | ᠬᠢᠬᠦ ᠠᠵᠢᠯ ᠢ ᠥᠷᠨᠢᠭᠦᠯᠵᠦ᠂ ᠬᠦᠴᠦᠨ ᠥᠬᠡᠶ ᠳ᠋ᠠᠶᠢᠲ᠋ᠠ᠂ ᠪᠤᠷᠤᠭᠤ ᠳ᠋ᠠᠶᠢᠲ᠋ᠠ ᠶᠢ ᠪᠠᠭᠠᠰᠬᠠᠨ᠂ ᠳᠠᠬᠢᠨ ᠳᠠᠪᠲᠠᠨ | ᠴᠤᠭᠯᠠᠭᠤᠯᠤᠭᠰᠠᠨ ᠳ᠋ᠠᠶᠢᠲ᠋ᠠ ᠶᠢ ᠢᠯᠭᠠᠨ ᠲᠠᠨᠢᠵᠤ᠂ ᠡᠷᠬᠡ ᠰᠦᠷᠲᠦ ᠳ᠋ᠠᠶᠢᠲ᠋ᠠ ᠶᠢᠨ ᠢᠷᠡᠯᠲᠡ ᠶᠢ ᠲᠣᠳᠣᠷᠬᠠᠢᠢᠯᠠᠨ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠨᠢᠭᠡᠳᠦᠯᠲᠦ ᠴᠢᠨᠠᠷ ᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠪᠠᠷᠢᠮᠵᠢᠶ᠎ᠠ ᠵᠢᠷᠤᠮᠵᠢᠯ ᠶᠣᠰᠣᠭᠠᠷ᠂ ᠳ᠋ᠠᠶᠢᠲ᠋ᠠ ᠶᠢᠨ ᠵᠠᠰᠠᠯᠲᠠ ᠶᠢᠨ | ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠳ᠋ᠠᠶᠢᠲ᠋ᠠ ᠬᠠᠩᠭᠠᠬᠤ ᠰᠠᠯᠠᠭ᠎ᠠ ᠮᠥᠴᠢᠷ ᠨᠢ ᠬᠠᠤᠯᠢ ᠴᠠᠭᠠᠵᠠ | ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠶᠣᠰᠣᠭᠠᠷ᠂ ᠳ᠋ᠠᠶᠢᠲ᠋ᠠ ᠶᠢ ᠴᠤᠭᠯᠠᠭᠤᠯᠤᠨ | ᠨᠡᠶᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠭᠥᠷᠳᠡᠬᠦ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ | ᠭᠦᠢᠴᠡᠳᠬᠡᠵᠦ᠂ ᠳ᠋ᠠᠶᠢᠲ᠋ᠠ ᠶᠢᠨ ᠦᠨᠡᠨ ᠪᠣᠳᠠᠲᠠᠶ᠂ ᠬᠡᠷᠡᠭᠯᠡᠵᠦ ᠪᠣᠯᠬᠤ᠂ ᠪᠦᠲᠦᠮᠵᠢᠲᠡᠶ ᠬᠠᠮᠲᠤ ᠪᠠᠷ ᠭᠥᠷᠳᠡᠬᠦ ᠶᠢ | ᠦᠨᠡᠨ ᠬᠦ ᠪᠠᠲᠤᠯᠠᠬᠤ ᠬᠡᠷᠡᠭᠲᠡᠶ︔ ᠳ᠋ᠠᠶᠢᠲ᠋ᠠ ᠬᠡᠷᠡᠭᠯᠡᠬᠦ ᠰᠠᠯᠠᠭ᠎ᠠ ᠮᠥᠴᠢᠷ ᠨᠢ ᠳ᠋ᠠᠶᠢᠲ᠋ᠠ ᠶᠢ ᠲᠣᠭᠲᠠᠭᠠᠯ ᠳᠤ | ᠨᠡᠶᠢᠴᠡᠭᠦᠯᠦᠨ ᠵᠥᠪ ᠣᠨᠣᠪᠴᠢᠲᠠᠶ ᠪᠠᠷ ᠬᠡᠷᠡᠭᠯᠡᠵᠦ᠂ ᠳ᠋ᠠᠶᠢᠲ᠋ᠠ ᠶᠢ ᠪᠦᠲᠦᠮᠵᠢᠲᠡᠶ ᠠᠰᠢᠬᠯᠠᠬᠤ᠂ ᠠᠮᠤᠷ | ᠲᠦᠪᠰᠢᠨ ᠢᠶᠠᠷ ᠬᠠᠳᠠᠭᠠᠯᠠᠬᠤ᠂ ᠪᠥᠬᠦ ᠲᠠᠯ᠎ᠠ ᠪᠠᠷ ᠳᠠᠩᠰᠠᠨ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ | ᠳ᠋ᠠᠶᠢᠲ᠋ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳ᠋ᠠᠶᠢᠲ᠋ᠠ ᠬᠠᠩᠭᠠᠬᠤ᠂ ᠬᠡᠷᠡᠭᠯᠡᠬᠦ ᠰᠠᠯᠠᠭ᠎ᠠ ᠮᠥᠴᠢᠷ ᠲᠠᠢ | ᠬᠠᠮᠳᠤᠷᠠᠯᠴᠠᠨ᠂ ᠳ᠋ᠠᠶᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠬᠠᠮᠵᠢᠯᠴᠠᠨ | ᠠᠵᠢᠯᠯᠠᠬᠤ ᠲᠣᠭᠲᠠᠴᠠ ᠶᠢ ᠪᠠᠶᠢᠭᠤᠯᠤᠨ᠂ ᠳ᠋ᠠᠶᠢᠲ᠋ᠠ ᠶᠢᠨ ᠵᠠᠰᠠᠯᠲᠠ ᠶᠢᠨ ᠲᠤᠬᠠᠶᠢᠯᠠᠭᠰᠠᠨ ᠠᠵᠢᠯ ᠤᠨ ᠴᠤᠪᠤᠷᠠᠯ ᠢ | ᠨᠠᠷᠢᠯᠢᠬᠵᠢᠭᠤᠯᠵᠤ᠂ ᠳ᠋ᠠᠶᠢᠲ᠋ᠠ ᠶᠢ ᠬᠠᠮᠲᠤ ᠪᠠᠷ ᠭᠥᠷᠳᠡᠵᠦ ᠬᠡᠷᠡᠭᠯᠡᠬᠦ ᠶᠠᠪᠤᠴᠠ ᠳᠤ ᠳ᠋ᠠᠶᠢᠲ᠋ᠠ ᠶᠢᠨ ᠶᠠᠰᠤ ᠴᠢᠨᠠᠷ ᠢ | ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠨᠠᠢᠮᠠ︶ ᠳ᠋ᠠᠶᠢᠲ᠋ᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠥᠮᠦᠨ | ᠠᠮᠠ᠂ ᠪᠠᠶᠢᠭᠠᠯᠢ ᠶᠢᠨ ᠡᠬᠢ ᠪᠠᠶᠠᠯᠢᠭ᠂ ᠠᠵᠤ ᠠᠬᠤᠶ ᠵᠡᠷᠭᠡ ᠶᠢᠨ ᠰᠠᠭᠤᠷᠢ ᠬᠥᠮᠥᠷᠭᠡ ᠶᠢ ᠦᠷᠭᠦᠯᠵᠢᠯᠡᠨ | ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ᠂ ᠢᠲᠡᠭᠡᠮᠵᠢ ᠶᠢᠨ ᠲᠣᠭᠲᠠᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ | ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠭᠤᠤᠯ ᠰᠡᠳᠦᠪᠲᠦ ᠬᠥᠮᠥᠷᠭᠡ ᠶᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠲᠣᠮᠣ ᠳ᠋ᠠᠶᠢᠲ᠋ᠠ ᠶᠢᠨ ᠲᠣᠭᠲᠠᠯᠴᠠᠭᠠᠨ ᠤ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠲᠣᠮᠣ ᠳ᠋ᠠᠶᠢᠲ᠋ᠠ ᠶᠢᠨ ᠲᠥᠪ ᠠᠴᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠡᠯᠧᠺᠲᠷᠣᠨ ᠭᠡᠷᠡᠴᠢ ᠦᠨᠡᠮᠯᠡᠯ ᠤᠨ ᠬᠥᠮᠥᠷᠭᠡ᠂ ᠬᠠᠤᠯᠢ ᠶᠢᠨ ᠡᠷᠬᠡᠲᠡᠨ ᠤ ᠬᠠᠮᠲᠤ ᠪᠠᠷ ᠭᠥᠷᠳᠡᠬᠦ ᠮᠡᠳᠡᠭᠡ | ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠤᠯ ᠰᠡᠳᠦᠪᠲᠦ | ᠬᠥᠮᠥᠷᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠬᠡᠷᠡᠭᠴᠡᠭᠡ ᠪᠠᠨ ᠦᠨᠳᠦᠰᠦᠯᠡᠵᠦ | ᠰᠠᠭᠤᠷᠢ ᠳ᠋ᠠᠶᠢᠲ᠋ᠠ ᠪᠠ ᠭᠤᠤᠯ ᠰᠡᠳᠦᠪᠲᠦ ᠳ᠋ᠠᠶᠢᠲ᠋ᠠ ᠶᠢ ᠴᠤᠭᠯᠠᠭᠤᠯᠤᠨ᠂ ᠪᠥᠬᠦ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠡᠷᠡᠭᠯᠡᠭᠴᠢᠳ ᠢ ᠬᠠᠮᠤᠷᠤᠭᠰᠠᠨ ︽ᠨᠢᠭᠡ ᠬᠥᠮᠦᠨ ᠳᠤ ᠨᠢᠭᠡ ᠲᠠᠩᠰᠠ︾ ︽ᠨᠢᠭᠡ ᠠᠵᠤ | ᠠᠬᠤᠶᠢᠯᠠᠯ ᠳᠤ ᠨᠢᠭᠡ ᠲᠠᠩᠰᠠ ︾ ᠶᠢᠨ ᠭᠤᠤᠯ ᠰᠡᠳᠦᠪᠲᠦ ᠳ᠋ᠠᠶᠢᠲ᠋ᠠ ᠶᠢᠨ ᠬᠥᠮᠥᠷᠭᠡ ᠶᠢ ᠪᠦᠷᠢᠯᠳᠦᠭᠦᠯᠵᠦ᠂ ᠪᠥᠬᠦ | ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ | ᠨᠢᠭᠡᠳᠦᠯᠲᠡᠶ ᠣᠷᠣᠭᠤᠯᠤᠨ᠂ ᠠᠵᠤ ᠠᠬᠤᠶᠢᠯᠠᠯ ᠪᠠ ᠬᠤᠪᠢ ᠬᠥᠮᠦᠨ ᠳᠤ ᠲᠤᠰᠬᠠᠶ ᠬᠠᠷᠢᠶᠠᠯᠠᠭᠳᠠᠬᠤ ᠣᠷᠣᠨ | ᠵᠠᠶ ᠶᠢᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠳᠤ ᠲᠤᠯᠭᠠᠭᠤᠷᠢᠯᠠᠨ᠎ᠠ᠃ ︵ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠵᠤ᠂ 2023 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ᠳᠥᠷᠪᠡ᠂ ᠬᠠᠮᠲᠤ ᠪᠠᠷ ᠬᠦᠷᠲᠡᠵᠦ ᠰᠤᠯᠢᠯᠴᠠᠬᠤ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠶᠢᠰᠦ︶ ᠨᠢᠭᠡᠳᠦᠯᠲᠡᠶ ᠬᠠᠮᠲᠤ ᠪᠠᠷ ᠬᠦᠷᠲᠡᠵᠦ ᠰᠤᠯᠢᠯᠴᠠᠬᠤ ᠲᠣᠭᠲᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠪᠠ ᠤᠯᠤᠰ ᠤᠨ ᠳ᠋ᠠᠶᠢᠲ᠋ᠠ ᠶᠢ ᠬᠠᠮᠲᠤ ᠪᠠᠷ ᠬᠥᠷᠲᠡᠬᠦ ᠰᠣᠯᠢᠯᠴᠠᠭᠠᠨ ᠤ ᠲᠠᠪᠴᠠᠩ ᠳᠤ | ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ | ᠳ᠋ᠠᠶᠢᠲ᠋ᠠ ᠶᠢ ᠬᠠᠮᠲᠤ ᠪᠠᠷ ᠬᠦᠷᠲᠡᠵᠦ ᠲᠤᠯᠭᠠᠭᠤᠷᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠠᠮᠲᠤ ᠪᠠᠷ ᠭᠥᠷᠳᠡᠬᠦ | ᠭᠤᠶᠤᠴᠢᠯᠠᠯ ᠢ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠦᠢᠯᠡᠴᠢᠯᠡᠭᠡ ᠬᠠᠩᠭᠠᠨ᠂ | ᠥᠪᠡᠷᠲᠡᠭᠡᠨ ᠵᠠᠰᠠᠬᠤ ᠣᠷᠣᠨ — ᠠᠶᠢᠮᠠᠭ ᠬᠤᠲᠠ — ᠬᠤᠰᠢᠭᠤ ᠰᠢᠶᠠᠨ ︵ᠬᠤᠲᠠ᠂ ᠲᠣᠭᠤᠷᠢᠭ︶ ᠵᠡᠷᠭᠡ | ᠳᠡᠰ ᠱᠠᠲᠤ ᠶᠢ ᠬᠠᠮᠤᠷᠤᠭᠰᠠᠨ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠬᠠᠮᠲᠤ ᠪᠠᠷ ᠬᠦᠷᠲᠡᠵᠦ ᠰᠤᠯᠢᠯᠴᠠᠬᠤ ᠲᠣᠭᠲᠠᠯᠴᠠᠭ᠎ᠠ ᠶᠢ ᠪᠣᠶ ᠪᠣᠯᠭᠠᠵᠤ᠂ ᠬᠡᠷᠡᠭᠴᠡᠭᠡ ᠪᠠᠨ ᠦᠨᠳᠦᠰᠦᠯᠡᠵᠦ ᠰᠢᠶᠠᠩ | ᠪᠠᠯᠭᠠᠰᠤ ᠰᠤᠮᠤ ᠲᠡᠶᠢᠰᠢ ᠤᠷᠲᠤᠳᠬᠠᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ | ᠳ᠋ᠠᠶᠢᠲ᠋ᠠ ᠶᠢ ᠬᠠᠮᠲᠤ ᠪᠠᠷ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠨᠢ ᠥᠨᠳᠥᠷ ᠦᠷ᠎ᠡ ᠪᠦᠲᠦᠮᠵᠢᠲᠡᠶ ᠪᠠᠷ ᠬᠠᠩᠭᠠᠨ᠎ᠠ᠃ | ︵ᠥ ᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠲᠠᠪᠴᠠᠩ ᠢ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠲᠣᠭᠲᠠᠯᠴᠠᠭ᠎ᠠ ᠳᠤ ᠨᠢᠭᠡᠳᠦᠯᠲᠡᠶ ᠣᠷᠣᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠰᠠᠯᠠᠭ᠎ᠠ ᠮᠥᠴᠢᠷ ᠤᠨ ᠬᠤᠭᠤᠷᠣᠨᠳᠣ᠂ ᠭᠠᠵᠠᠷ ᠣᠷᠣᠨ ᠤ ᠬᠤᠭᠤᠷᠣᠨᠳᠣ ᠳ᠋ᠠᠶᠢᠲ᠋ᠠ ᠶᠢ ᠭᠦᠢᠯᠬᠡᠬᠡᠯᠡᠬᠦ ᠪᠠ ᠬᠠᠮᠲᠤ ᠪᠠᠷ | ᠭᠥᠷᠳᠡᠬᠦ ᠳᠤ ᠲᠤᠯᠭᠠᠭᠤᠷᠢᠯᠠᠵᠤ᠂ ᠬᠡᠷᠡᠭᠯᠡᠭᠡ ᠪᠠᠷ ᠬᠥᠲᠥᠯᠦᠮᠵᠢ ᠪᠣᠯᠭᠠᠨ᠂ ᠳ᠋ᠠᠶᠢᠲ᠋ᠠ ᠶᠢ ᠬᠠᠮᠲᠤ ᠪᠠᠷ ᠭᠥᠷᠳᠡᠬᠦ | ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠡᠯ᠎ᠡ ᠠᠶᠢᠮᠠᠭ ᠬᠤᠲᠠ ᠶᠢᠨ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ ᠤ | ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳ᠋ᠠᠶᠢᠲ᠋ᠠ ᠶᠢ ᠴᠠᠭ | ᠲᠤᠬᠠᠶ ᠳᠤ ᠨᠢ ᠰᠣᠯᠢᠯᠴᠠᠬᠤ ᠰᠢᠰᠲ᠋ᠧᠮ ᠢ ᠲᠥᠯᠥᠪᠵᠢᠭᠦᠯᠦᠨ ᠵᠣᠬᠢᠶᠠᠵᠤ᠂ ᠪᠦᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠨᠢᠭᠡᠳᠦᠯᠲᠡᠶ | ᠣᠷᠣᠭᠤᠯᠤᠨ᠂ ᠶᠡᠭᠡ ᠬᠡᠮᠵᠢᠶᠡᠨ ᠤ ᠳ᠋ᠠᠶᠢᠲ᠋ᠠ ᠶᠢ ᠳᠡᠭᠡᠳᠦ ᠬᠤᠷᠳᠤᠴᠠ ᠪᠠᠷ ᠳᠠᠮᠵᠢᠭᠤᠯᠬᠤ ᠳᠤ ᠲᠡᠮᠵᠢᠯᠭᠡ | ᠦᠵᠡᠬᠦᠯᠵᠦ᠂ ᠳ᠋ᠠᠶᠢᠲ᠋ᠠ ᠶᠢ ᠮᠢᠨᠦ᠋ᠲ ᠲᠤ ᠬᠠᠮᠲᠤ ᠪᠠᠷ ᠭᠥᠷᠳᠡᠬᠦ᠂ ᠳ᠋ᠠᠶᠢᠲ᠋ᠠ ᠶᠢ ᠬᠤᠤᠰ ᠴᠢᠭᠯᠡᠯ ᠢᠶᠠᠷ | ᠭᠦᠢᠯᠬᠡᠬᠡᠯᠡᠬᠦ ᠶᠢ ᠪᠡᠶᠡᠯᠡᠭᠦᠯᠦᠨ᠂ ᠠᠮᠤᠷ ᠲᠦᠪᠰᠢᠨ ᠪᠦᠭᠡᠳ ᠲᠣᠭᠲᠠᠭᠤᠨ᠂ ᠠᠵᠢᠯᠯᠠᠭᠠᠨ ᠨᠢ ᠥᠨᠳᠥᠷ | ᠪᠦᠲᠦᠮᠵᠢᠲᠡᠶ ᠳ᠋ᠠᠶᠢᠲ᠋ᠠ ᠶᠢᠨ ᠬᠠᠩᠭᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ ᠰᠠᠯᠠᠭ᠎ᠠ ᠮᠥᠴᠢᠷ ᠠᠯᠤᠰᠯᠠᠭᠰᠠᠨ᠂ | ᠣᠷᠣᠨ ᠪᠦᠰᠡ ᠠᠯᠤᠰᠯᠠᠭᠰᠠᠨ᠂ ᠲᠠᠰ ᠱᠠᠲᠤ ᠠᠯᠤᠰᠯᠠᠭᠰᠠᠨ ᠳ᠋ᠠᠶᠢᠲ᠋ᠠ ᠶᠢ ᠪᠦᠲᠦᠮᠵᠢᠲᠡᠶ ᠭᠦᠢᠯᠬᠡᠬᠡᠯᠡᠬᠦ ᠪᠠ | ᠭᠦᠢᠴᠡᠳ ᠬᠠᠮᠲᠤ ᠪᠠᠷ ᠭᠥᠷᠳᠡᠬᠦ ᠵᠢᠴᠢ ᠡᠯ᠎ᠡ ᠱᠠᠲᠤᠨ ᠤ ᠰᠠᠯᠠᠭ᠎ᠠ ᠮᠥᠴᠢᠷ ᠤᠨ ᠡᠭᠴᠡ ᠬᠠᠮᠢᠶᠠᠷᠬᠤ | ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠲᠣᠰ | ᠱᠠᠲᠤᠨ ᠳᠤ ᠵᠠᠯᠭᠠᠯᠳᠤᠭᠤᠯᠬᠤ ᠵᠡᠷᠭᠡ ᠠᠵᠢᠯ ᠳᠤ ᠲᠤᠯᠭᠠᠭᠤᠷᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ 2023 ᠣᠨ ᠤ 9 ᠳ᠋ᠤᠭᠡᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠵᠢᠯᠴᠠᠨ ᠬᠠᠮᠲᠤ ᠪᠠᠷ ᠬᠥᠷᠲᠡᠬᠦ ᠶᠢ ᠭᠦᠨᠵᠡᠭᠡᠢ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢ | ᠳᠡᠭᠡᠭᠰᠢ ᠤᠯᠤᠰ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠵᠠᠯᠭᠠᠨ ᠣᠷᠣᠭᠤᠯᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠠᠯᠠᠭ᠎ᠠ ᠮᠥᠴᠢᠷ ᠤᠨ ᠬᠤᠭᠤᠷᠣᠨᠳᠣ᠂ | ᠭᠠᠵᠠᠷ ᠣᠷᠣᠨ ᠤ ᠬᠤᠭᠤᠷᠣᠨᠳᠣ ᠳ᠋ᠠᠶᠢᠲ᠋ᠠ ᠶᠢ ᠭᠦᠢᠯᠬᠡᠬᠡᠯᠡᠬᠦ ᠪᠠ ᠬᠠᠮᠲᠤ ᠪᠠᠷ ᠭᠥᠷᠳᠡᠬᠦ ᠳᠤ ᠲᠤᠯᠭᠠᠭᠤᠷᠢᠯᠠᠨ᠎ᠠ᠃ | ᠬᠡᠷᠡᠭᠯᠡᠭᠡ ᠪᠠᠷ ᠬᠥᠲᠥᠯᠦᠮᠵᠢ ᠪᠣᠯᠭᠠᠵᠤ᠂ ᠣᠯᠠᠨ ᠨᠡᠶᠢᠲᠡ ᠶᠢᠨ ᠳ᠋ᠠᠶᠢᠲ᠋ᠠ ᠪᠠ ᠨᠡᠶᠢᠭᠡᠮ ᠤᠨ ᠳ᠋ᠠᠶᠢᠲ᠋ᠠ ᠶᠢ ᠬᠠᠮᠲᠤ ᠪᠠᠷ | ᠭᠥᠷᠳᠡᠬᠦ ᠶᠢ ᠬᠠᠮᠵᠢᠯᠴᠠᠨ ᠠᠬᠢᠭᠤᠯᠵᠤ᠂ ᠨᠡᠶᠢᠭᠡᠮ ᠤᠨ ᠳ᠋ᠠᠶᠢᠲ᠋ᠠ ᠶᠢ ︽ᠨᠢᠭᠡᠳᠦᠯᠲᠡᠶ ᠴᠤᠭᠯᠠᠭᠤᠯᠤᠨ ᠬᠠᠮᠲᠤ ᠪᠠᠷ | ᠬᠡᠷᠡᠭᠯᠡᠬᠦ︾ ᠶᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠤ ᠬᠠᠮᠲᠤ ᠪᠠᠷ ᠬᠦᠷᠲᠡᠭᠡᠬᠦ ᠨᠡᠶᠢᠭᠡᠮ ᠤᠨ | ᠳ᠋ᠠᠶᠢᠲ᠋ᠠ ᠳᠠᠬᠢ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠭᠦᠷᠦᠨ᠂ ᠣᠷᠣᠨ ᠨᠤᠲᠤᠭ᠂ ᠰᠠᠯᠠᠭ᠎ᠠ | ᠮᠥᠴᠢᠷ᠂ ᠠᠵᠤ ᠠᠬᠤᠶᠢᠯᠠᠯ ᠵᠡᠷᠭᠡ ᠠᠳᠠᠯᠢ ᠪᠤᠰᠤ ᠱᠠᠲᠤ ᠳᠠᠪᠬᠤᠷᠭ᠎ᠠ ᠶᠢᠨ ᠳ᠋ᠠᠶᠢᠲ᠋ᠠ ᠶᠢᠨ ᠬᠠᠮᠵᠢᠯᠴᠠᠨ ᠬᠠᠮᠲᠤ ᠪᠠᠷ | ᠭᠥᠷᠳᠡᠬᠦ ᠲᠣᠭᠲᠠᠴᠠ ᠶᠢ ᠪᠣᠶ ᠪᠣᠯᠭᠠᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠦᠨ᠎ᠡ᠃ ︵ᠥ ᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠲᠠᠪᠤ᠂ ᠳ᠋ᠠᠶᠢᠲ᠋ᠠ ᠶᠢᠨ ᠦᠢᠯᠡᠴᠢᠯᠡᠭᠡᠨ ᠤ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠦᠢᠯᠡᠴᠢᠯᠡᠭᠡᠨ ᠤ ᠫᠣᠷᠲ᠋ᠧᠯ ᠢ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠥᠷᠲᠡᠬᠦ ᠲᠠᠪᠴᠠᠩ᠂ ᠣᠯᠠᠨ ᠨᠡᠶᠢᠲᠡ ᠶᠢᠨ ᠳ᠋ᠠᠶᠢᠲ᠋ᠠ ᠶᠢᠨ | ᠨᠡᠭᠡᠭᠡᠯᠲᠡᠲᠦ ᠲᠠᠪᠴᠠᠩ ᠪᠠ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ | ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠶᠢᠨ ᠦᠢᠯᠡᠴᠢᠯᠡᠭᠡᠨ ᠤ ᠶᠡᠷᠦᠩᠬᠡᠢ ᠫᠤᠷᠲ᠋ᠧᠯ ᠢ ᠪᠠᠶᠢᠭᠤᠯᠵᠤ᠂ ᠭᠠᠷᠴᠠᠭ ᠤᠨ | ᠬᠠᠮᠢᠶᠠᠷᠤᠯᠲᠠ᠂ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ᠂ ᠡᠬᠢ ᠪᠠᠶᠠᠯᠢᠭ ᠤᠨ ᠬᠠᠮᠢᠶᠠᠷᠤᠯᠲᠠ᠂ ᠳ᠋ᠠᠶᠢᠲ᠋ᠠ ᠶᠢ | ᠬᠠᠮᠲᠤ ᠪᠠᠷ ᠬᠥᠷᠲᠡᠬᠦ᠂ ᠳ᠋ᠠᠶᠢᠲ᠋ᠠ ᠶᠢ ᠨᠡᠭᠡᠭᠡᠯᠲᠡ ᠲᠠᠢ ᠪᠣᠯᠭᠠᠬᠤ᠂ ᠵᠠᠳᠠᠯᠤᠨ ᠰᠢᠢᠳᠪᠦᠷᠢᠯᠡᠬᠦ ᠵᠡᠷᠭᠡ ᠴᠢᠳᠠᠮᠵᠢ ᠶᠢ | ᠡᠮᠬᠢᠯᠡᠨ ᠨᠡᠶᠢᠯᠡᠭᠦᠯᠵᠦ ᠨᠢᠭᠡᠳᠭᠡᠨ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠡᠬᠢ | ᠪᠠᠶᠠᠯᠢᠭ ᠢ ᠴᠤᠭᠯᠠᠭᠤᠯᠤᠨ ᠨᠡᠶᠢᠯᠡᠭᠦᠯᠬᠦ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ | ᠬᠠᠷᠭᠤᠭᠤᠯᠵᠤ ᠡᠷᠬᠡ ᠣᠯᠭᠤᠬᠤ᠂ ᠡᠬᠢ ᠪᠠᠶᠠᠯᠢᠭ ᠢ ᠬᠠᠮᠲᠤ ᠪᠠᠷ ᠭᠥᠷᠳᠡᠬᠦ᠂ ᠪᠦᠷᠢᠳᠬᠡᠨ ᠵᠠᠳᠠᠯᠬᠤ᠂ ᠦᠵᠡᠭᠳᠡᠮᠡᠯ | ᠪᠣᠯᠭᠠᠨ ᠳᠡᠯᠭᠡᠨ ᠦᠵᠡᠭᠦᠯᠬᠦ ᠪᠠ ᠠᠵᠢᠯᠯᠠᠭᠤᠯᠤᠨ ᠬᠠᠮᠢᠶᠠᠷᠬᠤ ᠵᠡᠷᠭᠡ ᠦᠢᠯᠡᠴᠢᠯᠡᠭᠡ ᠶᠢ ᠬᠠᠩᠭᠠᠵᠤ᠂ ᠡᠯ᠎ᠡ ᠠᠶᠢᠮᠠᠭ | ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ︽ᠨᠢᠭᠡᠳᠪᠦᠷᠢ ᠳᠠᠩᠰᠠ︾ ᠪᠠᠷ ᠳᠡᠯᠭᠡᠨ ᠦᠵᠡᠭᠦᠯᠵᠦ᠂ ︽ᠨᠢᠭᠡ ᠥᠷᠲᠡᠭᠡᠴᠢᠯᠡᠭᠰᠡᠨ | ᠮᠠᠶ᠋ᠢᠭ︾ ᠢᠶᠠᠷ ᠭᠤᠶᠤᠴᠢᠯᠠᠵᠤ᠂ ︽ᠨᠢᠭᠡ ᠲᠠᠪᠴᠠᠩ︾ ᠢᠶᠠᠷ ᠲᠣᠬᠢᠷᠠᠭᠤᠯᠬᠤ ᠶᠢ ᠪᠡᠶᠡᠯᠡᠭᠦᠯᠦᠨ᠂ ᠡᠯ᠎ᠡ ᠠᠶᠢᠮᠠᠭ | ᠬᠤᠲᠠ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠵᠠᠷ ᠣᠷᠣᠨ ᠠᠯᠤᠰᠯᠠᠨ᠂ ᠰᠠᠯᠠᠭ᠎ᠠ | ᠮᠥᠴᠢᠷ ᠠᠯᠤᠰᠯᠠᠨ᠂ ᠲᠠᠰ ᠱᠠᠲᠤ ᠠᠯᠤᠰᠯᠠᠨ ᠬᠠᠷᠢᠯᠴᠠᠨ ᠮᠡᠳᠡᠷᠡᠵᠦ ᠬᠠᠮᠲᠤ ᠪᠠᠷ ᠭᠥᠷᠳᠡᠬᠦ ᠳᠤ ᠲᠤᠯᠭᠠᠭᠤᠷᠢᠯᠠᠵᠤ᠂ | ᠳ᠋ᠠᠶᠢᠲ᠋ᠠ ᠶᠢᠨ ᠡᠬᠢ ᠪᠠᠶᠠᠯᠢᠭ ᠤᠨ ᠥᠨᠳᠥᠷ ᠪᠦᠲᠦᠮᠵᠢᠲᠡᠶ ᠲᠣᠬᠢᠷᠠᠭᠤᠯᠤᠯᠲᠠ᠂ ᠴᠢᠨᠠᠷ ᠰᠠᠶᠢᠲᠠᠶ ᠬᠠᠩᠭᠠᠯᠭ᠎ᠠ ᠶᠢ | ᠪᠡᠶᠡᠯᠡᠬᠦᠯᠦᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ | ᠪᠡᠶᠡᠯᠡᠭᠦᠯᠦᠨ᠎ᠡ︶ | ︵ᠠᠷᠪᠠᠨ ᠬᠤᠶᠠᠷ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠠᠭᠤᠷᠢ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠳ᠋ᠠᠶᠢᠲ᠋ᠠ ᠶᠢᠨ ᠪᠣᠳᠣᠯᠭ᠎ᠠ᠂ ᠬᠦᠷᠢᠶ᠎ᠡ ᠴᠠᠷᠠᠭ᠎ᠠ ᠬᠤᠪᠢᠶᠠᠵᠦ ᠲᠠᠰ ᠢᠯᠭᠠᠨᠨᠰᠠᠨ | ᠬᠡᠷᠡᠭᠯᠡᠭᠴᠢᠳ ᠤᠨ ᠬᠠᠮᠢᠶᠠᠷᠤᠯᠲᠠ ᠪᠠ ᠳ᠋ᠠᠶᠢᠲ᠋ᠠ ᠶᠢᠨ ᠡᠯᠡᠰᠦᠨ ᠬᠠᠶᠢᠷᠴᠠᠭ ᠤᠨ ᠵᠠᠭᠪᠤᠷ ᠤᠨ ᠨᠡᠭᠡᠭᠡᠨ ᠠᠰᠢᠬᠯᠠᠯᠲᠠ | ᠵᠡᠷᠭᠡ ᠴᠢᠳᠠᠪᠤᠷᠢ ᠶᠢ ᠪᠦᠷᠢᠳᠦᠭᠦᠯᠦᠭᠰᠡᠨ ᠲᠣᠮᠣ ᠳ᠋ᠠᠶᠢᠲ᠋ᠠ ᠶᠢ ᠰᠢᠢᠳᠪᠦᠷᠢᠯᠡᠨ ᠵᠠᠳᠠᠯᠬᠤ ᠰᠢᠰᠲ᠋ᠧᠮ ᠢ ᠪᠠᠶᠢᠭᠤᠯᠵᠤ᠂ | ᠣᠯᠠᠨ ᠡᠰᠢᠲᠦ᠂ ᠣᠨᠳᠣᠤ ᠪᠦᠲᠦᠴᠡᠲᠦ᠂ ᠶᠡᠭᠡ ᠬᠡᠮᠵᠢᠶᠡᠨ ᠤ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠵᠦ | ᠰᠢᠨ᠎ᠡ ᠶᠢ ᠡᠭᠦᠳᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ | ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠨᠠᠲ᠋ᠦ᠋ᠷᠠᠯ ᠬᠡᠯᠡ ᠶᠢ ᠰᠢᠢᠳᠪᠦᠷᠢᠯᠡᠬᠦ᠂ ᠸᠢᠳᠢᠣ᠋ ᠵᠢᠷᠤᠮᠠᠭ ᠤᠨ | ᠵᠠᠳᠠᠯᠤᠯᠲᠠ᠂ ᠣᠶᠤᠨᠴᠢ ᠠᠰᠠᠭᠤᠯᠲᠠ ᠬᠠᠷᠢᠭᠤᠯᠲᠠ᠂ ᠮᠠᠰᠢᠨ ᠣᠷᠴᠢᠭᠤᠯᠭ᠎ᠠ᠂ ᠳ᠋ᠠᠶᠢᠲ᠋ᠠ ᠶᠢ ᠠᠭᠤᠳᠠᠯᠤᠨ ᠵᠠᠳᠠᠯᠬᠤ | ᠂ ᠳ᠋ᠠᠶᠢᠲ᠋ᠠ ᠶᠢ ᠦᠵᠡᠭᠳᠡᠮᠡᠯ ᠪᠣᠯᠭᠠᠬᠤ᠂ ᠳ᠋ᠠᠶᠢᠲ᠋ᠠ ᠶᠢ ᠨᠡᠭᠡᠭᠡᠯᠲᠡ ᠲᠠᠢ ᠪᠣᠯᠭᠠᠬᠤ ᠳᠤ ᠡᠷᠬᠡ ᠣᠯᠭᠤᠬᠤ᠂ ᠳ᠋ᠠᠶᠢᠲ᠋ᠠ ᠶᠢ | ᠠᠭᠤᠰᠤᠯᠴᠠᠭᠤᠯᠤᠨ ᠪᠤᠳᠤᠬᠤ ᠵᠡᠷᠭᠡ ᠴᠢᠳᠠᠮᠵᠢ ᠶᠢ ᠨᠢᠭᠡᠳᠭᠡᠭᠰᠡᠨ ᠨᠡᠶᠢᠳᠡᠮ ᠬᠡᠷᠡᠭᠯᠡᠭᠡᠨ ᠤ ᠪᠤᠳᠤᠬᠤ ᠠᠷᠭ᠎ᠠ ᠶᠢᠨ | ᠵᠠᠭᠪᠤᠷ ᠪᠠ ᠡᠵᠡᠮᠰᠢᠭᠦᠷ ᠤᠨ ᠬᠥᠮᠥᠷᠭᠡ ᠶᠢ ᠪᠠᠶᠢᠭᠤᠯᠵᠤ᠂ ᠪᠠᠷᠢᠮᠵᠢᠶᠠᠵᠢᠭᠰᠠᠨ᠂ ᠤᠶᠤᠨᠴᠢᠯᠠᠭᠰᠠᠨ ᠳ᠋ᠠᠶᠢᠲ᠋ᠠ ᠶᠢᠨ | ᠦᠢᠯᠡᠴᠢᠯᠡᠭᠡ ᠶᠢ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ | ︵ᠠᠷᠪᠠᠨ ᠭᠤᠷᠪᠠ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠢᠨ᠎ᠡ ᠶᠢ ᠡᠭᠦᠳᠬᠦ | ᠡᠷᠴᠢᠮ ᠢ ᠴᠢᠩᠭᠠᠷᠠᠭᠤᠯᠤᠨ᠎ᠠ᠃ ᠬᠤᠲᠠ ᠶᠢᠨ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠢ ᠠᠬᠤᠶ ᠶᠢᠨ | ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤ ᠠᠮᠤᠷ ᠲᠦᠪᠰᠢᠨ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠠᠵᠤ ᠠᠬᠤᠶ ᠶᠢᠨ ᠠᠵᠢᠯᠯᠠᠭᠠᠨ ᠵᠡᠷᠭᠡ | ᠬᠡᠷᠡᠭᠯᠡᠭᠡᠨ ᠤ ᠠᠬᠤᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠬᠡᠷᠡᠭᠯᠡᠭᠡᠨ ᠳᠤ ᠨᠢᠭᠡ ᠳ᠋ᠠᠶᠢᠲ᠋ᠠ ᠶᠢᠨ | ᠬᠥᠮᠥᠷᠭᠡ︾ ᠶᠢᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠲᠦᠰᠢᠭᠯᠡᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠬᠥᠮᠥᠷᠭᠡ ᠪᠠᠶᠢᠭᠤᠯᠬᠤ ᠶᠢ ᠨᠢ ᠠᠬᠢᠭᠤᠯᠵᠤ᠂ ᠣᠯᠠᠨ ᠠᠵᠢᠯ ᠲᠥᠷᠥᠯ ᠪᠠ ᠣᠯᠠᠨ ᠠᠬᠤᠢ ᠪᠠᠶᠢᠳᠠᠯ ᠠᠯᠤᠰᠯᠠᠭᠰᠠᠨ | ᠬᠡᠷᠡᠭᠯᠡᠭᠡᠨ ᠳᠤ ᠣᠯᠠᠨ ᠶᠠᠩᠵᠤᠳᠠᠢ ᠬᠠᠮᠲᠤ ᠪᠠᠷ ᠭᠥᠷᠳᠡᠬᠦ ᠦᠢᠯᠡᠴᠢᠯᠡᠭᠡ ᠬᠠᠩᠭᠠᠨ᠎ᠠ᠃ ︵ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ | ︵ᠠᠷᠪᠠᠨ ᠳᠥᠷᠪᠡ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠶᠢ | ᠠᠬᠢᠭᠤᠯᠤᠨ᠎ᠠ᠃ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠣᠭᠲᠠᠯᠴᠠᠭ᠎ᠠ ᠳᠤ ᠰᠠᠭᠤᠷᠢᠯᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠨᠡᠬᠡᠬᠡᠨ ᠠᠰᠢᠨᠨᠯᠠᠬᠤ ᠲᠣᠭᠲᠠᠯᠴᠠᠭ᠎ᠠ ᠶᠢ | ᠪᠠᠶᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ | ᠨᠡᠬᠡᠬᠡᠨ ᠠᠰᠢᠨᠨᠯᠠᠬᠤ ᠲᠠᠪᠴᠠᠩ ᠪᠠ ᠡᠯ᠎ᠡ ᠠᠶᠢᠮᠠᠭ ᠬᠤᠲᠠ ᠶᠢᠨ ᠳ᠋ᠠᠶᠢᠲ᠋ᠠ ᠶᠢᠨ ᠨᠡᠬᠡᠬᠡᠨ ᠠᠰᠢᠨᠨᠯᠠᠬᠤ ᠲᠠᠪᠴᠠᠩ ᠢᠶᠠᠷ | ᠳᠠᠮᠵᠢᠭᠤᠯᠤᠨ᠂ ᠳ᠋ᠠᠶᠢᠲ᠋ᠠ ᠶᠢ ᠠᠮᠤᠷ ᠲᠦᠪᠰᠢᠨ ᠪᠦᠭᠡᠳ ᠡᠮᠬᠢ ᠵᠢᠷᠤᠮ ᠲᠠᠢ ᠨᠡᠬᠡᠬᠡᠨ ᠠᠰᠢᠨᠨᠯᠠᠬᠤ ᠶᠢ ᠠᠬᠢᠭᠤᠯᠵᠤ᠂ | ᠪᠡᠶ᠎ᠡ ᠶᠢᠨ ᠭᠠᠷᠤᠯ ᠢ ᠭᠡᠷᠡᠴᠢᠯᠡᠨ ᠡᠷᠬᠡ ᠣᠯᠭᠤᠬᠤ᠂ ᠳ᠋ᠠᠶᠢᠲ᠋ᠠ ᠶᠢᠨ ᠡᠯᠡᠰᠦᠨ ᠬᠠᠶᠢᠷᠴᠠᠭ᠂ ᠠᠮᠤᠷ ᠲᠦᠪᠰᠢᠨ ᠢᠶᠠᠷ | ᠣᠯᠠᠨ ᠲᠠᠯ᠎ᠠ ᠪᠠᠷ ᠪᠤᠳᠤᠬᠤ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠰᠦᠪᠡᠭᠴᠢᠯᠡᠨ ᠠᠰᠢᠬᠯᠠᠵᠤ᠂ ᠳ᠋ᠠᠶᠢᠲ᠋ᠠ ᠶᠢᠨ ︽ | ᠬᠡᠷᠡᠭᠯᠡᠵᠦ ᠪᠣᠯᠬᠤ ᠪᠣᠯᠪᠠᠴᠤ ᠥᠯᠤ ᠦᠵᠡᠭᠳᠡᠬᠦ︾ ᠶᠢ ᠪᠡᠶᠡᠯᠡᠭᠦᠯᠦᠨ᠂ ᠳ᠋ᠠᠶᠢᠲ᠋ᠠ ᠶᠢ ᠨᠡᠬᠡᠬᠡᠨ ᠠᠰᠢᠨᠨᠯᠠᠵᠦ ᠰᠢᠨ᠎ᠡ ᠶᠢ | ᠡᠭᠦᠳᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ | ᠳ᠋ᠠᠶᠢᠲ᠋ᠠ ᠶᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ ᠡᠯ᠎ᠡ ᠠᠶᠢᠮᠠᠭ ᠬᠤᠲᠠ᠂ ᠥᠪᠡᠷᠲᠡᠭᠡᠨ | ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠥᠬᠦᠶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠨᠡᠭᠡᠭᠡᠨ ᠠᠰᠢᠬᠯᠠᠬᠤ ᠲᠣᠭᠲᠠᠭᠠᠯ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠨ ᠤ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠨᠡᠬᠡᠬᠡᠨ ᠠᠰᠢᠨᠨᠯᠠᠬᠤ ᠭᠤᠣᠯᠳᠠᠯᠭ᠎ᠠ ᠲᠠᠢ ᠨᠠᠷᠢᠨ ᠬᠠᠭᠤᠳᠠᠰᠤ ᠶᠢ ᠲᠣᠭᠲᠠᠭᠠᠵᠤ | ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠲᠦᠭᠰᠢᠭᠦᠷᠢ ᠶᠢ ᠨᠢ ᠡᠵᠡᠮᠳᠡᠵᠦ ᠲᠡᠶᠢᠯᠬᠦ ᠵᠠᠷᠴᠢᠮ ᠳᠣᠤᠷ᠎ᠠ ᠠᠯᠢ | ᠴᠢᠳᠠᠬᠤ ᠪᠠᠷ ᠨᠡᠬᠡᠬᠡᠨ ᠠᠰᠢᠨᠨᠯᠠᠬᠤ ᠶᠢ ᠠᠬᠢᠭᠤᠯᠵᠤ᠂ ᠳ᠋ᠠᠶᠢᠲ᠋ᠠ ᠶᠢ ᠨᠡᠬᠡᠬᠡᠨ ᠠᠰᠢᠨᠨᠯᠠᠬᠤ ᠡᠷᠬᠡ ᠪᠠ ᠡᠭᠦᠷᠭᠡ ᠶᠢ | ᠲᠣᠳᠣᠷᠬᠠᠢᠢᠯᠠᠵᠤ᠂ ᠳ᠋ᠠᠶᠢᠲ᠋ᠠ ᠶᠢ ᠨᠡᠬᠡᠬᠡᠨ ᠠᠰᠢᠨᠨᠯᠠᠬᠤ ᠬᠡᠪᠴᠢᠶ᠎ᠡ ᠪᠠ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠵᠤ᠂ | ᠳ᠋ᠠᠶᠢᠲ᠋ᠠ ᠶᠢ ᠨᠡᠭᠡᠭᠡᠨ ᠠᠰᠢᠨᠨᠯᠠᠬᠤ ᠳᠤ ᠠᠮᠤᠷ ᠲᠦᠪᠰᠢᠨ ᠢᠶᠠᠷ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠢ | ᠲᠣᠭᠲᠠᠭᠠᠵᠤ᠂ ᠠᠷᠠᠳ ᠤᠨ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ᠂ ᠨᠡᠶᠢᠭᠡᠮ ᠤᠨ ᠲᠤᠯᠭᠠᠮ᠎ᠠ ᠬᠡᠷᠡᠭᠴᠡᠭᠡ | ᠪᠥᠬᠦᠶ᠂ ᠠᠵᠢᠯ ᠲᠥᠷᠥᠯ ᠤᠨ ᠥᠷᠲᠡᠭ ᠤᠨ ᠨᠡᠮᠡᠭᠳᠡᠯ ᠤᠨ ᠳᠠᠯᠳᠠ ᠬᠦᠴᠦᠨ ᠢᠶᠠᠷ ᠢᠯᠡᠷᠬᠡᠶ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠤᠷᠢᠳ ᠢᠶᠠᠷ ᠨᠡᠬᠡᠬᠡᠨ ᠠᠰᠢᠨᠨᠯᠠᠨᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠷᠬᠡ ᠣᠯᠭᠤᠵᠤ ᠠᠵᠢᠯᠯᠠᠭᠤᠯᠬᠤ ᠶᠢ ᠬᠠᠤᠯᠢ ᠲᠣᠭᠲᠠᠭᠠᠯ ᠶᠣᠰᠣᠭᠠᠷ | ᠥᠷᠨᠢᠭᠦᠯᠬᠦ ᠶᠢ ᠨᠢ ᠵᠣᠷᠢᠬᠵᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠶᠢ ᠢᠳᠡᠪᠬᠢᠲᠡᠶ | ᠠᠬᠢᠭᠤᠯᠵᠤ᠂ ᠳ᠋ᠠᠶᠢᠲ᠋ᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ᠂ ᠪᠦᠲᠦᠮᠵᠢᠲᠡᠶ ᠬᠠᠩᠭᠠᠬᠤ᠂ | ᠡᠮᠬᠢ ᠵᠢᠷᠤᠮ ᠲᠠᠢ ᠨᠡᠭᠡᠭᠡᠨ ᠠᠰᠢᠬᠯᠠᠬᠤ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠨ᠎ᠠ᠃ ︵ᠥᠪᠡᠷᠲᠡᠭᠡᠨ | ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠡᠯ᠎ᠡ ᠠᠶᠢᠮᠠᠭ ᠬᠤᠲᠠ ᠶᠢᠨ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ | ᠵᠢᠷᠭᠤᠭ᠎ᠠ᠂ ᠪᠣᠳᠣᠬᠤ ᠬᠦᠴᠦᠨ ᠤ ᠪᠡᠯᠡᠳᠬᠡᠮᠵᠢ ᠶᠢᠨ ᠨᠢᠭᠡ ᠴᠣᠭᠴᠠᠵᠢᠭᠤᠯᠤᠯᠲᠠ ᠶᠢ ᠲᠦᠷᠭᠡᠳᠬᠡᠨ᠎ᠡ | ︵ᠠᠷᠪᠠᠨ ᠲᠠᠪᠤ︶ ᠪᠣᠳᠣᠬᠤ ᠬᠦᠴᠦᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ | ᠪᠥᠬᠦ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠣᠳᠣᠬᠤ ᠬᠦᠴᠦᠨ ᠤ ᠡᠬᠢ ᠪᠠᠶᠠᠯᠢᠭ ᠤᠨ ᠨᠡᠶᠢᠳᠡᠮ | ᠪᠠᠶᠢᠴᠠᠭᠠᠯᠲᠠ ᠶᠢ ᠥᠷᠨᠢᠭᠦᠯᠵᠦ᠂ ᠪᠣᠳᠣᠬᠤ ᠬᠦᠴᠦᠨ ᠤ ᠶᠡᠷᠦᠩᠬᠡᠶ ᠬᠡᠮᠵᠢᠶ᠎ᠡ᠂ ᠪᠣᠳᠣᠬᠤ ᠬᠦᠴᠦᠨ ᠤ ᠲᠠᠷᠬᠠᠯᠲᠠ᠂ | ᠪᠣᠳᠣᠬᠤ ᠬᠦᠴᠦᠨ ᠤ ᠪᠦᠷᠢᠯᠳᠦᠯ ᠪᠠ ᠮᠡᠷᠭᠡᠵᠢᠯ ᠤᠨ ᠬᠡᠯᠪᠡᠷᠢ ᠶᠢᠨ ᠰᠣᠩᠭᠤᠯᠲᠠ ᠵᠡᠷᠭᠡ ᠶᠢ ᠣᠢᠢᠯᠠᠭᠠᠨ ᠲᠣᠳᠣᠯᠠᠵᠤ᠂ | ᠪᠥᠬᠦ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠣᠳᠣᠬᠤ ᠬᠦᠴᠦᠨ ᠤ ︽ᠨᠢᠭᠡᠳᠪᠦᠷᠢ ᠳᠠᠩᠰᠠ︾ | ᠶᠢ ᠪᠦᠷᠢᠯᠳᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠡᠯ᠎ᠡ ᠠᠶᠢᠮᠠᠭ | ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ | 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ ᠥᠪᠡᠷᠲᠡᠭᠡᠨ ᠵᠠᠰᠠᠬᠤ | ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠡᠭᠦᠯᠡᠨ ᠬᠢᠨᠠᠨ ᠰᠢᠯᠭᠠᠵᠦ ᠵᠠᠳᠠᠯᠬᠤ ᠰᠢᠰᠲ᠋ᠧᠮ ᠢ | ᠪᠠᠶᠢᠭᠤᠯᠤᠨ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠬᠢᠨᠠᠨ ᠰᠢᠯᠭᠠᠯᠲᠠ ᠵᠠᠳᠠᠯᠤᠯᠲᠠ ᠶᠢ | ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠭᠦᠯᠡᠨ ᠡᠬᠢ ᠪᠠᠶᠠᠯᠢᠭ ᠤᠨ ᠠᠰᠢᠬᠯᠠᠯᠲᠠ | ᠂ ᠲᠤᠬᠠᠶᠢᠯᠠᠭᠰᠠᠨ ᠠᠵᠢᠯ ᠤᠨ ᠰᠢᠨᠵᠢ ᠴᠢᠳᠠᠮᠵᠢ ᠵᠡᠷᠭᠡ ᠳ᠋ᠠᠶᠢᠲ᠋ᠠ ᠶᠢ ᠬᠤᠷᠠᠮᠳᠤᠭᠤᠯᠤᠨ᠂ ᠵᠠᠰᠠᠭ ᠤᠨ ᠶᠠᠪᠤᠳᠠᠯ ᠤᠨ | ᠡᠭᠦᠯᠡᠨ ᠡᠬᠢ ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠢ ᠡᠵᠡᠮᠰᠢᠨ᠂ ᠡᠭᠦᠯᠡᠨ ᠡᠬᠢ ᠪᠠᠶᠠᠯᠢᠭ ᠤᠨ ᠵᠠᠳᠠᠯᠤᠯᠲᠠ | ᠦᠨᠡᠯᠡᠨ ᠵᠢᠱᠢᠯᠲᠡ ᠶᠢ ᠥᠷᠨᠢᠭᠦᠯᠵᠦ᠂ ᠡᠭᠦᠯᠡᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯᠯᠠᠭᠤᠯᠤᠨ ᠡᠵᠡᠩᠨᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠨ ᠬᠠᠮᠢᠶᠠᠷᠬᠤ᠂ ᠥᠨᠳᠥᠷ ᠪᠦᠲᠦᠮᠵᠢᠲᠡᠶ ᠬᠡᠷᠡᠭᠯᠡᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠡᠭᠦᠯᠡᠨ | ᠡᠬᠢ ᠪᠠᠶᠠᠯᠢᠭ ᠢ ᠨᠢᠭᠡᠳᠦᠯᠲᠡᠶ ᠳᠣᠭᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠥᠬᠦ ᠣᠷᠣᠨ ᠤ ᠨᠢᠭᠡ | ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠲᠣᠭᠲᠠᠯᠴᠠᠭ᠎ᠠ ᠶᠢ ᠪᠠᠶᠢᠭᠤᠯᠬᠤ ᠶᠢ | ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 | ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠭᠤᠤᠯ | ᠪᠡᠯᠡᠳᠬᠡᠯ ᠵᠠᠩᠭᠢᠶᠠᠰᠤ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠤᠯ ᠪᠡᠯᠡᠳᠬᠡᠯ | ᠵᠠᠩᠭᠢᠶᠠᠰᠤ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠤ ᠥᠨᠳᠥᠷ | ᠠᠰᠢᠬᠯᠠᠮᠵᠢᠲᠤ ᠬᠡᠷᠡᠭᠯᠡᠵᠦ ᠪᠣᠯᠬᠤᠶᠢᠴᠠ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠪᠣᠳᠣᠬᠤ ᠬᠦᠴᠦᠨ ᠤ ᠪᠡᠯᠡᠳᠬᠡᠮᠵᠢ ᠶᠢ ᠰᠢᠯᠢᠳᠡᠭᠵᠢᠭᠦᠯᠵᠦ᠂ | ᠡᠭᠦᠯᠡᠨ ᠲᠠᠪᠴᠠᠩ᠂ ᠲᠣᠮᠣ ᠳ᠋ᠠᠶᠢᠲ᠋ᠠ ᠶᠢᠨ ᠲᠠᠪᠴᠠᠩ ᠤᠨ ᠰᠠᠭᠤᠷᠢ ︽ᠰᠠᠭᠤᠳᠠᠯ︾ ᠤᠨ ᠲᠤᠯᠭᠠᠭᠤᠷᠢᠯᠠᠯ ᠢ | ᠴᠢᠩᠭᠠᠷᠠᠭᠤᠯᠤᠨ᠂ ᠳ᠋ᠠᠶᠢᠲ᠋ᠠ ᠶᠢ ᠴᠤᠭᠯᠠᠭᠤᠯᠬᠤ᠂ ᠬᠠᠳᠠᠭᠠᠯᠠᠬᠤ᠂ ᠪᠤᠳᠤᠬᠤ᠂ ᠵᠠᠰᠠᠬᠤ᠂ ᠵᠠᠳᠠᠯᠬᠤ᠂ ᠦᠢᠯᠡᠴᠢᠯᠡᠬᠦ | ᠵᠡᠷᠭᠡ ᠰᠠᠭᠤᠷᠢ ᠴᠢᠳᠠᠮᠵᠢ ᠶᠢ ᠬᠠᠩᠭᠠᠵᠤ᠂ ᠳ᠋ᠠᠶᠢᠲ᠋ᠠ ᠶᠢᠨ ᠭᠠᠷᠴᠠᠭ᠂ ᠵᠠᠰᠠᠯᠲᠠ᠂ ᠬᠠᠮᠲᠤ ᠪᠠᠷ ᠭᠥᠷᠳᠡᠬᠦ ᠵᠡᠷᠭᠡ | ᠰᠢᠰᠲ᠋ᠧᠮ ᠤᠨ ᠠᠵᠢᠯᠯᠠᠭᠠᠨ ᠢ ᠠᠴᠢᠶᠠᠯᠠᠨ᠂ ᠬᠡᠷᠡᠭᠴᠡᠭᠡ ᠪᠠᠨ ᠦᠨᠳᠦᠰᠦᠯᠡᠵᠦ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠨᠢᠭᠡᠲᠦᠭᠦᠯᠵᠦ ᠡᠮᠬᠢᠳᠭᠡᠨ ᠨᠡᠶᠢᠯᠡᠭᠦᠯᠵᠦ ᠬᠠᠮᠲᠤ ᠪᠠᠷ ᠬᠦᠷᠲᠡᠨ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠠᠵᠢᠯᠯᠠᠭᠠᠨ ᠢ | ᠪᠠᠲᠤᠯᠠᠨ᠎ᠠ᠃ ︽ᠬᠤᠶᠠᠷ ᠭᠠᠵᠠᠷ ᠭᠤᠷᠪᠠᠨ ᠲᠥᠪ︾ ᠤᠨ ᠵᠠᠭᠪᠤᠷ ᠲᠤ ᠰᠠᠭᠤᠷᠢᠯᠠᠨ ᠲᠣᠰ ᠭᠠᠵᠠᠷ᠂ ᠣᠨᠳᠣᠤ | ᠭᠠᠵᠠᠷ ᠲᠤ ᠳ᠋ᠠᠶᠢᠲ᠋ᠠ ᠶᠢᠨ ᠭᠠᠢ ᠠᠴᠠ ᠰᠡᠷᠬᠡᠶᠢᠯᠡᠬᠦ ᠨᠦᠬᠡᠴᠡ ᠲᠥᠪ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ | ᠥᠷᠭᠦᠯᠵᠢᠯᠡᠬᠦ᠋ᠴᠡ ᠴᠢᠨᠠᠷ᠂ ᠲᠣᠭᠲᠠᠪᠤᠷᠢᠲᠤ ᠴᠢᠨᠠᠷ ᠤᠨ ᠱᠠᠭᠠᠷᠳᠠᠯᠭ᠎ᠠ ᠪᠠᠷ ᠥᠨᠳᠥᠷ ᠵᠠᠩᠭᠢᠯᠠᠭ᠎ᠠ ᠶᠢᠨ | ᠲᠤᠬᠠᠶᠢᠯᠠᠭᠰᠠᠨ ᠠᠵᠢᠯ ᠤᠨ ᠲᠣᠰ ᠭᠠᠵᠠᠷ ᠣᠷᠣᠨ ᠳᠠᠬᠢ ︽ᠬᠤᠤᠰ ᠠᠵᠢᠯᠯᠠᠭᠤᠷ︾ ᠢ ᠠᠬᠢᠭᠤᠯᠵᠤ᠂ ᠴᠢᠬᠤᠯᠠ | ᠳ᠋ᠠᠶᠢᠲ᠋ᠠ ᠶᠢᠨ ᠣᠨᠳᠣᠤ ᠭᠠᠵᠠᠷ ᠲᠤ ᠲᠣᠭᠲᠠᠭᠰᠠᠨ ᠬᠤᠭᠤᠴᠠᠭ᠎ᠠ ᠪᠠᠷ ᠭᠠᠢ ᠠᠴᠠ ᠰᠡᠷᠬᠡᠶᠢᠯᠡᠵᠦ ᠨᠦᠬᠡᠴᠡᠯᠡᠬᠦ ᠶᠢ | ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ | ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ︵ᠠᠷᠪᠠᠨ ᠳᠣᠯᠤᠭ᠎ᠠ︶ ᠪᠣᠳᠣᠬᠤ ᠬᠦᠴᠦᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠪᠣᠳᠣᠬᠤ ᠬᠦᠴᠦᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠡᠭᠦᠯᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ | ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠲᠣᠮᠣ ᠳ᠋ᠠᠶᠢᠲ᠋ᠠ ᠶᠢᠨ ᠡᠭᠦᠯᠡᠨ ᠡᠬᠢ ᠪᠠᠶᠠᠯᠢᠭ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠹᠢᠽᠢᠺ | ᠲᠠᠷᠬᠠᠯᠲᠠ ᠲᠠᠢ ᠪᠠᠶᠢᠯᠭᠠᠬᠤ᠂ ᠯᠣᠭᠢᠭ ᠲᠦᠪᠯᠡᠷᠡᠯ ᠢ ᠪᠡᠶᠡᠯᠡᠭᠦᠯᠬᠦ᠂ ᠡᠬᠢ ᠪᠠᠶᠠᠯᠢᠭ ᠢ ᠬᠠᠮᠲᠤ ᠪᠠᠷ ᠭᠥᠷᠳᠡᠬᠦ᠂ ᠠᠮᠤᠷ | ᠲᠦᠪᠰᠢᠨ ᠢ ᠡᠵᠡᠮᠳᠡᠵᠦ ᠪᠣᠯᠬᠤ︾ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠥᠪ ᠢ ᠡᠮᠬᠢᠯᠡᠨ | ᠨᠡᠶᠢᠯᠡᠭᠦᠯᠵᠦ ᠥᠭᠡᠷᠡᠴᠢᠯᠡᠬᠦ ᠶᠢ ᠠᠬᠢᠭᠤᠯᠤᠨ᠎ᠠ᠃ ᠬᠡᠷᠡᠭᠴᠡᠭᠡ ᠪᠠᠨ ᠦᠨᠳᠦᠰᠦᠯᠡᠵᠦ ᠵᠢᠷᠤᠮᠠᠭ ᠦᠵᠡᠭᠦᠯᠬᠦ | ᠰᠢᠢᠳᠪᠦᠷᠢᠯᠡᠭᠦᠷ ︵GPU︶᠂ ᠲᠤᠰᠬᠠᠶ ᠬᠤᠷᠠᠮᠠᠯ ᠴᠠᠬᠢᠯᠭᠠᠨ ᠬᠡᠯᠬᠢᠶᠡᠨ ᠤ ᠴᠢᠫ ︵ASIC︶ ᠵᠡᠷᠭᠡ ᠣᠨᠳᠣᠤ | ᠪᠦᠲᠦᠴᠡᠲᠦ ᠪᠣᠳᠣᠬᠤ ᠴᠢᠳᠠᠪᠤᠷᠢ ᠶᠢ ᠪᠣᠶ ᠪᠣᠯᠭᠠᠵᠤ᠂ ᠬᠠᠳᠠᠭᠠᠯᠠᠬᠤ ᠪᠠ ᠪᠤᠳᠤᠬᠤ ᠶᠢ ᠰᠠᠯᠭᠠᠬᠤ᠂ ᠵᠢᠷᠤᠭ ᠢᠶᠠᠷ | ᠪᠤᠳᠤᠬᠤ᠂ ᠨᠢᠭᠤᠴᠠ ᠪᠠᠷ ᠪᠤᠳᠤᠬᠤ ᠵᠡᠷᠭᠡ ᠰᠢᠨ᠎ᠡ ᠬᠡᠯᠪᠡᠷᠢ ᠶᠢᠨ ᠳ᠋ᠠᠶᠢᠲ᠋ᠠ ᠶᠢ ᠵᠠᠳᠠᠯᠤᠨ ᠬᠠᠮᠢᠶᠠᠷᠬᠤ ᠴᠢᠳᠠᠪᠤᠷᠢ ᠶᠢ | ᠴᠣᠭᠴᠠᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ | ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ᠳᠣᠯᠤᠭ᠎ᠠ᠂ ᠪᠠᠷᠢᠮᠵᠢᠶ᠎ᠠ ᠵᠢᠷᠤᠮᠵᠢᠯ ᠤᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ | ︵ᠠᠷᠪᠠᠨ ᠨᠠᠢᠮᠠ︶ ᠤᠯᠤᠰ ᠤᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠎ᠠ᠃ | ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶᠠᠷᠤᠯᠲᠠ᠂ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠪᠠ | ᠳ᠋ᠠᠶᠢᠲ᠋ᠠ ᠶᠢᠨ ᠬᠡᠷᠡᠭᠯᠡᠭᠡᠨ ᠤ ᠦᠢᠯᠡᠴᠢᠯᠡᠭᠡ ᠵᠡᠷᠭᠡ ᠭᠤᠤᠯᠳᠠᠯᠭ᠎ᠠ ᠲᠠᠢ ᠲᠠᠯ᠎ᠠ ᠶᠢᠨ ᠲᠣᠭᠤᠷᠢᠨ ᠳᠤ᠂ ᠤᠯᠤᠰ ᠤᠨ | ᠪᠠᠷᠢᠮᠵᠢᠶ᠎ᠠ ᠵᠢᠷᠤᠮᠵᠢᠯ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠠᠷᠢᠮᠵᠢᠶ᠎ᠠ ᠶᠢᠨ ᠬᠡᠷᠡᠭᠵᠢᠭᠦᠯᠬᠦ | ᠲᠥᠰᠦᠯ ᠢ ᠲᠣᠭᠲᠠᠭᠠᠨ ᠨᠡᠶᠢᠲᠡᠯᠡᠵᠦ᠂ ᠣᠷᠣᠨ ᠨᠤᠲᠤᠭ ᠤᠨ ᠪᠠᠷᠢᠮᠵᠢᠶ᠎ᠠ ᠵᠢᠷᠤᠮᠵᠢᠯ ᠳᠤ ᠵᠠᠰᠠᠪᠤᠷᠢ ᠣᠷᠣᠭᠤᠯᠤᠨ᠂ | ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶᠠᠷᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠪᠠ ᠳ᠋ᠠᠶᠢᠲ᠋ᠠ ᠶᠢ ᠬᠠᠮᠲᠤ ᠪᠠᠷ ᠭᠥᠷᠳᠡᠵᠦ ᠨᠡᠭᠡᠭᠡᠯᠲᠡ ᠲᠠᠢ ᠪᠣᠯᠭᠠᠬᠤ ᠦᠢᠯᠡᠴᠢᠯᠡᠭᠡ | ᠥᠷᠨᠢᠭᠦᠯᠬᠦ ᠪᠠᠷᠢᠮᠵᠢᠶᠠᠨ ᠤ ᠦᠨᠳᠦᠰᠦᠯᠡᠯ ᠢ ᠲᠣᠳᠣᠷᠬᠠᠢ ᠲᠣᠨᠨᠳᠠᠭᠠᠨᠠ᠃ ︵ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ ᠤᠯᠤᠰ ᠤᠨ | ᠪᠠᠷᠢᠮᠵᠢᠶ᠎ᠠ ᠵᠢᠷᠤᠮᠵᠢᠯ ᠢ ᠨᠡᠶᠢᠲᠡᠯᠡᠭᠰᠡᠨ 3 ᠰᠠᠷ᠎ᠠ ᠶᠢᠨ ᠳᠣᠲᠣᠷ᠎ᠠ︶ | ︵ᠠᠷᠪᠠ ᠶᠢᠰᠦ︶ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢ ᠲᠦᠷᠭᠡᠳᠬᠡᠨ᠎ᠡ᠃ | ᠤᠯᠤᠰ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠠᠷᠢᠮᠵᠢᠶ᠎ᠠ ᠶᠢᠨ ᠲᠤᠨᠨᠳᠠᠯᠴᠠᠭᠠᠨ ᠤ ᠪᠣᠷᠣ ᠲᠦᠰᠦᠪ ᠪᠠ | ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ | ᠪᠣᠳᠠᠲᠠᠶ ᠳᠤ ᠲᠣᠬᠢᠷᠠᠭᠰᠠᠨ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠨ᠎ᠠ᠃ ᠵᠠᠰᠠᠭ ᠤᠨ | ᠶᠠᠪᠤᠳᠠᠯ ᠤᠨ ᠳ᠋ᠠᠶᠢᠲ᠋ᠠ᠂ ᠲᠠᠪᠴᠠᠩ ᠤᠨ ᠮᠡᠷᠭᠡᠵᠢᠯ᠂ ᠳ᠋ᠠᠶᠢᠲ᠋ᠠ ᠶᠢᠨ ᠦᠢᠯᠡᠴᠢᠯᠡᠭᠡᠨ ᠤ ᠬᠠᠮᠢᠶᠠᠷᠤᠯᠲᠠ ᠪᠠ | ᠡᠵᠡᠩᠨᠡᠯᠲᠡ᠂ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠪᠠᠶᠢᠭᠤᠯᠤᠯᠲᠠ ᠪᠠ ᠬᠢᠨᠠᠨ ᠰᠢᠨᠵᠢᠬᠦ ᠬᠦᠷᠢᠶ᠎ᠡ | ᠴᠠᠷᠠᠭᠠᠨ ᠤ ᠪᠠᠷᠢᠮᠵᠢᠶ᠎ᠠ ᠶᠢ ᠭᠤᠤᠯᠳᠠᠯᠭ᠎ᠠ ᠲᠠᠢ ᠰᠤᠳᠤᠯᠤᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠂ | ᠦᠷᠭᠦᠯᠵᠢᠯᠡᠨ ᠠᠬᠢᠭᠤᠯᠤᠨ᠎ᠠ︶ | ︵ᠬᠤᠷᠢ︶ ᠪᠠᠷᠢᠮᠵᠢᠶ᠎ᠠ ᠵᠢᠷᠤᠮᠵᠢᠯ ᠢ ᠪᠤᠲᠠᠲᠠᠶᠢᠵᠢᠭᠤᠯᠤᠨ ᠬᠡᠷᠡᠭᠵᠢᠭᠦᠯᠬᠦ ᠶᠢ ᠬᠠᠮᠵᠢᠯᠴᠠᠨ ᠠᠬᠢᠭᠤᠯᠤᠨ᠎ᠠ᠃ | ᠪᠠᠷᠢᠮᠵᠢᠶ᠎ᠠ ᠵᠢᠷᠤᠮᠵᠢᠯ ᠢ ᠪᠤᠲᠠᠲᠠᠶᠢᠵᠢᠭᠤᠯᠤᠨ ᠳᠡᠯᠭᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠬᠠᠮᠢᠶ᠎ᠠ ᠪᠦᠬᠦᠢ ᠤᠯᠤᠰ ᠤᠨ ᠪᠠᠷᠢᠮᠵᠢᠶ᠎ᠠ ᠵᠢᠷᠤᠮᠵᠢᠯ᠂ ᠣᠷᠣᠨ ᠨᠤᠲᠤᠭ ᠤᠨ ᠪᠠᠷᠢᠮᠵᠢᠶ᠎ᠠ | ᠵᠢᠷᠤᠮᠵᠢᠯ ᠪᠠ ᠠᠵᠢᠯ ᠲᠥᠷᠥᠯ ᠤᠨ ᠪᠠᠷᠢᠮᠵᠢᠶ᠎ᠠ ᠵᠢᠷᠤᠮᠵᠢᠯ ᠢ ᠦᠨᠳᠦᠰᠦᠯᠡᠨ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠬᠠᠮᠢᠶᠠᠷᠤᠯᠲᠠ ᠶᠢᠨ ᠴᠢᠳᠠᠪᠤᠷᠢ ᠪᠠ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠵᠣᠬᠢᠴᠠᠬᠤ | ᠴᠢᠨᠠᠷ ᠤᠨ ᠬᠢᠨᠠᠨ ᠪᠠᠶᠢᠴᠠᠭᠠᠯᠲᠠ ᠪᠠ ᠬᠡᠷᠡᠭᠵᠢᠭᠦᠯᠦᠯᠲᠡ ᠳᠤ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ | ᠥᠷᠨᠢᠭᠦᠯᠵᠦ᠂ ᠵᠢᠷᠤᠮᠵᠢᠯ ᠨᠢ ᠨᠢᠭᠡᠳᠦᠯᠲᠡᠶ᠂ ᠥᠨᠳᠥᠷ ᠪᠦᠳᠦᠮᠵᠢᠳᠡᠢ ᠬᠠᠮᠵᠢᠯᠴᠠᠭᠰᠠᠨ᠂ ᠲᠤᠯᠭᠠᠭᠤᠷᠢᠯᠠᠯ ᠨᠢ | ᠬᠦᠴᠦᠲᠡᠶ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠪᠠᠷᠢᠮᠵᠢᠶᠠᠨ ᠤ ᠲᠣᠭᠲᠠᠯᠴᠠᠭ᠎ᠠ ᠶᠢ ᠪᠣᠶ ᠪᠣᠯᠭᠠᠬᠤ ᠶᠢ ᠠᠬᠢᠭᠤᠯᠵᠤ᠂ ᠪᠠᠷᠢᠮᠵᠢᠶᠠᠨ ᠤ ᠲᠤᠨᠨᠳᠠᠯᠴᠠᠭᠠᠨ ᠤ | ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠦᠷᠭᠦᠯᠵᠢᠯᠡᠨ ᠠᠬᠢᠭᠤᠯᠤᠨ᠎ᠠ︶ | ᠨᠠᠢᠮᠠ᠂ ᠠᠮᠤᠷ ᠲᠦᠪᠰᠢᠨ ᠤ ᠪᠠᠲᠤᠯᠠᠭ᠎ᠠ ᠶᠢᠨ ᠨᠢᠭᠡ ᠴᠣᠭᠴᠠᠵᠢᠭᠤᠯᠤᠯᠲᠠ ᠶᠢ ᠲᠦᠷᠭᠡᠳᠬᠡᠨ᠎ᠡ | ︵ᠬᠤᠷᠢᠨ ᠨᠢᠭᠡ︶ ᠳ᠋ᠠᠶᠢᠲ᠋ᠠ ᠶᠢᠨ ᠠᠮᠤᠷ ᠲᠦᠪᠰᠢᠨ ᠤ ᠲᠦᠷᠢᠮ ᠵᠢᠷᠤᠮᠵᠢᠯ ᠢ ᠪᠦᠷᠢᠨᠰᠢᠭᠦᠯᠦᠨ᠎ᠡ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳ᠋ᠠᠶᠢᠲ᠋ᠠ ᠶᠢᠨ ᠠᠮᠤᠷ ᠲᠦᠪᠰᠢᠨ ᠤ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ | ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳ᠋ᠠᠶᠢᠲ᠋ᠠ ᠶᠢ | ᠲᠥᠷᠥᠯ ᠠᠩᠬᠢᠯᠠᠵᠤ ᠲᠠᠰ ᠬᠤᠪᠢᠶᠠᠬᠤ᠂ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠬᠦ ᠵᠡᠷᠭᠡ ᠪᠣᠳᠠᠲᠠᠶ ᠲᠦᠷᠢᠮ | ᠪᠠ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠨ᠎ᠠ᠃ ᠳ᠋ᠠᠶᠢᠲ᠋ᠠ ᠶᠢᠨ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ︽ᠬᠡᠨ ᠬᠠᠮᠢᠶᠠᠷᠪᠠᠯ ᠲᠡᠷᠡ ᠬᠠᠷᠢᠭᠤᠴᠠᠬᠤ︾ ᠪᠠ ︽ᠬᠡᠨ | ᠬᠡᠷᠡᠭᠯᠡᠪᠡᠯ ᠲᠡᠷᠡ ᠬᠠᠷᠢᠭᠤᠴᠠᠬᠤ ︾ ᠵᠠᠷᠴᠢᠮ ᠶᠣᠰᠣᠭᠠᠷ᠂ ᠳ᠋ᠠᠶᠢᠲ᠋ᠠ ᠶᠢᠨ ᠡᠷᠭᠢᠯᠲᠡ ᠶᠢᠨ ᠪᠥᠬᠦ ᠴᠣᠪᠣᠷᠠᠯ ᠳᠠᠬᠢ ᠡᠯ᠎ᠡ | ᠲᠠᠯ᠎ᠠ ᠶᠢᠨ ᠡᠷᠬᠡ ᠡᠭᠦᠷᠭᠡ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠢᠯᠭᠠᠨ ᠲᠣᠳᠣᠷᠬᠠᠢᠢᠯᠠᠨ᠎ᠠ᠃ | ᠳ᠋ᠠᠶᠢᠲ᠋ᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠰᠣᠷᠪᠣᠯᠵᠢᠯᠠᠬᠤ ᠡᠷᠬᠡ | ᠬᠢᠵᠠᠭᠠᠷ ᠢ ᠡᠵᠡᠮᠳᠡᠬᠦ᠂ ᠬᠡᠪ ᠤᠨ ᠪᠤᠰᠤ ᠲᠦᠭᠰᠢᠭᠦᠷᠢ ᠶᠢ ᠢᠯᠭᠠᠨ ᠲᠠᠨᠢᠬᠤ᠂ ᠠᠮᠤᠷ ᠲᠦᠪᠰᠢᠨ ᠤ ᠲᠦᠭᠰᠢᠭᠦᠷᠢ ᠶᠢ | ᠰᠢᠢᠳᠪᠦᠷᠢᠯᠡᠬᠦ᠂ ᠦᠢᠯᠡ ᠠᠵᠢᠯᠯᠠᠭ᠎ᠠ ᠶᠢ ᠬᠢᠨᠠᠨ ᠪᠤᠳᠤᠬᠤ᠂ ᠳ᠋ᠠᠶᠢᠲ᠋ᠠ ᠶᠢ ᠠᠮᠤᠷ ᠲᠦᠪᠰᠢᠨ ᠢᠶᠠᠷ ᠤᠰᠠᠳᠬᠠᠬᠤ᠂ | ᠭᠦᠢᠴᠡᠳᠬᠡᠯ ᠲᠤᠭ᠎ᠠ ᠶᠢ ᠦᠨᠡᠯᠡᠨ ᠵᠢᠱᠢᠬᠦ ᠵᠡᠷᠭᠡ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠷᠢᠨ ᠬᠤᠶᠠᠷ︶ ᠲᠠᠪᠴᠠᠩ ᠤᠨ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠳ᠋ᠠᠶᠢᠲ᠋ᠠ ᠶᠢᠨ ᠠᠮᠤᠷ ᠲᠦᠪᠰᠢᠨ ᠤ ᠪᠠᠶᠢᠳᠠᠯ ᠢ ᠰᠡᠷᠡᠵᠦ ᠮᠡᠳᠡᠷᠡᠬᠦ ᠲᠠᠪᠴᠠᠩ ᠢ ᠪᠠᠶᠢᠭᠤᠯᠵᠤ᠂ | ᠳ᠋ᠠᠶᠢᠲ᠋ᠠ ᠶᠢᠨ ᠠᠮᠤᠷ ᠲᠦᠪᠰᠢᠨ ᠢ ᠪᠠᠶᠢᠩᠭᠤᠵᠢᠭᠤᠯᠤᠨ ᠪᠠᠶᠢᠴᠠᠭᠠᠨ ᠰᠢᠨᠵᠢᠬᠦ ᠪᠠ ᠮᠡᠷᠭᠡᠵᠢᠯ ᠤᠨ ᠲᠠᠯ᠎ᠠ ᠪᠠᠷ | ᠰᠡᠷᠭᠡᠶᠢᠯᠡᠨ ᠬᠠᠮᠠᠭᠠᠯᠠᠬᠤ ᠪᠠᠨ ᠴᠢᠩᠭᠠᠳᠬᠠᠨ᠂ ᠳ᠋ᠠᠶᠢᠲ᠋ᠠ ᠳᠤ ᠬᠠᠨᠳᠤᠭᠤᠯᠤᠭᠰᠠᠨ ᠮᠡᠳᠡᠭᠡ ᠵᠠᠩᠭᠢ ᠶᠢᠨ ᠠᠮᠤᠷ | ᠲᠦᠪᠰᠢᠨ ᠤ ᠮᠡᠷᠭᠡᠵᠢᠯ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠠᠮᠤᠷ ᠲᠦᠪᠰᠢᠨ ᠤ | ᠰᠡᠷᠭᠡᠶᠢᠯᠡᠯᠲᠡ ᠬᠠᠮᠠᠭᠠᠯᠠᠯᠲᠠ ᠶᠢᠨ ᠬᠢᠨᠠᠨ ᠰᠢᠨᠵᠢᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠯᠧᠺᠲᠷᠣᠨ ᠢᠶᠠᠷ | ᠭᠡᠷᠡᠴᠢᠯᠡᠬᠦ᠂ ᠳ᠋ᠠᠶᠢᠲ᠋ᠠ ᠶᠢ ᠨᠢᠭᠤᠴᠠᠯᠠᠨ ᠬᠠᠳᠠᠭᠠᠯᠠᠬᠤ᠂ ᠳᠠᠮᠵᠢᠭᠤᠯᠬᠤ ᠪᠠ ᠬᠡᠷᠡᠭᠯᠡᠬᠦ ᠠᠷᠭ᠎ᠠ ᠪᠠᠷᠢᠯ ᠢ ᠭᠦᠢᠴᠡᠳ | ᠠᠰᠢᠬᠯᠠᠨ᠂ ᠳ᠋ᠠᠶᠢᠲ᠋ᠠ ᠶᠢ ᠥᠭᠡᠷᠡᠲᠦᠭᠦᠯᠬᠦ ᠶᠢ ᠰᠡᠷᠭᠡᠶᠢᠯᠡᠵᠦ᠂ ᠳ᠋ᠠᠶᠢᠲ᠋ᠠ ᠶᠢᠨ ᠰᠡᠷᠬᠡᠭᠴᠡ ᠦᠬᠡᠶᠢᠳᠡᠬᠦᠯᠦᠨ | ᠬᠡᠷᠡᠭᠯᠡᠬᠦ ᠶᠢ ᠠᠬᠢᠭᠤᠯᠵᠤ᠂ ᠴᠢᠬᠤᠯᠠ ᠳ᠋ᠠᠶᠢᠲ᠋ᠠ ᠪᠠ ᠬᠤᠪᠢ ᠬᠥᠮᠦᠨ ᠤ ᠨᠢᠭᠤᠴᠠ᠂ ᠬᠤᠳᠠᠯᠳᠤᠭᠠᠨ ᠤ | ᠨᠢᠭᠤᠴᠠ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠂ ᠳ᠋ᠠᠶᠢᠲ᠋ᠠ ᠶᠢ ᠰᠤᠷᠪᠤᠯᠵᠢᠯᠠᠨ ᠦᠵᠡᠬᠦ ᠦᠢᠯᠡ | ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠶᠠᠪᠤᠴᠠ ᠶᠢ ᠪᠦᠷᠢᠨ ᠲᠡᠮᠳᠡᠭᠯᠡᠬᠦ ᠪᠠ ᠡᠷᠬᠡ ᠶᠢᠨ ᠬᠢᠵᠠᠭᠠᠷ ᠢ | ᠨᠠᠷᠢᠯᠢᠬᠵᠢᠭᠤᠯᠤᠨ ᠬᠠᠮᠢᠶᠠᠷᠬᠤ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ | ᠲᠥᠪ ᠲᠦᠷᠦᠭᠦᠯᠡᠨ ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ ᠪᠥᠬᠦ | ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠤ | ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠣᠤᠷ ᠰᠦᠯᠵᠢᠶ᠎ᠡ ᠪᠠ ᠳ᠋ᠠᠶᠢᠲ᠋ᠠ ᠶᠢᠨ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠯᠤᠰ ᠤᠨ ᠲᠠᠪᠴᠠᠩ ᠯᠤᠭ᠎ᠠ ᠵᠡᠷᠭᠡ ᠪᠠᠷ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠪ ᠢ ᠲᠠᠰ | ᠳᠡᠪᠰᠢᠭᠦᠯᠬᠦ ᠶᠢᠨ ᠬᠠᠮᠲᠤ ᠳᠡᠭᠡᠭᠰᠢ ᠪᠠᠨ ᠤᠯᠤᠰ ᠤᠨ ᠲᠠᠪᠴᠠᠩ ᠳᠤ ᠵᠠᠯᠭᠠᠨ ᠣᠷᠣᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠲᠠᠰᠤᠯᠳᠠᠭᠤᠯᠬᠤ ᠥᠬᠡᠶ᠂ ᠬᠠᠭᠤᠳᠠᠰᠤ ᠨᠢᠭᠤᠷ ᠢ | ᠥᠭᠡᠷᠡᠲᠦᠭᠦᠯᠬᠦ ᠥᠬᠡᠶ᠂ ᠳ᠋ᠠᠶᠢᠲ᠋ᠠ ᠶᠢ ᠵᠠᠳᠠᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠷᠢᠨ ᠭᠤᠷᠪᠠ︶ ᠳ᠋ᠠᠶᠢᠲ᠋ᠠ ᠶᠢᠨ ᠠᠮᠤᠷ ᠲᠦᠪᠰᠢᠨ ᠢᠶᠠᠷ ᠠᠵᠢᠯᠯᠠᠭᠤᠯᠬᠤ ᠪᠠᠲᠤᠯᠠᠭ᠎ᠠ ᠶᠢ | ᠴᠢᠩᠭᠠᠷᠠᠭᠤᠯᠤᠨ᠎ᠠ᠃ ᠳ᠋ᠠᠶᠢᠲ᠋ᠠ ᠶᠢ ᠠᠮᠤᠷ ᠲᠦᠪᠰᠢᠨ ᠢᠶᠠᠷ ᠠᠵᠢᠯᠯᠠᠭᠤᠯᠵᠤ ᠬᠠᠮᠠᠭᠠᠯᠠᠬᠤ ᠪᠠ ᠡᠵᠡᠩᠨᠡᠵᠦ | ᠠᠵᠢᠯᠯᠠᠭᠤᠯᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠡᠷᠬᠡ ᠬᠠᠷᠢᠭᠤᠴᠠᠯᠭ᠎ᠠ ᠶᠢ | ᠲᠣᠳᠣᠷᠬᠠᠢ ᠲᠣᠭᠲᠠᠭᠠᠵᠤ᠂ ᠳ᠋ᠠᠶᠢᠲ᠋ᠠ ᠶᠢᠨ ᠠᠮᠤᠷ ᠲᠦᠪᠰᠢᠨ ᠤ ᠲᠦᠭᠰᠢᠭᠦᠷᠢ ᠶᠢᠨ ᠮᠡᠳᠡᠭᠡ ᠵᠠᠩᠭᠢ ᠶᠢ ᠤᠯᠬᠤ᠂ | ᠵᠠᠳᠠᠯᠬᠤ᠂ ᠰᠤᠳᠤᠯᠤᠨ ᠮᠠᠭᠠᠳᠯᠠᠬᠤ᠂ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠠᠵᠢᠯ ᠶᠠᠪᠤᠳᠠᠯ ᠤᠨ ᠡᠮᠦᠨ᠎ᠡ ᠬᠢᠨᠠᠨ | ᠵᠥᠪᠰᠢᠶᠡᠷᠡᠬᠦ ᠶᠢ ᠬᠠᠮᠢᠶᠠᠷᠬᠤ᠂ ᠠᠵᠢᠯ ᠶᠠᠪᠤᠳᠠᠯ ᠤᠨ ᠳᠤᠮᠳᠠ ᠪᠦᠬᠦᠨ ᠢ ᠣᠷᠣᠮ ᠦᠯᠡᠳᠡᠭᠡᠬᠦ᠂ ᠠᠵᠢᠯ ᠶᠠᠪᠤᠳᠠᠯ ᠤᠨ | ᠳᠠᠷᠠᠭ᠎ᠠ ᠮᠦᠷᠳᠡᠨ ᠤᠬᠤᠴᠢᠯᠠᠵᠤ ᠪᠣᠯᠬᠤ ᠳ᠋ᠠᠶᠢᠲ᠋ᠠ ᠶᠢᠨ ᠠᠮᠤᠷ ᠲᠦᠪᠰᠢᠨ ᠠᠵᠢᠯᠯᠠᠭᠠᠨ ᠤ ᠬᠢᠨᠠᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠳ᠋ᠠᠶᠢᠲ᠋ᠠ ᠰᠣᠯᠢᠯᠴᠠᠬᠤ ᠬᠠᠷᠢᠭᠤᠴᠠᠯᠭ᠎ᠠ ᠶᠢᠨ | ᠭᠤᠤᠯ ᠴᠣᠭᠴᠠ ᠶᠢ ᠲᠣᠳᠣᠷᠬᠠᠢ ᠲᠣᠭᠲᠠᠭᠠᠵᠤ᠂ ᠳ᠋ᠠᠶᠢᠲ᠋ᠠ ᠶᠢ ᠬᠡᠷᠡᠭᠯᠡᠬᠦ ᠭᠤᠶᠤᠴᠢᠯᠠᠯ ᠤᠨ ᠲᠣᠭᠲᠠᠭᠠᠯ ᠳᠤ | ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠪᠠ ᠳ᠋ᠠᠶᠢᠲ᠋ᠠ ᠶᠢ ᠣᠯᠤᠭᠰᠠᠨ ᠤ ᠳᠠᠷᠠᠭ᠎ᠠ ᠬᠡᠷᠡᠭᠯᠡᠯᠲᠡ ᠶᠢᠨ ᠴᠠᠭᠠᠨ | ᠳᠠᠩᠰᠠ ᠶᠢᠨ ᠡᠵᠡᠮᠳᠡᠯ ᠢ ᠴᠢᠩᠭᠠᠳᠬᠠᠵᠤ᠂ ᠳ᠋ᠠᠶᠢᠲ᠋ᠠ ᠶᠢᠨ ᠬᠡᠪ ᠤᠨ ᠪᠤᠰᠤ ᠬᠡᠷᠡᠭᠯᠡᠯᠲᠡ ᠶᠢᠨ ᠦᠢᠯᠡ ᠠᠵᠢᠯᠯᠠᠭ᠎ᠠ ᠶᠢ | ᠢᠯᠡᠷᠡᠭᠦᠯᠬᠦ᠂ ᠢᠷᠡᠯᠲᠡ ᠶᠢ ᠡᠷᠢᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠳ᠋ᠠᠶᠢᠲ᠋ᠠ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠪᠢᠲᠡᠭᠦᠦ ᠴᠦᠷᠭᠡᠯᠡᠭᠡ ᠶᠢ ᠪᠣᠶ ᠪᠣᠯᠭᠠᠵᠤ᠂ ᠳ᠋ᠠᠶᠢᠲ᠋ᠠ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ | ᠬᠠᠷᠢᠭᠤᠴᠠᠵᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠡᠶᠡᠯᠡᠭᠦᠯᠦᠨ᠎ᠡ︶ | ᠶᠢᠰᠦ᠂ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠤᠲᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ | ︵ᠬᠤᠷᠢᠨ ᠳᠥᠷᠪᠡ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠᠨ ᠴᠢᠩᠭᠠᠳᠬᠠᠨ᠎ᠠ᠃ | ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠪᠠ | ᠬᠡᠷᠡᠭᠯᠡᠭᠡᠨ ᠤ ᠦᠨᠡᠯᠡᠨ ᠵᠢᠱᠢᠯᠲᠡ ᠦᠨᠡᠯᠡᠯᠲᠡ ᠶᠢᠨ ᠲᠣᠭᠲᠠᠯᠴᠠᠭ᠎ᠠ ᠶᠢ ᠰᠤᠳᠤᠯᠤᠨ ᠲᠣᠭᠲᠠᠭᠠᠨ᠎ᠠ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠢᠶᠠᠷᠤᠯᠲᠠ ᠪᠠ | ᠬᠡᠷᠡᠭᠯᠡᠯᠲᠡ ᠶᠢ ᠴᠢᠩᠭᠠᠳᠬᠠᠵᠤ᠂ ᠡᠯ᠎ᠡ ᠭᠠᠵᠠᠷ ᠣᠷᠣᠨ ᠢ ᠰᠢᠮᠳᠠᠭᠤᠯᠵᠤ ᠪᠠᠶᠢᠭᠠᠳ ᠬᠠᠮᠢᠶ᠎ᠠ ᠪᠥᠬᠦᠶ ᠠᠵᠢᠯ ᠢ | ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠳᠤ ᠣᠷᠣᠭᠤᠯᠬᠤ ᠶᠢᠨ ᠬᠠᠮᠲᠤ᠂ | ᠱᠠᠭᠠᠷᠳᠠᠯᠭ᠎ᠠ ᠶᠣᠰᠣᠭᠠᠷ ᠡᠭᠦᠷᠭᠡ ᠪᠠᠨ ᠪᠡᠶᠡᠯᠡᠭᠦᠯᠦᠭᠰᠡᠨ ᠥᠬᠡᠶ ᠶᠢ ᠨᠢ ᠭᠤᠤᠯᠳᠠᠯᠭ᠎ᠠ ᠲᠠᠢ ᠰᠢᠮᠳᠠᠭᠤᠯᠤᠨ | ᠪᠠᠶᠢᠴᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠷᠢᠨ ᠲᠠᠪᠤ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ᠂ | ᠡᠯ᠎ᠡ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ | ᠲᠣᠮᠣ ᠳ᠋ᠠᠶᠢᠲ᠋ᠠ ᠶᠢᠨ ᠠᠵᠢᠯ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠠᠷᠭ᠎ᠠ ᠶᠢ ᠰᠤᠳᠤᠯᠤᠨ ᠲᠣᠭᠲᠠᠭᠠᠨ᠎ᠠ᠃ | ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ᠂ ᠲᠤᠰᠬᠠᠶ ᠪᠠᠶᠢᠭᠤᠯᠤᠮᠵᠢ ᠶᠢᠨ ᠦᠨᠡᠯᠡᠨ ᠲᠣᠭᠲᠠᠭᠠᠯᠲᠠ᠂ | ᠬᠡᠷᠡᠭᠯᠡᠭᠴᠢ ᠶᠢᠨ ᠬᠠᠨᠤᠮᠵᠢᠲᠠᠢ ᠪᠠᠶᠢᠬᠤ ᠬᠡᠮᠵᠢᠶ᠎ᠡ ᠶᠢᠨ ᠦᠨᠡᠯᠡᠯᠲᠡ ᠵᠡᠷᠭᠡ ᠠᠷᠭ᠎ᠠ ᠮᠠᠶ᠋ᠢᠭ ᠢ ᠢᠳᠡᠪᠬᠢᠲᠡᠶ ᠪᠠᠷ | ᠬᠡᠷᠡᠭᠯᠡᠨ ᠦᠨᠡᠯᠡᠨ ᠵᠢᠱᠢᠯᠲᠡ ᠦᠨᠡᠯᠡᠯᠲᠡ ᠶᠢ ᠥᠷᠨᠢᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ | ︵ᠬᠤᠷᠢᠨ ᠵᠢᠷᠭᠤᠭ᠎ᠠ︶ ᠵᠠᠷᠤᠳᠠᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠪᠥᠬᠦ ᠣᠷᠣᠨ ᠤ ᠨᠢᠭᠡ | ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ | ᠠᠵᠢᠯᠯᠠᠭᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠦᠨᠳᠦᠰᠦᠨ ᠪᠥᠲᠥᠭᠡᠨ | ᠪᠠᠶᠢᠭᠤᠯᠤᠯᠲᠠ ᠶᠢᠨ ᠪᠠᠯᠠ ᠣᠷᠣᠭᠤᠯᠤᠯᠲᠠ ᠳᠤ ᠣᠷᠣᠭᠤᠯᠵᠤ᠂ ᠬᠠᠮᠢᠶ᠎ᠠ ᠪᠥᠬᠦᠶ ᠠᠵᠢᠯ ᠤᠨ ᠵᠠᠷᠤᠳᠠᠯ ᠢ ᠡᠯ᠎ᠡ | ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠥᠰᠥᠪ ᠲᠤ ᠣᠷᠣᠭᠤᠯᠤᠨ ᠨᠢᠭᠡᠲᠦᠯᠲᠡᠢ ᠲᠦᠯᠦᠪᠯᠡᠨ | ᠲᠣᠬᠢᠷᠠᠭᠤᠯᠤᠨ᠎ᠠ᠃ ᠬᠠᠮᠢᠶ᠎ᠠ ᠪᠥᠬᠦᠶ ᠵᠠᠷᠤᠳᠠᠯ ᠤᠨ ᠪᠥᠬᠦ ᠶᠠᠪᠤᠴᠠ ᠶᠢᠨ ᠠᠵᠢᠯ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ | ᠳ᠋ᠦᠩ ᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢ ᠰᠠᠶᠢᠵᠢᠷᠠᠭᠤᠯᠬᠤ ᠪᠠ ᠲᠥᠰᠦᠪ ᠢ | ᠳᠣᠭᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ | ᠪᠦᠬᠦᠨ ᠳᠤ ᠨᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠬᠢᠬᠦ ᠦᠭᠡᠢ᠂ | ᠠᠵᠢᠯᠯᠠᠭᠤᠯᠵᠤ ᠬᠠᠮᠠᠭᠠᠯᠠᠬᠤ ᠪᠠ ᠡᠵᠡᠩᠨᠡᠵᠦ ᠠᠵᠢᠯᠯᠠᠭᠤᠯᠬᠤ ᠵᠠᠷᠤᠳᠠᠯ ᠳᠣᠭᠢᠷᠠᠭᠤᠯᠬᠤ ᠥᠬᠡᠶ᠃ ︵ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ | ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ︶ |