ᠡᠩᠬᠡᠪᠤᠯᠠᠭ — ᠠᠭᠳᠠ ᠶᠢᠨ ᠨᠢᠷᠤᠭᠤᠨ ᠳᠤ ᠠᠮᠵᠢᠯᠳᠠ ᠬᠠᠷᠢᠭᠤᠴᠠᠯᠭ᠎ᠠ ᠶᠢ ᠮᠠᠨᠳᠤᠭᠤᠯᠤᠨ ᠶᠠᠪᠤᠨ᠎ᠡ
ᠨᠡᠶᠢᠲᠡᠯᠡᠭᠰᠡᠨ ᠴᠠᠭ᠄
2024/6/4
    ᠡᠩᠬᠡᠪᠤᠯᠠᠭ ᠪᠣᠯ ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠠᠩᠭᠢ ᠶᠢᠨ ᠲᠣᠭᠯᠠᠯᠲᠠ ᠶᠢᠨ ᠮᠤᠷᠢᠨ ᠮᠡᠷᠭᠡᠵᠢᠯ ᠤᠨ ᠲᠠᠮᠢᠷᠴᠢᠨ ᠪᠣᠯᠣᠨ᠎ᠠ᠂ ᠮᠣᠷᠢᠨ ᠮᠡᠷᠭᠡᠵᠢᠯ ᠤᠨ ᠦᠢᠯᠡᠰ ᠲᠠᠢ ᠬᠠᠨᠢᠯᠠᠭᠠᠳ ᠠᠷᠪᠠᠨ ᠲᠠᠪᠤᠨ ᠵᠢᠯ ᠤᠨ ᠨᠢᠭᠤᠷ ᠢ ᠦᠵᠡᠨ᠂ ᠥᠪᠡᠷ ᠤᠨ ᠵᠠᠯᠠᠭᠤ ᠨᠠᠰᠤ ᠪᠣᠯᠣᠨ ᠬᠦᠴᠦ ᠬᠥᠯᠥᠰᠦ ᠪᠠᠨ ᠮᠣᠷᠢᠨ ᠮᠡᠷᠭᠡᠵᠢᠯ ᠳᠤ ᠵᠤᠷᠢᠭᠤᠯᠤᠭᠰᠠᠨ ᠨᠢᠭᠡᠨ ᠪᠢᠯᠡ᠃
    ᠡᠨᠡ ᠵᠢᠯ 34 ᠨᠠᠰᠤᠲᠠᠢ ᠡᠩᠬᠡᠪᠤᠯᠠᠭ ᠪᠣᠯ ᠠᠩᠭᠢ ᠶᠢᠨ ᠢᠶᠠᠨ ᠠᠬᠠᠮᠠᠳ ᠲᠠᠮᠢᠷᠴᠢᠨ ᠪᠣᠯᠣᠨ᠎ᠠ᠂ ᠲᠡᠭᠦᠨ ᠤ ᠮᠣᠷᠢᠨ ᠮᠡᠷᠭᠡᠵᠢᠯ ᠤᠨ ᠲᠣᠭᠯᠠᠯᠲᠠ ᠶᠢᠨ ᠲᠠᠯ᠎ᠠ ᠪᠠᠷ ᠬᠢ ᠠᠮᠵᠢᠯᠳᠠ ᠨᠢ ᠬᠥᠮᠥᠰ ᠤᠨ ᠠᠩᠬᠠᠷᠤᠯ ᠢ ᠲᠠᠲᠠᠭᠰᠠᠭᠠᠷ ᠢᠷᠡᠵᠠᠢ᠃ ᠲᠠᠮᠢᠷᠴᠢᠨ ᠪᠤᠯᠤᠭᠰᠠᠨ ᠠᠴᠠ ᠡᠬᠢᠯᠡᠨ᠂ ᠲᠡᠷᠡ ᠲᠠᠰᠤᠷᠠᠯᠲᠠ ᠦᠭᠡᠢ ᠤᠷ᠎ᠠ ᠮᠡᠷᠭᠡᠵᠢᠯ ᠢᠶᠠᠨ ᠳᠡᠭᠡᠭᠰᠢᠯᠡᠭᠦᠯᠵᠦ᠂ ᠮᠠᠰᠢ ᠤᠯᠠᠨ ᠢᠷᠠᠭᠤ ᠠᠯᠳᠠᠷ ᠢ ᠬᠦᠷᠳᠡᠭᠰᠡᠨ ᠶᠤᠮ᠃ 2015 ᠣᠨ ᠤ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠡᠭᠡᠷ᠎ᠡ ᠡᠩᠬᠡᠪᠤᠯᠠᠭ ᠬᠠᠳᠠᠭ ᠰᠢᠭᠦᠷᠬᠦ ᠪᠠ ᠰᠤᠷ ᠬᠠᠷᠪᠤᠬᠤ ᠬᠤᠶᠠᠷ ᠵᠦᠢᠯ ᠤᠨ ᠤᠷᠤᠯᠳᠤᠭᠠᠨ ᠳᠤ ᠠᠯᠲᠠᠨ ᠮᠧᠳᠠᠯ ᠭᠠᠷᠳᠠᠪᠠ᠃ 2018 ᠣᠨ ᠤ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠶᠡᠭᠡ ᠤᠷᠤᠯᠳᠤᠭᠠᠨ ᠳᠤ᠂ ᠡᠩᠬᠡᠪᠤᠯᠠᠭ 7 ᠰᠧᠺᠦ᠋ᠨ᠋ᠳ᠋ 29 ᠤᠨ ᠬᠢᠷᠢ ᠪᠦᠳᠦᠮᠵᠢ ᠪᠠᠷ ᠠᠷᠪᠠᠨ ᠬᠠᠳᠠᠭ ᠢ ᠪᠦᠬᠦᠨ ᠢ ᠰᠢᠭᠦᠷᠴᠦ ᠨᠢᠭᠡᠳᠦᠭᠡᠷ ᠲᠤ ᠣᠷᠣᠵᠠᠢ᠃     ᠲᠠᠮᠢᠷᠴᠢᠨ ᠤ ᠠᠮᠵᠢᠯᠳᠠ ᠬᠢᠮᠳᠠᠬᠠᠨ ᠤᠯᠳᠠᠬᠤ ᠦᠭᠡᠢ᠃ ᠡᠩᠬᠡᠪᠤᠯᠠᠭ ᠡᠳᠦᠷ ᠪᠤᠯᠭᠠᠨ ᠪᠤᠯᠪᠠᠰᠤᠷᠠᠯ ᠢᠶᠠᠨ ᠪᠠᠷᠢᠮᠳᠠᠯᠠᠨ᠂ ᠦᠨᠳᠦᠰᠦᠨ ᠮᠣᠷᠢᠨ ᠮᠡᠷᠭᠡᠵᠢᠯ ᠠᠴᠠ ᠬᠦᠴᠢᠷᠳᠡᠢ ᠲᠣᠭᠯᠠᠯᠲᠠ ᠶᠢᠨ ᠮᠡᠷᠭᠡᠵᠢᠯ ᠢ ᠨᠢᠭᠡᠳ ᠨᠢᠭᠡ ᠪᠠᠷ ᠡᠵᠡᠮᠰᠢᠵᠦ ᠴᠢᠳᠠᠭᠰᠠᠨ ᠨᠢ ᠲᠡᠭᠦᠨ ᠤ ᠲᠡᠰᠪᠦᠷᠢ ᠲᠡᠪᠴᠢᠶᠡᠷᠢ ᠪᠠ ᠰᠥᠰᠥ ᠵᠣᠷᠢᠭ ᠲᠠᠢ ᠰᠠᠯᠤᠰᠢ ᠦᠭᠡᠢ ᠬᠤᠯᠪᠤᠭ᠎ᠠ  ᠲᠠᠢ ᠶᠤᠮ᠃
    ᠡᠩᠬᠡᠪᠤᠯᠠᠭ ᠲᠠᠮᠢᠷᠴᠢᠨ ᠪᠦᠭᠡᠳ ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠲᠣᠭᠯᠠᠯᠲᠠ ᠶᠢᠨ ᠠᠩᠭᠢ ᠶᠢᠨ ᠳᠠᠰᠬᠠᠯᠵᠢᠭᠤᠯᠤᠭᠴᠢ ᠪᠠ ᠳᠠᠭᠠᠭᠤᠯᠤᠭᠴᠢ ᠪᠣᠯᠣᠨ᠎ᠠ᠃ ᠣᠯᠠᠨ ᠲᠤᠰᠢᠶᠠᠯ ᠢ ᠬᠠᠪᠰᠤᠷᠭᠠᠨ ᠬᠠᠷᠢᠭᠤᠴᠠᠭᠰᠠᠨ ᠠᠴᠠ ᠲᠡᠭᠦᠨ ᠤ ᠬᠠᠷᠢᠭᠤᠴᠠᠯᠭ᠎ᠠ ᠨᠡᠩ ᠬᠦᠨᠳᠦ ᠪᠤᠯᠵᠠᠢ᠃ ᠥᠪᠡᠷ ᠤᠨ ᠮᠣᠷᠢᠨ ᠮᠡᠷᠭᠡᠵᠢᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠠᠴᠠ ᠭᠠᠳᠠᠨ᠎ᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠮᠢᠷᠤᠨ᠎ᠡ᠃ ᠠᠬᠠᠮᠠᠳ ᠲᠠᠮᠢᠷᠴᠢᠨ ᠤ ᠬᠤᠪᠢ ᠳᠤ᠂ ᠡᠩᠬᠡᠪᠤᠯᠠᠭ ᠴᠠᠭ ᠢᠮᠠᠭᠲᠠ ᠳᠠᠷᠤᠤ ᠬᠢᠴᠢᠶᠡᠩᠭᠦᠢ ᠪᠠᠶᠢᠳᠠᠭ ᠨᠢ ᠮᠣᠷᠢᠨ ᠮᠡᠷᠭᠡᠵᠢᠯ ᠤᠨ ᠲᠠᠮᠢᠷ ᠤᠨ ᠬᠥᠳᠡᠯᠭᠡᠭᠡᠨ ᠳᠤ ᠤᠷ᠎ᠠ ᠮᠡᠷᠭᠡᠵᠢᠯ ᠪᠠ ᠲᠤᠷᠰᠢᠯᠭ᠎ᠠ ᠱᠠᠭᠠᠷᠳᠠᠭᠳᠠᠬᠤ ᠪᠠᠷ ᠪᠠᠷᠠᠬᠤ ᠦᠭᠡᠢ᠂ ᠨᠡᠩ ᠴᠤ ᠡᠷᠡᠭᠦᠯ ᠰᠠᠶᠢᠨ ᠰᠡᠳᠬᠢᠯ ᠰᠠᠨᠠᠭ᠎ᠠ ᠲᠠᠢ ᠪᠠᠶᠢᠬᠤ ᠶᠢ ᠱᠠᠭᠠᠷᠳᠠᠳᠠᠭ ᠭᠡᠰᠡᠨ ᠢ ᠭᠦᠨ ᠤᠬᠠᠭᠠᠷᠠᠭᠰᠠᠨ ᠲᠠᠢ ᠬᠤᠯᠪᠤᠭ᠎ᠠ ᠲᠠᠢ᠃ ᠲᠡᠷᠡ ᠪᠠᠰᠠ ᠵᠠᠯᠠᠭᠤ ᠲᠠᠮᠢᠷᠴᠢᠳ ᠲᠠᠢ ᠤᠶᠢᠷᠠᠳᠤᠨ᠂ ᠥᠪᠡᠷ ᠤᠨ ᠲᠤᠷᠰᠢᠯᠭ᠎ᠠ ᠪᠠ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ᠂ ᠲᠡᠳᠡᠨᠤᠰ ᠤᠨ ᠳᠠᠪᠰᠢᠯᠳᠠ ᠳᠤ ᠲᠤᠰᠠᠯᠠᠬᠤ ᠶᠢ ᠬᠢᠴᠢᠶᠡᠳᠡᠭ᠃
    ᠣᠳᠣᠬᠠᠨ ᠳᠤ᠂ ᠡᠩᠬᠡᠪᠤᠯᠠᠭ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠡᠯᠡᠳᠬᠡᠯ ᠬᠢᠵᠦ᠂ ᠰᠠᠶᠢᠨ ᠬᠢᠷᠢ ᠪᠦᠲᠦᠮᠵᠢ ᠤᠯᠬᠤ ᠪᠠᠷ ᠮᠠᠷᠡᠶᠢᠵᠦ ᠪᠤᠢ᠃     ᠡᠩᠬᠡᠪᠤᠯᠠᠭ ᠶᠢᠨ ᠪᠡᠶ᠎ᠡ ᠳᠡᠭᠡᠷ᠎ᠡ ᠠᠴᠠ ᠰᠢᠯᠢᠳᠡᠭ ᠮᠣᠷᠢᠨ ᠮᠡᠷᠭᠡᠵᠢᠯ ᠤᠨ ᠲᠠᠮᠢᠷᠴᠢᠨ ᠤ ᠴᠤᠭ ᠵᠢᠪᠬᠤᠭ᠎ᠠ ᠪᠣᠯᠣᠨ ᠬᠠᠷᠢᠭᠤᠴᠠᠯᠭ᠎ᠠ ᠮᠡᠳᠡᠷᠡᠭᠳᠡᠵᠦ ᠪᠠᠶᠢᠯ᠎ᠠ᠃ ᠢᠷᠡᠭᠡᠳᠦᠢ ᠳᠤ᠂ ᠲᠡᠷᠡ ᠨᠠᠩ ᠣᠯᠠᠨ ᠬᠥᠮᠥᠰ ᠲᠤ ᠮᠣᠷᠢᠨ ᠮᠡᠷᠭᠡᠵᠢᠯ ᠤᠨ ᠲᠠᠮᠢᠷ ᠤᠨ ᠬᠥᠳᠡᠯᠭᠡᠭᠡᠨ ᠢ  ᠤᠶᠢᠯᠠᠭᠠᠭᠤᠯᠵᠦ᠂ ᠨᠠᠩ ᠣᠯᠠᠨ ᠰᠢᠯᠢᠳᠡᠭ ᠮᠣᠷᠢᠨ ᠮᠡᠷᠭᠡᠵᠢᠯ ᠤᠨ ᠲᠠᠮᠢᠷᠴᠢᠨ ᠢ ᠬᠥᠮᠥᠵᠢᠭᠦᠯᠦᠨ ᠭᠠᠷᠭᠠᠵᠤ᠂ ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠨᠢ ᠯᠡᠪᠳᠡᠢ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号