7 ᠰᠠᠷ᠎ᠠ ᠶᠢᠨ 13 ᠤ ᠡᠳᠦᠷ᠂ ᠰᠢᠨᠵᠢᠶᠠᠩ ᠤᠨ ᠢᠯᠢ ᠵᠧᠦ ᠳᠤ ᠶᠠᠪᠤᠭᠳᠠᠭᠰᠠᠨ ᠠᠷᠪᠠᠨ ᠬᠤᠶᠠᠳᠤᠭᠠᠷ | ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠠᠮᠵᠢᠯᠲᠠ ᠲᠠᠢ ᠲᠡᠭᠦᠰᠪᠡ᠃ 6 ᠡᠳᠦᠷ ᠤᠨ ᠤᠷᠤᠯᠳᠤᠭᠠᠨ ᠳᠤ᠂ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ 70 ᠲᠠᠮᠢᠷᠴᠢᠨ ᠠᠴᠠ 63 ᠠᠳᠤᠭᠤ ᠪᠠ 13 ᠲᠡᠮᠡᠭᠡ ᠪᠠᠨ ᠠᠪᠴᠦ | ᠤᠷᠤᠯᠳᠤᠭᠠᠨ ᠳᠤ ᠤᠷᠤᠯᠴᠠᠭᠠᠳ᠂ 24 ᠵᠦᠢᠯ ᠤᠨ ᠱᠠᠩᠨᠠᠯ ᠬᠦᠷᠳᠡᠪᠡ᠃ ᠡᠭᠦᠨ ᠳᠤ ᠨᠢᠭᠡᠳᠦᠭᠡᠷ ᠳᠡᠰ ᠤᠨ | ᠱᠠᠩᠨᠠᠯ 2᠂ ᠬᠤᠶᠠᠳᠤᠭᠠᠷ ᠳᠡᠰ ᠤᠨ ᠱᠠᠩᠨᠠᠯ 10᠂ ᠭᠤᠷᠪᠠᠳᠤᠭᠠᠷ ᠳᠡᠰ ᠤᠨ ᠱᠠᠩᠨᠠᠯ 12 ᠪᠤᠢ᠃ | | 7 ᠰᠠᠷ᠎ᠠ ᠶᠢᠨ 13 ᠤ ᠡᠳᠦᠷ ᠶᠠᠪᠤᠭᠳᠠᠭᠰᠠᠨ ᠬᠠᠮᠤᠭ ᠤᠨ ᠰᠡᠭᠦᠯᠴᠢ ᠶᠢᠨ ᠤᠷᠤᠯᠳᠤᠭᠠᠨ ᠪᠤᠯᠬᠤ | ᠦᠨᠳᠦᠰᠦᠲᠡᠨ ᠤ ᠮᠤᠷᠢᠨ ᠤᠷᠤᠯᠳᠤᠭᠠᠨ ᠤ 8000 ᠮᠧᠲᠷ ᠤᠨ ᠤᠷᠤᠯᠳᠤᠭᠠᠨ ᠳᠤ᠂ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ 6 ᠲᠠᠮᠢᠷᠴᠢᠨ ᠲᠣᠮᠢᠯᠠᠨ ᠤᠷᠤᠯᠳᠤᠭᠠᠨ ᠳᠤ ᠣᠷᠣᠯᠴᠠᠭᠤᠯᠵᠤ᠂ ᠤᠷᠬᠢᠯ | ᠪᠤᠯᠤᠨ ᠶᠢᠨ ᠰᠢᠶᠠᠨ ᠳ᠋ᠧ ᠤᠨᠤᠭᠰᠠᠨ ᠮᠤᠷᠢ ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠪᠦᠦ ᠴᠦᠨ ᠱᠧᠩ ᠪᠠ | ᠲᠠᠪᠤᠨᠴᠢᠨ ᠤ ᠤᠨᠤᠭᠰᠠᠨ ᠮᠤᠷᠢ ᠭᠤᠷᠪᠠᠳᠤᠭᠠᠷ ᠳᠡᠰ ᠤᠨ ᠱᠠᠩᠨᠠᠯ ᠬᠦᠷᠲᠡᠪᠡ᠃ ᠤᠷᠬᠢᠯ ᠠᠴᠠ ︽ᠥᠨᠥᠳᠥᠷ ᠤᠨ | ᠤᠷᠤᠯᠳᠤᠭᠠᠨ ᠳᠤ᠂ ᠪᠢ ᠰᠡᠭᠦᠯ ᠤᠨ ᠬᠡᠳᠦᠨ ᠵᠠᠭᠤᠨ ᠮᠧᠲᠷ ᠤᠨ ᠦᠶ᠎ᠡ ᠳᠤ ᠡᠰᠡᠷᠭᠦ ᠡᠲᠡᠭᠡᠳ ᠢᠶᠠᠨ ᠨᠡᠭᠡᠵᠦ | ᠲᠠᠪᠠᠭᠰᠠᠨ ᠪᠤᠯᠪᠠᠴᠦ ᠬᠠᠮᠤᠭ ᠤᠨ ᠰᠡᠬᠦᠯ ᠳᠤ ᠬᠤᠶᠠᠳᠤᠭᠠᠷ ᠳᠤ ᠤᠷᠤᠵᠠᠢ᠂ ᠬᠤᠶᠠᠳᠤᠭᠠᠷ ᠳᠡᠰ ᠤᠨ ᠱᠠᠩᠨᠠᠯ | ᠣᠯᠣᠭᠠᠳ ᠲᠤᠩ ᠪᠠᠶᠠᠷᠲᠠᠢ ᠪᠠᠶᠢᠨ᠎ᠠ᠃ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ | ᠤᠷᠤᠯᠴᠠᠭᠠᠳ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠤᠨᠤᠭᠠᠴᠢᠨ ᠠᠴᠠ ᠮᠠᠰᠢ ᠣᠯᠠᠨ ᠲᠤᠷᠰᠢᠯᠭ᠎ᠠ | ᠰᠤᠷᠤᠯ᠎ᠠ᠂ ᠬᠠᠷᠢᠭᠰᠠᠨ ᠤ ᠳᠠᠷᠠᠭ᠎ᠠ ᠦᠷᠭᠦᠯᠵᠢᠯᠡᠨ ᠰᠠᠶᠢᠲᠤᠷ ᠪᠣᠯᠪᠠᠰᠤᠷᠠᠵᠤ᠂ ᠨᠡᠩ ᠰᠠᠶᠢᠨ ᠬᠢᠷᠢ ᠪᠦᠲᠦᠮᠵᠢ | ᠤᠯᠬᠤ ᠪᠠᠷ ᠴᠢᠷᠮᠠᠶᠢᠨ᠎ᠠ︾ ᠭᠡᠵᠦ ᠬᠡᠯᠡᠵᠦ ᠪᠠᠶᠢᠪᠠ᠃ | | ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠠᠩᠭᠢ ᠶᠢᠨ ᠭᠤᠤᠯ ᠳᠠᠰᠬᠠᠯᠵᠢᠭᠤᠯᠤᠭᠴᠢ ᠯᠢᠦ ᠬᠤᠩ ᠴᠢᠨ | ᠠᠴᠠ᠄ ︽ᠦᠨᠳᠦᠰᠦᠲᠡᠨ ᠨᠦᠭᠦᠳ ᠤᠨ ᠣᠯᠠᠨ ᠲᠦᠮᠡᠨ ᠬᠠᠷᠢᠯᠴᠠᠨ ᠰᠤᠷᠤᠯᠴᠠᠵᠤ ᠰᠣᠯᠢᠯᠴᠠᠭ᠎ᠠ ᠬᠢᠪᠡᠯ ᠰᠠᠶ᠋ᠢ | ᠤᠷ᠎ᠠ ᠮᠡᠷᠭᠡᠵᠢᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠴᠢᠳᠠᠨ᠎ᠠ᠃ ᠡᠨᠡ ᠤᠳᠠᠭ᠎ᠠ ᠪᠢᠳᠡ ᠮᠤᠷᠢᠨ | ᠲᠡᠭᠡᠷᠡᠬᠢ ᠮᠤᠩᠭᠤᠯ ᠭᠡᠷ ᠤᠨ ᠲᠤᠭᠯᠠᠯᠳᠠ ᠪᠡᠯᠡᠳᠬᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠠᠨᠠᠷ ᠤᠨ | ᠦᠷ᠎ᠡ ᠰᠢᠭ ᠨᠢᠠᠠᠳᠠᠷᠠᠨ ᠪᠦᠯᠬᠦᠮᠳᠡᠬᠦ ᠶᠢ ᠪᠡᠯᠭᠡᠳᠡᠯᠡ︾ ᠭᠡᠵᠦ ᠪᠠᠶᠢᠪᠠ᠃ | | ᠥᠪᠥᠷ ᠮᠣᠩᠭᠤᠯ ᠤᠨ ᠲᠠᠮᠢᠷᠴᠢᠨ ᠪᠤᠤ ᠴᠦᠩ ᠱᠧᠩ ᠠᠴᠠ᠄ ︽ᠡᠨᠡ ᠬᠦ ᠦᠪᠡᠳᠡᠭᠰᠢ ᠶᠡᠭᠡ ᠲᠠᠮᠢᠷ ᠤᠨ | ᠴᠤᠭᠯᠠᠭᠠᠨ ᠳᠡᠭᠡᠷ᠎ᠡ᠂ ᠪᠢ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠨᠠᠶᠢᠵᠠ ᠲᠠᠢ ᠪᠠᠨ ᠬᠠᠷᠢᠯᠴᠠᠵᠤ᠂ | ᠤᠯᠠᠨ ᠢᠶᠠᠷ ᠢᠶᠠᠨ ᠮᠣᠷᠢᠨ ᠮᠡᠷᠭᠡᠵᠢᠯ ᠢᠶᠠᠨ ᠬᠠᠷᠢᠯᠴᠠᠨ ᠶᠠᠷᠢᠯᠴᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ | ᠲᠤᠯᠢᠳᠠᠵᠤ᠂ ᠮᠠᠷᠲᠠᠭᠳᠠᠰᠢ ᠦᠭᠡᠢ ᠰᠠᠶᠢᠨ ᠰᠠᠶᠢᠬᠠᠨ ᠳᠤᠷᠠᠰᠤᠮᠵᠢ ᠶᠢ ᠦᠯᠡᠳᠡᠭᠡᠪᠡ︾ ᠭᠡᠵᠦ ᠪᠠᠶᠢᠯ᠎ᠠ᠃ | |