ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ | ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠭᠠᠳ ᠳᠣᠷᠣᠭᠰᠢ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ | | 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ | ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠂ ᠮᠥᠨ ᠴᠦ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠬᠦ ᠶᠢ ᠠᠬᠢᠭᠤᠯᠬᠤ ᠴᠢᠬᠤᠯᠠ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠵᠢᠴᠢ | ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ 2024 ᠣᠨ ᠤ | ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠨᠠᠮ ᠤᠨ | ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ | ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ | ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ | ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠦᠨ ᠬᠦᠴᠦ ᠪᠠᠨ | ᠬᠠᠮᠲᠤᠳᠬᠠᠵᠤ ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠵᠤ᠂ ᠣᠮᠤᠭ ᠵᠣᠷᠢᠭ ᠪᠠᠳᠠᠷᠠᠩᠭᠤᠢ ᠪᠠᠷ | ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃ | 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠲᠠ | ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠨᠢᠭᠡᠴᠢ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 1.6% ᠣᠷᠴᠢᠮ | ᠪᠠᠭᠤᠷᠠᠭᠤᠯᠤᠨ᠎ᠠ᠃ | ᠨᠢᠭᠡ᠂ ᠲᠥᠷᠥ ᠶᠢᠨ ᠪᠣᠳᠣᠯᠭ᠎ᠠ ᠶᠢᠨ ᠬᠦᠴᠦᠯᠡᠴᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ | ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠬᠯᠠᠵᠤ᠂ | ᠲᠥᠷᠥ ᠶᠢᠨ ᠪᠣᠳᠣᠯᠭ᠎ᠠ ᠶᠢ ᠤᠬᠠᠭᠠᠯᠠᠨ ᠲᠥᠯᠥᠪᠯᠡᠵᠦ ᠨᠦᠬᠡᠴᠡᠯᠡᠬᠦ ᠪᠠᠨ ᠦᠷᠭᠦᠯᠵᠢᠯᠡᠨ ᠴᠢᠩᠭᠠᠳᠬᠠᠵᠤ᠂ | ᠲᠥᠷᠥ ᠶᠢᠨ ᠪᠣᠳᠣᠯᠭ᠎ᠠ ᠪᠣᠯᠭᠠᠨ ᠢ ᠪᠣᠳᠠᠲᠠᠢ ᠢᠨᠵᠧᠨᠧᠷᠢᠩ ᠤᠨ ᠲᠥᠷᠥᠯ ᠵᠦᠢᠯ ᠪᠣᠯᠭᠠᠨ ᠨᠠᠷᠢᠯᠢᠬᠵᠢᠭᠤᠯᠵᠤ᠂ | ᠲᠥᠷᠥ ᠶᠢᠨ ᠪᠣᠳᠣᠯᠭ᠎ᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ ᠲᠦᠷᠭᠡᠳᠬᠡᠵᠦ᠂ | ᠵᠢᠱᠢᠯᠲᠡ᠂ ᠥᠰᠦᠯᠲᠡ᠂ ᠠᠵᠢᠯ ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ | ︵ᠨᠢᠭᠡ︶ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠪᠠᠬᠢᠵᠢᠭᠦᠯᠦᠨ ᠴᠢᠩᠭᠠᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ | ᠲᠥᠰᠥᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ | ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠪᠠᠨ | ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠪᠣᠯᠬᠤ ᠠᠵᠢᠯ ᠢ ᠥᠨᠳᠥᠷ | ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠥ ᠪᠥ᠋ᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇ | 2023﹈ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠤᠯᠤᠰ ᠤᠨ ᠪᠠᠶᠢᠯᠳᠤᠬᠤ | ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠯᠦᠭᠡ ᠤᠶᠠᠯᠳᠤᠭᠤᠯᠤᠨ᠂ ᠴᠠᠭ ᠤᠨ ᠬᠦᠰᠦᠨᠦᠭᠲᠦ᠂ | ᠠᠵᠢᠯ ᠤᠨ ᠱᠤᠭᠤᠮ ᠤᠨ ᠵᠢᠷᠤᠭ᠂ ᠲᠥᠷᠥᠯ ᠵᠦᠢᠯ ᠤᠨ ᠬᠠᠭᠤᠳᠠᠰᠤ ᠶᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ ᠲᠠᠪᠤᠨ ᠶᠡᠭᠡ ᠡᠭᠦᠷᠭᠡ ᠶᠢᠨ ᠲᠠᠯ᠎ᠠ ᠳᠠᠬᠢ 2024 ᠣᠨ ᠤ ᠠᠵᠢᠯ ᠤᠨ ᠡᠭᠦᠷᠭᠡ ᠶᠢᠨ ᠲᠣᠳᠣᠷᠬᠠᠢ | ᠬᠠᠭᠤᠳᠠᠰᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠭᠦᠷᠭᠡ ᠪᠠᠨ ᠪᠡᠶᠡᠯᠡᠭᠦᠯᠬᠦ ᠶᠢ ᠪᠥᠬᠦ ᠬᠦᠴᠦᠨ ᠢᠶᠠᠷ | ᠠᠬᠢᠭᠤᠯᠤᠨ᠎ᠠ᠃ ᠴᠢᠨᠠᠷ ᠢᠶᠠᠨ ᠳᠡᠭᠡᠭᠰᠢᠯᠡᠭᠦᠯᠬᠦ᠂ ᠳᠣᠲᠣᠭᠠᠳᠤ ᠬᠡᠷᠡᠭᠴᠡᠭᠡ ᠪᠠᠨ ᠥᠷᠭᠡᠳᠭᠡᠬᠦ᠂ ᠥᠪᠡᠷ ᠤᠨ | ᠥᠷᠳᠡᠭ ᠢᠶᠠᠨ ᠪᠠᠭᠤᠷᠠᠭᠤᠯᠬᠤ ᠵᠡᠷᠭᠡ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢᠨ ᠠᠷᠭ᠎ᠠ ᠠᠪᠴᠠᠯ ᠤᠨ | ᠬᠥᠮᠥᠷᠭᠡ ᠶᠢ ᠦᠷᠭᠦᠯᠵᠢᠯᠡᠨ ᠪᠠᠶᠠᠯᠢᠬᠵᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ | ᠤᠷᠢᠳ ᠢᠶᠠᠷ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃ ᠴᠢᠬᠤᠯᠠ ᠶᠡᠭᠡ ᠠᠰᠠᠭᠤᠳᠠᠯ ᠤᠨ ᠪᠠᠷᠠᠯᠠᠯ | ᠰᠤᠳᠤᠯᠤᠯ ᠢᠶᠠᠨ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ | ᠬᠤᠭᠤᠴᠠᠭᠠᠨ ᠤ ᠠᠵᠢᠯ ᠢ ᠥᠷᠨᠢᠭᠦᠯᠦᠨ᠎ᠡ᠃ | ︵ᠬᠤᠶᠠᠷ︶ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠣᠨᠣᠴᠠᠲᠠᠢ ᠪᠠᠷ | ᠨᠠᠶᠢᠳᠠᠪᠤᠷᠢᠵᠢᠭᠤᠯᠤᠨ᠎ᠠ᠃ ᠬᠤᠷᠸ᠎ᠠ ᠲᠥᠷᠥ ᠶᠢᠨ ᠪᠣᠳᠣᠯᠭ᠎ᠠ ᠶᠢᠨ ᠰᠥᠷᠭᠡᠦ ᠦᠶᠡᠯᠡᠯ ᠪᠠ ᠦᠶᠡᠯᠡᠯ ᠠᠯᠤᠰᠯᠠᠭᠰᠠᠨ | ᠲᠣᠬᠢᠷᠠᠭᠤᠯᠭ᠎ᠠ ᠶᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠨ᠎ᠠ᠃ ᠲᠥᠪ ᠤᠨ ᠪᠡᠯᠡ ᠮᠥᠩᠭᠦ ᠶᠢ ᠴᠢᠷᠮᠠᠶᠢᠨ ᠠᠰᠢᠬᠯᠠᠬᠤ ᠦᠷ᠎ᠡ ᠪᠦᠲᠦᠮᠵᠢ ᠪᠠᠨ ᠪᠠᠬᠢᠵᠢᠭᠦᠯᠦᠨ | ᠳᠡᠭᠡᠭᠰᠢᠯᠡᠭᠦᠯᠵᠦ᠂ ᠲᠥᠪ ᠤᠨ ᠰᠢᠯᠵᠢᠭᠦᠯᠦᠨ ᠥᠭᠬᠦ᠂ ᠲᠥᠰᠥᠪ ᠤᠨ ᠪᠡᠯᠡ ᠮᠥᠩᠭᠦ᠂ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ ᠶᠢ ᠭᠦᠢᠴᠡᠳ ᠰᠠᠶᠢᠲᠤᠷ ᠠᠰᠢᠬᠯᠠᠨ᠎ᠠ᠃ ᠠᠷᠪᠢᠴᠢ ᠭᠠᠮᠲᠠᠢ ᠠᠮᠢᠳᠤᠷᠠᠬᠤ ᠶᠢ | ᠪᠠᠷᠢᠮᠲᠠᠯᠠᠵᠤ᠂ ᠭᠤᠣᠯᠳᠠᠯᠭᠠᠲᠤ ᠪᠤᠰᠤ᠂ ᠵᠠᠶᠢᠯᠠᠰᠢ ᠦᠭᠡᠢ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠨ᠂ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ᠂ ᠡᠬᠢ ᠪᠠᠶᠠᠯᠢᠭ᠂ ᠪᠡᠯᠡ ᠮᠥᠩᠭᠦ ᠶᠢ ᠬᠤᠶᠠᠷ ᠶᠡᠭᠡ ᠶᠠᠪᠤᠳᠠᠯ ᠲᠡᠶᠢᠰᠢ | ᠬᠠᠨᠳᠤᠭᠤᠯᠤᠨ ᠬᠦᠴᠦᠨ ᠢᠶᠠᠨ ᠲᠥᠪᠯᠡᠷᠡᠭᠦᠯᠬᠦ ᠶᠢ ᠬᠦᠴᠦᠯᠡᠨ ᠠᠬᠢᠭᠤᠯᠤᠨ᠎ᠠ᠃ ᠡᠳ᠋ ᠤᠨ ᠵᠠᠰᠠᠭ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ | ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ ᠢ ᠰᠤᠳᠤᠯᠤᠨ | ᠲᠣᠭᠲᠠᠭᠠᠨ᠎ᠠ᠃ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ ᠶᠢ ᠠᠵᠤ ᠠᠬᠤᠢ ᠶᠢᠨ ᠥᠰᠦᠯᠲᠡ ᠪᠠ ᠦᠨ᠎ᠡ | ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠬᠤ ᠶᠢ ᠪᠠᠲᠤᠯᠠᠵᠤ᠂ ᠨᠡᠶᠢᠭᠡᠮ ᠤᠨ | ᠶᠡᠷᠦᠩᠬᠡᠢ ᠪᠡᠯᠡ ᠲᠣᠬᠢᠷᠠᠭᠤᠯᠬᠤ ᠥᠪᠡᠷ ᠤᠨ ᠥᠷᠳᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠠᠬᠢᠭᠤᠯᠤᠨ᠂ | ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠰᠢᠨ᠎ᠡ ᠡᠭᠦᠳᠦᠯᠲᠡ ᠶᠢ ᠢᠳᠡᠪᠬᠢᠲᠡᠢ ᠠᠬᠢᠭᠤᠯᠤᠨ᠎ᠠ᠃ | ︵ᠭᠤᠷᠪᠠ︶ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠠᠵᠢᠯ ᠣᠯᠭᠤᠯᠲᠠ ᠶᠢᠨ ᠪᠠᠭᠲᠠᠭᠠᠮᠵᠢ ᠶᠢ ᠨᠢ ᠥᠷᠭᠡᠳᠬᠡᠵᠦ ᠶᠠᠰᠤ | ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠳᠠᠷᠤᠭᠠᠰᠤ ᠶᠢ ᠨᠢ ᠬᠥᠩᠭᠡᠷᠡᠭᠦᠯᠦᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠬᠤ ᠶᠢ ᠥᠷᠭᠡᠳᠭᠡᠬᠦ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠣᠨᠣᠴᠠᠲᠠᠢ ᠮᠥᠷᠲᠡᠭᠡᠨ ᠪᠦᠲᠦᠮᠵᠢᠲᠡᠢ ᠬᠡᠷᠡᠭᠵᠢᠭᠦᠯᠵᠦ᠂ ᠬᠤᠲᠠ ᠪᠠᠯᠭᠠᠰᠤᠨ ᠤ | 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠰᠣᠷᠣᠭᠴᠢ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠥᠷᠥ ᠶᠢᠨ | ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠠᠩᠭᠠᠯᠲᠠ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠠᠵᠢᠯ | ᠣᠯᠭᠤᠬᠤ ᠵᠠᠮ ᠮᠥᠷ ᠪᠠ ᠠᠵᠢᠯ ᠤᠨ ᠪᠠᠶᠢᠷᠢ ᠶᠢ ᠢᠳᠡᠪᠬᠢᠲᠡᠢ ᠥᠷᠭᠡᠳᠬᠡᠨ᠎ᠡ᠃ ᠲᠠᠷᠢᠶᠠᠯᠠᠬᠤ ᠮᠠᠯᠵᠢᠬᠤ ᠣᠷᠣᠨ ᠤ | ᠬᠥᠳᠡᠯᠮᠦᠷᠢ ᠬᠦᠴᠦᠨ ᠤ ᠭᠠᠳᠠᠭᠰᠢ ᠰᠢᠯᠵᠢᠨ ᠠᠵᠢᠯ ᠣᠯᠬᠤ᠂ ᠣᠶᠢᠷ᠎ᠠ ᠬᠠᠪᠢ ᠪᠠᠷ ᠲᠤᠬᠠᠢ ᠶᠢᠨ ᠭᠠᠵᠠᠷ ᠲᠤ ᠪᠠᠨ | ᠠᠵᠢᠯ ᠣᠯᠬᠤ ᠪᠠ ᠠᠮᠢᠳᠤᠯᠢᠭ ᠢᠶᠠᠷ ᠠᠵᠢᠯ ᠣᠯᠬᠤ ᠶᠢ ᠣᠯᠠᠨ ᠵᠠᠮ ᠮᠥᠷ ᠢᠶᠠᠷ ᠠᠬᠢᠭᠤᠯᠤᠨ᠎ᠠ᠃ ᠠᠵᠢᠯ | ᠠᠯᠳᠠᠭᠰᠠᠳ᠂ ᠠᠵᠢᠯ ᠣᠯᠬᠤ ᠳᠤ ᠬᠦᠴᠢᠷᠳᠡᠯᠲᠡᠢ ᠬᠥᠮᠥᠰ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠶᠢᠨ | ᠪᠦᠷᠢᠯᠳᠦᠭᠦᠨ᠂ ᠵᠡᠮᠳᠡᠭᠴᠦᠳ ᠵᠡᠷᠭᠡ ᠬᠦᠴᠢᠷᠳᠡᠯᠲᠡᠢ ᠣᠯᠠᠨ ᠲᠦᠮᠡᠨ ᠢ ᠰᠠᠭᠤᠷᠢ ᠠᠴᠠ ᠨᠢ ᠪᠠᠲᠤᠯᠠᠨ ᠬᠠᠪᠰᠤᠷᠤᠨ | ᠲᠡᠳᠬᠦᠬᠦ ᠠᠵᠢᠯ ᠢ ᠣᠨᠣᠴᠠᠲᠠᠢ ᠰᠠᠶᠢᠲᠤᠷ ᠬᠢᠨ᠎ᠡ᠃ ︽ᠤᠷ᠎ᠠ ᠮᠡᠷᠭᠡᠰᠢᠯ ᠤᠨ ᠥᠪᠥᠷ ᠮᠣᠩᠭᠤᠯ ᠤᠨ ᠠᠵᠢᠯᠯᠠᠭᠠᠨ︾ | ᠢ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ | ᠡᠯᠰᠡᠬᠦ ᠰᠠᠷ᠎ᠠ᠂ ︽ᠵᠠᠭᠤᠨ ᠡᠳᠦᠷ ᠮᠢᠩᠭᠠᠨ ᠲᠦᠮᠡᠨ ᠠᠵᠢᠯ ᠤᠨ ᠪᠠᠶᠢᠷᠢ ᠬᠠᠩᠭᠠᠬᠤ︾ ᠠᠵᠢᠯᠲᠠᠨ ᠡᠯᠰᠡᠬᠦ | ᠲᠤᠰᠬᠠᠢ ᠠᠵᠢᠯᠯᠠᠭᠠᠨ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ | ᠬᠤᠶᠠᠷ᠂ ᠠᠵᠤ ᠦᠢᠯᠡᠰ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠦᠨ᠎ᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠣᠳᠣᠬᠢᠴᠢᠯᠠᠭᠰᠠᠨ ᠠᠵᠤ | ᠦᠢᠯᠡᠰ ᠤᠨ ᠲᠣᠭᠲᠠᠯᠴᠠᠭᠠᠨ ᠤ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠰᠠᠶᠢᠵᠢᠷᠠᠭᠤᠯᠵᠤ ᠳᠡᠭᠡᠭᠰᠢᠯᠡᠭᠦᠯᠦᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠤᠨ ᠪᠤᠶᠢᠵᠢᠭᠤᠯᠵᠤ᠂ | ᠢᠷᠡᠭᠡᠳᠦᠢ ᠶᠢᠨ ᠠᠵᠤ ᠦᠢᠯᠡᠰ ᠢ ᠪᠠᠷᠠᠯᠠᠯᠲᠠ ᠴᠢᠨᠠᠷᠲᠠᠢ ᠪᠠᠷ ᠬᠥᠭᠵᠢᠭᠦᠯᠦᠨ᠂ ᠭᠤᠣᠯᠳᠠᠯᠭ᠎ᠠ ᠲᠠᠢ ᠠᠵᠤ | ᠦᠢᠯᠡᠰ ᠤᠨ ᠪᠦᠯᠦᠭᠵᠢᠯ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ | ᠰᠢᠨ᠎ᠡ ᠡᠭᠦᠳᠦᠯᠲᠡ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ︾ 2.0 ᠬᠡᠪᠯᠡᠯ ᠢ ᠴᠣᠭᠴᠠᠯᠠᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦ᠋ᠰᠡᠯᠡᠯᠲᠡ ᠰᠢᠪᠲᠤᠯᠬᠤ︾ ᠢᠨᠵᠧᠨᠧᠷᠢᠩ ᠤᠨ ᠠᠵᠢᠯ ᠤᠨ | ᠲᠥᠰᠥᠯ ᠢ ᠨᠡᠶᠢᠲᠡᠯᠡᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠶᠢᠨ | ᠵᠠᠶᠢᠯᠠᠰᠢ ᠦᠭᠡᠢ ᠨᠡᠮᠡᠭᠳᠡᠯ ᠢ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠷᠤᠯᠭ᠎ᠠ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠭᠤᠷᠪᠠᠨ ᠶᠡᠭᠡ ᠵᠢᠱᠢᠶ᠎ᠡ | ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠰᠦ ᠰᠠᠭᠠᠯᠢ ᠶᠢᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠵᠤ | ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠪᠣᠷ ᠰᠢᠷᠣᠢ᠂ ᠡᠪᠡᠰᠦᠨ ᠤ ᠦᠢᠯᠡᠰ ᠤᠨ ᠥᠨᠳᠥᠷ | ᠴᠢᠳᠠᠮᠵᠢ ᠶᠢᠨ ᠳᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠴᠣᠭᠴᠠᠯᠠᠨ᠂ | ᠬᠤᠸᠠᠢ ᠷᠧᠦ ᠶᠢᠨ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠭᠠᠵᠠᠷ ᠢ ᠴᠣᠬᠤᠯᠠᠪᠤᠷᠢᠯᠠᠨ | ᠵᠥᠪᠰᠢᠶᠡᠷᠡᠭᠦᠯᠬᠦ᠂ ᠮᠤᠵᠢ ᠶᠠᠮᠤᠨ ᠤ ᠬᠠᠮᠲᠤᠷᠠᠨ ᠪᠠᠶᠢᠭᠤᠯᠤᠭᠰᠠᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ | ᠦᠷᠡᠵᠢᠯ ᠢ ᠡᠵᠡᠮᠰᠢᠨ ᠲᠣᠬᠢᠷᠠᠭᠤᠯᠬᠤ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭᠠᠲᠤ | ᠲᠤᠷᠰᠢᠯᠲᠠ ᠶᠢᠨ ᠲᠠᠰᠤᠭ ᠢ ᠪᠥᠬᠦ ᠤᠯᠤᠰ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠴᠤᠪᠤᠷᠠᠯ ᠳᠤ | ᠣᠷᠣᠭᠤᠯᠬᠤ ᠪᠠᠷ ᠴᠢᠷᠮᠠᠶᠢᠨ᠎ᠠ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ | ᠬᠠᠮᠲᠤᠷᠠᠨ ᠪᠠᠶᠢᠭᠤᠯᠬᠤ ᠰᠢᠨ᠎ᠡ ᠡᠭᠦᠳᠦᠯᠲᠡ ᠶᠢᠨ ᠲᠠᠪᠴᠠᠩ ᠢ 20 ᠰᠢᠨ᠎ᠡ ᠪᠠᠷ ᠨᠡᠮᠡᠭᠳᠡᠭᠦᠯᠦᠨ᠎ᠡ᠃ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ | ᠦᠷᠭᠦᠯᠵᠢᠯᠡᠨ ᠬᠡᠷᠡᠭᠵᠢᠭᠦᠯᠵᠦ᠂ ᠬᠥᠲᠥᠴᠢ ᠠᠵᠤ ᠠᠬᠤᠶᠢᠯᠠᠯ ᠠᠴᠠ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢ 50 ᠠᠴᠠ ᠳᠡᠭᠡᠭᠰᠢ ᠪᠠᠶᠢᠭᠤᠯᠬᠤ ᠶᠢ ᠵᠣᠷᠢᠬᠵᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ 2000᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 3000 ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠵᠠᠷᠯᠠᠯ ᠨᠡᠶᠢᠲᠡᠯᠡᠵᠦ ᠬᠤᠰᠢᠭᠤᠷᠠᠨ | ᠠᠵᠢᠯᠯᠠᠬᠤ︾ ᠲᠣᠭᠲᠠᠴᠠ ᠶᠢ ᠪᠦᠷᠢᠨᠰᠢᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠲᠥᠰᠥᠯ ᠢ ᠲᠣᠭᠲᠠᠭᠠᠵᠤ᠂ ᠨᠡᠭᠦᠷᠡᠰᠦᠲᠥ᠋ᠷᠥᠭᠴᠢ ᠪᠠᠭᠠᠲᠠᠢ ᠡᠨᠧᠷᠭᠢ ᠶᠢᠨ ᠰᠤᠷᠪᠤᠯᠵᠢ ᠵᠡᠷᠭᠡ | ᠬᠦᠷᠢᠶᠡᠨ ᠤ ᠲᠣᠭᠤᠷᠢᠨ ᠳᠤ᠂ ᠰᠢᠨ᠎ᠡ ᠬᠡᠯᠪᠡᠷᠢ ᠶᠢᠨ ᠨᠦᠬᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠥᠨᠳᠥᠷ | ᠴᠢᠳᠠᠮᠵᠢᠲᠤ ᠨᠡᠶᠢᠯᠡᠮᠡᠯ ᠮᠠᠲ᠋ᠧᠷᠢᠶᠠᠯ ᠵᠡᠷᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠦ᠋ᠢᠯᠠᠭᠰᠠᠨ ᠲᠤᠰᠬᠠᠢ | ᠮᠡᠷᠭᠡᠵᠢᠯᠲᠡᠨ᠂ ᠰᠢᠨ᠎ᠡ ᠶᠢ ᠡᠭᠦᠳᠬᠦ ᠪᠦᠯᠬᠦᠮ ᠢ ᠢᠳᠡᠪᠬᠢᠲᠡᠢ ᠣᠷᠣᠭᠤᠯᠤᠨ ᠠᠪᠴᠢᠷᠠᠵᠤ ᠰᠤᠳᠤᠯᠤᠨ ᠨᠡᠭᠡᠭᠡᠬᠦ ᠶᠢ | ᠥᠷᠨᠢᠭᠦᠯᠦᠨ᠂ ᠮᠡᠷᠭᠡᠵᠢᠯ ᠤᠨ ᠪᠣᠭᠤᠮᠲᠠ ᠰᠢᠪᠲᠤᠯᠬᠤ᠂ ᠠᠵᠤ ᠦᠢᠯᠡᠰ ᠢ ᠪᠤᠶᠢᠵᠢᠭᠤᠯᠬᠤ᠂ ᠴᠢᠳᠠᠪᠤᠷᠢᠲᠠᠨ ᠢ | ᠬᠥᠮᠥᠵᠢᠭᠦᠯᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ︵ᠬᠤᠶᠠᠷ︶ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠤᠨ᠎ᠠ᠃ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ︽1+7︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠬᠡᠷᠡᠭᠵᠢᠭᠦᠯᠦᠨ᠎ᠡ᠃ ᠣᠯᠠᠨ | ᠡᠰᠢᠵᠢᠭᠦᠯᠦᠨ ᠬᠥᠭᠵᠢᠭᠦᠯᠬᠦ ᠣᠯᠠᠨ ᠲᠦᠢᠯ ᠢᠶᠠᠷ ᠲᠤᠯᠭᠠᠭᠤᠷᠢᠯᠠᠬᠤ ᠣᠳᠣᠬᠢᠴᠢᠯᠠᠭᠰᠠᠨ ᠠᠵᠤ ᠦᠢᠯᠡᠰ ᠤᠨ | ᠲᠣᠭᠲᠠᠯᠴᠠᠭ᠎ᠠ ᠶᠢ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ᠢ ᠨᠡᠶᠢᠲᠡᠯᠡᠨ᠂ ᠲᠣᠭᠲᠠᠭᠤᠨ ᠪᠠᠶᠢᠯᠭᠠᠬᠤ ᠶᠢᠨ ᠳᠠᠭᠠᠤ | ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ | ᠨᠠᠶᠢᠳᠠᠪᠤᠷᠢᠵᠢᠭᠤᠯᠵᠤ᠂ ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠨ ᠰᠢᠨᠡᠳᠭᠡᠵᠦ ᠳᠡᠰ ᠳᠡᠪᠰᠢᠭᠦᠯᠬᠦ | ᠢᠨᠵᠧᠨᠧᠷᠢᠩ ᠪᠠ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ | ᠬᠥᠭᠵᠢᠭᠦᠯᠬᠦ ᠠᠵᠢᠯᠯᠠᠭᠠᠨ ᠢ ᠬᠡᠷᠡᠭᠵᠢᠭᠦᠯᠦᠨ᠂ ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠢ 4000 ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ | ᠤᠯᠤᠰ ᠤᠨ ᠳᠡᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ 1᠂ | ᠥᠪᠡᠷᠲᠡᠭᠡᠨ ᠵᠠᠰᠠᠬᠤ ᠣᠷᠣᠨ ᠤ ᠳᠡᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ | ᠦᠢᠯᠡᠰ ᠤᠨ ᠪᠦᠯᠦᠭᠵᠢᠯ ᠢ 10 ᠪᠤᠶᠢᠵᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 300᠂ ︽ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ | 60 ᠪᠤᠶᠢᠵᠢᠭᠤᠯᠤᠨ᠎ᠠ᠃ ᠳ᠋ᠢᠵᠢᠲ᠋ᠠᠯ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠠᠵᠤ ᠦᠢᠯᠡᠰ ᠢ | ᠲᠣᠭᠠᠵᠢᠭᠤᠯᠬᠤ ᠪᠠ ᠲᠣᠭᠠᠵᠢᠭᠤᠯᠤᠯᠲᠠ ᠶᠢ ᠠᠵᠤ ᠦᠢᠯᠡᠰᠵᠢᠬᠦᠯᠬᠦ ᠪᠠᠨ ᠲᠦᠷᠭᠡᠳᠬᠡᠵᠦ᠂ ᠦᠢᠯᠡᠴᠢᠯᠡᠭᠦᠷ ᠤᠨ | ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 60 ᠲᠦᠮᠡ ᠰᠢᠨ᠎ᠡ ᠪᠠᠷ ᠨᠡᠮᠡᠭᠳᠡᠭᠦᠯᠦᠨ᠂ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠣᠭᠠᠵᠢᠭᠤᠯᠤᠭᠰᠠᠨ ᠨᠣᠷᠮ᠎ᠠ ᠶᠢ 50% ᠳᠤ | ᠬᠦᠷᠦᠭᠦᠯᠵᠦ᠂ ᠵᠠᠩᠭᠢᠯᠠᠭ᠎ᠠ ᠶᠢᠨ ᠠᠵᠢᠯ ᠤᠨ ᠴᠤᠪᠤᠷᠠᠯ ᠤᠨ ᠲᠣᠭᠠᠵᠢᠭᠤᠯᠤᠨ ᠡᠵᠡᠮᠰᠢᠬᠦ ᠨᠣᠷᠮ᠎ᠠ ᠶᠢ 61% ᠳᠤ | ᠬᠦᠷᠦᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠠᠵᠢᠯᠯᠠᠭᠠᠨ ᠤ ᠲᠥᠰᠥᠯ ᠢ | ᠨᠡᠶᠢᠲᠡᠯᠡᠵᠦ᠂ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠨ ᠰᠢᠨᠡᠳᠭᠡᠬᠦ ᠲᠥᠷᠥᠯ ᠵᠦᠢᠯ ᠢ | 70 ᠬᠡᠷᠡᠭᠵᠢᠭᠦᠯᠦᠨ᠂ ᠵᠢᠯ ᠤᠨ ᠳᠣᠲᠣᠷ᠎ᠠ ᠡᠨᠧᠷᠭᠢ ᠠᠷᠪᠢᠯᠠᠭᠰᠠᠨ ᠬᠡᠮᠵᠢᠶ᠎ᠡ ᠶᠢ 50 ᠲᠦᠮᠡᠨ ᠲᠣᠨ ᠪᠠᠷᠢᠮᠵᠢᠶᠠᠲᠤ | ᠨᠡᠭᠦᠷᠡᠰᠦ᠂ ᠤᠰᠤ ᠠᠷᠪᠢᠯᠠᠭᠰᠠᠨ ᠬᠡᠮᠵᠢᠶ᠎ᠡ ᠶᠢ 700 ᠲᠦᠮᠡᠨ ᠲᠣᠨ ᠪᠡᠶᠡᠯᠡᠭᠦᠯᠵᠦ᠂ ᠪᠣᠯᠣᠳ ᠲᠡᠮᠦᠷ ᠤᠨ | ᠬᠤᠴᠣᠷᠤᠩᠭᠤᠢ ᠬᠢᠵᠠᠭᠠᠷᠲᠠᠢ ᠦᠢᠯᠡᠳᠪᠦᠷᠢᠯᠡᠯ ᠤᠨ ᠴᠢᠳᠠᠪᠤᠷᠢ ᠶᠢ 510 ᠲᠦᠮᠡᠨ ᠲᠣᠨ ᠪᠤᠴᠠᠭᠠᠨ ᠭᠠᠷᠭᠠᠵᠤ᠂ | ᠪᠣᠬᠢᠷᠲᠤᠯ ᠦᠭᠡᠢ ᠦᠢᠯᠡᠳᠪᠦᠷᠢ ᠶᠢ 20᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ 4 ᠡᠭᠦᠳᠦᠨ | ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ | ︵ᠭᠤᠷᠪᠠ︶ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠬᠦ ᠦᠢᠯᠡᠰ᠂ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ | ᠬᠦᠢᠰᠦ ᠪᠠᠷᠢᠯᠭ᠎ᠠ᠂ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ | ᠶᠡᠷᠦᠩᠬᠡᠶᠢᠯᠡᠭᠰᠡᠨ ᠪᠠᠷᠠᠭ᠎ᠠ ᠲᠡᠭᠡᠭᠡᠪᠦᠷᠢᠯᠡᠬᠦ ᠬᠦᠢᠰᠦ ᠪᠦᠬᠦᠢ ᠬᠡᠯᠬᠢᠶ᠎ᠡ ᠶᠢ ᠨᠥᠬᠦᠪᠦᠷᠢᠯᠡᠬᠦ ᠴᠢᠩᠳᠠᠯᠠᠬᠤ ᠬᠤᠲᠠ ᠪᠠ | ᠣᠳᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠪᠦᠬᠦᠢ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠬᠡᠯᠪᠡᠷᠢ ᠪᠦᠬᠦᠢ ᠬᠤᠯᠪᠣᠭᠠᠯᠠᠨ ᠲᠡᠭᠡᠭᠡᠪᠦᠷᠢᠯᠡᠵᠦ ᠵᠢᠱᠢᠶ᠎ᠡ | ᠦᠵᠡᠭᠦᠯᠬᠦ ᠢᠨᠵᠧᠨᠧᠷᠢᠩ ᠢ ᠠᠬᠢᠭᠤᠯᠤᠨ᠂ ︽ᠠᠶᠠᠨᠴᠢᠳ ᠤᠨ ᠲᠡᠭᠡᠭᠡᠪᠦᠷᠢ ᠪᠠᠷᠠᠭᠠᠨ ᠤ ᠭᠦᠢᠯᠭᠡᠭᠡ ᠰᠢᠤᠳᠠᠨ ᠤ | ᠲᠦᠷᠭᠡᠨ ᠢᠯᠡᠭᠡᠯᠲᠡ︾ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠰᠬᠤᠨ ᠤ ᠱᠠᠲᠤᠨ ᠤ ᠭᠤᠪᠢᠭᠤᠯᠵᠤ | ᠢᠯᠡᠭᠡᠬᠦ ᠪᠠᠷᠠᠭᠠᠨ ᠤ ᠭᠦᠢᠯᠭᠡᠭᠡᠨ ᠤ ᠪᠠᠷᠢᠮᠵᠢᠶᠠᠵᠢᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 5000 | ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠲᠤᠯ ᠦᠭᠡᠢ ᠮᠥᠩᠭᠦᠨ | ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ | ᠳ᠋ᠢᠵᠢᠲ᠋ᠠᠯ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠪᠦᠬᠦᠢ ᠠᠵᠤ ᠠᠬᠤᠶᠢᠯᠠᠯ ᠤᠨ ᠪᠥᠬᠦ ᠦᠶᠡᠯᠡᠯ ᠤᠨ ᠬᠤᠭᠤᠴᠠᠭᠠᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ | ᠭᠠᠷᠭᠠᠬᠤ ︽ᠲᠢᠶᠠᠨ ᠵᠢᠶᠦ᠋ᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠦᠨ᠂ ᠣᠯᠠᠨ ᠳᠡᠰ ᠳᠠᠪᠬᠤᠷᠭᠠᠲᠤ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠣᠯᠠᠨ | ᠡᠰᠢᠵᠢᠭᠦᠯᠦᠭᠰᠡᠨ ᠪᠡᠯᠡ ᠲᠣᠬᠢᠷᠠᠭᠤᠯᠤᠯᠲᠠ ᠥᠷᠨᠢᠭᠦᠯᠬᠦ ᠶᠢ ᠠᠬᠢᠭᠤᠯᠤᠨ᠎ᠠ᠃ ᠯᠤᠤ ᠨᠢᠦ ᠸᠠᠨ ᠬᠠᠳᠤᠨ ᠭᠤᠣᠯ ᠤᠨ | ᠶᠡᠭᠡ ᠬᠠᠪᠴᠢᠯ᠂ ᠤᠯᠠᠭᠠᠢ ᠶᠢᠨ ᠶᠢᠰᠦᠨ ᠤᠭᠠᠯᠵᠠ ᠵᠡᠷᠭᠡ ᠦᠵᠡᠮᠵᠢ ᠶᠢᠨ ᠣᠷᠣᠨ ᠤ ᠤᠯᠤᠰ ᠤᠨ 5A ᠳᠡᠰ ᠤᠨ | ᠵᠢᠭᠤᠯᠴᠢᠯᠠᠯ ᠤᠨ ᠣᠷᠣᠨ ᠤ ᠪᠠᠷᠢᠮᠵᠢᠶ᠎ᠠ ᠶᠣᠰᠣᠭᠠᠷ ᠴᠢᠨᠠᠷ ᠢᠶᠠᠨ ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠨᠢ ᠳᠡᠮᠵᠢᠨ᠂ | ᠤᠷᠳᠤ ᠴᠠᠭᠠᠨ ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ | ︽ᠬᠥᠷ ᠬᠥᠭᠵᠢᠶᠡᠨᠲᠡᠢ ᠬᠥᠭᠵᠢᠭᠦᠯᠬᠦ ᠲᠥᠯᠥᠪᠯᠡᠭᠡ︾ ᠶᠢ ᠬᠡᠷᠡᠭᠵᠢᠭᠦᠯᠦᠨ᠂ ᠵᠢᠭᠤᠯᠴᠢᠯᠠᠭᠴᠢᠳ ᠢ ᠬᠦᠯᠢᠶᠡᠨ | ᠵᠣᠴᠢᠯᠠᠬᠤ ᠬᠡᠮᠵᠢᠶ᠎ᠡ ᠶᠢ 2.5 ᠳ᠋ᠦᠩᠰᠢᠭᠤᠷ ᠤᠳᠠᠭ᠎ᠠ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠵᠠᠶᠢᠯᠠᠰᠢ | ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠡᠯᠡᠨ ᠪᠠᠶᠢᠰᠢᠩ ᠪᠣᠷᠣᠯᠠᠭᠤᠯᠬᠤ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠦᠨ᠂ ᠴᠢᠨᠠᠷᠯᠢᠭ ᠰᠠᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ | ᠵᠠᠭᠪᠤᠷ ᠢ ᠪᠠᠶᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠤᠨ ᠳᠠᠬᠢᠨ ᠢᠶᠠᠷ ᠨᠡᠮᠡᠭᠳᠡᠭᠦᠯᠬᠦ | ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠂ ᠪᠠᠷᠢᠯᠭ᠎ᠠ ᠶᠢᠨ ᠦᠢᠯᠡᠰ ᠤᠨ ᠦᠢᠯᠡᠳᠪᠦᠷᠢᠯᠡᠯ ᠤᠨ ᠥᠷᠳᠡᠭ ᠢ | 1650 ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠬᠦ ᠪᠠᠷ ᠴᠢᠷᠮᠠᠶᠢᠨ᠎ᠠ᠃ ᠭᠡᠷ ᠠᠬᠤᠢ ᠶᠢᠨ | ᠦᠢᠯᠡᠴᠢᠯᠡᠭᠡᠨ ᠤ ᠨᠢᠭᠡ ᠪᠦᠯᠦᠭ ᠨᠡᠷᠡᠲᠦ ᠲᠡᠮᠳᠡᠭ ᠢ ᠪᠤᠶᠢᠵᠢᠭᠤᠯᠤᠨ᠎ᠠ᠃ | ᠭᠤᠷᠪᠠ᠂ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠭᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ | ᠬᠡᠷᠡᠭᠯᠡᠭᠡ ᠪᠠ ᠪᠡᠯᠡ ᠣᠷᠤᠭᠤᠯᠤᠯᠲᠠ ᠬᠠᠷᠢᠯᠴᠠᠨ ᠠᠬᠢᠭᠤᠯᠤᠯᠴᠠᠭᠰᠠᠨ ᠰᠠᠶᠢᠨ ᠣᠷᠴᠢᠯ ᠢ ᠲᠦᠷᠭᠡᠳᠬᠡᠨ ᠪᠣᠢ | ᠪᠣᠯᠭᠠᠨ᠎ᠠ | ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠯᠡᠨ᠂ ᠳᠠᠯᠳᠠ ᠬᠡᠷᠡᠭᠯᠡᠭᠡ ᠶᠢ ᠬᠥᠭᠵᠢᠭᠡᠨ᠂ ᠦᠷ᠎ᠡ | ᠠᠰᠢᠭ ᠲᠠᠢ ᠪᠡᠯᠡ ᠣᠷᠤᠭᠤᠯᠤᠯᠲᠠ ᠶᠢ ᠥᠷᠭᠡᠳᠭᠡᠨ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ | ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃ | ︵ᠨᠢᠭᠡ︶ ᠪᠡᠯᠡ ᠣᠷᠤᠭᠤᠯᠤᠯᠲᠠ ᠶᠢᠨ ᠬᠡᠮᠵᠢᠶ᠎ᠡ ᠴᠢᠨᠠᠷ ᠤᠨ ᠵᠡᠷᠭᠡ ᠪᠠᠷ ᠳᠡᠭᠡᠭᠰᠢᠯᠡᠬᠦ ᠶᠢ ᠯᠠᠪᠳᠠᠭᠤᠨ | ᠠᠬᠢᠭᠤᠯᠤᠨ᠎ᠠ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠴᠢᠬᠤᠯᠠ ᠶᠡᠭᠡ ᠲᠥᠷᠥᠯ ᠵᠦᠢᠯ ᠤᠨ ᠭᠤᠷᠪᠠᠨ ᠱᠠᠲᠤ ᠪᠠᠷ ᠢᠶᠠᠨ ᠤᠳᠤᠷᠢᠳᠤᠨ ᠳᠠᠭᠠᠭᠠᠴᠢᠯᠠᠨ ᠬᠠᠷᠢᠯᠴᠠᠬᠤ᠂ | ᠴᠢᠬᠤᠯᠠ ᠶᠡᠭᠡ ᠲᠥᠷᠥᠯ ᠵᠦᠢᠯ ᠤᠨ ᠲᠢᠩᠬᠢᠮ ᠬᠠᠮᠲᠤᠷᠠᠭᠰᠠᠨ ᠬᠤᠷᠠᠯ᠂ ᠡᠮᠦᠨᠡᠬᠢ ᠬᠤᠭᠤᠴᠠᠭᠠᠨ ᠤ ᠭᠠᠷᠳᠠᠮ ᠢ | ᠭᠤᠷᠪᠠᠨ ᠱᠠᠲᠤᠨ ᠤ ᠰᠠᠯᠠᠭ᠎ᠠ ᠮᠥᠴᠢᠷ ᠳᠠᠭᠠᠭᠠᠴᠢᠯᠠᠨ ᠬᠠᠷᠢᠯᠴᠠᠬᠤ ᠵᠡᠷᠭᠡ ᠲᠣᠭᠲᠠᠴᠠ ᠶᠢᠨ ᠦᠢᠯᠡᠳᠦᠯ ᠢ | ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠳᠠᠬᠢ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠭᠠᠵᠠᠷ ᠰᠢᠷᠣᠢ᠂ | ᠡᠨᠧᠷᠭᠢ ᠶᠢᠨ ᠬᠤᠷᠣᠭᠳᠠᠯ᠂ ᠪᠡᠯᠡ ᠮᠥᠩᠭᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠵᠡᠷᠭᠡ ᠡᠯ᠎ᠡ | ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ᠃ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ | ᠰᠢᠨ᠎ᠡ ᠲᠣᠭᠲᠠᠴᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠳᠠᠶᠢᠴᠢᠯᠠᠵᠤ | ᠥᠷᠪᠢᠰᠭᠡᠬᠦ ᠨᠥᠯᠥᠭᠡᠯᠡᠯ ᠢ ᠨᠢ ᠰᠠᠶᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠬᠦᠷᠢᠶᠡᠨ ᠤ ᠲᠣᠭᠲᠠᠮᠠᠯ | ᠬᠥᠷᠥᠩᠭᠡ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵REITs︶ ᠶᠢᠨ ᠲᠤᠷᠰᠢᠯᠲᠠ ᠶᠢᠨ ᠴᠡᠭ ᠤᠨ | ᠠᠵᠢᠯ ᠢ ᠥᠷᠨᠢᠭᠦᠯᠦᠨ᠎ᠡ᠃ | ︵ᠬᠤᠶᠠᠷ︶ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠭᠡᠵᠦ ᠴᠢᠨᠠᠷ ᠢ ᠨᠢ ᠳᠡᠭᠡᠭᠰᠢᠯᠡᠭᠦᠯᠬᠦ ᠶᠢ ᠪᠥᠬᠦ | ᠬᠦᠴᠦᠨ ᠢᠶᠠᠷ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠲᠷᠣᠨ ᠦᠢᠯᠡᠳᠭᠦᠨ ᠵᠡᠷᠭᠡ | ᠥᠷᠭᠡᠨ ᠬᠡᠷᠡᠭᠴᠡᠭᠡᠨ ᠤ ᠬᠡᠷᠡᠭᠯᠡᠭᠡ ᠶᠢ ᠬᠥᠭᠵᠢᠭᠦᠯᠵᠦ᠂ ᠬᠤᠲᠠ ᠶᠢᠨ ᠨᠢᠭᠡ ᠮᠥᠴᠡ ᠶᠢᠨ ᠠᠷᠠᠳ ᠲᠤ ᠳᠥᠭᠦᠮ | ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠶᠠᠪᠠᠭᠠᠨ ᠵᠡᠭᠡᠯᠢ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠳᠡᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠬᠤ ᠪᠠᠷ | ᠬᠥᠲᠥᠯᠥᠨ ᠵᠢᠯᠣᠭᠤᠳᠴᠦ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ ᠲᠣᠭᠲᠠᠯᠴᠠᠭᠠᠨ ᠤ | ᠪᠠᠶᠢᠭᠤᠯᠤᠯᠲᠠ ᠶᠢᠨ ᠠᠵᠢᠯᠯᠠᠭᠠᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠠᠮᠠᠷᠠᠯᠲᠠ ᠪᠠ ᠪᠠᠶᠠᠷ | ᠳᠤᠷᠠᠰᠬᠠᠯ ᠤᠨ ᠡᠳᠦᠷ ᠵᠡᠷᠭᠡ ᠬᠡᠷᠡᠭᠯᠡᠭᠡ ᠶᠢᠨ ᠬᠠᠯᠠᠮᠰᠢᠯ ᠴᠡᠭ ᠢ ᠨᠢᠭᠲᠠ ᠠᠳᠬᠤᠵᠤ᠂ ᠭᠤᠣᠯᠳᠠᠯᠭ᠎ᠠ ᠲᠠᠢ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠡᠯ᠎ᠡ ᠲᠥᠷᠥᠯ ᠤᠨ ᠣᠯᠠᠨ | ᠶᠠᠩᠵᠤ ᠬᠡᠯᠪᠡᠷᠢ ᠪᠦᠬᠦᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ ᠢ ᠤᠬᠠᠭᠤᠯᠤᠨ | ᠳᠡᠯᠭᠡᠷᠡᠭᠦᠯᠬᠦ ᠪᠠᠨ ᠴᠢᠩᠭᠠᠳᠬᠠᠨ᠂ ᠡᠯᠧᠺᠲᠷᠣᠨ ᠬᠤᠳᠠᠯᠳᠤᠭᠠᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠣᠶᠤᠨᠯᠢᠭ ᠭᠡᠷ ᠥᠷᠥᠭᠡ᠂ ᠰᠣᠶᠣᠯ ᠵᠤᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠰᠢᠨ᠎ᠡ ᠬᠡᠷᠡᠭᠯᠡᠭᠡ ᠶᠢᠨ | ᠥᠰᠦᠯᠲᠡ ᠶᠢᠨ ᠴᠡᠭ ᠢ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ᠂ ᠲᠣᠣᠷ ᠰᠦᠯᠵᠢᠶᠡᠨ ᠤ ᠬᠡᠷᠡᠭᠯᠡᠭᠡ᠂ | ᠲᠣᠭᠠᠵᠢᠯᠲᠤ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠬᠡᠷᠡᠭᠯᠡᠭᠡ ᠶᠢᠨ ᠳᠠᠯᠳᠠ ᠬᠦᠴᠦᠨ ᠢ ᠰᠡᠷᠭᠦᠭᠡᠨ᠎ᠡ᠃ | ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ | ᠰᠣᠯᠢᠬᠤ ᠶᠢ ᠠᠬᠢᠭᠤᠯᠤᠨ᠎ᠠ᠃ | ︵ᠭᠤᠷᠪᠠ︶ ᠴᠢᠬᠤᠯᠠ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | G5511 ᠲᠦᠩᠯᠢᠶᠣᠣ ᠳᠠᠬᠢ ᠬᠡᠰᠡᠭ᠂ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ᠂ | ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ ᠪᠠ ᠨᠢᠰᠦᠯᠲᠡ ᠶᠢᠨ | ᠲᠣᠭᠤᠷᠢᠭ ᠵᠡᠷᠭᠡ ᠲᠥᠷᠥᠯ ᠵᠦᠢᠯ ᠢ ᠪᠠᠶᠢᠭᠤᠯᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ | ︵ᠪᠠᠶᠠᠨᠬᠤᠲᠠ ᠠᠴᠠ ᠢᠷᠭᠠᠢ ᠬᠦᠷᠬᠦ ᠰᠠᠯᠪᠤᠷᠢ ᠱᠤᠭᠤᠮ ᠢ ᠪᠠᠭᠲᠠᠭᠠᠨ᠎ᠠ︶᠂ G1816 ᠦᠬᠠᠢ — — ᠱᠢ | ᠽᠦᠢ ᠱᠠᠨ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠮᠤᠬᠤᠷ ᠵᠠᠮ ᠢ ᠬᠦᠴᠦᠯᠡᠨ | ᠨᠡᠪᠲᠡᠷᠡᠭᠦᠯᠵᠦ᠂ ᠪᠣᠭᠤᠮᠢ ᠬᠦᠯᠢᠶᠡᠰᠦᠯᠡᠯ ᠪᠣᠯᠬᠤ ᠵᠠᠮ ᠢ ᠳᠡᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠵᠤ᠂ | ᠲᠦᠷᠭᠡᠨ ᠤ ᠵᠠᠰᠠᠮᠠᠯ ᠵᠠᠮ ᠤᠨ ᠵᠡᠭᠦᠨ ᠪᠠᠷᠠᠭᠤᠨ ᠤ ᠶᠡᠭᠡ ᠨᠡᠪᠲᠡᠷᠡᠯ ᠵᠠᠮ ᠤᠨ ᠪᠥᠬᠦ ᠱᠤᠭᠤᠮ ᠢᠶᠠᠷ ᠨᠡᠪᠲᠡᠷᠡᠬᠦ ᠶᠢ | ᠪᠡᠶᠡᠯᠡᠭᠦᠯᠦᠨ᠂ ᠵᠢᠨᠢᠩ ᠠᠴᠠ ᠳ᠋ᠠᠲ᠋ᠦ᠋ᠩ ᠠᠴᠠ ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ ᠢ ᠪᠠᠶᠢᠭᠤᠯᠵᠤ ᠲᠡᠷᠭᠡ | ᠨᠡᠪᠲᠡᠷᠡᠭᠦᠯᠦᠨ᠂ ᠣᠷᠳᠣᠰ ᠠᠴᠠ ᠢᠤᠢ ᠯᠢᠨ ᠠᠴᠠ ᠶᠠᠨ ᠠᠨ ᠬᠦᠷᠬᠦ ᠲᠦᠷᠭᠡᠨ ᠤ ᠲᠡᠮᠦᠷ ᠵᠠᠮ ᠤᠨ ᠵᠢᠯ ᠤᠨ | ᠳᠣᠲᠣᠷ᠎ᠠ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠨᠦᠭᠦᠴᠡᠯ ᠢ ᠪᠦᠷᠢᠯᠳᠦᠭᠦᠯᠦᠨ᠂ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠢ 5000 ᠺᠢᠯᠣᠮᠧᠲᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ᠂ 4400 | ᠺᠢᠯᠣᠮᠧᠲᠷ ᠢ ᠪᠠᠶᠢᠭᠤᠯᠵᠤ ᠳᠠᠭᠤᠰᠬᠠᠬᠤ ᠪᠠᠷ ᠬᠦᠴᠦᠯᠡᠨ ᠴᠢᠷᠮᠠᠶᠢᠨ᠎ᠠ᠃ | ᠳᠥᠷᠪᠡ᠂ ᠬᠥᠭᠵᠢᠯᠲᠡ ᠶᠢᠨ ᠣᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠦᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠦᠨᠡᠨᠴᠢ ᠢᠲᠡᠭᠡᠮᠵᠢ ᠶᠢᠨ | ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ | ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠭᠴᠢ ᠬᠦᠴᠦᠨ ᠪᠠ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ | ︵ᠨᠢᠭᠡ ︶ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠣᠨ︾ ᠤ ᠡᠯ᠎ᠡ ᠵᠦᠢᠯ ᠤᠨ ᠠᠵᠢᠯ ᠢ ᠰᠠᠶᠢᠲᠤᠷ | ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠶᠡᠷᠦᠩᠬᠡᠢ ᠲᠥᠰᠥᠯ ᠢ | ᠨᠡᠶᠢᠲᠡᠯᠡᠨ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠢᠲᠡᠭᠡᠮᠵᠢ ᠶᠢᠨ ᠳᠦᠷᠢᠮ︾ ᠤᠨ ᠬᠠᠥᠯᠢ ᠲᠣᠭᠲᠠᠭᠠᠬᠤ ᠠᠵᠢᠯ ᠢ ᠠᠬᠢᠭᠤᠯᠤᠨ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠬᠦᠷᠢᠶᠡᠨ ᠳᠠᠬᠢ ᠨᠢᠭᠡ ᠪᠦᠯᠦᠭ ᠲᠣᠪᠤᠶᠢᠮ᠎ᠠ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ | ᠦᠨᠡᠨᠴᠢ ᠢᠲᠡᠭᠡᠮᠵᠢ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ ᠬᠦᠴᠢᠷ ᠠᠰᠠᠭᠤᠳᠠᠯ ᠲᠦᠭᠵᠢᠷᠡᠯ ᠠᠰᠠᠭᠤᠳᠠᠯ ᠢ | ᠰᠢᠢᠳᠪᠦᠷᠢᠯᠡᠨ᠂ ᠬᠥᠮᠥᠨ ᠪᠣᠯᠭᠠᠨ᠂ ᠶᠠᠪᠤᠳᠠᠯ ᠪᠣᠯᠭᠠᠨ᠂ ᠴᠠᠭ ᠪᠣᠯᠭᠠᠨ᠂ ᠭᠠᠵᠠᠷ ᠪᠣᠯᠭᠠᠨ ᠳᠤ ᠦᠨᠡᠨᠴᠢ | ᠢᠲᠡᠭᠡᠮᠵᠢᠲᠡᠢ ᠪᠠᠶᠢᠬᠤ ᠳᠤ ᠠᠰᠢᠭᠲᠠᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ | ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ ᠪᠠ ᠬᠠᠤᠯᠢ | ᠴᠠᠭᠠᠵᠠ ᠶᠢᠨ ᠨᠡᠶᠢᠲᠡ ᠳᠤ ᠢᠲᠡᠭᠡᠭᠦᠯᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠥᠷ | ᠮᠣᠩᠭᠤᠯᠴᠤᠳ ᠤᠨ ᠦᠨᠡᠨᠴᠢ ᠢᠲᠡᠭᠡᠮᠵᠢ ᠶᠢ ᠡᠷᠬᠢᠮᠯᠡᠨ᠂ ᠢᠲᠡᠭᠡᠮᠵᠢ ᠲᠠᠢ ᠪᠠᠶᠢᠬᠤ ᠳᠦᠷᠢ ᠲᠥᠷᠬᠦ ᠶᠢ ᠪᠣᠢ ᠪᠣᠯᠭᠠᠨ᠂ | ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠪᠣᠢ | ᠪᠣᠯᠭᠠᠨ᠎ᠠ᠃ | ︵ᠬᠤᠶᠠᠷ︶ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ︽ᠬᠤᠶᠠᠷ | ᠣᠭᠲᠣ ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ 4.0 | ᠬᠡᠪᠯᠡᠯ ᠤᠨ ᠲᠥᠰᠥᠯ ᠢ ᠲᠣᠭᠲᠠᠭᠠᠨ ᠨᠡᠶᠢᠲᠡᠯᠡᠵᠦ ᠬᠡᠷᠡᠭᠵᠢᠭᠦᠯᠦᠨ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠶᠡᠷᠦᠩᠬᠡᠶᠢᠯᠡᠭᠰᠡᠨ | ᠴᠣᠩᠬᠤᠪᠴᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠪᠥᠬᠦ ᠣᠷᠣᠨ ᠳᠤ ᠨᠡᠶᠢᠳᠡᠮ | ᠭᠦᠢᠴᠡᠳᠭᠡᠬᠦ︾ ᠵᠦᠢᠯᠡᠰ ᠤᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ | ᠤᠷᠲᠤᠳᠬᠠᠬᠤ ᠶᠢ ᠦᠷᠭᠦᠯᠵᠢᠯᠡᠨ ᠠᠬᠢᠭᠤᠯᠤᠨ᠎ᠠ᠃ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠪᠠᠶᠢᠩᠭᠤᠵᠢᠭᠤᠯᠤᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠡᠯ᠎ᠡ ᠵᠦᠢᠯ ᠤᠨ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠬᠥᠭᠵᠢᠯᠲᠡ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ | ᠡᠵᠡᠩᠨᠡᠯᠲᠡ ᠶᠢᠨ ᠭᠤᠣᠯ ᠴᠣᠭᠴᠠ ᠶᠢ 300 ᠲᠦᠮᠡᠨ ᠡᠷᠦᠬᠡ ᠠᠴᠠ ᠳᠡᠭᠡᠭᠰᠢ ᠰᠢᠨ᠎ᠡ ᠪᠠᠷ ᠪᠤᠶᠢᠵᠢᠭᠤᠯᠵᠤ᠂ | ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠬᠤ︾ ᠶᠢ 400 | ᠡᠷᠦᠬᠡ ᠠᠴᠠ ᠳᠡᠭᠡᠭᠰᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠨ᠎ᠠ᠃ | ︵ᠭᠤᠷᠪᠠ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠪᠦᠰᠡᠯᠡᠯᠲᠡ | ᠰᠢᠪᠲᠤᠯᠬᠤ︾ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ︽ᠥᠪᠥᠷ ᠮᠣᠩᠭᠤᠯ | ᠨᠡᠷᠡᠮᠵᠢᠲᠦ︾ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠩᠨᠡᠭᠡ ᠶᠢ ᠲᠦᠷᠭᠡᠳᠬᠡᠨ ᠪᠠᠶᠢᠭᠤᠯᠵᠤ᠂ ᠭᠠᠵᠠᠷ | ᠰᠢᠨᠵᠢᠯᠡᠭᠡ ᠠᠭᠤᠷᠬᠠᠢ᠂ ᠨᠡᠭᠦᠷᠡᠰᠦ ᠬᠠᠶᠢᠬᠤ᠂ ᠥᠩᠭᠡᠲᠦ ᠲᠡᠮᠦᠷᠯᠢᠭ 3 ᠠᠵᠤ ᠠᠬᠤᠶᠢᠯᠠᠯ ᠳᠤ ᠥᠭᠡᠷᠡᠴᠢᠯᠡᠯᠲᠡ | ᠬᠢᠵᠦ ᠳᠠᠬᠢᠨᠲᠠ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠂ ᠳᠤᠮᠳᠠᠳᠤ ᠤᠯᠤᠰ ᠤᠨ | ᠣᠨᠴᠠᠯᠢᠭ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠳᠣ ᠦᠶ᠎ᠡ ᠶᠢᠨ ᠺᠣᠮᠫᠠᠨᠢ ᠶᠢᠨ ᠵᠠᠰᠠᠯᠲᠠ ᠶᠢ | ᠲᠡᠭᠦᠯᠳᠡᠷᠵᠢᠭᠦᠯᠵᠦ᠂ ᠭᠤᠷᠪᠠᠨ ᠵᠦᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠂ ᠠᠯᠳᠠᠪᠤᠷᠢ ᠶᠢᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ | ᠴᠢᠨᠠᠷ ᠢᠶᠠᠨ ᠳᠡᠭᠡᠭᠰᠢᠯᠡᠭᠦᠯᠵᠦ ᠬᠥᠷᠥᠩᠭᠡ ᠪᠠᠨ ᠨᠡᠮᠡᠭᠳᠡᠭᠦᠯᠦᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠶᠡᠭᠡ ᠪᠠᠷ ᠠᠬᠢᠭᠤᠯᠤᠨ᠎ᠠ᠃ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠪᠣᠭᠤᠮᠲᠠ | ᠰᠢᠪᠲᠤᠯᠬᠤ ᠶᠢ ᠴᠢᠩᠭᠠᠷᠠᠭᠤᠯᠬᠤ ᠶᠢ ᠨᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠤᠯᠤᠰ ᠤᠨ ᠥᠮᠴᠢᠯᠡᠯᠲᠦ ᠠᠵᠤ ᠦᠢᠯᠡᠳᠪᠦᠷᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠦᠨ᠎ᠡ᠃ | ᠲᠠᠪᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ | ᠲᠦᠷᠭᠡᠳᠬᠡᠨ ᠬᠡᠷᠡᠭᠵᠢᠭᠦᠯᠦᠨ᠎ᠡ | ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠨ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠯᠤᠭ᠎ᠠ | ᠨᠡᠶᠢᠯᠡᠭᠦᠯᠦᠨ ᠨᠢᠭᠡ ᠴᠣᠭᠴᠠ ᠪᠣᠯᠭᠠᠬᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ | ᠰᠠᠶᠢᠲᠤᠷ ᠪᠡᠶᠡᠯᠡᠭᠦᠯᠵᠦ᠂ ᠠᠮᠢ ᠠᠬᠤᠢ ᠶᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠤ | ᠣᠷᠣᠯᠭ᠎ᠠ ᠶᠢ ᠨᠡᠮᠡᠭᠳᠡᠭᠦᠯᠬᠦ ᠣᠯᠠᠨ ᠲᠠᠯ᠎ᠠ ᠪᠠᠷ ᠠᠰᠢᠭ ᠬᠦᠷᠲᠡᠬᠦ ᠶᠢ ᠴᠢᠷᠮᠠᠶᠢᠨ ᠪᠡᠶᠡᠯᠡᠭᠦᠯᠵᠦ᠂ ᠡᠬᠡ ᠤᠯᠤᠰ ᠤᠨ | ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠨ᠎ᠠ᠃ | ︵ᠨᠢᠭᠡ︶ ︽ᠤᠮᠠᠷᠠᠲᠤ ᠶᠢᠨ ᠭᠤᠷᠪᠠᠨ ᠣᠷᠣᠨ︾ ᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ | ᠬᠦᠴᠦᠨ ᠢᠶᠠᠷ ᠰᠠᠶᠢᠲᠤᠷ ᠪᠡᠶᠡᠯᠡᠭᠦᠯᠦᠨ᠎ᠡ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠵᠢᠷᠭᠤᠭᠠᠨ ᠬᠤᠭᠤᠴᠠᠭᠠᠨ ᠤ ᠲᠥᠯᠥᠪᠵᠢᠭᠦᠯᠭᠡ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ᠬᠠᠳᠤᠨ ᠭᠤᠣᠯ ᠤᠨ ︽ᠶᠡᠭᠡ ᠲᠣᠬᠤᠢ︾ | ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠵᠠᠰᠠᠯᠲᠠ᠂ ᠬᠤᠷᠴᠢᠨ ᠪᠠ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ᠂ ᠲᠡᠭᠷᠢ — — ᠪᠠᠳᠠᠢ ᠶᠢᠨ ᠵᠢᠷᠠᠨ ᠤ | ᠡᠯᠡᠰᠦᠨ ᠴᠥᠯ ᠤᠨ ᠬᠥᠪᠡᠭᠡ ᠶᠢ ᠴᠢᠳᠦᠷᠯᠡᠬᠦ ᠵᠠᠰᠠᠯᠲᠠ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢᠨ | ᠬᠠᠮᠠᠭᠠᠯᠠᠯᠲᠠ ᠰᠡᠷᠭᠦᠭᠡᠯᠲᠡ᠂ ᠶᠡᠭᠡ ᠬᠢᠩᠭᠠᠨ ᠳᠠᠪᠠᠭᠠᠨ ᠤ ᠣᠢ ᠰᠢᠭᠤᠢ ᠶᠢᠨ ᠠᠮᠢ ᠠᠬᠤᠢ ᠶᠢ ᠪᠠᠲᠤᠯᠠᠨ | ᠬᠠᠮᠠᠭᠠᠯᠠᠵᠤ ᠪᠤᠶᠢᠵᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠡᠯᠡᠰᠦᠷᠬᠡᠭᠵᠢᠭᠰᠡᠨ ᠭᠠᠵᠠᠷ | ᠰᠢᠷᠣᠢ ᠶᠢᠨ ᠪᠢᠲᠡᠭᠦᠮᠵᠢᠯᠡᠨ ᠴᠠᠭᠠᠵᠠᠯᠠᠬᠤ ᠬᠠᠮᠠᠭᠠᠯᠠᠯᠲᠠ ᠶᠢᠨ ᠣᠷᠣᠨ᠂ ᠤᠯᠤᠰ ᠤᠨ ᠡᠯᠡᠰᠦ ᠮᠠᠩᠬᠠᠨ ᠤ ᠴᠡᠴᠡᠷᠯᠢᠭ | ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠬᠥᠪᠴᠢ᠂ ᠤᠯᠠᠭᠠᠨᠪᠤᠬ᠎ᠠ ᠵᠡᠷᠭᠡ ᠡᠯᠡᠰᠦᠨ ᠴᠥᠯ ᠢ ᠴᠢᠳᠦᠷᠯᠡᠬᠦ ᠣᠢ ᠶᠢᠨ | ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠳᠤᠨ ᠭᠤᠣᠯ ᠤᠨ ︽ᠶᠡᠭᠡ ᠲᠣᠬᠤᠢ︾ ᠶᠢᠨ | ᠰᠢᠪᠲᠤᠯᠤᠯᠲᠠ ᠶᠢᠨ ᠳᠠᠶᠢᠯᠠᠯᠳᠤᠭᠠᠨ ᠤ 758 ᠲᠦᠮᠡᠨ ᠮᠦ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ 549 ᠲᠦᠮᠡᠨ ᠮᠦ᠂ ᠾᠧᠰᠢ ᠶᠢᠨ ᠬᠤᠩᠬᠢᠯ — | — ᠲᠠᠺᠯᠢᠮᠠᠺᠠᠨ ᠡᠯᠡᠰᠦᠨ ᠴᠥᠯ ᠤᠨ ᠬᠥᠪᠡᠭᠡ ᠳᠠᠭᠠᠤ ᠶᠢᠨ ᠬᠤᠷᠢᠬᠯᠠᠯᠲᠠ ᠶᠢᠨ ᠳᠠᠶᠢᠯᠠᠯᠳᠤᠭᠠᠨ ᠤ 131 | ᠲᠦᠮᠡᠨ ᠮᠦ ᠶᠢᠨ ᠡᠭᠦᠷᠭᠡ ᠶᠢ ᠪᠡᠶᠡᠯᠡᠭᠦᠯᠦᠨ᠎ᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ | ᠠᠬᠢᠭᠤᠯᠵᠤ᠂ ᠴᠥᠯ ᠭᠤᠪᠢ ᠴᠥᠯᠡᠷᠬᠡᠭ ᠣᠷᠣᠨ ᠤ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ | ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠡᠯᠡ | ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠪᠡᠯᠡ ᠣᠷᠤᠭᠤᠯᠤᠯᠲᠠ ᠶᠢᠨ | ᠪᠠᠶᠢᠭᠤᠯᠤᠯᠲᠠ ᠬᠠᠮᠢᠶᠠᠷᠤᠯᠲᠠ ᠶᠢᠨ ᠰᠠᠭᠤᠷᠢ ᠮᠥᠩᠭᠦ ᠶᠢ ᠲᠣᠬᠢᠷᠠᠭᠤᠯᠵᠤ᠂ ᠠᠵᠤ ᠠᠬᠤᠶᠢᠯᠠᠯ ᠪᠠ ᠨᠡᠶᠢᠭᠡᠮ ᠤᠨ | ᠬᠦᠴᠦᠨ ᠴᠢᠳᠠᠯ ᠢ ᠬᠥᠲᠥᠯᠥᠨ ᠵᠢᠯᠣᠭᠤᠳᠴᠦ ᠪᠠᠶᠢᠭᠠᠳ ᠨᠡᠩ ᠢᠯᠡᠭᠦᠦ ᠣᠷᠣᠯᠴᠠᠭᠤᠯᠤᠨ᠂ ᠬᠥᠪᠴᠢ ᠶᠢᠨ | ᠡᠯᠡᠰᠦᠨ ᠴᠥᠯ ᠢ ᠵᠠᠰᠠᠭᠰᠠᠨ᠂ ᠳ᠋ᠧᠩᠺᠧᠦ ᠶᠢᠨ ᠵᠠᠭᠪᠤᠷ ᠵᠡᠷᠭᠡ ᠨᠡᠶᠢᠲᠡᠯᠢᠭ ᠲᠤᠷᠰᠢᠯᠭ᠎ᠠ ᠶᠢ ᠢᠳᠡᠪᠬᠢᠲᠡᠢ | ᠳᠡᠯᠭᠡᠷᠡᠭᠦᠯᠦᠨ᠎ᠡ᠃ | ︵ᠬᠤᠶᠠᠷ︶ ᠦᠵᠡᠰᠭᠦᠯᠡᠩᠲᠦ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠤᠨ᠎ᠠ᠃ ᠰᠢᠷ᠎ᠠ ᠬᠥᠷᠥᠰᠥᠲᠦ ᠥᠨᠳᠦᠷᠯᠢᠭ ᠤᠨ ᠨᠥᠯᠥᠮᠡᠯ ᠭᠠᠵᠠᠷ ᠤᠨ ᠲᠦᠭᠰᠢᠭᠦᠷᠢ ᠶᠢ ᠠᠷᠢᠯᠭᠠᠨ | ᠪᠠᠬᠢᠵᠢᠭᠦᠯᠬᠦ᠂ ᠵᠡᠭᠦᠨ ᠬᠤᠶᠢᠲᠤ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ ᠵᠠᠰᠠᠬᠤ᠂ ᠬᠥᠲᠥᠯ | ᠲᠠᠷᠢᠶᠠᠯᠠᠬᠤ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ | ᠭᠤᠣᠯᠳᠠᠯᠭᠠᠲᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠴᠠᠭᠠᠨᠨᠠᠭᠤᠷ ᠨᠤᠭᠤ | ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠵᠢᠯ ᠳᠤ 300 ᠲᠦᠮᠡᠨ | ᠮᠦ ᠠᠴᠠ ᠳᠡᠭᠡᠭᠰᠢ ᠣᠶᠢᠵᠢᠭᠤᠯᠬᠤ᠂ 1300 ᠲᠦᠮᠡᠨ ᠮᠦ ᠠᠴᠠ ᠳᠡᠭᠡᠭᠰᠢ ᠡᠪᠡᠰᠦ ᠲᠠᠷᠢᠬᠤ᠂ 1500 ᠲᠦᠮᠡᠨ | ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ | ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠤᠯᠤᠰ ᠠᠴᠠ ᠪᠠᠭᠤᠯᠭᠠᠭᠰᠠᠨ | ᠣᠨ ᠤ ᠡᠯ᠎ᠡ ᠵᠦᠢᠯ ᠤᠨ ᠬᠦᠯᠢᠶᠡᠰᠦᠯᠡᠬᠦ ᠴᠢᠨᠠᠷᠲᠠᠢ ᠭᠦᠢᠴᠡᠳᠭᠡᠯ ᠲᠣᠭᠠᠨ ᠤ ᠡᠭᠦᠷᠭᠡ ᠶᠢ ᠪᠡᠶᠡᠯᠡᠭᠦᠯᠦᠨ᠎ᠡ᠃ | ᠭᠤᠣᠯᠳᠠᠯᠭ᠎ᠠ ᠲᠠᠢ ᠭᠠᠵᠠᠷ ᠣᠷᠣᠨ ᠤ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠭᠡᠬᠦ ᠠᠵᠢᠯ ᠢ ᠲᠦᠷᠭᠡᠳᠬᠡᠨ | ᠠᠬᠢᠭᠤᠯᠵᠤ᠂ ᠬᠥᠬᠡᠬᠤᠲᠠ ᠪᠤᠭᠤᠲᠤ ᠣᠷᠳᠣᠰ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ ᠠᠭᠠᠷ | ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠎ᠠ᠃ | ᠭᠤᠣᠯᠳᠠᠯᠭ᠎ᠠ ᠲᠠᠢ ᠭᠤᠣᠯ ᠮᠥᠷᠡᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠬᠠᠳᠤᠨ ᠭᠤᠣᠯ ᠳᠤ ᠤᠷᠤᠰᠤᠨ ᠣᠷᠣᠬᠤ ᠰᠠᠯᠪᠤᠷᠢ ᠤᠷᠤᠰᠬᠠᠯ ᠤᠨ ᠴᠢᠨᠠᠷ ᠢ ᠨᠢ | ᠰᠠᠶᠢᠵᠢᠷᠠᠭᠤᠯᠬᠤ ᠦᠷ᠎ᠡ ᠪᠦᠲᠦᠭᠡᠯ ᠪᠠ ᠬᠠᠷ᠎ᠠ ᠦᠮᠡᠬᠡᠢ ᠤᠰᠤᠨ ᠴᠣᠭᠴᠠ ᠶᠢ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠶᠢ ᠪᠠᠬᠢᠵᠢᠭᠦᠯᠦᠨ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠤᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ ᠭᠦᠨᠵᠡᠭᠡᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠬᠤ ᠶᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠶᠢ ᠠᠬᠢᠭᠤᠯᠤᠨ᠎ᠠ᠃ ᠠᠮᠤᠷ ᠲᠦᠪᠰᠢᠨ ᠢᠶᠠᠷ | ᠠᠰᠢᠬᠯᠠᠬᠤ ᠲᠥᠷᠥᠯ ᠤᠨ᠂ ᠴᠢᠩᠭ᠎ᠠ ᠬᠠᠮᠢᠶᠠᠷᠤᠨ ᠡᠵᠡᠮᠳᠡᠬᠦ ᠲᠥᠷᠥᠯ ᠤᠨ ᠲᠠᠷᠢᠶᠠᠯᠠᠬᠤ ᠭᠠᠵᠠᠷ ᠢ ᠬᠠᠮᠢᠶᠠᠷᠤᠨ | ᠡᠵᠡᠮᠳᠡᠬᠦ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ | ᠤᠯᠠᠭᠠᠨᠬᠠᠳᠠ ᠬᠤᠲᠠ ᠵᠡᠷᠭᠡ ᠭᠠᠵᠠᠷ ᠣᠷᠣᠨ ᠤ ᠠᠮᠢ ᠠᠬᠤᠢ ᠶᠢᠨ ᠪᠦᠲᠦᠭᠡᠭᠳᠡᠭᠦᠨ ᠤ ᠦᠨ᠎ᠡ ᠥᠷᠳᠡᠭ ᠢ | ᠢᠯᠡᠷᠡᠭᠦᠯᠬᠦ ᠲᠣᠭᠲᠠᠴᠠ ᠶᠢ ᠰᠦᠪᠡᠭᠴᠢᠯᠡᠬᠦ ᠶᠢ ᠨᠢ ᠳᠡᠮᠵᠢᠨ᠎ᠡ᠃ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠵᠤ᠂ | ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ︵ᠭᠤᠷᠪᠠ︶ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠣᠷᠴᠢᠯᠳᠤᠭᠤᠯᠵᠤ ᠥᠨᠳᠥᠷ | ᠪᠦᠲᠦᠮᠵᠢ ᠲᠠᠢ ᠪᠠᠷ ᠠᠰᠢᠬᠯᠠᠬᠤ ᠶᠢ ᠴᠢᠩᠭᠠᠳᠬᠠᠨ᠎ᠠ᠃ ︽ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ | ᠠᠵᠢᠯᠯᠠᠭᠠᠨ ᠢ ᠭᠦᠨᠵᠡᠭᠡᠶᠢᠷᠡᠭᠦᠯᠦᠨ ᠥᠷᠭᠡᠳᠭᠡᠨ᠎ᠡ᠃ ︽ᠤᠰᠤ ᠪᠠᠷ ᠳᠥᠷᠪᠡ ᠶᠢ ᠲᠣᠭᠲᠠᠭᠠᠬᠤ︾ ᠶᠢ ᠴᠢᠩᠭ᠎ᠠ | ᠨᠠᠶᠢᠳᠠᠪᠤᠷᠢᠵᠢᠭᠤᠯᠤᠨ᠂ ᠪᠥᠬᠦ ᠵᠢᠯ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠺᠦᠪ | ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠪᠦᠷᠢ ᠶᠢᠨ ᠤᠯᠤᠰ ᠤᠨ ᠳᠣᠲᠣᠭᠠᠳᠤᠬᠢ | ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠪᠦᠷᠢ ᠶᠢᠨ ᠠᠵᠤ | ᠦᠢᠯᠡᠳᠪᠦᠷᠢ ᠶᠢᠨ ᠨᠡᠮᠡᠭᠳᠡᠯ ᠥᠷᠳᠡᠭ ᠤᠨ ᠤᠰᠤ ᠬᠡᠷᠡᠭᠯᠡᠬᠦ ᠬᠡᠮᠵᠢᠶ᠎ᠡ ᠶᠢ ᠲᠣᠰ ᠲᠣᠰ 2020 ᠣᠨ ᠤ ᠬᠢ ᠠᠴᠠ | 9% ᠪᠠ 10% ᠪᠠᠷ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠢ | ᠠᠰᠢᠬᠯᠠᠬᠤ ᠢᠯᠡᠳᠬᠡᠮᠵᠢ ᠲᠤᠭ᠎ᠠ ᠶᠢ 0.582 ᠪᠣᠯᠲᠠᠯ᠎ᠠ ᠳᠡᠭᠡᠭᠰᠢᠯᠡᠭᠦᠯᠦᠨ᠂ ᠲᠠᠷᠢᠶᠠᠯᠠᠩ ᠤᠨ ᠤᠰᠤᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠦᠭᠰᠡᠨ ᠲᠠᠯᠠᠪᠠᠢ ᠶᠢ 4747 ᠲᠦᠮᠡᠨ ᠮᠦ ᠳᠤ ᠬᠦᠷᠭᠡᠵᠦ᠂ | ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ᠂ ᠴᠤᠤᠯ ᠭᠤᠣᠯ ᠤᠨ ᠤᠰᠤ ᠶᠢ | ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ ᠥᠪᠥᠷ ᠮᠣᠩᠭᠤᠯ ᠤᠨ ᠰᠠᠯᠪᠤᠷᠢ | ᠱᠤᠭᠤᠮ ᠤᠨ ᠤᠰᠤᠨ ᠬᠠᠩᠭᠠᠯᠭ᠎ᠠ ᠵᠡᠷᠭᠡ ᠤᠰᠤᠨ ᠲᠣᠣᠷ ᠤᠨ ᠭᠤᠣᠯᠯᠠᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠬᠤ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ | ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ︽ᠬᠥᠨᠳᠡᠶᠢᠷᠡᠭᠰᠡᠨ ᠲᠣᠰᠬᠤᠨ︾ ᠤ ᠵᠠᠰᠠᠯᠲᠠ ᠪᠠ | ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠵᠠᠬ᠎ᠠ ᠳᠤ ᠣᠷᠣᠭᠤᠯᠬᠤ ᠶᠢ ᠠᠬᠢᠭᠤᠯᠤᠨ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ 1.4 ᠲᠦᠮᠡᠨ ᠮᠦ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ | ᠲᠥᠷᠥᠯ ᠵᠦᠢᠯ ᠢ 25 ᠲᠦᠮᠡᠨ ᠮᠦ ᠪᠡᠶᠡᠯᠡᠭᠦᠯᠵᠦ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ | ᠳᠣᠲᠣᠷᠠᠬᠢ ᠰᠢᠨ᠎ᠡ ᠪᠠᠷ ᠨᠡᠮᠡᠭᠳᠡᠭᠦᠯᠦᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠪᠥᠬᠦᠨ ᠢ ︽ᠪᠠᠷᠢᠮᠵᠢᠶᠠᠲᠤ | ᠭᠠᠵᠠᠷ︾ ᠢᠶᠠᠷ ᠬᠠᠩᠭᠠᠬᠤ ᠶᠢ ᠪᠡᠶᠡᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠦ | ᠪᠦᠷᠢ ᠶᠢᠨ ᠪᠡᠯᠡ ᠣᠷᠤᠭᠤᠯᠤᠯᠲᠠ᠂ ᠦᠢᠯᠡᠳᠪᠦᠷᠢᠯᠡᠯ ᠤᠨ ᠥᠷᠳᠡᠭ᠂ ᠭᠠᠶᠢᠯᠢ ᠲᠠᠲᠠᠪᠤᠷᠢ ᠶᠢ ᠲᠣᠰ ᠪᠦᠷᠢ 2%᠂ | 3%᠂ ᠪᠠ 4% ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠣᠷᠴᠢᠯ ᠠᠵᠤ ᠦᠢᠯᠡᠰ ᠢ ᠬᠥᠭᠵᠢᠭᠦᠯᠵᠦ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠤᠯᠠᠷᠢᠭᠤᠯᠤᠨ ᠠᠰᠢᠬᠯᠠᠬᠤ ᠶᠢ ᠠᠬᠢᠭᠤᠯᠤᠨ᠎ᠠ᠃ | ︵ᠳᠥᠷᠪᠡ︶ ᠨᠡᠭᠦᠷᠡᠰᠦᠲᠥ᠋ᠷᠥᠭᠴᠢ ᠶᠢᠨ ᠭᠠᠳᠠᠬᠰᠢᠯᠠᠯᠲᠠ ᠣᠷᠭᠢᠯ ᠬᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠪᠠᠲᠤᠲᠠᠢ ᠠᠬᠢᠭᠤᠯᠤᠨ᠎ᠠ᠃ | ᠡᠨᠧᠷᠭᠢ ᠶᠢᠨ ᠬᠤᠷᠣᠭᠳᠠᠯ ᠤᠨ ᠬᠤᠶᠠᠷ ᠢ ᠬᠢᠵᠠᠭᠠᠷᠯᠠᠵᠤ ᠪᠠᠶᠢᠭᠰᠠᠨ ᠠᠴᠠ ᠨᠡᠭᠦᠷᠡᠰᠦᠲᠥ᠋ᠷᠥᠭᠴᠢ | ᠭᠠᠳᠠᠭᠰᠢᠯᠠᠭᠤᠯᠤᠯᠲᠠ ᠶᠢᠨ ᠬᠤᠶᠠᠷ ᠢ ᠬᠢᠵᠠᠭᠠᠷᠯᠠᠬᠤ ᠲᠡᠶᠢᠰᠢ ᠬᠤᠪᠢᠷᠠᠭᠤᠯᠬᠤ ᠶᠢ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ ᠶᠢ ᠠᠬᠢᠭᠤᠯᠤᠨ᠂ ︽1+N+X︾ ᠤᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ | ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠪᠤᠭᠤᠲᠤ ᠬᠤᠲᠠ᠂ ᠣᠷᠳᠣᠰ ᠬᠤᠲᠠ ᠪᠠ | ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ | ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠲᠤᠷᠰᠢᠯᠲᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ︽ᠨᠡᠭᠦᠷᠡᠰᠦᠲᠥ᠋ᠷᠥᠭᠴᠢ ᠶᠢᠨ ᠭᠠᠳᠠᠬᠰᠢᠯᠠᠯᠲᠠ ᠣᠷᠭᠢᠯ ᠬᠡᠮᠵᠢᠭᠳᠡᠯ ᠳᠤ ᠬᠦᠷᠬᠦ | ᠠᠷᠪᠠᠨ ᠬᠤᠶᠠᠷ ᠶᠡᠭᠡ ᠠᠵᠢᠯᠯᠠᠭᠠᠨ ︾ ᠢ ᠲᠥᠯᠥᠪᠯᠡᠭᠡ ᠲᠠᠢ ᠪᠠᠷ ᠠᠯᠬᠤᠮ ᠳᠠᠷᠠᠭ᠎ᠠ ᠬᠤᠪᠢᠶᠠᠨ ᠠᠬᠢᠭᠤᠯᠵᠤ᠂ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ | ᠴᠣᠭᠴᠠᠯᠠᠵᠤ᠂ ᠰᠢᠨ᠎ᠡ ᠲᠥᠷᠥᠯ ᠵᠦᠢᠯ ᠳᠤ ᠥᠨᠳᠥᠷ ᠬᠠᠷᠢᠴᠠᠯᠳᠤ ᠪᠣᠬᠢᠷᠲᠤᠯ ᠦᠭᠡᠢ ᠴᠠᠬᠢᠯᠭᠠᠨ ᠢ ᠬᠡᠷᠡᠭᠯᠡᠬᠦ᠂ | ᠡᠨᠧᠷᠭᠢ ᠶᠡᠭᠡ ᠠᠴᠢᠶᠠᠯᠠᠬᠤ ᠳᠠᠭᠠᠭᠠᠴᠠ ᠲᠠᠢ ᠬᠠᠳᠠᠭᠠᠯᠠᠯᠲᠠ ᠶᠢ ᠪᠣᠬᠢᠷᠲᠤᠯ ᠦᠭᠡᠢ ᠴᠠᠬᠢᠯᠭᠠᠨ ᠢᠶᠠᠷ | ᠣᠷᠣᠯᠠᠭᠤᠯᠬᠤ ᠶᠢ ᠠᠬᠢᠭᠤᠯᠤᠨ᠎ᠠ᠃ | ᠵᠢᠷᠭᠤᠭ᠎ᠠ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ ᠢ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ | ᠰᠢᠨ᠎ᠡ ᠬᠡᠯᠪᠡᠷᠢ ᠶᠢᠨ ᠡᠨᠧᠷᠭᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ | ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠡᠭᠦᠷᠭᠡ ᠶᠢ | ᠯᠠᠪᠳᠠᠭᠤᠨ ᠡᠭᠦᠷᠬᠡᠯᠡᠵᠦ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠪᠥᠬᠦ ᠬᠦᠴᠦᠨ ᠢᠶᠠᠷ ᠰᠠᠶᠢᠲᠤᠷ | ᠬᠥᠭᠵᠢᠭᠦᠯᠦᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠪᠠᠨ ᠴᠢᠩᠭᠠᠳᠬᠠᠵᠤ᠂ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠬᠦᠴᠦᠨ ᠲᠡᠭᠦᠯᠳᠡᠷ | ᠪᠦᠲᠦᠭᠡᠨ ᠪᠠᠶᠢᠭᠤᠯᠤᠨ᠎ᠠ᠃ | ︵ᠨᠢᠭᠡ︶ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ᠃ | 700 ᠲᠦᠮᠡᠨ ᠺᠢᠯᠣᠸᠠᠲ ᠤᠨ ᠬᠤᠰᠢᠭᠤᠴᠢ ᠢᠨᠵᠧᠨᠧᠷᠢᠩ ᠢ ᠪᠠᠷᠢᠯᠭ᠎ᠠ ᠡᠬᠢᠯᠡᠭᠦᠯᠦᠨ᠂ ᠰᠢᠨ᠎ᠡ ᠡᠨᠧᠷᠭᠢ ᠶᠢᠨ | ᠮᠠᠰᠢᠨ ᠴᠣᠭᠴᠠᠯᠠᠪᠤᠷᠢ ᠶᠢ 4000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠶᠢ 1.37 ᠳ᠋ᠦᠩᠰᠢᠭᠤᠷ ᠺᠢᠯᠣᠸᠠᠲ ᠠᠴᠠ | ᠳᠠᠪᠠᠭᠤᠯᠬᠤ ᠪᠠᠷ ᠴᠢᠷᠮᠠᠶᠢᠨ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ | ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠬᠤ ᠶᠢ ᠵᠢᠯ ᠤᠷᠢᠳᠴᠢᠯᠠᠨ ᠪᠡᠶᠡᠯᠡᠭᠦᠯᠦᠨ᠎ᠡ᠃ | ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤ ᠪᠠᠨ ᠪᠠᠭᠲᠠᠭᠠᠨ ᠰᠢᠩᠭᠡᠭᠡᠬᠦ ᠶᠢ ᠶᠡᠭᠡ ᠪᠠᠷ ᠠᠬᠢᠭᠤᠯᠤᠨ᠂ ︽ᠰᠢᠨ᠎ᠡ | ᠡᠨᠧᠷᠭᠢ +︾ ᠵᠠᠬ᠎ᠠ ᠳᠡᠯᠬᠡᠭᠦᠷᠴᠢᠯᠡᠭᠰᠡᠨ ᠬᠡᠷᠡᠭᠯᠡᠭᠡᠨ ᠤ ᠪᠠᠶᠢᠳᠠᠯ ᠢ ᠨᠡᠩ ᠣᠯᠠᠨ ᠰᠤᠳᠤᠯᠤᠨ ᠭᠠᠷᠭᠠᠵᠤ᠂ ᠰᠢᠨ᠎ᠡ | ᠡᠨᠧᠷᠭᠢ ᠶᠢ ᠪᠠᠭᠲᠠᠭᠠᠨ ᠰᠢᠩᠭᠡᠭᠡᠬᠦ ᠶᠡᠷᠦᠩᠬᠡᠢ ᠬᠡᠮᠵᠢᠶ᠎ᠡ ᠪᠠ ᠬᠠᠷᠢᠴᠠᠯ ᠤᠨ ︽ᠬᠤᠣᠰ ᠳᠡᠭᠡᠭᠰᠢᠯᠡᠯᠲᠡ︾ ᠶᠢ | ᠪᠡᠶᠡᠯᠡᠭᠦᠯᠦᠨ᠎ᠡ᠃ ᠤᠯᠤᠰ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ | ᠴᠣᠭᠴᠠᠯᠠᠵᠤ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ | ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠬᠯᠠᠬᠤ ᠶᠢ ᠠᠬᠢᠭᠤᠯᠤᠨ᠂ ᠨᠡᠭᠦᠷᠡᠰᠦ ᠪᠠᠷ ᠳᠡᠭᠡᠳᠦ | ᠳᠡᠰ ᠤᠨ ᠬᠢᠮᠢ ᠶᠢᠨ ᠦᠢᠯᠡᠳᠭᠦᠨ ᠦᠢᠯᠡᠳᠬᠦ᠂ ᠨᠡᠭᠦᠷᠡᠰᠦ ᠪᠠᠷ ᠳᠡᠭᠡᠳᠦ ᠳᠡᠰ ᠤᠨ ᠨᠡᠭᠦᠷᠡᠰᠦᠨ ᠤ ᠮᠠᠲ᠋ᠧᠷᠢᠶᠠᠯ | ᠦᠢᠯᠡᠳᠬᠦ ᠵᠡᠷᠭᠡ ᠮᠡᠷᠭᠡᠵᠢᠯ ᠳᠤ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠨᠡᠭᠦᠷᠡᠰᠦ ᠪᠠᠷ ᠲᠣᠰᠣ ᠦᠢᠯᠡᠳᠬᠦ | ᠭᠠᠷᠤᠯᠲᠠ ᠶᠢ 110 ᠲᠦᠮᠡᠨ ᠲᠣᠨ ᠣᠷᠴᠢᠮ ᠳᠤ ᠲᠣᠭᠲᠠᠪᠤᠷᠢᠵᠢᠭᠤᠯᠤᠨ᠂ ᠨᠡᠭᠦᠷᠡᠰᠦ ᠪᠠᠷ ᠬᠡᠢ ᠦᠢᠯᠡᠳᠬᠦ | ᠭᠠᠷᠤᠯᠲᠠ ᠶᠢ 33 ᠳ᠋ᠦᠩᠰᠢᠭᠤᠷ ᠺᠦᠪ ᠮᠧᠲᠷ ᠠᠴᠠ ᠳᠡᠭᠡᠭᠰᠢ ᠳᠤ ᠬᠦᠷᠦᠭᠦᠯᠦᠨ᠎ᠡ᠃ | ︵ᠬᠤᠶᠠᠷ︶ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠶᠢ ᠶᠡᠷᠦᠩᠬᠡᠢ ᠳᠤ ᠪᠠᠨ ᠲᠣᠭᠲᠠᠪᠤᠷᠢᠲᠠᠢ ᠪᠠᠶᠢᠯᠭᠠᠵᠤ᠂ ᠨᠡᠭᠦᠷᠡᠰᠦᠨ | ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠭᠡᠨ᠂ ᠲᠣᠰᠣ ᠬᠡᠢ ᠶᠢᠨ ᠡᠬᠢ ᠪᠠᠶᠠᠯᠢᠭ ᠢ ᠬᠠᠶᠢᠨ | ᠰᠢᠨᠵᠢᠵᠦ ᠨᠡᠭᠡᠭᠡᠬᠦ ᠪᠠ ᠨᠡᠮᠡᠵᠦ ᠨᠦᠬᠡᠴᠡᠯᠡᠨ ᠭᠠᠷᠤᠯᠲᠠ ᠶᠢ ᠨᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ | ᠨᠡᠭᠦᠷᠡᠰᠦᠨ ᠤ ᠭᠠᠷᠤᠯᠲᠠ ᠶᠢ 12 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠬᠤ᠂ ᠲᠦᠭᠦᠬᠡᠢ ᠴᠢᠯᠠᠭᠤᠨ | ᠲᠣᠰᠣᠨ ᠤ ᠭᠠᠷᠤᠯᠲᠠ ᠶᠢ 300 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ᠂ ᠪᠠᠶᠢᠭᠠᠯᠢ ᠶᠢᠨ ᠰᠢᠲᠠᠮᠠᠬᠠᠢ | ᠬᠡᠢ ᠶᠢᠨ ᠭᠠᠷᠤᠯᠲᠠ ᠶᠢ 310 ᠳ᠋ᠦᠩᠰᠢᠭᠤᠷ ᠺᠦᠪ ᠮᠧᠲᠷ ᠣᠷᠴᠢᠮ ᠳᠤ ᠲᠣᠭᠲᠠᠪᠤᠷᠢᠵᠢᠭᠤᠯᠬᠤ ᠪᠠᠷ ᠬᠦᠴᠦᠯᠡᠨ | ᠴᠢᠷᠮᠠᠶᠢᠨ᠎ᠠ᠃ ᠨᠢᠭᠡᠨᠲᠡ ᠬᠠᠷᠭᠤᠭᠤᠯᠤᠨ ᠵᠥᠪᠰᠢᠶᠡᠷᠡᠭᠦᠯᠦᠭᠰᠡᠨ ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠮᠤᠷ | ᠲᠦᠪᠰᠢᠨ ᠢ ᠪᠠᠲᠤᠯᠠᠬᠤ ᠪᠠ ᠰᠢᠨ᠎ᠡ ᠡᠨᠧᠷᠭᠢ ᠶᠢᠨ ᠪᠠᠭᠲᠠᠭᠠᠨ ᠰᠢᠩᠭᠡᠭᠡᠬᠦ ᠶᠢ ᠠᠬᠢᠭᠤᠯᠬᠤ ᠨᠢᠭᠡ ᠪᠦᠯᠦᠭ | ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠰᠢᠨ᠎ᠡ ᠪᠠᠷ ᠪᠠᠶᠢᠷᠢᠰᠢᠭᠤᠯᠵᠤ᠂ ᠥᠪᠥᠷ ᠮᠣᠩᠭᠤᠯ ᠤᠨ | ᠪᠠᠷᠠᠭᠤᠨ ᠬᠡᠰᠡᠭ ᠤᠨ ︽ᠳᠥᠷᠪᠡᠨ ᠬᠥᠨᠳᠡᠯᠡᠨ ᠲᠠᠪᠤᠨ ᠭᠤᠯᠳᠤ︾᠂ ᠥᠪᠥᠷ ᠮᠣᠩᠭᠤᠯ ᠤᠨ ᠵᠡᠭᠦᠨ ᠬᠡᠰᠡᠭ ᠤᠨ | ︽ᠬᠤᠶᠠᠷ ᠭᠤᠯᠳᠤ ᠨᠠᠢᠮᠠᠨ ᠬᠥᠨᠳᠡᠯᠡᠨ︾ ᠴᠠᠬᠢᠯᠭᠠᠨ ᠬᠦᠴᠦᠨ ᠤ ᠲᠣᠣᠷ ᠤᠨ ᠭᠤᠣᠯ ᠪᠣᠯᠬᠤ ᠲᠣᠣᠷᠯᠢᠭ | ᠪᠦᠲᠦᠴᠡ ᠶᠢ ᠲᠦᠷᠭᠡᠳᠬᠡᠨ ᠪᠠᠶᠢᠭᠤᠯᠵᠤ᠂ ᠪᠠᠲᠤ ᠪᠠᠬᠢ ᠪᠥᠭᠡᠳ ᠤᠶᠠᠬᠠᠨ ᠴᠠᠬᠢᠯᠭᠠᠨ ᠬᠦᠴᠦᠨ ᠤ ᠲᠣᠣᠷ᠂ | ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠨᠡᠪᠲᠡᠷᠡᠯ ᠵᠠᠮ᠂ ᠪᠣᠬᠢᠷᠲᠤᠯ ᠦᠭᠡᠢ ᠴᠠᠬᠢᠯᠭᠠᠨ ᠢ ᠪᠠᠭᠲᠠᠭᠠᠨ ᠰᠢᠩᠭᠡᠭᠡᠬᠦ | ᠲᠤᠰᠬᠠᠢ ᠱᠤᠭᠤᠮ᠂ ᠡᠨᠧᠷᠭᠢ ᠨᠦᠬᠡᠴᠡᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ ᠴᠢᠩᠭᠠᠳᠬᠠᠨ ᠪᠠᠶᠢᠭᠤᠯᠬᠤ | ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ | ᠬᠡᠪᠴᠢᠶ᠎ᠡ 2.5 ᠳ᠋ᠦᠩᠰᠢᠭᠤᠷ ᠺᠢᠯᠣᠸᠠᠲ ᠢ ᠰᠢᠪᠲᠤᠯᠵᠤ᠂ ᠴᠠᠬᠢᠯᠭᠠᠨ ᠭᠠᠷᠭᠠᠬᠤ ᠬᠡᠮᠵᠢᠶ᠎ᠡ 7740 ᠳ᠋ᠦᠩᠰᠢᠭᠤᠷ | ᠺᠢᠯᠣᠸᠠᠲ ᠴᠠᠭ ᠲᠤ ᠬᠦᠷᠭᠡᠵᠦ᠂ ᠭᠠᠳᠠᠭᠰᠢ ᠴᠠᠬᠢᠯᠭᠠᠨ ᠳᠠᠮᠵᠢᠭᠤᠯᠬᠤ ᠬᠡᠮᠵᠢᠶ᠎ᠡ ᠶᠢ 3180 ᠺᠢᠯᠣᠸᠠᠲ ᠴᠠᠭ ᠲᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠡ᠃ | ︵ᠭᠤᠷᠪᠠ︶ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠶᠢ ᠴᠢᠩᠭᠠᠳᠬᠠᠨ᠎ᠠ᠃ | ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠲᠠᠯ᠎ᠠ ᠪᠠᠷ ᠰᠢᠪᠲᠤᠯᠤᠯᠲᠠ ᠲᠠᠢ ᠪᠣᠯᠬᠤ ᠪᠠᠶᠢᠯᠳᠤᠬᠤ | ᠪᠣᠳᠣᠯᠭ᠎ᠠ ᠶᠢᠨ ᠠᠵᠢᠯᠯᠠᠭᠠᠨ ᠢ ᠪᠥᠬᠦ ᠲᠠᠯ᠎ᠠ ᠪᠠᠷ ᠥᠷᠨᠢᠭᠦᠯᠦᠨ᠂ ᠠᠭᠤᠷᠬᠠᠢ ᠶᠢᠨ ᠦᠢᠯᠡᠰ ᠤᠨ ᠡᠷᠬᠡ ᠶᠢ ᠵᠠᠬ᠎ᠠ | ᠳᠡᠯᠭᠡᠭᠦᠷᠴᠢᠯᠡᠨ ᠲᠦᠯᠦᠪᠦᠷᠢᠲᠡᠢ ᠰᠢᠯᠵᠢᠭᠦᠯᠬᠦ ᠶᠢ ᠠᠬᠢᠭᠤᠯᠤᠨ᠎ᠠ᠃ ᠬᠤᠪᠣᠷ ᠰᠢᠷᠣᠢ ᠵᠡᠷᠭᠡ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠢ ᠬᠠᠮᠠᠭᠠᠯᠠᠬᠤ ᠴᠢᠨᠠᠷᠲᠠᠢ ᠪᠠᠷ ᠨᠡᠭᠡᠭᠡᠬᠦ᠂ ᠴᠢᠨᠠᠷᠵᠢᠭᠤᠨ ᠠᠰᠢᠬᠯᠠᠬᠤ᠂ ᠵᠢᠷᠤᠮᠵᠢᠭᠤᠨ | ᠬᠠᠮᠢᠶᠠᠷᠬᠤ ᠪᠠᠨ ᠴᠢᠩᠭᠠᠳᠬᠠᠵᠤ᠂ ᠪᠥᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠪᠥᠮᠪᠥᠷᠴᠡᠭ ᠲᠤ ᠲᠡᠷᠢᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ | ᠰᠠᠭᠤᠷᠢᠨ ᠭᠠᠵᠠᠷ ᠢ ᠲᠦᠷᠭᠡᠳᠭᠡᠨ ᠪᠦᠲᠦᠭᠡᠨ ᠪᠠᠶᠢᠭᠤᠯᠵᠤ᠂ ᠪᠠᠶᠠᠬᠤᠪᠤᠭ᠎ᠠ ᠠᠭᠤᠷᠬᠠᠢ ᠶᠢᠨ ᠰᠢᠰᠲ᠋ᠧᠮ ᠤᠨ | ᠴᠢᠨᠠᠷᠲᠠᠢ ᠬᠠᠶᠢᠨ ᠰᠢᠨᠵᠢᠯᠲᠡ ᠶᠢ ᠰᠠᠶᠢᠲᠤᠷ ᠬᠢᠵᠦ᠂ ᠪᠠᠶᠢᠩᠭᠤ ᠰᠣᠷᠢᠨᠵᠢᠨ ᠮᠠᠲ᠋ᠧᠷᠢᠶᠠᠯ ᠢᠶᠠᠷ ᠬᠥᠲᠥᠴᠢ ᠪᠣᠯᠭᠠᠭᠰᠠᠨ | ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠠ ᠬᠤᠪᠣᠷ ᠰᠢᠷᠣᠢ ᠶᠢᠨ ᠪᠠᠶᠢᠩᠭᠤ ᠰᠣᠷᠢᠨᠵᠢᠨ | ᠴᠠᠬᠢᠯᠭᠠᠨ ᠮᠠᠰᠢᠨ ᠢᠶᠠᠷ ᠭᠤᠣᠯᠯᠠᠭᠤᠯᠤᠭᠰᠠᠨ ᠬᠤᠪᠣᠷ ᠰᠢᠷᠣᠢ ᠶᠢᠨ ᠦᠵᠦᠭᠦᠷ ᠬᠡᠷᠡᠭᠯᠡᠭᠡᠨ ᠤ ᠠᠵᠤ ᠦᠢᠯᠡᠰ ᠤᠨ | ᠬᠥᠭᠵᠢᠯᠲᠡ ᠶᠢ ᠠᠬᠢᠭᠤᠯᠤᠨ᠂ ︽ᠬᠤᠪᠣᠷ ᠰᠢᠷᠣᠢ +︾ ᠬᠡᠷᠡᠭᠯᠡᠭᠡᠨ ᠤ ᠬᠦᠷᠢᠶ᠎ᠡ ᠶᠢ ᠥᠷᠭᠡᠳᠭᠡᠵᠦ᠂ ᠪᠥᠬᠦ | ᠤᠯᠤᠰ ᠤᠨ ᠨᠢᠭᠡᠳᠦᠯᠲᠡᠢ ᠬᠤᠪᠣᠷ ᠰᠢᠷᠣᠢ ᠶᠢᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ | ᠳᠣᠯᠤᠭ᠎ᠠ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ | ᠶᠡᠭᠡ ᠲᠠᠷᠢᠶᠠᠯᠠᠩ ᠤᠨ ᠦᠵᠡᠯᠲᠡ᠂ ᠶᠡᠭᠡ ᠢᠳᠡᠭᠡᠨ ᠤ ᠦᠵᠡᠯᠲᠡ ᠶᠢ ᠪᠣᠢ ᠪᠣᠯᠭᠠᠨ᠂ ᠴᠢᠬᠤᠯᠠ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠲᠣᠭᠲᠠᠭᠤᠨ ᠠᠮᠤᠷ ᠲᠦᠪᠰᠢᠨ ᠴᠢᠨᠠᠷ ᠰᠠᠶᠢᠲᠠᠢ | ᠬᠠᠩᠭᠠᠯᠭ᠎ᠠ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠭᠠᠷᠤᠯᠲᠠ ᠶᠡᠬᠡᠲᠡᠢ ᠴᠢᠨᠠᠷ ᠰᠠᠶᠢᠲᠠᠢ ᠪᠣᠯᠭᠠᠨ ᠪᠦᠲᠦᠭᠡᠨ ᠪᠠᠶᠢᠭᠤᠯᠤᠨ᠎ᠠ᠃ | ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠠᠰᠢᠬᠯᠠᠨ᠂ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠴᠢᠷᠮᠠᠶᠢᠨ | ᠨᠡᠮᠡᠭᠳᠡᠭᠦᠯᠦᠨ᠎ᠡ᠃ | ︵ᠨᠢᠭᠡ︶ ︽ᠠᠮᠤ ᠪᠤᠳᠠᠭ᠎ᠠ᠂ ᠭᠠᠵᠠᠷ ᠰᠢᠷᠣᠢ᠂ ᠤᠰᠤ︾ ᠶᠢᠨ ᠡᠯ᠎ᠡ ᠵᠦᠢᠯ ᠤᠨ ᠠᠵᠢᠯ ᠢ ᠪᠥᠬᠦ | ᠲᠠᠯ᠎ᠠ ᠪᠠᠷ ᠰᠠᠶᠢᠲᠤᠷ ᠬᠢᠨ᠎ᠡ᠃ ᠠᠮᠤ ᠪᠤᠳᠠᠭ᠎ᠠ᠂ ᠰᠢᠷ᠎ᠠ ᠪᠤᠷᠴᠠᠭ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ | ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠣᠯ ᠪᠣᠯᠬᠤ ᠲᠠᠷᠢᠮᠠᠯ ᠢ ᠶᠡᠭᠡ ᠲᠠᠯᠠᠪᠠᠢ ᠪᠠᠷ ᠨᠢᠭᠡᠴᠢ ᠤᠨᠠᠯᠲᠠ ᠶᠢ ᠨᠢ | ᠳᠡᠭᠡᠭᠰᠢᠯᠡᠭᠦᠯᠬᠦ ᠶᠢ ᠠᠬᠢᠭᠤᠯᠤᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ᠂ ᠬᠤᠵᠢᠷᠯᠢᠬ | ᠭᠠᠵᠠᠷ ᠵᠡᠷᠭᠡ ᠲᠠᠷᠢᠶᠠᠯᠠᠬᠤ ᠭᠠᠵᠠᠷ ᠤᠨ ᠨᠦᠬᠡᠴᠡ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠪᠠ ᠰᠢᠨ᠎ᠡ ᠪᠠᠷ | ᠨᠡᠮᠡᠭᠳᠡᠭᠰᠡᠨ ᠲᠠᠷᠢᠶᠠᠯᠠᠬᠤ ᠭᠠᠵᠠᠷ ᠢ ᠥᠨᠳᠥᠷ ᠪᠦᠲᠦᠮᠵᠢᠲᠡᠢ ᠪᠠᠷ ᠠᠰᠢᠬᠯᠠᠬᠤ ᠲᠤᠷᠰᠢᠯᠲᠠ ᠶᠢᠨ ᠴᠡᠭ ᠢ ᠥᠷᠨᠢᠭᠦᠯᠵᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠰᠢᠨ᠎ᠡ ᠪᠠᠷ ᠪᠠᠶᠢᠭᠤᠯᠤᠨ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠳᠠᠷᠠᠭᠠᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ | ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠢᠨᠵᠧᠨᠧᠷᠢᠩ ᠢ 900 ᠲᠦᠮᠡᠨ ᠮᠦ ᠬᠡᠷᠡᠭᠵᠢᠭᠦᠯᠦᠨ᠎ᠡ᠃ ᠥᠨᠳᠥᠷ | ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ | ᠤᠰᠤ ᠠᠷᠪᠢᠯᠠᠬᠤ ᠴᠢᠳᠠᠪᠤᠷᠢ ᠶᠢ 2 ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠭᠦᠯᠵᠦ᠂ ᠪᠣᠷᠣᠲᠣᠬᠤᠢ ᠶᠢᠨ | ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠶᠢ 10 ᠳ᠋ᠦᠩᠰᠢᠭᠤᠷ ᠺᠦᠪ ᠮᠧᠲᠷ ᠤᠨ | ᠳᠣᠲᠣᠷ᠎ᠠ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃ ᠪᠡᠯᠡᠳᠭᠡᠮᠵᠢᠲᠦ ᠲᠠᠷᠢᠶᠠᠯᠠᠩ ᠢ ᠳᠡᠮᠵᠢᠬᠦ ᠠᠷᠭ᠎ᠠ | ᠬᠡᠮᠵᠢᠶ᠎ᠡ ᠨᠦᠭᠦᠳ ᠢ ᠨᠡᠶᠢᠲᠡᠯᠡᠨ᠂ ᠪᠡᠯᠡᠳᠭᠡᠮᠵᠢᠲᠦ ᠲᠠᠷᠢᠶᠠᠯᠠᠩ ᠢ 24 ᠲᠦᠮᠡᠨ ᠮᠦ ᠰᠢᠨ᠎ᠡ ᠪᠠᠷ ᠪᠠᠶᠢᠭᠤᠯᠵᠤ᠂ | 500 ᠮᠦ ᠠᠴᠠ ᠳᠡᠭᠡᠭᠰᠢᠬᠢ ᠪᠡᠯᠡᠳᠭᠡᠮᠵᠢᠲᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠬᠦᠷᠢᠶᠡᠯᠡᠩ ᠲᠣᠭᠤᠷᠢᠭ ᠢ | 11 ᠪᠠᠶᠢᠭᠤᠯᠤᠨ᠎ᠠ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠬᠥᠳᠡᠭᠡ | ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠦᠷᠢᠶᠡᠯᠡᠩ ᠪᠠ ᠲᠠᠷᠢᠶᠠᠯᠠᠩ ᠤᠨ ᠠᠵᠤ | ᠦᠢᠯᠡᠰ ᠤᠨ ᠬᠦᠴᠦᠷᠬᠡᠭ ᠪᠠᠯᠭᠠᠰᠤ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠂ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ᠂ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠰᠦᠯᠵᠢᠶᠡᠨ ᠳᠡᠭᠡᠷᠡᠬᠢ ᠨᠡᠷᠡᠲᠦ ᠲᠡᠮᠳᠡᠭ ᠤᠨ ᠬᠤᠰᠢᠭᠤᠴᠢ | ᠳᠡᠯᠭᠡᠭᠦᠷ ᠢ ᠲᠣᠰ ᠲᠣᠰ 100 ᠡᠭᠦᠳᠦᠨ ᠪᠠᠶᠢᠭᠤᠯᠤᠨ᠎ᠠ᠃ | ︵ᠬᠤᠶᠠᠷ︶ ︽ᠮᠢᠬ᠎ᠠ᠂ ᠰᠦ᠂ ᠡᠪᠡᠰᠦ︾ ᠶᠢᠨ ᠦᠢᠯᠡᠳᠪᠦᠷᠢᠯᠡᠯ ᠤᠨ ᠲᠦᠪᠰᠢᠨ ᠢ ᠶᠡᠭᠡ ᠪᠠᠷ | ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠠᠷᠢᠯᠢᠬ ᠭᠦᠨ ᠡᠳ᠋ᠰᠢᠭᠦᠯᠦᠨ | ᠪᠣᠯᠪᠠᠰᠤᠷᠠᠭᠤᠯᠬᠤ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ᠂ ᠵᠠᠭᠤᠨ ᠲᠦᠮᠡᠨ ᠠᠯᠠᠰᠢᠨ ᠦᠬᠡᠷ ᠢ | ᠪᠣᠷᠳᠣᠨ ᠪᠤᠶᠢᠵᠢᠭᠤᠯᠬᠤ ᠶᠢ ᠥᠷᠨᠢᠭᠦᠯᠵᠦ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 200 | ᠥᠭᠡᠷᠡᠴᠢᠯᠡᠨ ᠰᠢᠨᠡᠳᠭᠡᠵᠦ ᠳᠡᠭᠡᠭᠰᠢᠯᠡᠭᠦᠯᠦᠨ᠂ ᠮᠢᠬᠠᠨ ᠤ ᠲᠥᠷᠥᠯ ᠤᠨ ᠭᠠᠷᠤᠯᠲᠠ ᠶᠢ 300 ᠲᠦᠮᠡᠨ ᠲᠣᠨ ᠳᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠬᠦᠴᠦᠨ ᠤ | ᠳᠡᠭᠡᠭᠰᠢᠯᠡᠯᠲᠡ ᠶᠢ ᠪᠦᠬᠦ᠋ᠢᠯᠡ ᠰᠢᠶᠠᠨ ᠢᠶᠠᠷ ᠨᠢ ᠠᠬᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ ᠠᠩᠬᠠᠨ ᠤ | ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠯᠠᠬᠤ ᠡᠭᠦᠯᠳᠡᠷ ᠪᠤᠶᠢᠵᠢᠭᠤᠯᠬᠤ ᠲᠠᠯᠠᠪᠠᠢ ᠶᠢ | ᠡᠭᠦᠳᠦᠨ ᠪᠠᠶᠢᠭᠤᠯᠬᠤ ᠪᠠᠨ ᠲᠦᠷᠭᠡᠳᠭᠡᠵᠦ᠂ ᠰᠦ ᠶᠢᠨ ᠭᠠᠷᠤᠯᠲᠠ 800 ᠲᠦᠮᠡᠨ ᠲᠣᠨ ᠢ ᠰᠢᠪᠲᠤᠯᠬᠤ᠂ ᠰᠦ | ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠪᠦᠷᠢᠯᠡᠯ ᠤᠨ ᠥᠷᠳᠡᠭ 2500 | ᠳ᠋ᠦᠩᠰᠢᠭᠤᠷ ᠲᠥᠭᠦᠷᠢᠭ ᠢ ᠰᠢᠪᠲᠤᠯᠬᠤ ᠪᠠᠷ ᠬᠦᠴᠦᠯᠡᠨ ᠴᠢᠷᠮᠠᠶᠢᠨ᠎ᠠ᠃ ᠬᠠᠰᠢᠶᠠᠯᠠᠨ ᠲᠡᠵᠢᠭᠡᠬᠦ ᠶᠢ ᠶᠡᠭᠡ ᠪᠠᠷ | ᠬᠥᠭᠵᠢᠭᠦᠯᠦᠨ᠂ ᠠᠷᠪᠠᠨ ᠨᠡᠶᠢᠲᠡᠯᠢᠭ ᠬᠡᠪ ᠵᠠᠭᠪᠤᠷ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠳᠡᠯᠭᠡᠷᠡᠭᠦᠯᠵᠦ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ | ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠲᠠᠯ᠎ᠠ ᠨᠤᠲᠤᠭ ᠤᠨ | ᠳᠠᠭᠠᠭᠠᠴᠠ ᠠᠴᠠ ᠨᠢ ᠬᠡᠲᠦᠷᠡᠭᠦᠯᠦᠨ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠲᠡᠵᠢᠭᠡᠯ | ᠡᠪᠡᠰᠦ ᠲᠡᠵᠢᠭᠡᠯ ᠪᠣᠷᠳᠣᠭᠠᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠥᠮᠥᠨ ᠤ ᠬᠦᠴᠦ ᠪᠠᠷ ᠲᠡᠵᠢᠭᠡᠯ ᠡᠪᠡᠰᠦ ᠲᠠᠷᠢᠬᠤ | ᠲᠠᠯᠠᠪᠠᠢ 2000 ᠲᠦᠮᠡᠨ ᠮᠦ ᠶᠢ ᠰᠢᠪᠲᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ | ᠤᠶᠠᠯᠳᠤᠭᠤᠯᠵᠤ᠂ ᠡᠯ᠎ᠡ ᠲᠥᠷᠥᠯ ᠤᠨ ᠬᠦᠴᠦᠨ ᠵᠦᠢᠯ ᠤᠨ ᠬᠤᠣᠰ ᠴᠢᠭᠯᠡᠯ ᠢᠶᠠᠷ ᠡᠷᠭᠢᠯᠳᠦᠬᠦ ᠶᠢ ᠠᠬᠢᠭᠤᠯᠤᠨ᠂ | ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠠᠭᠤᠰᠤᠯᠴᠠᠨ ᠬᠥᠭᠵᠢᠭᠰᠡᠨ ᠰᠢᠨ᠎ᠡ ᠪᠠᠶᠢᠷᠢᠰᠢᠯ ᠢ | ᠪᠦᠷᠢᠯᠳᠦᠭᠦᠯᠦᠨ᠎ᠡ᠃ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ | ᠲᠡᠳᠭᠦᠬᠦ ᠲᠣᠭᠲᠠᠴᠠ ᠶᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ ᠶᠢᠨ ᠠᠵᠢᠯ ᠣᠯᠭᠤᠯᠲᠠ ᠶᠢᠨ ᠬᠡᠪᠴᠢᠶ᠎ᠡ ᠶᠢ 19.6 ᠲᠦᠮᠡᠨ ᠬᠥᠮᠥᠨ ᠣᠷᠴᠢᠮ ᠳᠤ ᠲᠣᠭᠲᠠᠪᠤᠷᠢᠵᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠭᠦᠬᠦ ᠬᠤᠰᠢᠭᠤ ᠰᠢᠶᠠᠨ | ᠪᠠ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠣᠬᠢᠷᠠᠭᠤᠯᠬᠤ ᠣᠷᠣᠨ ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ | 65% ᠠᠴᠠ ᠳᠡᠭᠡᠭᠰᠢᠬᠢ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠤᠯᠲᠠ ᠶᠢᠨ ᠪᠡᠯᠡ | ᠮᠥᠩᠭᠦ ᠶᠢ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ ᠬᠡᠷᠡᠭᠯᠡᠨ᠎ᠡ᠃ ᠠᠵᠤ ᠲᠥᠷᠥᠵᠦ ᠠᠮᠢᠳᠤᠷᠠᠬᠤ ᠳᠤ | ᠲᠣᠬᠢᠷᠠᠮᠵᠢᠲᠠᠢ ᠡᠶ᠎ᠡ ᠨᠠᠶᠢᠷᠠᠮᠳᠠᠭᠤ ᠭᠤᠶᠣ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ︽ᠬᠦ᠋ᠳᠡᠭᠡ | ᠲᠣᠰᠬᠤᠨ ᠢ ᠠᠯᠳᠠᠷᠰᠢᠭᠤᠯᠬᠤ ᠠᠵᠢᠯᠯᠠᠭᠠᠨ︾ ᠢ ᠥᠷᠨᠢᠭᠦᠯᠦᠨ᠂ ᠣᠷᠣᠰᠢᠨ ᠠᠮᠢᠳᠤᠷᠠᠬᠤ ᠣᠷᠴᠢᠨ ᠨᠦᠭᠦᠴᠡᠯ ᠢ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠣᠷᠣᠨ ᠤ ᠵᠠᠰᠠᠭ ᠵᠠᠬᠢᠷᠭᠠᠨ ᠤ ᠲᠣᠰᠬᠤᠨ ᠳᠤ | ᠴᠠᠬᠢᠯᠭᠠᠨ ᠨᠡᠪᠲᠡᠷᠡᠭᠦᠯᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠂ ᠲᠠᠷᠢᠶᠠᠯᠠᠬᠤ ᠮᠠᠯᠵᠢᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭᠠᠨ ᠤ ᠪᠦᠷᠬᠦᠭᠦᠯᠬᠦ | ᠨᠣᠷᠮ᠎ᠠ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ ᠲᠣᠰ ᠲᠣᠰ 80% ᠠᠴᠠ ᠳᠡᠭᠡᠭᠰᠢ ᠪᠠ | 34% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠬᠦ ᠪᠡᠯᠡᠳᠭᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ 50% ᠠᠴᠠ ᠳᠡᠭᠡᠭᠰᠢ ᠳᠤ | ᠬᠦᠷᠭᠡᠵᠦ᠂ ᠲᠠᠷᠢᠶᠠᠯᠠᠬᠤ ᠮᠠᠯᠵᠢᠬᠤ ᠣᠷᠣᠨ ᠤ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ 5.5 ᠲᠦᠮᠡ | ᠰᠢᠨ᠎ᠡ ᠪᠠᠷ ᠪᠠᠶᠢᠭᠤᠯᠤᠨ᠎ᠠ᠃ | ᠨᠠᠢᠮᠠ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠦᠨ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠦᠨ᠎ᠡ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ ᠣᠷᠣᠵᠤ᠂ ᠤᠯᠤᠰ ᠤᠨ ᠣᠷᠣᠨ | ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢ | ᠴᠣᠭᠴᠠᠯᠠᠬᠤ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠳᠡᠰ ᠢ ᠨᠢ ᠳᠡᠭᠡᠭᠰᠢᠯᠡᠭᠦᠯᠬᠦ᠂ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠭᠠᠯᠲᠤ ᠲᠡᠷᠭᠡ ᠶᠢᠨ ᠦᠷ᠎ᠡ ᠠᠰᠢᠭ ᠢ ᠳᠡᠭᠡᠭᠰᠢᠯᠡᠭᠦᠯᠦᠨ ᠪᠠᠭᠲᠠᠭᠠᠮᠵᠢ ᠶᠢ ᠨᠢ ᠥᠷᠭᠡᠳᠭᠡᠬᠦ ᠶᠢ | ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠣᠲᠣᠭᠠᠳᠤ ᠭᠠᠳᠠᠭᠠᠳᠤ ᠨᠡᠭᠡᠭᠡᠯᠲᠡ ᠨᠡᠩ ᠶᠡᠭᠡ ᠠᠬᠢᠯᠲᠠ ᠲᠠᠢ | ᠪᠣᠯᠬᠤ ᠶᠢ ᠠᠬᠢᠭᠤᠯᠤᠨ᠎ᠠ᠃ | ︵ᠨᠢᠭᠡ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠃ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠢ | ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠨ᠂ ᠴᠢᠯᠦᠭᠡᠲᠦ ᠠᠷᠠᠯᠵᠢᠶᠠᠨ ᠤ ᠣᠷᠣᠨ ᠤ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠡᠭᠦᠷᠭᠡ ᠶᠢᠨ ᠲᠣᠳᠣᠷᠬᠠᠢ ᠬᠠᠭᠤᠳᠠᠰᠤ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ︵ | ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠭᠤᠶᠤᠴᠢᠯᠠᠨ ᠪᠠᠶᠢᠭᠤᠯᠬᠤ | ᠠᠵᠢᠯ ᠢ ᠮᠥᠨ ᠴᠢᠨᠠᠷ ᠤᠨ ᠠᠬᠢᠯᠲᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠭᠠᠳᠠᠭᠠᠳᠤ ᠠᠷᠠᠯᠵᠢᠶᠠᠨ ᠤ | ᠰᠢᠨ᠎ᠡ ᠬᠥᠳᠡᠯᠭᠡᠭᠴᠢ ᠬᠦᠴᠦᠨ ᠢ ᠲᠦᠷᠭᠡᠯᠡᠨ ᠪᠤᠶᠢᠵᠢᠭᠤᠯᠵᠤ᠂ ᠰᠢᠶᠠᠨ ᠤ ᠬᠡᠪᠴᠢᠶᠠᠨ ᠤ ᠭᠠᠳᠠᠭᠠᠳᠤ ᠠᠵᠤ ᠠᠬᠤᠢ | ᠠᠷᠠᠯᠵᠢᠶ᠎ᠡ ᠶᠢ ᠪᠠᠶᠢᠬᠤ ᠦᠭᠡᠢ ᠪᠠᠶᠢᠭᠰᠠᠨ ᠠᠴᠠ ᠬᠡᠮᠵᠢᠶ᠎ᠡ ᠶᠢ ᠨᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯ ᠢ | ᠠᠬᠢᠭᠤᠯᠤᠨ᠂ ᠤᠯᠠᠭᠠᠨᠴᠠᠪ ᠬᠤᠲᠠ ᠶᠢᠨ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠠᠬᠢᠭᠤᠯᠬᠤ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠠ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ ᠱᠠᠲᠤᠯᠢᠭ | ᠰᠢᠯᠵᠢᠯᠲᠡ ᠶᠢᠨ ᠭᠤᠣᠯᠳᠠᠯᠭ᠎ᠠ ᠲᠠᠢ ᠳᠠᠭᠠᠭᠠᠨ ᠠᠪᠬᠤ ᠭᠠᠵᠠᠷ ᠢ ᠪᠥᠬᠦ ᠬᠦᠴᠦᠨ ᠢᠶᠠᠷ ᠴᠣᠭᠴᠠᠯᠠᠬᠤ ᠶᠢ ᠳᠡᠮᠵᠢᠵᠦ᠂ | ᠬᠥᠬᠡᠬᠤᠲᠠ ᠶᠢᠨ ᠤᠯᠤᠰ ᠤᠨ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ | ᠭᠠᠵᠠᠷ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠮᠠᠨᠵᠤᠤᠷ ᠤᠨ ᠬᠢᠯᠢ ᠶᠢᠨ ᠠᠷᠠᠳ ᠤᠨ ᠵᠠᠬ᠎ᠠ ᠶᠢᠨ | ᠠᠷᠠᠯᠵᠢᠶᠠᠨ ᠤ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠢ ᠠᠬᠢᠭᠤᠯᠤᠨ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ 2100 ᠳ᠋ᠦᠩᠰᠢᠭᠤᠷ ᠲᠥᠭᠦᠷᠢᠭ ᠢ ᠰᠢᠪᠲᠤᠯᠵᠤ᠂ 10% ᠠᠴᠠ | ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠠᠶᠢᠷᠢᠯᠠᠯ | ᠳᠡᠰ ᠳᠡᠪᠰᠢᠭᠦᠯᠬᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠶᠢ 300 ᠳ᠋ᠦᠩᠰᠢᠭᠤᠷ ᠲᠥᠭᠦᠷᠢᠭ ᠲᠤ ᠬᠦᠷᠦᠭᠦᠯᠦᠨ᠂ 20% ᠪᠠᠷ | ᠨᠡᠮᠡᠭᠳᠡᠭᠦᠯᠬᠦ ᠶᠢ ᠠᠬᠢᠭᠤᠯᠤᠨ᠎ᠠ᠃ ᠣᠶᠤᠨᠴᠢ ᠪᠣᠭᠤᠮᠲᠠ᠂ ᠣᠶᠤᠨᠴᠢ ᠬᠢᠯᠢ ᠶᠢᠨ ᠪᠣᠭᠤᠮᠲᠠ ᠶᠢᠨ ᠪᠠᠶᠢᠭᠤᠯᠤᠯᠲᠠ ᠶᠢ | ᠠᠬᠢᠭᠤᠯᠵᠤ᠂ ︽ᠳᠠᠩ ᠴᠣᠩᠬᠤᠪᠴᠢ︾ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠤᠨ᠂ ᠬᠢᠯᠢ ᠶᠢᠨ | ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠶᠢ 1.2 ᠳ᠋ᠦᠩᠰᠢᠭᠤᠷ ᠲᠣᠨ ᠳᠤ ᠬᠦᠷᠦᠭᠦᠯᠵᠦ᠂ 12% | ᠣᠷᠴᠢᠮ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ | ᠲᠡᠷᠭᠡ ᠶᠢᠨ ᠦᠷ᠎ᠡ ᠠᠰᠢᠭ ᠢ ᠳᠡᠭᠡᠭᠰᠢᠯᠡᠭᠦᠯᠦᠨ ᠪᠠᠭᠲᠠᠭᠠᠮᠵᠢ ᠪᠠᠨ ᠥᠷᠭᠡᠳᠭᠡᠬᠦ ᠠᠵᠢᠯ ᠢ ᠰᠠᠶᠢᠲᠤᠷ ᠠᠳᠬᠤᠵᠤ᠂ | ᠣᠷᠣᠨ ᠠᠴᠠ ᠡᠬᠢᠯᠡᠵᠦ ᠠᠶᠠᠯᠠᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ 10% ᠠᠴᠠ | ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ | ︵ᠬᠤᠶᠠᠷ︶ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ ᠥᠪᠥᠷ ᠮᠣᠩᠭᠤᠯ ᠤᠨ ᠵᠡᠭᠦᠨ ᠬᠡᠰᠡᠭ ᠢ ᠮᠠᠨᠳᠤᠭᠤᠯᠤᠨ ᠬᠥᠭᠵᠢᠭᠦᠯᠬᠦ ᠳᠤ ᠰᠢᠨ᠎ᠡ ᠰᠢᠪᠲᠤᠯᠤᠯᠲᠠ | ᠭᠠᠷᠭᠠᠬᠤ ᠪᠠᠷ ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠭᠤᠳᠠᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ | ᠲᠥᠰᠥᠯ ᠢ ᠨᠠᠷᠢᠯᠢᠬ ᠪᠣᠳᠠᠲᠠᠢ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ | ᠦᠢᠯᠡᠰ ᠤᠨ ᠪᠦᠰᠡ ᠶᠢ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ | ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ ᠶᠢᠨ ᠵᠢᠱᠢᠶ᠎ᠡ ᠦᠵᠡᠭᠦᠯᠬᠦ ᠣᠷᠣᠨ᠂ ᠪᠡᠭᠡᠵᠢᠩ ᠥᠪᠥᠷ | ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ | ᠥᠪᠥᠷ ᠮᠣᠩᠭᠤᠯ ᠤᠨ ᠵᠡᠭᠦᠨ ᠬᠡᠰᠡᠭ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠩᠭᠠᠨ ᠠᠶᠢᠮᠠᠭ ᠲᠠᠬᠢ ᠤᠯᠤᠰ ᠤᠨ ᠣᠳᠣ | ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠂ | ᠤᠯᠠᠭᠠᠨᠬᠠᠳᠠ ᠬᠤᠲᠠ ᠶᠢᠨ ᠵᠡᠰ ᠤᠨ ᠪᠦᠯᠦᠭ ᠤᠨ ᠰᠢᠨ᠎ᠡ ᠮᠠᠲ᠋ᠧᠷᠢᠶᠠᠯ ᠪᠠ ᠲᠦᠩᠯᠢᠶᠣᠣ ᠬᠤᠲᠠ᠂ ᠰᠢᠯᠢ ᠶᠢᠨ | ᠭᠤᠣᠯ ᠠᠶᠢᠮᠠᠭ ᠤᠨ ᠬᠥᠩᠭᠡᠨᠴᠠᠭᠠᠨ ᠤ ᠪᠦᠯᠦᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠬᠥᠯᠥᠨ ᠪᠤᠶᠢᠷ ᠵᠡᠷᠭᠡ ᠤᠯᠤᠰ ᠤᠨ ᠴᠠᠰᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ | ᠭᠠᠵᠠᠷ ᠢ ᠡᠭᠦᠳᠦᠨ ᠪᠠᠶᠢᠭᠤᠯᠵᠤ᠂ ᠮᠠᠨᠵᠤᠤᠷ᠂ ᠡᠷᠢᠶᠡᠨ ᠬᠤᠲᠠ ᠶᠢᠨ ᠶᠡᠷᠦᠩᠬᠡᠶᠢᠯᠡᠭᠰᠡᠨ ᠬᠦᠢᠰᠦ ᠬᠢᠯᠢ ᠶᠢᠨ | ᠪᠣᠭᠤᠮᠲᠠ ᠶᠢ ᠬᠦᠴᠦ ᠪᠠᠨ ᠲᠥᠪᠯᠡᠷᠡᠭᠦᠯᠦᠨ ᠴᠣᠭᠴᠠᠯᠠᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠷᠠᠭᠤᠨ ᠬᠡᠰᠡᠭ ᠤᠨ ᠭᠠᠵᠠᠷ ᠣᠷᠣᠨ ᠤ | ᠵᠣᠷᠢᠬᠵᠢᠭᠤᠯᠬᠤ ᠲᠥᠷᠥᠯ ᠤᠨ ᠠᠵᠤ ᠦᠢᠯᠡᠰ ᠤᠨ ᠭᠠᠷᠴᠠᠭ ᠢ ᠲᠣᠬᠢᠷᠠᠭᠤᠯᠬᠤ ᠬᠠᠮᠵᠢᠯᠴᠠᠭᠠᠨ ᠤ ᠠᠵᠢᠯ ᠢ | ᠰᠠᠶᠢᠲᠤᠷ ᠬᠢᠨ᠎ᠡ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠂ ᠬᠠᠳᠤᠨ ᠭᠤᠣᠯ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠳᠤ ᠰᠢᠨ᠎ᠡ ᠦᠷ᠎ᠡ | ᠠᠰᠢᠭ ᠲᠠᠢ ᠪᠣᠯᠭᠠᠬᠤ ᠪᠠᠷ ᠴᠢᠷᠮᠠᠶᠢᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ | ᠪᠦᠯᠦᠭᠵᠢᠯ ᠢ ᠲᠦᠷᠭᠡᠳᠭᠡᠨ ᠪᠦᠲᠦᠭᠡᠨ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠵᠤ᠂ ᠬᠥᠬᠡᠬᠤᠲᠠ | ᠪᠤᠭᠤᠲᠤ ᠶᠢ ᠨᠢᠭᠡ ᠬᠤᠲᠠᠵᠢᠭᠤᠯᠤᠨ ᠬᠥᠭᠵᠢᠭᠦᠯᠬᠦ ᠶᠢ ᠳᠡᠮᠵᠢᠨ᠎ᠡ᠃ | ︵ᠭᠤᠷᠪᠠ︶ ᠣᠷᠣᠨ ᠪᠦᠰᠡ ᠶᠢᠨ ᠬᠤᠭᠤᠷᠣᠨᠳᠤᠬᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠣᠷᠣᠨ | ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠭᠠᠨ ᠤ ᠬᠥᠭᠵᠢᠯᠲᠡ ᠳᠤ ᠢᠳᠡᠪᠬᠢᠲᠡᠢ ᠠᠭᠤᠰᠤᠯᠴᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠦᠷᠭᠦᠯᠵᠢᠯᠡᠨ ᠠᠬᠢᠭᠤᠯᠤᠨ᠎ᠠ᠃ ᠭᠤᠸᠠᠩᠳᠦ᠋ᠩ | ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠥᠪᠥᠷ ᠮᠣᠩᠭᠤᠯ ᠬᠥᠬᠡᠨᠠᠭᠤᠷ᠂ ᠥᠪᠥᠷ ᠮᠣᠩᠭᠤᠯ ᠭᠠᠨᠰᠦ᠂ ᠥᠪᠥᠷ ᠮᠣᠩᠭᠤᠯ ᠱᠠᠨᠰᠢ᠂ | ᠱᠠᠩᠬᠠᠢ ᠥᠪᠥᠷ ᠮᠣᠩᠭᠤᠯ ᠤᠨ ᠵᠥᠪᠯᠡᠯᠴᠡᠭᠡᠷ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠬᠤ ᠶᠢ | ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ | ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠬᠡᠯᠡᠯᠴᠡᠭᠡ᠂ ᠳᠡᠯᠡᠬᠡᠢ ᠶᠢᠨ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠤᠨ ᠶᠡᠭᠡ ᠬᠤᠷᠠᠯ᠂ ᠰᠢᠶᠠᠩᠭᠠᠩ ᠣᠣᠮᠧᠨ ᠤ ᠠᠵᠤ ᠠᠬᠤᠢ ᠠᠷᠠᠯᠵᠢᠶᠠᠨ ᠤ ᠠᠵᠢᠯᠯᠠᠭ᠎ᠠ ᠶᠢᠨ ᠭᠠᠷᠠᠭ | ᠵᠡᠷᠭᠡ ᠥᠨᠳᠥᠷ ᠴᠢᠳᠠᠪᠤᠷᠢ ᠳᠡᠰ ᠤᠨ ᠬᠤᠳᠠᠯᠳᠤᠭᠠᠴᠢᠨ ᠤᠷᠢᠬᠤ ᠲᠠᠪᠴᠠᠩ ᠢ ᠦᠷᠭᠦᠯᠵᠢᠯᠡᠨ ᠰᠠᠶᠢᠲᠤᠷ ᠡᠷᠬᠢᠯᠡᠨ᠂ | ᠠᠵᠤ ᠦᠢᠯᠡᠰ ᠤᠨ ᠬᠡᠯᠬᠢᠶᠡᠨ ᠤ ᠲᠤᠰᠬᠠᠢ ᠰᠡᠳᠦᠪ ᠢᠶᠠᠷ ᠬᠤᠳᠠᠯᠳᠤᠭᠠᠴᠢᠨ ᠤᠷᠢᠬᠤ ᠵᠡᠷᠭᠡ ︽ᠪᠡᠯᠡ | ᠣᠷᠤᠭᠤᠯᠤᠯᠲᠠ ᠶᠢᠨ ᠥᠪᠥᠷ ᠮᠣᠩᠭᠤᠯ ︾ ᠰᠢᠷᠢᠰ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠨᠢᠭᠦᠯᠵᠦ᠂ | ᠵᠥᠪᠯᠡᠯᠴᠡᠭᠡᠷ ᠲᠣᠬᠢᠷᠠᠭᠰᠠᠨ ᠲᠥᠷᠥᠯ ᠵᠦᠢᠯ ᠢ ᠪᠣᠳᠠᠲᠠᠶᠢᠵᠢᠭᠤᠯᠵᠤ ᠮᠥᠷᠳᠡᠨ ᠳᠠᠭᠠᠬᠤ ᠦᠢᠯᠡᠴᠢᠯᠡᠭᠡ ᠪᠠᠨ | ᠴᠢᠩᠭᠠᠳᠬᠠᠨ᠂ ᠪᠥᠬᠦ ᠵᠢᠯ ᠳᠤ ᠡᠯ᠎ᠡ ᠲᠥᠷᠥᠯ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ 150 ᠲᠠᠯᠠᠪᠠᠢ | ᠣᠷᠴᠢᠮ ᠥᠷᠨᠢᠭᠦᠯᠵᠦ᠂ ᠠᠵᠤ ᠦᠢᠯᠡᠰ ᠤᠨ ᠬᠡᠯᠬᠢᠶᠡᠨ ᠳᠤ ᠳᠤᠲᠠᠭᠤᠳᠠᠯ ᠲᠠᠢ ᠬᠠᠷᠠᠯᠲᠠᠲᠤ ᠠᠵᠤ ᠠᠬᠤᠶᠢᠯᠠᠯ ᠢ | 1000 ᠠᠴᠠ ᠳᠡᠭᠡᠭᠰᠢ ᠵᠣᠬᠢᠶᠠᠨ ᠪᠠᠶᠢᠭᠤᠯᠤᠨ ᠵᠣᠯᠭᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ | ᠤᠯᠤᠰ ᠤᠨ ᠳᠣᠲᠣᠭᠠᠳᠤᠬᠢ ᠪᠣᠳᠠᠲᠠᠶᠢᠵᠢᠭᠰᠠᠨ ᠪᠡᠯᠡ ᠮᠥᠩᠭᠦ ᠶᠢ 5500 ᠳ᠋ᠦᠩᠰᠢᠭᠤᠷ ᠲᠥᠭᠦᠷᠢᠭ ᠠᠴᠠ ᠳᠣᠣᠷ᠎ᠠ | ᠦᠭᠡᠢ ᠪᠠᠶᠢᠯᠭᠠᠬᠤ ᠪᠠᠷ ᠴᠢᠷᠮᠠᠶᠢᠨ᠎ᠠ᠃ | ᠶᠢᠰᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ | ᠳᠤᠯᠠᠭᠠᠯᠠᠭ᠎ᠠ ᠶᠢᠨ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠦᠨ᠎ᠡ | ᠴᠢᠳᠠᠯ ᠢᠶᠠᠷ ᠢᠶᠠᠨ ᠴᠢᠷᠮᠠᠶᠢᠨ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠳᠤᠯᠠᠭᠠᠯᠠᠭ᠎ᠠ ᠶᠢᠨ | ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢ ᠣᠨᠣᠪᠴᠢᠲᠠᠢ ᠪᠠᠲᠤᠲᠠᠢ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ | ︵ᠨᠢᠭᠡ︶ ᠣᠯᠠᠨ ᠲᠦᠮᠡᠨ ᠤ ᠠᠮᠢᠳᠤᠷᠠᠯ ᠤᠨ ᠣᠷᠴᠢᠨ ᠨᠦᠭᠦᠴᠡᠯ ᠢ ᠬᠦᠴᠦᠯᠡᠨ ᠰᠠᠶᠢᠵᠢᠷᠠᠭᠤᠯᠤᠨ᠎ᠠ᠃ | ᠪᠡᠯᠡ ᠮᠥᠩᠭᠦᠨ ᠤ ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠤᠯᠠᠭᠠᠯᠠᠭ᠎ᠠ ᠬᠠᠩᠭᠠᠬᠤ ᠢᠯᠴᠢ ᠬᠠᠩᠭᠠᠬᠤ ᠰᠢᠨ᠎ᠡ ᠬᠡᠯᠪᠡᠷᠢ ᠶᠢᠨ | ᠣᠶᠤᠨᠲᠤ ᠵᠠᠭᠪᠤᠷ ᠢ ᠪᠠᠶᠢᠭᠤᠯᠬᠤ ᠪᠠᠷ ᠰᠦᠪᠡᠭᠴᠢᠯᠡᠵᠦ᠂ ᠰᠢᠲᠠᠮᠠᠬᠠᠢ ᠬᠡᠢ᠂ ᠤᠰᠤ ᠬᠠᠩᠭᠠᠵᠤ ᠭᠠᠳᠠᠭᠰᠢᠯᠠᠭᠤᠯᠬᠤ᠂ | ᠢᠯᠴᠢ ᠬᠠᠩᠭᠠᠬᠤ ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠲᠷ ᠰᠢᠨᠡᠳᠭᠡᠵᠦ ᠥᠭᠡᠷᠡᠴᠢᠯᠡᠨ | ᠰᠠᠶᠢᠵᠢᠷᠠᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ | ︵ᠲᠠᠰᠤᠯᠭ᠎ᠠ︶ ᠪᠠᠶᠢᠭᠤᠯᠵᠤ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185᠂ ᠬᠤᠲᠠ | ᠪᠠᠯᠭᠠᠰᠤᠨ ᠤ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ 1500 ᠢᠵᠢ᠂ ᠲᠠᠷᠢᠶᠠᠯᠠᠬᠤ ᠮᠠᠯᠵᠢᠬᠤ ᠣᠷᠣᠨ ᠤ | ᠨᠤᠷᠠᠬᠤ ᠠᠶᠤᠯᠲᠠᠢ ᠭᠡᠷ ᠪᠠᠶᠢᠰᠢᠩ ᠢ 3419 ᠡᠷᠦᠬᠡ ᠥᠭᠡᠷᠡᠴᠢᠯᠡᠨ ᠰᠢᠨᠡᠳᠭᠡᠵᠦ᠂ 1.3 ᠲᠦᠮᠡᠨ ᠡᠷᠦᠬᠡ | ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ | ᠰᠢᠨᠡᠳᠭᠡᠬᠦ ᠶᠢ ᠪᠡᠶᠡᠯᠡᠭᠦᠯᠵᠦ᠂ ᠬᠥᠬᠡᠬᠤᠲᠠ ᠶᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ | ᠪᠠᠶᠢᠭᠤᠯᠬᠤ ᠪᠠ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠰᠢᠨᠡᠳᠭᠡᠬᠦ ᠶᠢ ᠳᠡᠮᠵᠢᠬᠦ ᠬᠤᠲᠠ ᠳᠤ | ᠵᠢᠭᠰᠠᠭᠠᠬᠤ ᠪᠠᠷ ᠴᠢᠷᠮᠠᠶᠢᠨ᠎ᠠ᠃ ᠲᠥᠷᠥᠯ ᠬᠤᠪᠢᠶᠠᠨ ᠡᠮᠬᠢ ᠳᠠᠷᠠᠭ᠎ᠠ ᠲᠠᠢ ᠪᠠᠷ ᠨᠢᠭᠡ ᠪᠦᠯᠦᠭ ᠬᠤᠲᠠ ᠶᠢᠨ ᠣᠯᠠᠨ | ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠢ ᠪᠠᠶᠢᠭᠤᠯᠤᠨ᠂ ᠲᠡᠷᠭᠡᠨ ᠵᠣᠭᠰᠣᠭᠠᠯ ᠤᠨ ᠬᠠᠩᠭᠠᠯᠭ᠎ᠠ ᠶᠢ | ᠨᠡᠮᠡᠭᠳᠡᠭᠦᠯᠦᠨ᠎ᠡ᠃ | ︵ᠬᠤᠶᠠᠷ ︶ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ | ᠬᠡᠷᠡᠭᠵᠢᠭᠦᠯᠦᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠪᠥᠬᠦ | ᠤᠯᠤᠰ ᠤᠨ ᠨᠢᠭᠡᠳᠦᠯᠲᠡᠢ ᠲᠥᠯᠥᠪᠯᠡᠬᠦ ᠪᠠ ᠬᠦᠴᠢᠷᠳᠡᠯᠲᠡᠢ ᠬᠥᠮᠥᠰ ᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠬᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ | ᠲᠤᠭ᠎ᠠ ᠶᠢ 1769 ᠲᠦᠮᠡᠨ ᠬᠥᠮᠥᠨ ᠳᠤ ᠬᠦᠷᠦᠭᠦᠯᠦᠨ᠎ᠡ᠃ ᠣᠷᠣᠯᠭ᠎ᠠ ᠪᠠᠭᠠᠲᠠᠢ ᠬᠥᠮᠥᠨ ᠠᠮᠠ ᠶᠢᠨ | ᠬᠥᠳᠡᠯᠦᠩᠭᠦᠢ ᠬᠢᠨᠠᠨ ᠰᠢᠨᠵᠢᠯᠲᠡ ᠶᠢ ᠴᠢᠩᠭᠠᠳᠬᠠᠵᠤ᠂ ᠳᠡᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ | ᠠᠪᠤᠷᠠᠨ ᠲᠤᠰᠠᠯᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢ ᠴᠢᠷᠮᠠᠶᠢᠨ | ᠨᠡᠮᠡᠭᠳᠡᠭᠦᠯᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠵᠠᠰᠠᠯᠲᠠ ᠶᠢᠨ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠨᠡᠨ ᠬᠦ ᠪᠥᠬᠦ | ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠳᠠᠪᠠᠭᠤᠯᠤᠨ᠎ᠠ᠃ ᠪᠤᠭᠤᠷᠤᠯᠴᠤᠳ ᠤᠨ ᠠᠵᠤ ᠠᠬᠤᠢ ᠶᠢ | ᠬᠥᠭᠵᠢᠭᠦᠯᠵᠦ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ | 170᠂ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠳᠡᠭᠡ ᠶᠢ 1500 ᠪᠠᠷᠢᠯᠭ᠎ᠠ ᠡᠬᠢᠯᠡᠭᠦᠯᠦᠨ | ᠪᠠᠶᠢᠭᠤᠯᠵᠤ᠂ ᠨᠦᠭᠦᠴᠡᠯ ᠲᠠᠢ ᠭᠠᠵᠠᠷ ᠣᠷᠣᠨ ᠤ ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ | ᠦᠵᠡᠭᠦᠯᠬᠦ ᠦᠢᠯᠡᠴᠢᠯᠡᠭᠡ ᠶᠢ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠲᠣᠳᠣᠷᠬᠠᠢ ᠬᠠᠭᠤᠳᠠᠰᠤᠨ ᠳᠤ | ᠣᠷᠣᠭᠤᠯᠬᠤ ᠶᠢ ᠨᠢ ᠠᠬᠢᠭᠤᠯᠤᠨ᠎ᠠ᠃ | ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠰᠤᠷᠭᠠᠨ ᠬᠥᠮᠥᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ ᠢ ᠨᠡᠶᠢᠲᠡᠯᠡᠵᠦ᠂ | ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭᠤᠷᠠᠢ ᠭᠤᠭᠴᠤᠭ᠎ᠠ ᠶᠢ ᠥᠭᠡᠷᠡᠴᠢᠯᠡᠨ ᠰᠠᠶᠢᠵᠢᠷᠠᠭᠤᠯᠬᠤ ᠪᠠ | ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ ᠬᠤᠪᠣᠷ ᠰᠢᠷᠣᠢ᠂ ᠰᠦ ᠰᠠᠭᠠᠯᠢ ᠶᠢᠨ ᠦᠢᠯᠡᠰ᠂ | ᠰᠢᠨ᠎ᠡ ᠡᠨᠧᠷᠭᠢ ᠵᠡᠷᠭᠡ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠲᠦᠷᠭᠡᠳᠭᠡᠨ ᠪᠠᠶᠢᠭᠤᠯᠵᠤ᠂ | ᠦᠢᠯᠡᠳᠪᠦᠷᠢᠯᠡᠬᠦ ᠵᠢᠭᠠᠨ ᠰᠤᠷᠭᠠᠬᠤ ᠶᠢ ᠠᠭᠤᠰᠤᠯᠴᠠᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠢ 50 | ᠪᠤᠶᠢᠵᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠬᠠᠩᠭᠠᠯᠭ᠎ᠠ ᠶᠢ ᠦᠷᠭᠦᠯᠵᠢᠯᠡᠨ | ᠥᠷᠭᠡᠳᠭᠡᠵᠦ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠴᠡᠴᠡᠷᠯᠢᠭ ᠲᠤ | ᠣᠷᠣᠬᠤ ᠨᠣᠷᠮ᠎ᠠ ᠪᠠ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠪᠦᠷᠬᠦᠭᠦᠯᠬᠦ ᠨᠣᠷᠮ᠎ᠠ ᠶᠢ 90% ᠪᠠ | 88% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠠᠯᠪᠠᠨ ᠠᠴᠠ ᠡᠷᠬᠢᠯᠡᠭᠰᠡᠨ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠨᠡᠯᠭᠡ ᠳᠤ ᠰᠠᠭᠤᠬᠤ ᠣᠷᠣ ᠶᠢᠨ ᠭᠠᠷᠳᠠᠮ ᠢ ᠭᠦᠢᠴᠡᠳᠭᠡᠬᠦ | ᠡᠮᠴᠢᠯᠡᠭᠡᠨ ᠤ ᠲᠤᠷᠰᠢᠯᠲᠠ ᠶᠢᠨ ᠴᠡᠭ ᠢ ᠥᠷᠨᠢᠭᠦᠯᠦᠨ᠂ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ | ᠨᠡᠮᠡᠭᠳᠡᠭᠦᠯᠦᠨ᠎ᠡ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠴᠢᠨᠠᠷ ᠰᠠᠶᠢᠲᠠᠢ ᠪᠦᠲᠦᠭᠡᠨ | ᠪᠠᠶᠢᠭᠤᠯᠤᠨ᠂ ᠬᠢᠲᠠᠳ ︵ᠮᠣᠩᠭᠤᠯ︶ ᠠᠨᠠᠭᠠᠬᠤ ᠤᠬᠠᠭᠠᠨ ᠤ ᠡᠮᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢ | ᠴᠢᠩᠭᠠᠳᠬᠠᠵᠤ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠢ ᠡᠮᠨᠡᠯᠭᠡ ᠶᠢᠨ ᠬᠤᠷᠢᠶᠠᠨ ᠤ | ᠨᠠᠰᠤᠲᠠᠶᠢᠴᠤᠳ ᠤᠨ ᠡᠮᠴᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ | ᠴᠡᠴᠡᠷᠯᠢᠭ ᠢ 20᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ 6 ᠰᠢᠨ᠎ᠡ ᠪᠠᠷ ᠪᠠᠶᠢᠭᠤᠯᠬᠤ | ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠨ᠎ᠡ᠃ | ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠷᠡᠵᠢᠯ ᠢ ᠳᠡᠮᠵᠢᠬᠦ | ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠡᠦᠬᠡᠳ ᠪᠠᠭᠠᠴᠤᠳ ︵ᠬᠡᠦᠬᠡᠳ | ᠪᠠᠭᠠᠴᠤᠳ ᠢ ᠬᠠᠮᠠᠭᠠᠯᠠᠬᠤ︶ ᠤᠨ ᠭᠡᠷ ᠢ 50 ᠰᠢᠨ᠎ᠡ ᠪᠠᠷ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ | ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠢ 7 ᠪᠠᠶᠢᠭᠤᠯᠤᠨ᠎ᠠ᠃ | ᠠᠷᠪᠠ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ | ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠎ᠡ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ | ᠭᠤᠣᠯ ᠰᠢᠵᠢᠮ ᠢᠶᠠᠨ ᠪᠠᠲᠤ ᠴᠢᠩᠭ᠎ᠠ ᠡᠵᠡᠮᠰᠢᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ | ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠬᠢᠯᠢ ᠬᠢᠵᠠᠭᠠᠷ ᠤᠨ ᠪᠠᠲᠤ ᠲᠣᠭᠲᠠᠭᠤᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ | ᠠᠮᠤᠭᠤᠯᠠᠩ ᠢ ᠠᠬᠢᠭᠤᠯᠤᠨ᠎ᠠ᠃ | ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢ ᠪᠥᠬᠦ ᠲᠠᠯ᠎ᠠ ᠪᠠᠷ | ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ | ᠵᠦᠢᠯ ᠤᠨ ᠠᠵᠢᠯ ᠤᠨ ᠭᠤᠣᠯ ᠰᠢᠵᠢᠮ ᠢᠶᠠᠨ ᠪᠣᠯᠭᠠᠬᠤ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ | ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ | ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠪᠠᠨ ᠪᠥᠬᠦ | ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠭᠤᠣᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ | ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠴᠢᠷᠮᠠᠶᠢᠨ᠎ᠠ᠃ ︽ᠨᠠᠮ ᠤᠨ ᠠᠴᠢ ᠳᠤ | ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨ ᠤ ᠬᠥᠮᠥᠵᠢᠯ | ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠥᠵᠢᠯ ᠤᠨ ᠡᠷᠴᠢᠮ ᠢᠶᠠᠨ ᠴᠢᠩᠭᠠᠷᠠᠭᠤᠯᠵᠤ | ᠂ ᠨᠢᠭᠡ ᠪᠦᠯᠦᠭ ᠬᠥᠮᠥᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠴᠢᠬᠤᠯᠠ | ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠰᠤᠳᠤᠯᠬᠤ ᠪᠠᠨ ᠴᠢᠩᠭᠠᠳᠬᠠᠵᠤ᠂ ᠦᠨᠳᠦᠰᠦᠲᠡᠨ ᠨᠦᠭᠦᠳ ᠤᠨ | ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭᠠᠨ ᠤ ︽ᠭᠤᠷᠪᠠᠨ ᠵᠦᠢᠯ ᠤᠨ ᠲᠥᠯᠥᠪᠯᠡᠭᠡ︾ ᠶᠢ ᠬᠡᠷᠡᠭᠵᠢᠭᠦᠯᠦᠨ᠎ᠡ᠃ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ᠲᠥᠪ ᠬᠤᠲᠠ ᠪᠠᠯᠭᠠᠰᠤ ᠶᠢ | ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠂ ᠬᠢᠯᠢ ᠬᠢᠵᠠᠭᠠᠷ ᠣᠷᠣᠨ ᠤ ︽ᠳᠥᠷᠪᠡᠨ | ᠬᠠᠮᠲᠤ ᠪᠠᠷ ᠪᠠᠶᠢᠬᠤ︾ ᠤᠷᠳᠤ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠮᠠᠷᠠᠲᠤ ᠬᠢᠯᠢ ᠶᠢᠨ | ᠰᠣᠶᠣᠯ ᠢ ᠤᠬᠠᠭᠤᠯᠤᠨ ᠲᠠᠶᠢᠯᠪᠤᠷᠢᠯᠠᠬᠤ ᠶᠢᠨ ᠲᠣᠭᠤᠷᠢᠨ ᠳᠤ᠂ ᠪᠥᠬᠦ ᠤᠯᠤᠰ ᠤᠨ ᠤᠯᠠᠭᠠᠨᠮᠥ᠋ᠴᠢᠷ ᠤᠨ | ᠦᠵᠡᠭᠦᠯᠭᠡ ᠶᠢᠨ ᠲᠣᠭᠯᠠᠯᠲᠠ᠂ ︽ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠪᠠᠭᠤᠵᠤ | ᠲᠣᠭᠯᠠᠯᠲᠠ ᠭᠠᠷᠭᠠᠬᠤ ᠵᠡᠷᠭᠡ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ | ︵ᠬᠤᠶᠠᠷ︶ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠨ᠎ᠡ᠃ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ | ᠴᠢᠩᠭᠠᠷᠠᠭᠤᠯᠤᠨ᠂ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠲᠠᠢ | ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠣᠨ ᠤ | ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠪᠡᠯᠡ ᠲᠣᠬᠢᠷᠠᠭᠤᠯᠬᠤ | ᠲᠠᠪᠴᠠᠩ ᠤᠨ ᠥᠷᠢ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠡᠯᠡ ᠲᠣᠬᠢᠷᠠᠭᠤᠯᠬᠤ ᠲᠠᠪᠴᠠᠩ ᠤᠨ ᠦᠯᠡᠳᠡᠭᠳᠡᠯ ᠥᠷᠢ ᠥᠭᠴᠡᠭᠡ ᠶᠢᠨ | ᠬᠡᠪᠴᠢᠶ᠎ᠡ ᠶᠢ ᠠᠯᠬᠤᠮ ᠳᠠᠷᠠᠭᠠᠯᠠᠨ ᠪᠠᠭᠠᠰᠬᠠᠵᠤ᠂ ᠪᠡᠯᠡ ᠲᠣᠬᠢᠷᠠᠭᠤᠯᠬᠤ ᠲᠠᠪᠴᠠᠩ ᠤᠨ ᠲᠤᠭ᠎ᠠ ᠬᠡᠮᠵᠢᠶ᠎ᠡ ᠶᠢ | ᠲᠥᠯᠥᠪᠯᠡᠭᠡ ᠶᠣᠰᠣᠭᠠᠷ ᠪᠠᠭᠠᠰᠬᠠᠨ᠂ ᠪᠡᠯᠡ ᠲᠣᠬᠢᠷᠠᠭᠤᠯᠬᠤ ᠲᠠᠪᠴᠠᠩ ᠤᠨ ᠬᠠᠮᠢᠶᠠᠷᠤᠯᠲᠠ ᠶᠢᠨ ᠤᠷᠳᠤ | ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ | ︽ᠭᠤᠷᠪᠠ ᠶᠢ ᠪᠠᠲᠤᠯᠠᠬᠤ︾ ᠶᠢ ᠠᠵᠢᠯᠯᠠᠭᠤᠯᠬᠤ ᠤᠷᠳᠤ ᠬᠤᠭᠤᠴᠠᠭᠠᠨ ᠤ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ︽ᠭᠤᠷᠪᠠ ᠶᠢ ᠪᠠᠲᠤᠯᠠᠬᠤ︾ ᠲᠥᠰᠥᠪ ᠤᠨ ᠪᠠᠲᠤᠯᠠᠪᠠᠰᠤ | ᠵᠣᠬᠢᠬᠤ ᠶᠢ ᠨᠢ ᠪᠥᠬᠦᠨ ᠢ ᠪᠠᠲᠤᠯᠠᠬᠤ ᠶᠢ ᠦᠨᠡᠨ ᠬᠦ ᠪᠠᠲᠤᠯᠠᠨ᠎ᠠ᠃ ᠡᠳ᠋ ᠤᠨ ᠵᠠᠰᠠᠭ ᠤᠨ ᠲᠦᠷ ᠥᠭᠬᠦ ᠮᠥᠩᠭᠦ ᠶᠢᠨ | ᠬᠠᠮᠢᠶᠠᠷᠤᠯᠲᠠ ᠶᠢ ᠴᠢᠩᠭᠠᠳᠬᠠᠨ᠂ ᠲᠦᠷ ᠥᠭᠬᠦ ᠮᠥᠩᠭᠦ ᠶᠢᠨ ᠦᠯᠡᠳᠡᠪᠦᠷᠢ ᠲᠤᠭ᠎ᠠ ᠶᠢᠨ ᠵᠠᠷᠤᠯᠭ᠎ᠠ ᠳᠤ ᠡᠵᠡᠯᠡᠬᠦ | ᠬᠠᠷᠢᠴᠠᠯ ᠨᠢ 10% ᠠᠴᠠ ᠳᠠᠪᠠᠭᠰᠠᠨ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠦᠭᠰᠡᠨ ᠲᠦᠷ ᠥᠭᠬᠦ | ᠮᠥᠩᠭᠦ ᠶᠢᠨ ᠳᠡᠰ ᠳᠡᠪᠰᠢᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ ᠪᠣᠳᠠᠲᠠᠢ ᠥᠭᠭᠦᠭᠰᠡᠨ ᠪᠡᠯᠡ ᠮᠥᠩᠭᠦ ᠶᠢ ᠬᠢᠨᠠᠨ | ᠬᠠᠷᠭᠤᠭᠤᠯᠬᠤ ᠬᠠᠮᠢᠶᠠᠷᠤᠯᠲᠠ ᠪᠠᠨ ᠴᠢᠩᠭᠠᠳᠬᠠᠨ᠂ ᠰᠢᠨ᠎ᠡ ᠪᠠᠷ ᠨᠡᠮᠡᠭᠳᠡᠭᠦᠯᠦᠭᠰᠡᠨ ᠵᠢᠭᠡᠯᠡᠯᠭᠡ ᠶᠢᠨ ᠮᠥᠩᠭᠦ ᠶᠢ | ᠬᠢᠨᠠᠨ ᠵᠥᠪᠰᠢᠶᠡᠷᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠰᠢ ᠵᠢᠭᠡᠯᠡᠭᠦᠯᠦᠭᠰᠡᠨ ᠮᠥᠩᠭᠦ ᠶᠢ | ᠨᠠᠰᠤᠨ ᠲᠤᠷᠰᠢᠲᠠ ᠬᠠᠷᠢᠭᠤᠴᠠᠬᠤ ᠳᠦᠷᠢᠮ ᠢ ᠪᠠᠶᠢᠭᠤᠯᠤᠨ᠎ᠠ᠃ | ︵ᠭᠤᠷᠪᠠ︶ ᠭᠤᠣᠯᠳᠠᠯᠭ᠎ᠠ ᠲᠠᠢ ᠬᠦᠷᠢᠶᠠᠨ ᠳᠠᠬᠢ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠪᠠᠷ | ᠰᠡᠷᠭᠡᠶᠢᠯᠡᠨ ᠠᠷᠢᠯᠭᠠᠨ᠎ᠠ᠃ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠤᠭᠤᠮ ᠢ ᠪᠠᠲᠤ | ᠰᠠᠬᠢᠨ᠂ ᠳᠤᠮᠳᠠ ᠵᠢᠵᠢᠭ ᠪᠠᠩᠬᠢ ᠶᠢᠨ ᠲᠦᠭᠰᠢᠭᠦᠷᠢ ᠶᠢ ᠰᠢᠢᠳᠪᠦᠷᠢᠯᠡᠬᠦ᠂ ᠬᠥᠷᠥᠩᠭᠡ ᠶᠢ ᠨᠥᠬᠦᠪᠦᠷᠢᠯᠡᠬᠦ ᠪᠠ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠯᠠᠪᠳᠠᠭᠤᠨ ᠲᠣᠬᠢᠲᠠᠢ ᠠᠬᠢᠭᠤᠯᠵᠤ᠂ ᠬᠠᠤᠯᠢ ᠶᠢᠨ ᠡᠷᠬᠡᠲᠡᠨ ᠢ | ᠨᠢᠭᠡᠳᠦᠭᠦᠯᠦᠭᠰᠡᠨ ᠥᠪᠥᠷ ᠮᠣᠩᠭᠤᠯ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢ ᠪᠠᠶᠢᠭᠤᠯᠤᠨ᠂ ᠵᠠᠬ᠎ᠠ ᠳᠤ | ᠭᠠᠷᠤᠭᠰᠠᠨ ᠺᠣᠮᠫᠠᠨᠢ ᠶᠢᠨ ᠰᠲ᠋ᠣᠺ ᠢᠶᠠᠷ ᠳᠠᠨᠵᠢᠯᠠᠵᠤ ᠬᠥᠮᠥᠷᠭᠡ ᠲᠡᠭᠰᠢᠯᠡᠬᠦ ᠲᠦᠭᠰᠢᠭᠦᠷᠢ ᠪᠠ ᠵᠢᠭᠡᠯᠡᠯᠭᠡ ᠲᠠᠯᠪᠢᠭᠰᠠᠨ | ᠠᠵᠤ ᠠᠬᠤᠶᠢᠯᠠᠯ ᠤᠨ ᠭᠡᠷ᠎ᠡ ᠠᠴᠠ ᠪᠠᠨ ᠵᠥᠷᠢᠴᠡᠬᠦ ᠲᠦᠭᠰᠢᠭᠦᠷᠢ ᠶᠢ ᠬᠦᠴᠦᠯᠡᠨ ᠠᠷᠢᠯᠭᠠᠵᠤ᠂ ᠬᠠᠤᠯᠢ ᠪᠤᠰᠤ | ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ | ᠲᠦᠭᠰᠢᠭᠦᠷᠢ ᠶᠢ ᠢᠳᠡᠪᠬᠢᠲᠡᠢ ᠯᠠᠪᠳᠠᠭᠤᠨ ᠲᠣᠬᠢᠲᠠᠢ ᠠᠷᠢᠯᠭᠠᠵᠤ᠂ ᠠᠳᠠᠯᠢ ᠪᠤᠰᠤ ᠥᠮᠴᠢᠯᠡᠯᠲᠦ ᠭᠡᠷ ᠪᠠᠶᠢᠰᠢᠩ | ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ ᠠᠳᠠᠯᠢ | ᠲᠡᠭᠰᠢ ᠪᠠᠷ ᠬᠠᠨᠳᠤᠵᠤ᠂ ᠪᠠᠲᠤᠯᠠᠨ ᠲᠤᠰᠢᠶᠠᠬᠤ ᠠᠰᠠᠷ ᠤᠨ ᠡᠭᠦᠷᠭᠡ ᠶᠢ 2.5 ᠲᠦᠮᠡᠨ ᠢᠵᠢ ᠪᠡᠶᠡᠯᠡᠭᠦᠯᠦᠨ᠎ᠡ᠃ | ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠬᠢᠵᠢᠭᠦᠯᠦᠨ᠂ ᠠᠶᠤᠯ ᠦᠭᠡᠢ ᠦᠢᠯᠡᠳᠪᠦᠷᠢᠯᠡᠯ ᠢ | ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭᠠᠨ ᠢ ᠥᠷᠨᠢᠭᠦᠯᠵᠦ᠂ ᠠᠭᠤᠷᠬᠠᠢ᠂ | ᠠᠶᠤᠯᠲᠠᠢ ᠬᠢᠮᠢ ᠶᠢᠨ ᠦᠢᠯᠡᠳᠭᠦᠨ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ | ᠲᠥᠷᠥᠯ ᠤᠨ ᠬᠦᠷᠢᠶᠠᠨ ᠳᠠᠬᠢ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠨ᠂ | ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ | ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠦᠶᠡᠷ ᠢ ᠰᠡᠷᠭᠡᠶᠢᠯᠡᠨ | ᠭᠠᠩ ᠬᠠᠭᠰᠠᠷᠠᠭᠠᠨ ᠲᠠᠢ ᠲᠡᠮᠡᠴᠡᠬᠦ᠂ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠠᠷ ᠢ ᠰᠡᠷᠭᠡᠶᠢᠯᠡᠵᠦ | ᠤᠨᠲᠠᠷᠠᠭᠠᠬᠤ ᠵᠡᠷᠭᠡ ᠠᠵᠢᠯ ᠢ ᠰᠠᠶᠢᠲᠤᠷ ᠬᠢᠨ᠎ᠡ᠃ ᠢᠳᠡᠭᠡᠨ ᠤ ᠪᠠ ᠡᠮ ᠤᠨ ᠵᠦᠢᠯ ᠳᠠᠬᠢ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠯᠠᠪᠳᠠᠭᠤᠨ ᠪᠠᠲᠤᠲᠠᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ | ᠪᠠᠷᠢᠮᠲᠠᠯᠠᠬᠤ ᠪᠠ ᠬᠥᠭᠵᠢᠭᠦᠯᠦᠨ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠳᠦᠷᠢᠮ ᠢ ᠳᠡᠯᠭᠡᠷᠡᠭᠦᠯᠦᠨ | ᠬᠡᠷᠡᠭᠵᠢᠭᠦᠯᠦᠨ᠎ᠡ᠃ | 2024 ᠣᠨ ᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ | ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠵᠤ᠂ ᠠᠵᠤ ᠠᠬᠤᠢ ᠶᠢᠨ ᠠᠵᠢᠯ ᠤᠨ | ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ | ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯ ᠢ ᠭᠦᠨᠵᠡᠭᠡᠢ ᠣᠶᠢᠯᠠᠭᠠᠵᠤ᠂ ᠠᠵᠤ ᠠᠬᠤᠢ ᠶᠢᠨ ᠠᠵᠢᠯ ᠢ ᠰᠠᠶᠢᠲᠤᠷ | ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠵᠤ᠂ ᠥᠪᠡᠷ ᠤᠨ | ᠠᠵᠢᠯ ᠤᠨ ᠲᠣᠭᠲᠠᠭᠠᠬᠤ ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠴᠢᠷᠮᠠᠶᠢᠨ | ᠠᠷᠭᠠᠴᠠᠭᠠᠬᠤ ᠬᠡᠷᠡᠭᠲᠡᠢ᠃ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ᠂ ᠬᠤᠷᠳᠤᠴᠠ ᠪᠠ ᠴᠢᠨᠠᠷ ᠴᠢᠨᠰᠠᠭ᠎ᠠ᠂ ᠬᠤᠷᠸ᠎ᠠ ᠲᠤᠭ᠎ᠠ ᠪᠠᠷᠢᠮᠲᠠ ᠪᠠ ᠬᠤᠮᠠᠬᠢ ᠲᠥᠷᠥᠭᠳᠡᠯ᠂ | ᠠᠵᠤ ᠠᠬᠤᠢ ᠶᠢ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠪᠠ ᠠᠮᠤᠷ | ᠲᠦᠪᠰᠢᠨ ᠤ ᠬᠠᠷᠢᠴᠠᠭ᠎ᠠ ᠶᠢ ᠰᠠᠶᠢᠲᠤᠷ ᠡᠵᠡᠮᠳᠡᠬᠦ ᠪᠠ ᠰᠢᠢᠳᠪᠦᠷᠢᠯᠡᠵᠦ᠂ ᠭᠤᠣᠯ ᠵᠥᠷᠢᠴᠡᠯ ᠢ ᠠᠳᠬᠤᠨ᠂ ᠪᠣᠭᠤᠮᠢ | ᠬᠦᠯᠢᠶᠡᠰᠦᠯᠡᠯ ᠢ ᠰᠢᠪᠲᠤᠯᠵᠤ᠂ ᠪᠠᠷᠠᠯᠠᠯᠲᠠ ᠪᠠᠶᠢᠷᠢᠯᠠᠭᠤᠯᠤᠯᠲᠠ ᠶᠢ ᠴᠢᠬᠤᠯᠠᠴᠢᠯᠠᠨ᠂ ᠨᠡᠮᠡᠯᠲᠡ ᠬᠠᠰᠤᠯᠲᠠ | ᠦᠭᠡᠢ ᠪᠠᠷ᠂ ᠡᠷᠡᠰ ᠰᠢᠭᠤᠷᠬᠠᠢ ᠪᠠᠷ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠨ᠂ ᠵᠣᠷᠢᠭᠲᠠᠢ ᠣᠷᠣᠯᠳᠤᠨ | ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠨ᠂ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠭᠡᠵᠦ᠂ ᠭᠤᠣᠯᠳᠠᠯᠭ᠎ᠠ ᠲᠠᠢ ᠡᠭᠦᠷᠭᠡ ᠶᠢ ᠪᠣᠳᠠᠲᠠᠶᠢᠵᠢᠨ ᠨᠠᠶᠢᠳᠠᠪᠤᠷᠢᠵᠢᠬᠤ ᠶᠢ ᠦᠨᠡᠨ ᠬᠦ | ᠪᠠᠲᠤᠯᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ | ᠪᠡᠶᠡᠯᠡᠭᠦᠯᠬᠦ ᠬᠡᠷᠡᠭᠲᠡᠢ᠃ |