ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ︾ ᠨᠠᠮ ᠤᠨ ᠭᠡᠰᠢᠭᠦᠳ ᠤᠨ ᠶᠡᠭᠡ ᠬᠤᠷᠠᠯ ᠵᠢᠴᠢ ᠭᠤᠣᠯ ᠰᠡᠳᠦᠪᠲᠦ ᠨᠠᠶᠢᠷᠠᠯ ᠳᠠᠭᠤᠤ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/7/5
    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠲᠠᠰᠢᠷᠠᠮ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠠᠵᠢᠯ ᠤᠨ ᠭᠤᠣᠯ ᠱᠤᠭᠤᠮ ᠪᠣᠯᠭᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠦᠯᠦᠭᠡ᠂ 7 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ︾ ᠨᠠᠮ ᠤᠨ ᠭᠡᠰᠢᠭᠦᠳ ᠤᠨ ᠶᠡᠭᠡ ᠬᠤᠷᠠᠯ ᠵᠢᠴᠢ ︽ᠬᠤᠪᠢᠰᠬᠠᠯᠳᠦ ᠲᠠᠭᠤᠤ ᠪᠠᠨ ᠲᠠᠭᠤᠯᠠᠨ᠂ ᠨᠠᠮ ᠳᠤ ᠪᠠᠨ ᠦᠨᠡᠨᠴᠢ ᠰᠢᠳᠤᠷᠭᠤ  ᠰᠡᠳᠬᠢᠯ ᠢᠶᠠᠨ ᠦᠢᠯᠡᠳᠦᠯᠭᠡᠵᠢᠭᠦᠯᠦᠶ᠎ᠡ︾ ᠭᠡᠬᠦ ᠭᠤᠣᠯ ᠰᠡᠳᠦᠪᠲᠦ ᠨᠠᠶᠢᠷᠠᠯ ᠳᠠᠭᠤᠤ ᠶᠢᠨ ᠤᠷᠤᠯᠳᠤᠭᠠᠨ ᠢ ᠦᠪᠡᠳᠡᠭᠰᠢ ᠶᠡᠭᠡ ᠪᠠᠷ ᠶᠠᠪᠤᠭᠳᠠᠭᠤᠯᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠭᠤᠣᠯ ᠬᠥᠭ ᠠᠶᠠᠰ ᠢ ᠬᠠᠩᠭᠢᠨᠠᠭᠤᠯᠤᠨ᠂ ᠲᠣᠪᠴᠢᠶ᠎ᠠ ᠶᠢᠨ ᠰᠢᠰᠲ᠋ᠧᠮ ᠤᠨ ᠪᠥᠬᠦ ᠺᠠᠳ᠋ᠷ ᠠᠵᠢᠯᠲᠠᠨ ᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠪᠡᠶ᠎ᠡ ᠶᠢᠨ ᠲᠠᠮᠢᠷ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠ ᠥᠭᠡᠳᠡᠯᠡᠨ ᠳᠠᠪᠰᠢᠬᠤ ᠵᠣᠷᠢᠭ ᠰᠠᠨᠠᠭ᠎ᠠ ᠶᠢ ᠬᠥᠭᠵᠢᠭᠡᠪᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠵᠠᠩ ᡁᠢ᠂ ᠯᠢᠦ ᠬᠤ᠋ ᠴᠧᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠦ᠋᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠶᠠᠩ ᠬᠤᠩ ᠵᠢᠶᠦ᠋ᠨ ᠠᠵᠢᠯᠯᠠᠭ᠎ᠠ ᠳᠤ ᠣᠷᠣᠯᠴᠠᠪᠠ᠃
    ᠲᠠᠪᠤᠨ ᠣᠳᠣᠲᠤ ᠤᠯᠠᠭᠠᠨ ᠲᠤᠭ ᠠᠭᠠᠵᠢᠮ ᠢᠶᠠᠷ ᠮᠠᠨᠳᠤᠬᠤ ᠶᠢ ᠳᠠᠭᠠᠯᠳᠤᠨ᠂ ᠨᠠᠮ ᠤᠨ ᠭᠡᠰᠢᠭᠦᠳ ᠤᠨ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ ᠰᠡᠬᠦᠪᠡ᠃ ᠲᠣᠪᠴᠢᠶ᠎ᠠ ᠶᠢᠨ ᠰᠢᠰᠲ᠋ᠧᠮ ᠤᠨ ᠰᠢᠨ᠎ᠡ ᠬᠠᠭᠤᠴᠢᠨ ᠨᠠᠮ ᠤᠨ ᠭᠡᠰᠢᠭᠦᠨ ᠨᠡᠷ ᠸᠠᠩ ᠵᠧᠩ ᠢᠦᠢ ᠱᠦᠵᠢ ᠶᠢᠨ ᠳᠠᠭᠠᠭᠤᠯᠭ᠎ᠠ ᠪᠠᠷ᠂ ᠭᠠᠯ ᠤᠯᠠᠭᠠᠨ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠬᠢᠭᠰᠡᠨ ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠪᠠ᠃ ᠳᠠᠷᠠᠭ᠎ᠠ ᠳᠤᠨᠢ᠂ ᠸᠠᠩ ᠵᠧᠩ ᠢᠦᠢ ᠱᠦᠵᠢ 3 ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢ ᠳᠤ ︽ᠨᠠᠮ ᠳᠤ ᠡᠯᠰᠡᠭᠳᠡᠭᠰᠡᠨ 50 ᠵᠢᠯ︾  ᠤᠨ ᠳᠤᠷᠠᠰᠬᠠᠯ ᠤᠨ ᠲᠡᠮᠳᠡᠭ ᠭᠠᠷᠳᠠᠭᠤᠯᠵᠠᠢ᠃
     ᠲᠠᠷᠠᠭ᠎ᠠ ᠨᠢ᠂ ᠲᠣᠪᠴᠢᠶ᠎ᠠ ᠶᠢᠨ ᠰᠢᠰᠲ᠋ᠧᠮ ᠤᠨ ᠡᠯ᠎ᠡ ᠨᠢᠭᠡᠴᠢ ᠶᠢᠨ 10 ᠲᠥᠯᠥᠭᠡᠯᠡᠭᠴᠢᠳ ᠤᠨ ᠠᠩᠭᠢ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠳᠠᠭᠤᠯᠠᠵᠤ᠂ ᠰᠦᠷ ᠵᠢᠪᠬᠤᠯᠠᠩᠲᠤ ᠳᠠᠭᠤᠤ ᠪᠣᠯᠣᠨ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠢᠶᠠᠨ ᠪᠦᠬᠦ ᠲᠠᠯᠠᠪᠠᠢ ᠶᠢᠨ ᠦᠵᠡᠭᠴᠢᠳ ᠢ ᠳᠠᠭᠠᠭᠤᠯᠤᠨ ᠭᠡᠷᠡᠯ ᠰᠠᠴᠤᠷᠠᠩᠭᠤᠢ ᠨᠠᠮ ᠤᠨ ᠲᠡᠦᠬᠡ ᠶᠢ ᠡᠷᠭᠢᠴᠡᠭᠦᠯᠵᠦ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠬᠥᠭᠵᠢᠭᠡᠪᠡ᠃
    ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠡᠯ᠎ᠡ ᠭᠠᠵᠠᠷ ᠭᠡᠷ᠂ ᠡᠯ᠎ᠡ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ᠂ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠤ ᠲᠥᠯᠥᠭᠡᠯᠡᠭᠴᠢᠳ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号