ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠢᠯ | ᠦᠢᠯᠡᠰ ᠤᠨ ᠨᠢᠭᠡᠴᠢ ᠳᠤ᠄ | ᠡᠳᠦᠬᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠤᠨᠨᠲᠠᠭᠠᠬᠤ ᠭᠠᠷᠴᠠᠭ ᠤᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠲᠤᠨᠨᠲᠠᠭᠠᠬᠤ ᠭᠠᠷᠴᠠᠭ ᠤᠨ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ | ᠠᠵᠢᠯᠯᠠᠭ᠎ᠠ ᠶᠢ ᠵᠢᠷᠤᠮᠵᠢᠭᠤᠯᠵᠤ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠤᠨ ᠭᠠᠷᠴᠠᠭ ᠲᠠᠬᠢ ᠬᠠᠮᠢᠶᠠᠷᠤᠯᠲᠠ ᠪᠠᠨ ᠴᠢᠩᠭᠠᠳᠬᠠᠬᠤ ᠶᠢᠨ ᠲᠤᠰᠠᠳᠠ᠂ ︽ᠵᠠᠰᠠᠭ ᠵᠠᠬᠢᠷᠭᠠᠨ ᠤ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠪᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠲᠣᠭᠲᠠᠭᠠᠬᠤ ᠲᠡᠰ ᠳᠠᠷᠠᠭᠠᠯᠠᠯ ᠤᠨ ᠲᠣᠭᠲᠠᠭᠠᠯ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠵᠢᠴᠢ ᠲᠡᠳᠡᠬᠡᠷ ᠤᠨ ᠠᠵᠢᠯ ᠤᠨ ᠰᠠᠯᠠᠭ᠎ᠠ ᠮᠥᠴᠢᠷ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠲᠤᠬᠢᠷᠠᠭᠤᠯᠤᠯᠲᠠ ᠬᠢᠭᠦ ᠳᠤ ᠲᠤᠰ | ᠠᠷᠭ᠎ᠠ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠨᠨᠲᠠᠭᠠᠬᠤ | ᠭᠠᠷᠴᠠᠭ ᠲᠠᠬᠢ ᠬᠠᠮᠢᠶᠠᠷᠤᠯᠲᠠ ᠳᠤ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠳᠠᠯᠠᠨ᠂ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ | ᠠᠷᠠᠳᠴᠢᠯᠠᠯ ᠲᠠᠢ᠂ ᠢᠯᠡ ᠪᠠᠶᠢᠯᠭᠠᠬᠤ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠃ | ᠳᠥᠷᠪᠡᠳᠦᠭᠡᠷ ᠵᠦᠢᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ ᠳᠠᠷᠠᠭᠠᠯᠠᠯ ᠤᠨ ᠲᠣᠭᠲᠠᠭᠠᠯ︾ ᠤᠨ ᠭᠤᠷᠪᠠᠳᠤᠭᠠᠷ | ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ ᠤᠳ ᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ | ᠭᠠᠷᠴᠠᠭ ᠤᠨ ᠬᠡᠪᠴᠢᠶᠡᠨ ᠳᠤ ᠣᠷᠣᠭᠤᠯᠬᠤ ᠬᠡᠷᠡᠭᠲᠡᠶ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠪᠦᠬᠦ | ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠨᠨᠲᠠᠭᠠᠬᠤ ᠭᠠᠷᠴᠠᠭ ᠲᠠᠬᠢ | ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠤᠳᠤᠷᠢᠳᠤᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠯᠪᠠᠯᠠᠬᠤ ᠰᠠᠯᠠᠭ᠎ᠠ | ᠮᠥᠴᠢᠷ ᠤᠳ ᠲᠤᠰ ᠱᠠᠲᠤᠨ ᠤ ᠵᠠᠰᠠᠭ ᠤᠨ ᠣᠷᠳᠣᠨ ᠤ ᠪᠠᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠲᠣᠭᠲᠠᠭᠠᠬᠤ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠵᠢᠭᠠᠨ | ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠨ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠤᠨᠨᠲᠠᠭᠠᠬᠤ ᠭᠠᠷᠴᠠᠭ ᠢ ᠨᠠᠶᠢᠷᠠᠭᠤᠯᠤᠨ ᠵᠣᠬᠢᠶᠠᠬᠤ᠂ ᠲᠤᠬᠢᠷᠠᠭᠤᠯᠤᠯᠲᠠ ᠬᠢᠬᠦ ᠵᠡᠷᠭᠡ | ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ | ᠮᠥᠴᠢᠷ ᠨᠢᠭᠡᠴᠢ ᠨᠦᠭᠦᠳ ᠲᠤᠰ ᠰᠠᠯᠠᠭ᠎ᠠ ᠮᠥᠴᠢᠷ ᠨᠢᠭᠡᠴᠢ ᠶᠢᠨ ᠢᠶᠠᠨ ᠲᠤᠰ ᠱᠠᠲᠤᠨ ᠤ ᠵᠠᠰᠠᠭ ᠤᠨ ᠣᠷᠳᠣᠨ ᠳᠤ | ᠲᠡᠪᠰᠢᠬᠦᠯᠵᠦ ᠰᠢᠢᠳᠪᠦᠷᠢᠲᠦ ᠪᠣᠳᠣᠯᠭ᠎ᠠ ᠲᠣᠭᠲᠠᠭᠠᠯᠭᠠᠬᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠭᠤᠶᠤᠴᠢᠯᠠᠨ ᠮᠡᠳᠡᠭᠦᠯᠬᠦ ᠪᠠ ᠰᠢᠢᠳᠪᠦᠷᠢᠲᠦ ᠪᠣᠳᠣᠯᠭ᠎ᠠ | ᠲᠣᠭᠲᠠᠭᠠᠬᠤ ᠭᠠᠷᠴᠠᠭ ᠢ ᠨᠠᠶᠢᠷᠠᠭᠤᠯᠤᠨ ᠵᠣᠬᠢᠶᠠᠬᠤ᠂ ᠲᠣᠬᠢᠷᠠᠭᠤᠯᠤᠯᠲᠠ ᠬᠢᠬᠦ ᠳᠤ ᠰᠠᠶᠢᠳᠤᠷ ᠬᠠᠮᠵᠢᠯᠴᠠᠬᠤ ᠵᠡᠷᠭᠡ | ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠠᠮᠢᠶ᠎ᠠ ᠪᠦᠬᠦᠢ ᠠᠵᠢᠯ ᠤᠨ ᠰᠠᠯᠠᠭ᠎ᠠ ᠮᠥᠴᠢᠷ ᠨᠢᠭᠡᠴᠢ ᠨᠦᠭᠦᠳ ᠵᠢᠯ ᠪᠦᠷᠢ ᠶᠢᠨ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠢᠷᠡᠬᠦ ᠵᠢᠯ ᠳᠤ ᠲᠤᠰ ᠰᠠᠯᠠᠭ᠎ᠠ ᠮᠥᠴᠢᠷ ᠨᠢᠭᠡᠴᠢ ᠶᠢᠨ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠨᠡᠷ᠎ᠡ ᠪᠠᠷ ᠲᠤᠨᠨᠳᠠᠭᠠᠵᠦ ᠬᠡᠷᠡᠭᠵᠢᠬᠦᠯᠬᠦ ᠪᠠᠷ ᠪᠠᠶᠢᠭ᠎ᠠ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠲᠤᠬᠠᠢ ᠰᠠᠨᠠᠭᠤᠯᠭ᠎ᠠ ᠪᠠᠨ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠰᠢᠢᠳᠪᠦᠷᠢᠲᠦ ᠪᠤᠳᠤᠯᠭ᠎ᠠ ᠲᠣᠭᠲᠠᠭᠠᠬᠤ | ᠵᠦᠢᠯᠡᠰ ᠤᠨ ᠲᠤᠬᠠᠢ ᠰᠠᠨᠠᠭᠤᠯᠭ᠎ᠠ ᠳᠤ ᠰᠢᠢᠳᠪᠦᠷᠢᠲᠦ ᠪᠣᠳᠣᠯᠭ᠎ᠠ ᠲᠤᠨᠨᠲᠠᠭᠠᠬᠤ ᠵᠦᠢᠯᠡᠰ ᠤᠨ ᠨᠡᠷᠡᠶᠢᠳᠦᠯ᠂ | ᠦᠨᠳᠦᠰᠦᠯᠡᠯ᠂ ᠭᠤᠣᠯ ᠠᠭᠤᠯᠭ᠎ᠠ᠂ ᠰᠢᠢᠳᠪᠦᠷᠢᠯᠡᠬᠦ ᠪᠠᠷ ᠪᠠᠶᠢᠭ᠎ᠠ ᠭᠤᠣᠯ ᠠᠰᠠᠭᠤᠳᠠᠯ᠂ ᠰᠢᠢᠳᠪᠦᠷᠢᠲᠦ ᠪᠤᠳᠤᠯᠭ᠎ᠠ | ᠲᠣᠭᠲᠠᠭᠠᠬᠤ ᠲᠡᠰ ᠳᠠᠷᠠᠭᠠᠯᠠᠯ᠂ ᠪᠡᠶᠡᠯᠡᠭᠦᠯᠬᠦ ᠴᠠᠭ ᠬᠤᠭᠤᠴᠠᠭ᠎ᠠ ᠵᠡᠷᠭᠡ ᠪᠠᠭᠲᠠᠨ᠎ᠠ᠃ | ᠳᠣᠯᠣᠳᠤᠭᠠᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠦᠯᠢᠶᠡᠨ | ᠠᠪᠤᠨᠨᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠮᠡᠳᠡᠭᠦᠯᠦᠨ ᠬᠦᠷᠭᠡᠭᠰᠡᠨ ᠰᠢᠢᠳᠪᠦᠷᠢᠲᠦ ᠪᠣᠳᠣᠯᠭ᠎ᠠ | ᠲᠤᠨᠨᠲᠠᠭᠠᠬᠤ ᠰᠠᠨᠠᠭᠤᠯᠭ᠎ᠠ ᠶᠢᠨ ᠵᠦᠢᠯᠡᠰ ᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠲᠠᠢ ᠬᠠᠮᠳᠤᠷᠠᠯᠴᠠᠨ ᠬᠢᠨᠠᠨ | ᠬᠠᠷᠭᠤᠭᠤᠯᠤᠨ᠎ᠠ᠂ ᠴᠢᠬᠤᠯᠠ ᠲᠠᠢ ᠦᠶ᠎ᠡ ᠳᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠦ ᠪᠠᠶᠢᠭᠠᠳ ᠯᠠᠪᠯᠠᠨ | ᠨᠤᠳᠠᠯᠠᠭᠤᠯᠵᠦ᠂ ᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠨᠨᠳᠠᠭᠠᠬᠤ | ᠵᠦᠢᠯᠡᠰ ᠤᠨ ᠭᠠᠷᠴᠠᠭ ᠤᠨ ᠲᠥᠰᠦᠯ ᠢ ᠨᠢᠭᠡᠳᠦᠯᠲᠡᠶ ᠲᠥᠯᠥᠪᠯᠡᠨ ᠲᠤᠭᠤᠷᠪᠢᠨ᠎ᠠ᠃ ᠣᠨ ᠤ ᠰᠢᠢᠳᠪᠦᠷᠢᠲᠦ | ᠪᠣᠳᠣᠯᠭ᠎ᠠ ᠲᠤᠨᠨᠳᠠᠭᠠᠬᠤ ᠭᠠᠷᠴᠠᠭ ᠤᠨ ᠲᠥᠰᠦᠯ ᠢ ᠪᠦᠷᠢᠯᠳᠦᠬᠦᠯᠦᠭᠰᠡᠨ ᠤ ᠳᠠᠷᠠᠭ᠎ᠠ᠂ ᠲᠡᠰ ᠳᠠᠷᠠᠭᠠᠯᠠᠯ ᠶᠣᠰᠣᠭᠠᠷ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ | ᠵᠥᠪᠯᠡᠭᠦᠯᠦᠨ᠎ᠡ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠠᠮᠢᠶ᠎ᠠ ᠪᠦᠬᠦᠢ ᠠᠵᠢᠯ ᠤᠨ ᠰᠠᠯᠠᠭ᠎ᠠ ᠮᠥᠴᠢᠷ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠤᠨ ᠰᠠᠨᠠᠭᠤᠯᠭ᠎ᠠ ᠶᠢ ᠮᠡᠳᠡᠭᠦᠯᠦᠨ ᠬᠦᠷᠭᠡᠬᠦ ᠠᠴᠠ ᠡᠮᠦᠨ᠎ᠡ᠂ ᠬᠡᠷᠡᠭᠴᠡᠭᠡ ᠪᠠᠨ | ᠦᠨᠳᠦᠰᠦᠯᠡᠨ ᠳᠣᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ᠂ ᠪᠤᠰᠤᠳ | ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ | ᠨᠡᠶᠢᠲᠡ ᠠᠴᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠲᠤᠬᠠᠢ ᠰᠠᠨᠠᠭᠤᠯᠭ᠎ᠠ ᠶᠢ ᠴᠤᠨᠨᠯᠠᠭᠤᠯᠬᠤ | ᠬᠡᠷᠡᠭᠳᠡᠢ᠃ | ᠶᠢᠰᠦᠳᠦᠭᠡᠷ ᠵᠦᠢᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠭᠤᠯᠭ᠎ᠠ ᠪᠠ ᠳᠤᠷᠠᠳᠤᠯᠭ᠎ᠠ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠵᠠᠰᠠᠭ | ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠲᠤᠬᠠᠢ ᠰᠠᠨᠠᠭᠤᠯᠭ᠎ᠠ | ᠳᠤᠷᠠᠳᠤᠭᠰᠠᠨ ᠪᠠᠶᠢᠪᠠᠯ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠠᠴᠠ ᠴᠠᠭ | ᠲᠤᠬᠠᠶ ᠳᠤ ᠨᠢ ᠰᠤᠳᠤᠯᠬᠤ ᠬᠡᠷᠡᠭᠲᠡᠶ᠃ ᠰᠤᠳᠤᠯᠬᠤ ᠪᠠᠷ ᠳᠠᠮᠵᠢᠭᠠᠳ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠲᠤ ᠵᠢᠭᠰᠠᠭᠠᠨ ᠣᠷᠣᠭᠤᠯᠬᠤ ᠴᠢᠬᠤᠯᠠ ᠲᠠᠢ ᠭᠡᠵᠦ | ᠦᠵᠡᠪᠡᠯ᠂ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠰᠠᠯᠠᠭ᠎ᠠ ᠮᠥᠴᠢᠷ ᠨᠢᠭᠡᠴᠢ ᠨᠢ ᠰᠠᠯᠠᠭ᠎ᠠ ᠮᠥᠴᠢᠷ ᠨᠢᠭᠡᠴᠢ ᠶᠢᠨ ᠢᠶᠠᠨ ᠡᠭᠦᠷᠭᠡ ᠬᠠᠷᠢᠭᠤᠴᠠᠯᠭ᠎ᠠ ᠪᠠ | ᠣᠨ ᠤ ᠭᠤᠤᠯᠳᠠᠯᠭ᠎ᠠ ᠪᠣᠯᠬᠤ ᠠᠵᠢᠯ ᠲᠠᠢ ᠪᠠᠨ ᠤᠶᠠᠯᠳᠤᠭᠤᠯᠵᠤ᠂ ᠲᠤᠰ ᠰᠠᠯᠠᠭ᠎ᠠ ᠮᠥᠴᠢᠷ ᠨᠢᠭᠡᠴᠢ ᠶᠢᠨ ᠢᠶᠠᠨ | ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠭᠠᠷᠴᠠᠭ ᠢ ᠲᠣᠭᠲᠠᠭᠠᠨ | ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠳᠡᠢ᠃ | ᠠᠷᠪᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠤᠨ ᠭᠠᠷᠴᠠᠭ ᠲᠤ ᠰᠢᠢᠳᠪᠦᠷᠢᠲᠦ ᠪᠣᠳᠣᠯᠭ᠎ᠠ ᠲᠤᠨᠨᠲᠠᠭᠠᠬᠤ ᠵᠦᠢᠯᠡᠰ ᠤᠨ ᠨᠡᠷᠡᠶᠢᠳᠦᠯ᠂ ᠰᠢᠢᠳᠪᠦᠷᠢᠲᠦ | ᠪᠣᠳᠣᠯᠭ᠎ᠠ ᠲᠤᠨᠨᠲᠠᠭᠠᠬᠤ ᠶᠢ ᠳᠠᠭᠠᠭᠠᠨ ᠭᠦᠢᠴᠡᠳᠭᠡᠬᠦ ᠨᠢᠭᠡᠴᠢ᠂ ᠪᠡᠶᠡᠯᠡᠬᠦᠯᠬᠦ ᠪᠠᠷ ᠲᠦᠯᠦᠪᠯᠡᠵᠦ ᠪᠠᠶᠢᠭ᠎ᠠ ᠴᠠᠭ | ᠬᠤᠭᠤᠴᠠᠭ᠎ᠠ ᠵᠡᠷᠭᠡ ᠪᠠᠭᠲᠠᠬᠤ ᠬᠡᠷᠡᠭᠲᠡᠢ᠃ ᠬᠠᠤᠯᠢ ᠶᠣᠰᠣᠭᠠᠷ ᠢᠯᠡ ᠪᠣᠯᠭᠠᠵᠤ ᠪᠣᠯᠬᠤ ᠦᠭᠡᠶ ᠰᠢᠢᠳᠪᠦᠷᠢᠲᠦ | ᠪᠣᠳᠣᠯᠭ᠎ᠠ ᠲᠤᠨᠨᠳᠠᠭᠠᠬᠤ ᠵᠦᠢᠯᠡᠰ ᠠᠴᠠ ᠭᠠᠳᠠᠨ᠎ᠠ᠂ ᠰᠢᠢᠳᠪᠦᠷᠢᠲᠦ ᠪᠣᠳᠣᠯᠭ᠎ᠠ ᠲᠤᠨᠨᠳᠠᠭᠠᠬᠤ ᠭᠠᠷᠴᠠᠭ ᠢ ᠵᠠᠷᠴᠢᠮ | ᠳᠡᠭᠡᠷ᠎ᠡ ᠪᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠳᠠᠮᠵᠢᠨ ᠬᠢᠨᠠᠨ | ᠵᠦᠪᠯᠡᠵᠦ ᠪᠠᠳᠤᠯᠠᠬᠤ ᠶᠢᠨ ᠬᠠᠮᠲᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠯᠠᠬᠤ ᠰᠠᠯᠠᠭ᠎ᠠ ᠮᠥᠴᠢᠷ ᠠᠴᠠ 20 ᠠᠵᠢᠯᠯᠠᠬᠤ ᠡᠳᠦᠷ ᠤᠨ ᠳᠣᠲᠣᠷ᠎ᠠ | ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠨᠨᠳᠠᠭᠠᠬᠤ | ᠭᠠᠷᠴᠠᠭ ᠲᠤ ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠣᠨ ᠤ ᠠᠵᠢᠯ ᠤᠨ ᠡᠭᠦᠷᠭᠡ ᠶᠢᠨ ᠨᠡᠮᠡᠭᠳᠡᠭᠰᠡᠨ᠂ ᠬᠤᠪᠢᠷᠠᠯᠲᠠ ᠭᠠᠷᠤᠨᠨᠰᠠᠨ ᠵᠡᠷᠭᠡ ᠠᠵᠢᠯ ᠤᠨ | ᠪᠣᠲᠠᠲᠠᠢ ᠶᠢ ᠦᠨᠳᠦᠰᠦᠯᠡᠨ᠂ ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠲᠡᠰ ᠳᠠᠷᠠᠭᠠᠯᠠᠯ ᠢ ᠴᠠᠭ ᠲᠣᠬᠠᠢ ᠳᠤ ᠨᠢ | ᠭᠦᠢᠴᠡᠳᠬᠡᠬᠦ ᠬᠡᠷᠡᠭᠳᠡᠢ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠨᠨᠳᠠᠭᠠᠬᠤ ᠭᠠᠷᠴᠠᠭ ᠢ | ᠪᠦᠷᠢᠳᠬᠡᠨ ᠳᠠᠩᠰᠠᠯᠠᠬᠤ ᠳᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠨᠨᠳᠠᠭᠠᠬᠤ | ᠭᠠᠷᠴᠠᠭ ᠤᠨ ᠬᠠᠮᠢᠶᠠᠷᠤᠯᠲᠠ ᠳᠤ ᠣᠷᠣᠭᠤᠯᠤᠭᠰᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠪᠦᠬᠦᠨ ᠢ | ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠨᠢᠭᠡᠴᠢ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠶᠤᠰᠤᠭᠠᠷ ᠴᠢᠩᠭ᠎ᠠ ᠵᠢᠷᠤᠮᠯᠠᠨ ᠬᠡᠷᠡᠭᠵᠢᠭᠦᠯᠵᠦ᠂ ᠲᠡᠰ ᠳᠠᠷᠠᠭᠠᠯᠠᠯ ᠨᠢ | ᠵᠦᠢᠲᠡᠢ᠂ ᠶᠠᠪᠤᠴᠠ ᠨᠢ ᠢᠯᠡ᠂ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ᠃ | ᠠᠷᠪᠠᠨ ᠳᠥᠷᠪᠡᠳᠦᠭᠡᠷ ᠵᠦᠢᠯ ᠲᠤᠰ ᠠᠷᠭ᠎ᠠ ᠶᠢᠨ ᠬᠡᠷᠡᠭᠵᠢᠭᠦᠯᠦᠭᠳᠡᠭᠰᠡᠨ ᠪᠠᠶᠢᠳᠠᠯ ᠢ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠠᠵᠢᠯ ᠤᠨ ᠰᠠᠯᠠᠭ᠎ᠠ ᠮᠥᠴᠢᠷ | ᠨᠢᠭᠡᠴᠢ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠰᠢᠯᠭᠠᠨ ᠬᠢᠨᠠᠬᠤ | ᠠᠭᠤᠯᠭ᠎ᠠ ᠳᠤ ᠤᠷᠤᠭᠤᠯᠤᠨ᠎ᠠ᠃ | ᠠᠷᠪᠠᠨ ᠲᠠᠪᠤᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠲᠤᠨᠨᠳᠠᠭᠠᠬᠤ ᠵᠦᠢᠯᠡᠰ ᠤᠨ ᠭᠠᠷᠴᠠᠭ ᠲᠠᠬᠢ ᠬᠠᠮᠢᠶᠠᠷᠤᠯᠲᠠ ᠶᠢ ᠲᠤᠰ ᠠᠷᠭ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ᠃ | ᠠᠷᠪᠠᠨ ᠵᠢᠷᠭᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |