ᠮᠣᠩᠭᠤᠯ ᠮᠣᠷᠢᠨ ᠤ ᠪᠥᠬᠦ ᠤᠯᠤᠰ ᠤᠨ ᠤᠷᠢᠯᠭ᠎ᠠ ᠶᠢᠨ ᠤᠷᠤᠯᠳᠤᠭᠠᠨ 7 ᠰᠠᠷ᠎ᠠ ᠶᠢᠨ 12 ᠤᠨ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2024/7/8
    ᠮᠣᠩᠭᠤᠯ ᠮᠣᠷᠢᠨ ᠤ ᠪᠥᠬᠦ ᠤᠯᠤᠰ ᠤᠨ ᠤᠷᠢᠯᠭ᠎ᠠ ᠶᠢᠨ ᠤᠷᠤᠯᠳᠤᠭᠠᠨ 7 ᠰᠠᠷ᠎ᠠ ᠶᠢᠨ 12 ᠤᠨ ᠡᠳᠦᠷ ᠪᠤᠭᠤᠲᠤ ᠶᠢᠨ  ᠰᠠᠶᠢᠬᠠᠨᠳᠠᠯ᠎ᠠ ᠶᠢᠨ ᠮᠣᠷᠢᠨ ᠤᠷᠤᠯᠳᠤᠭᠠᠨ ᠤ ᠲᠠᠯᠠᠪᠠᠶ ᠳᠤ ᠬᠥᠷ ᠬᠥᠭᠵᠢᠶᠡᠨ ᠲᠠᠢ ᠶᠠᠪᠤᠭᠳᠠᠨ᠎ᠠ᠂ ᠡᠨᠡ ᠪᠣᠯ ︽ᠤᠷᠤᠯᠳᠤᠭᠠᠨ ᠰᠤᠨᠢᠷᠬᠠᠵᠦ ᠵᠢᠭᠤᠯᠴᠢᠯᠠᠬᠤ︾ 2024 ᠣᠨ ᠤ ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠰᠢᠷᠢᠰ ᠤᠷᠤᠯᠳᠤᠭᠠᠨ ᠡᠬᠢᠯᠡᠭᠰᠡᠨ ᠤ ᠲᠠᠷᠠᠭᠠᠬᠢ ᠠᠩᠬᠠᠨ ᠤ ᠲᠠᠯᠠᠪᠤᠷ ᠮᠣᠩᠭᠤᠯ ᠮᠣᠷᠢᠨ ᠤ ᠤᠷᠤᠯᠳᠤᠭᠠᠨ ᠪᠣᠯᠣᠨ᠎ᠠ᠃     ︽ᠤᠷᠤᠯᠳᠤᠭᠠᠨ ᠰᠤᠨᠢᠷᠬᠠᠵᠦ ᠵᠢᠭᠤᠯᠴᠢᠯᠠᠬᠤ︾ 2024 ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠰᠢᠷᠢᠰ ᠤᠷᠤᠯᠳᠤᠭᠠᠨ ︱ ᠮᠣᠩᠭᠤᠯ ᠮᠣᠷᠢᠨ ᠤ ᠪᠦᠬᠦ ᠤᠯᠤᠰ ᠤᠨ ᠤᠷᠢᠯᠭ᠎ᠠ ᠶᠢᠨ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠪᠤᠭᠤᠲᠤ ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠪᠡ᠃ ᠲᠣᠰ ᠤᠳᠠᠭᠠᠨ ᠤ ᠤᠷᠤᠯᠳᠤᠭᠠᠨ ᠳᠤ ᠬᠤᠷᠳᠤᠨ ᠮᠤᠷᠢᠨ ᠤ ᠤᠷᠤᠯᠳᠤᠭᠠᠨ᠂ ᠵᠢᠷᠤᠭ᠎ᠠ ᠮᠤᠷᠢᠨ ᠤ ᠤᠷᠤᠯᠳᠤᠭᠠᠨ ᠢ  ᠲᠤᠬᠢᠷᠠᠭᠤᠯᠪᠠ᠃     ᠤᠷᠤᠯᠳᠤᠭᠠᠨ ᠤ ᠬᠤᠭᠤᠴᠠᠭᠠᠨ ᠳᠤ ᠪᠠᠰᠠ ︽ᠤᠷᠤᠯᠳᠤᠭᠠᠨ ᠰᠤᠨᠢᠷᠬᠠᠵᠦ ᠵᠢᠭᠤᠯᠴᠢᠯᠠᠬᠤ︾ 2024 ᠣᠨ ᠤ ᠥᠪᠥᠷ ᠮᠣᠩᠭᠤᠯ ᠤᠨ ᠮᠣᠷᠢᠨ ᠮᠡᠷᠭᠡᠵᠢᠯ ᠤᠨ ᠰᠢᠷᠢᠰ ᠤᠷᠤᠯᠳᠤᠭᠠᠨ ᠤ ᠲᠠᠨᠢᠯᠴᠠᠭᠤᠯᠭ᠎ᠠ ᠶᠢᠨ ᠬᠤᠷᠠᠯ᠂ ᠮᠣᠷᠢᠨ ᠤ ᠭᠤᠣᠯ ᠰᠡᠳᠦᠪᠲᠦ ᠦᠵᠡᠰᠬᠦᠯᠡᠩ᠂ ︽ᠤᠷᠤᠯᠳᠤᠭᠠᠨ ᠰᠤᠨᠢᠷᠬᠠᠵᠦ ᠵᠢᠭᠤᠯᠴᠢᠯᠠᠬᠤ᠂ ᠮᠤᠷᠢ ᠤᠨᠤᠵᠦ ᠵᠢᠭᠤᠯᠴᠢᠯᠠᠬᠤ︾ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ ᠦᠢᠯᠡᠳᠦᠯᠭᠡᠵᠢᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号