ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠤᠷᠤᠯᠴᠠᠬᠤ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠪᠦᠬᠦ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/8
    7 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠪᠦᠯᠬᠦᠮ ᠤᠨ ᠪᠥᠬᠦ ᠭᠡᠰᠢᠭᠦᠳ ᠰᠢᠨᠵᠢᠶᠠᠩ ᠤᠨ ᠢᠯᠢ ᠶᠢᠨ ᠬᠠᠰᠠᠭ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠵᠣᠣ ᠰᠦ᠋ ᠰᠢᠶᠠᠨ ᠳᠤ ᠴᠤᠭᠯᠠᠷᠠᠬᠤ ᠶᠢᠨ ᠬᠠᠮᠲᠤ ᠲᠣᠰ ᠡᠳᠦᠷ ᠤᠨ ᠦᠳᠡ ᠶᠢᠨ ᠬᠤᠶᠢᠨ᠎ᠠ ᠪᠥᠬᠦᠳᠡ ᠬᠤᠷᠠᠯ ᠬᠤᠷᠠᠯᠳᠤᠭᠤᠯᠵᠤ᠂ ᠮᠣᠷᠢᠨ ᠤᠷᠤᠯᠳᠤᠭᠠᠨ ᠤ ᠲᠥᠷᠥᠯ ᠵᠦᠢᠯ ᠤᠨ ᠬᠤᠪᠢᠶᠠᠷᠢ ᠲᠠᠯᠠᠪᠠᠢ ᠶᠢᠨ ᠤᠷᠤᠯᠳᠤᠭᠠᠨ ᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠺᠠᠩ ᠢᠦᠢ ᠹᠧᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠬᠤᠷᠠᠯ ᠳᠤ ᠣᠷᠣᠯᠴᠠᠪᠠ᠃
    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠲᠡᠷᠡ ᠤᠷᠤᠯᠳᠤᠭᠠᠨ ᠳᠤ ᠣᠷᠣᠯᠴᠠᠭᠰᠠᠨ ᠪᠦᠬᠦ ᠬᠥᠮᠥᠰ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠪᠣᠯᠪᠠᠰᠤᠨ ᠢᠶᠠᠷ ᠤᠷᠤᠯᠳᠤᠭᠠᠨ ᠳᠤ ᠣᠷᠣᠯᠴᠠᠵᠤ᠂ ᠠᠮᠤᠷ ᠲᠦᠪᠰᠢᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠯᠢᠳᠡᠭ ᠬᠢᠷᠢ ᠪᠦᠲᠦᠮᠵᠢ ᠣᠯᠬᠤ ᠪᠠᠷ ᠪᠠᠷᠠᠬᠤ ᠦᠭᠡᠢ ᠪᠠᠰᠠ ᠰᠢᠯᠢᠳᠡᠭ ᠰᠠᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠣᠨ ᠶᠣᠰᠣ ᠰᠤᠷᠲᠠᠬᠤᠨ ᠤ ᠬᠡᠪ ᠨᠠᠮᠪᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
    ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ᠂ ᠳᠡᠳ᠋ ᠡᠷᠬᠢᠯᠡᠭᠴᠢ ᠺᠠᠩ ᠢᠦᠢ ᠹᠧᠩ ᠬᠤᠪᠢᠶᠠᠷᠢ ᠲᠠᠯᠠᠪᠠᠢ ᠶᠢᠨ ᠡᠯ᠎ᠡ ᠵᠦᠢᠯ ᠤᠨ ᠤᠷᠤᠯᠳᠤᠭᠠᠨ ᠳᠤ ᠣᠷᠣᠯᠴᠠᠬᠤ ᠲᠤᠬᠠᠢ ᠭᠤᠷᠪᠠᠨ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠲᠡᠭᠦᠨ ᠢ ᠤᠷᠤᠯᠳᠤᠭᠠᠨ ᠤ ᠠᠵᠢᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠬᠡᠷᠡᠭᠲᠡᠢ︔ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠪᠣᠯᠪᠠᠰᠤᠨ ᠢᠶᠠᠷ ᠤᠷᠤᠯᠳᠤᠭᠠᠨ ᠳᠤ ᠣᠷᠣᠯᠴᠠᠬᠤ ᠰᠢᠨ᠎ᠡ ᠰᠤᠷᠲᠠᠯ ᠢ ᠪᠤᠢ ᠪᠣᠯᠭᠠᠵᠤ᠂ ᠥᠪᠥᠷ ᠮᠣᠩᠭᠤᠯ ᠤᠨ ᠲᠠᠮᠢᠷᠴᠢᠳ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ︔ ᠭᠤᠷᠪᠠ ᠳᠤ ᠰᠣᠨᠢᠨ ᠮᠡᠳᠡᠭᠡᠯᠡᠯ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠡᠷᠡᠭᠦᠯ ᠪᠥᠭᠡᠳ ᠡᠶ᠎ᠡ ᠵᠣᠬᠢᠴᠠᠯ ᠲᠠᠢ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠢᠳᠡᠪᠬᠢᠲᠡᠢ ᠪᠠᠷ ᠪᠤᠢ ᠪᠣᠯᠭᠠᠬᠤ ᠬᠡᠷᠡᠭᠲᠡᠢ᠃
    ᠮᠠᠨ ᠤ ᠣᠷᠣᠨ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠪᠢᠶᠠᠷᠢ ᠲᠠᠯᠠᠪᠠᠢ ᠶᠢᠨ ᠦᠨᠳᠦᠰᠦᠲᠡᠨ ᠤ ᠮᠣᠷᠢᠨ ᠮᠡᠷᠭᠡᠵᠢᠯ ᠤᠨ ᠤᠷᠤᠯᠳᠤᠭᠠᠨ ᠪᠠ ᠲᠡᠮᠡᠭᠡᠨ ᠪᠥᠮᠪᠦᠭᠡ᠂ ᠮᠣᠷᠢᠨ ᠳᠡᠭᠡᠷᠡᠬᠢ ᠤᠷ᠎ᠠ ᠮᠡᠷᠭᠡᠵᠢᠯ ᠵᠡᠷᠭᠡ 2 ᠲᠣᠭᠯᠠᠯᠲᠠ ᠶᠢᠨ ᠲᠦᠷᠦᠯ ᠵᠦᠢᠯ ᠳᠤ ᠣᠷᠣᠯᠴᠠᠬᠤ ᠪᠠᠷ ᠪᠤᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号