ᠥᠪᠥᠷ ᠮᠣᠩᠭᠤᠯ ᠤᠨ ᠲᠠᠮᠢᠷᠴᠢᠨ ᠯᠢ ᠴᠢᠶᠠᠨ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠠᠯᠳᠠᠨ ᠮᠧᠳᠡᠯ ᠬᠦᠷᠳᠡᠪᠡ
ᠨᠡᠶᠢᠲᠡᠯᠡᠭᠰᠡᠨ ᠴᠠᠭ᠄
2024/8/13
   ᠥᠪᠥᠷ ᠮᠣᠩᠭᠤᠯ ᠬᠢᠯᠢ ᠶᠢᠨ ᠭᠠᠳᠠᠨᠠᠬᠢ ᠣᠯᠢᠮᠫᠢᠺ ᠤᠨ ᠲᠠᠮᠢᠷ ᠤᠨ ᠴᠤᠭᠯᠠᠭᠠᠨ ᠳᠤ ᠠᠩᠬᠠᠨ ᠤ ᠠᠯᠲᠠᠨ ᠮᠧᠳᠠᠯ ᠢ ᠬᠦᠷᠳᠡᠯ᠎ᠡ
    8 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠲᠠᠮᠢᠷᠴᠢᠨ ᠯᠢ ᠴᠢᠶᠠᠨ ᠱᠠᠩᠨᠠᠯ ᠣᠯᠭᠤᠬᠤ ᠶᠣᠰᠣᠯᠠᠯ ᠳᠡᠭᠡᠷ᠎ᠡ᠃ ᠰᠢᠨᠬᠤᠸᠠ ᠬᠤᠷᠢᠶ᠎ᠠ ᠨᠡᠶᠢᠳᠡᠯᠡᠪᠡ     ᠪᠡᠭᠡᠵᠢᠩ ᠤᠨ ᠴᠠᠭ ᠢᠶᠠᠷ 8 ᠰᠠᠷ᠎ᠠ ᠶᠢᠨ 11 ᠤ ᠡᠳᠦᠷ ᠤᠨ ᠥᠷᠯᠥᠭᠡ᠂ ᠥᠪᠥᠷ ᠮᠣᠩᠭᠤᠯ ᠤᠨ ᠲᠠᠮᠢᠷᠴᠢᠨ ᠯᠢ ᠴᠢᠶᠠᠨ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠤ ᠡᠮᠡᠭᠲᠡᠢ ᠶᠢᠨ 75 ᠺᠢᠯᠣᠭ᠍ᠷᠠᠮ ᠤᠨ ᠳᠡᠰ ᠤᠨ ᠰᠢᠢᠳᠪᠦᠷᠢᠳᠦ ᠤᠷᠤᠯᠳᠤᠭᠠᠨ ᠳᠤ ᠦᠷᠢᠰᠦᠯᠳᠦᠭᠴᠢ ᠲᠡᠮᠢᠷᠴᠢᠨ ᠢᠶᠠᠨ ᠢᠯᠠᠵᠦ ᠠᠯᠲᠠᠨ ᠮᠧᠳᠠᠯ ᠬᠦᠷᠳᠡᠪᠡ᠃ ᠡᠨᠡ ᠠᠯᠲᠠᠨ ᠮᠧᠳᠡᠯ ᠨᠢ ᠥᠪᠥᠷ ᠮᠣᠩᠭᠤᠯ ᠤᠨ ᠬᠢᠯᠢ ᠶᠢᠨ ᠭᠠᠳᠠᠨᠠᠬᠢ ᠣᠯᠢᠮᠫᠢᠺ ᠤᠨ ᠲᠠᠮᠢᠷ ᠤᠨ ᠴᠤᠭᠯᠠᠭᠠᠨ ᠤ ᠠᠩᠬᠠᠨ ᠤ ᠠᠯᠲᠠᠨ ᠮᠧᠳᠠᠯ ᠪᠠᠶᠢᠵᠦ᠂ ᠯᠢ ᠴᠢᠶᠠᠨ ᠳᠤᠮᠳᠠᠳᠤ ᠤᠯᠤᠰ ᠤᠨ ᠨᠢᠳᠤᠷᠭᠠᠨ ᠲᠡᠮᠡᠴᠡᠭᠡᠨ ᠤ ᠠᠩᠬᠠᠳᠠᠭᠴᠢ ᠬᠤᠪᠢ ᠬᠥᠮᠦᠨ ᠤ ᠲᠡᠭᠦᠰ ᠠᠮᠵᠢᠯᠲᠠ ᠣᠯᠤᠭᠰᠠᠨ ᠲᠠᠮᠢᠷᠴᠢᠨ ᠪᠤᠯᠵᠠᠢ᠃     ᠲᠤᠰ ᠬᠤᠭᠤᠴᠠᠭᠠᠨ ᠤ ᠤᠯᠢᠮᠫᠢᠺ ᠤᠨ ᠲᠠᠮᠢᠷ ᠤᠨ ᠴᠤᠭᠯᠠᠭᠠᠨ ᠳᠤ᠂ ᠯᠢ ᠴᠢᠶᠠᠨ ᠤᠷᠢᠳ ᠬᠤᠵᠢᠳ ᠹᠢᠯᠢᠫᠢᠨ᠂ ᠡᠨᠡᠳᠬᠡᠭ᠂ ᠠᠦ᠋ᠰᠲᠷᠠᠯᠢᠶ᠎ᠠ ᠶᠢᠨ ᠲᠠᠮᠢᠷᠴᠢᠨ ᠨᠡᠷ ᠢ ᠢᠯᠠᠵᠤ᠂ ᠰᠢᠢᠳᠪᠦᠷᠢᠳᠦ ᠤᠷᠤᠯᠳᠤᠭᠠᠨ ᠳᠤ ᠨᠡᠷ᠎ᠡ ᠲᠡᠪᠰᠢᠪᠡ᠃ ᠰᠢᠢᠳᠪᠦᠷᠢᠳᠦ ᠤᠷᠤᠯᠳᠤᠭᠠᠨ ᠳᠤ ᠯᠢ ᠴᠢᠶᠠᠨ 4᠄ 1 ᠬᠤᠪᠢ ᠶᠢᠨ ᠬᠠᠷᠢᠴᠠᠯ ᠢᠶᠠᠷ ᠫᠠᠨᠠᠮᠠ ᠶᠢᠨ ᠲᠠᠮᠢᠷᠴᠢᠨ ᠸᠧᠷᠦ᠋ᠨ ᠢ ᠢᠯᠠᠵᠦ ᠮᠠᠩᠯᠠᠶᠢᠯᠠᠪᠠ᠃ ᠤᠷᠤᠯᠳᠤᠭᠠᠨ ᠤ ᠳᠠᠷᠠᠭ᠎ᠠ ᠯᠢ ᠴᠢᠶᠠᠨ ᠰᠡᠳᠬᠢᠯ ᠳᠣᠭᠳᠣᠯᠤᠨ᠄    ︽ᠨᠢᠭᠡ ᠨᠢᠭᠡ ᠠᠯᠬᠤᠮ ᠢᠶᠠᠷ ᠤᠷᠤᠭᠰᠢᠯᠠᠭᠰᠠᠭᠠᠷ ᠡᠨᠡ ᠱᠠᠳᠤᠨ ᠳᠤ ᠬᠦᠷᠦᠯ᠎ᠡ︕ ᠡᠨᠡ ᠤᠳᠠᠭ᠎ᠠ ᠲᠣᠣᠺᠢᠤ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠠᠷᠠᠮᠰᠠᠯ ᠢ ᠨᠦᠬᠦᠪᠦᠷᠢᠯᠡᠯ᠎ᠡ᠂ ᠥᠪᠡᠷ ᠤᠨ ᠪᠡᠶ᠎ᠡ ᠳᠤ ᠪᠠᠨ᠂ ᠪᠠᠰᠠ ᠡᠬᠡ ᠣᠷᠣᠨ ᠳᠤ ᠪᠠᠨ ᠡᠭᠦᠷᠭᠡ ᠪᠠᠨ ᠪᠠᠶᠡᠯᠡᠭᠦᠯᠦᠯ᠎ᠡ︕︾ ᠭᠡᠪᠡ᠃     ᠯᠢ ᠴᠢᠶᠠᠨ 1990 ᠣᠨ ᠳᠤ ᠾᠧᠨᠠᠨ ᠳᠤ ᠲᠦᠷᠦᠵᠠᠢ᠂ ᠬᠠᠷᠠᠬᠠᠨ ᠪᠠᠭ᠎ᠠ ᠠᠴᠠ ᠪᠠᠨ ᠠᠪᠤ ᠡᠵᠢ ᠪᠠᠨ ᠳᠠᠭᠠᠵᠤ ᠥᠪᠥᠷ ᠮᠣᠩᠭᠤᠯ ᠳᠤ ᠨᠡᠭᠦᠪᠡ᠃ 2007 ᠣᠨ ᠳᠤ ᠯᠢ ᠴᠢᠶᠠᠨ ᠥᠪᠥᠷ ᠮᠣᠩᠭᠤᠯ ᠤᠨ ᠨᠢᠳᠤᠷᠭᠠᠨ ᠲᠡᠮᠡᠴᠡᠭᠡᠨ ᠤ ᠠᠩᠭᠢ ᠳᠤ ᠡᠯᠰᠡᠭᠳᠡᠪᠡ᠃ 2012 ᠣᠨ ᠳᠤ᠂ ᠯᠢ ᠴᠢᠶᠠᠨ ᠪᠠᠷᠤᠭ ᠯᠠ ᠡᠮᠡᠭᠲᠡᠶ ᠶᠢᠨ ᠨᠢᠳᠤᠷᠭᠠᠨ ᠲᠡᠮᠡᠴᠡᠭᠡᠨ ᠤ 75 ᠺᠢᠯᠤᠭ᠍ᠷᠡᠮ ᠤᠨ ᠳᠡᠰ ᠤᠨ ᠤᠯᠤᠰ ᠤᠨ ᠳᠣᠲᠣᠭᠠᠳᠤ ᠶᠢᠨ ᠪᠦᠬᠦ ᠮᠠᠩᠯᠠᠶ ᠶᠢ ᠰᠢᠭᠦᠷᠪᠡ᠃ ᠡᠭᠦᠨ ᠤ ᠳᠠᠷᠠᠭ᠎ᠠ᠂ ᠲᠡᠷᠡ ᠳᠡᠯᠡᠬᠡᠶ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ᠂ ᠠᠽᠢᠶ᠎ᠠ ᠶᠢᠨ ᠲᠠᠮᠢᠷ ᠤᠨ ᠴᠤᠭᠯᠠᠭᠠᠨ ᠳᠤ ᠲᠠᠰᠤᠷᠠᠯᠲᠠ ᠦᠭᠡᠶ ᠱᠠᠩᠨᠠᠯ ᠬᠦᠷᠲᠡᠵᠡᠶ᠃ 2016 ᠣᠨ ᠳᠤ᠂ ᠯᠢ ᠴᠢᠶᠠᠨ ᠷᠢᠦ᠋ ᠳ᠋ᠢ ᠿᠧᠨ᠋ᠸᠢᠢᠷᠦ᠋  ᠳᠤ ᠠᠩᠬ᠎ᠠ ᠤᠳᠠᠭ᠎ᠠ ᠤᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠵᠦ᠂ ᠡᠮᠡᠭᠲᠡᠢ ᠶᠢᠨ 75 ᠺᠢᠯᠣᠭ᠍ᠷᠠᠮ ᠤᠨ ᠳᠡᠰ ᠤᠨ ᠬᠦᠷᠡᠯ ᠮᠧᠳᠠᠯ ᠬᠦᠷᠳᠡᠪᠡ᠃  ᠲᠤᠤᠺᠢᠤ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠯᠢ ᠴᠢᠶᠠᠨ ᠳᠠᠬᠢᠨᠲᠠ ᠮᠥᠩᠭᠦᠨ ᠮᠧᠳᠠᠯ ᠬᠦᠷᠳᠡᠵᠡᠢ᠃     ᠨᠢᠳᠤᠷᠭᠠᠨ ᠲᠡᠮᠡᠴᠡᠭᠡᠨ ᠤ ᠲᠠᠮᠢᠷ ᠤᠨ ᠬᠥᠳᠡᠯᠭᠡᠭᠡᠨ ᠨᠢ ᠥᠪᠥᠷ ᠮᠣᠩᠭᠤᠯ ᠳᠤ ᠭᠦᠨ ᠵᠤᠵᠠᠭᠠᠨ ᠬᠥᠭᠵᠢᠯᠲᠡ ᠶᠢᠨ ᠰᠠᠭᠤᠷᠢ ᠲᠠᠢ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶᠠᠨ ᠤ ᠤᠷᠤᠯᠳᠤᠭᠠᠨ ᠤ ᠪᠡᠶ᠎ᠡ ᠲᠠᠮᠢᠷ ᠤᠨ ᠭᠠᠵᠠᠷ ᠤᠨ ᠳᠠᠷᠤᠭ᠎ᠠ ᠴᠢᠯᠠᠭᠤ ᠠᠴᠠ᠄ ︽1988 ᠤᠨ ᠳᠤ ᠦᠪᠦᠷ ᠮᠤᠩᠭᠤᠯ ᠤᠨ ᠨᠢᠳᠤᠷᠭᠠᠨ ᠲᠡᠮᠡᠴᠡᠭᠡᠨ ᠤ ᠠᠩᠭᠢ ᠪᠠᠶᠢᠭᠤᠯᠤᠭᠳᠠᠭᠰᠠᠨ ᠠᠴᠠ ᠨᠠᠰᠢ᠂ ᠤᠷᠢᠳ ᠬᠤᠵᠢᠳ ᠴᠢᠯᠠᠭᠤ᠂ ᠬᠠᠳᠠᠨᠪᠠᠭᠠᠳᠤᠷ᠂ ᠵᠠᠩ ᠰᠢᠶᠤᠤ ᠫᠢᠩ᠂ ᠮᠧᠩ ᠹᠠᠨ ᠯᠥᠩ᠂ ᠯᠢ ᠴᠢᠶᠠᠨ᠂ ᠶᠠᠩ ᠯᠢᠤ ᠵᠡᠷᠭᠡ 6 ᠲᠠᠮᠢᠷᠴᠢᠨ ᠤᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠵᠦ᠂ 5 ᠱᠠᠩᠨᠠᠯ ᠤᠨ ᠮᠧᠳᠡᠯ ᠲᠤᠰᠪᠠ᠃ ᠡᠭᠦᠨ ᠳᠤ᠂ ᠯᠢ ᠴᠢᠶᠠᠨ ᠪᠣᠯ ᠭᠤᠷᠪᠠᠨ ᠬᠤᠭᠤᠴᠠᠭ᠎ᠠ ᠲᠠᠷᠠᠭᠠᠯᠠᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠱᠠᠩᠨᠠᠯ ᠣᠯᠤᠭᠰᠠᠨ ᠳᠤᠮᠳᠠᠳᠤ ᠤᠯᠤᠰ ᠤᠨ ᠨᠢᠳᠤᠷᠭᠠᠨ ᠲᠡᠮᠡᠴᠡᠭᠡᠨ ᠤ ᠠᠩᠬᠠᠳᠠᠭᠴᠢ ᠲᠠᠮᠢᠷᠴᠢᠨ ᠪᠣᠯᠤᠨ᠎ᠠ︾  ᠭᠡᠵᠦ ᠬᠡᠯᠡᠵᠦ ᠪᠠᠶᠢᠪᠠ᠃  ︵ᠰᠤᠷᠪᠤᠯᠵᠢᠯᠠᠭᠴᠢ ᠴᠠᠢ ᠰᠧ ᠶᠤᠸᠠᠨ︶
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号