ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠯᠢ ᠴᠢᠶᠠᠨ  ᠶᠠᠩ ᠯᠢᠦ  ᠶᠢ ᠬᠠᠯᠠᠭᠤᠨ ᠢᠶᠠᠷ ᠤᠭᠳᠤᠪᠠ
ᠨᠡᠶᠢᠲᠡᠯᠡᠭᠰᠡᠨ ᠴᠠᠭ᠄
2024/8/16
    ᠰᠠᠶ᠋ᠢᠬᠠᠨ ᠲᠡᠭᠦᠰᠦᠭᠰᠡᠨ 2024 ᠣᠨ ᠤ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ᠂ ᠥᠪᠥᠷ ᠮᠣᠩᠭᠤᠯ ᠤᠨ ᠲᠠᠮᠢᠷᠴᠢᠳ 1 ᠠᠯᠲᠠᠨ ᠮᠧᠳᠠᠯ 1 ᠮᠥᠩᠭᠦᠨ ᠮᠧᠳᠠᠯ ᠣᠯᠵᠤ᠂ ᠮᠠᠨ ᠤ ᠣᠷᠣᠨ ᠤ ᠲᠠᠮᠢᠷᠴᠢᠳ ᠤᠨ ᠬᠢᠯᠢ ᠶᠢᠨ ᠭᠠᠳᠠᠨᠠᠬᠢ ᠣᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠭᠰᠠᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ ᠡᠭᠦᠨ ᠳᠤ᠂ ᠯᠢ ᠴᠢᠶᠠᠨ ᠲᠣᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠨᠢᠳᠤᠷᠭᠠᠨ ᠲᠡᠮᠡᠴᠡᠭᠡᠨ ᠤ ᠡᠮᠡᠭᠲᠡᠢ ᠶᠢᠨ 75 ᠺᠢᠯᠣᠭ᠍ᠷᠠᠮ ᠤᠨ ᠲᠠᠰ ᠤᠨ ᠠᠯᠲᠠᠨ ᠮᠧᠳᠠᠯ ᠢ ᠬᠦᠷᠳᠡᠵᠦ᠂ ᠶᠠᠩ ᠯᠢᠦ ᠨᠢᠳᠤᠷᠭᠠᠨ ᠲᠡᠮᠡᠴᠡᠭᠡᠨ ᠤ ᠡᠮᠡᠭᠲᠡᠢ ᠶᠢᠨ 66 ᠺᠢᠯᠣᠭ᠍ᠷᠠᠮ ᠤᠨ ᠲᠠᠰ ᠤᠨ ᠮᠥᠩᠭᠦᠨ ᠮᠧᠳᠠᠯ ᠢ ᠬᠦᠷᠳᠡᠵᠡᠢ᠃
    8 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠳᠤᠷᠢᠳᠤᠯᠭ᠎ᠠ᠂ ᠲᠣᠪᠴᠢᠶ᠎ᠠ ᠶᠢᠨ ᠰᠢᠰᠲ᠋ᠧᠮ ᠤᠨ ᠺᠠᠳ᠋ᠷ ᠠᠵᠢᠯᠲᠠᠨ ᠵᠠᠭᠤ ᠰᠢᠬᠠᠮ ᠬᠥᠮᠥᠨ ᠵᠢᠴᠢ ᠯᠢ ᠴᠢᠶᠠᠨ᠂ ᠶᠠᠩ ᠯᠢᠦ ᠶᠢᠨ ᠭᠡᠷ ᠤᠨ ᠬᠥᠮᠥᠰ ᠪᠣᠯᠣᠨ ᠰᠠᠶᠢᠨ ᠳᠤᠷ᠎ᠠ ᠠᠴᠠ ᠪᠠᠨ ᠥᠷᠲᠡᠭᠡ ᠳᠤ ᠲᠤᠰᠬᠤ ᠪᠠᠷ ᠢᠷᠡᠭᠰᠡᠨ ᠣᠯᠠᠨ ᠲᠦᠮᠡᠨ ᠬᠥᠬᠡᠬᠤᠲᠠ ᠶᠢᠨ ᠵᠡᠭᠦᠨ ᠥᠷᠲᠡᠭᠡ ᠳᠤ ᠢᠷᠡᠵᠦ᠂ ᠯᠢ ᠴᠢᠶᠠᠨ᠂ ᠶᠠᠩ ᠯᠢᠦ  ᠶᠢ ᠬᠠᠯᠠᠭᠤᠨ ᠢᠶᠠᠷ ᠤᠭᠲᠤᠪᠠ᠃
    ᠶᠣᠰᠣᠯᠠᠯ ᠤᠨ ᠫᠤᠤ ᠶᠢᠨ ᠲᠠᠭᠤᠨ ᠢ ᠳᠠᠭᠠᠯᠳᠤᠨ᠂ ᠥᠩᠭᠡᠲᠦ ᠤᠲᠤᠭ᠎ᠠ ᠣᠭᠲᠠᠷᠭᠤᠢ ᠳᠤ ᠳᠡᠭᠳᠡᠵᠦ᠂ ᠦᠪᠡᠳᠡᠭᠰᠢ ᠶᠡᠭᠡ ᠤᠭᠲᠤᠬᠤ ᠶᠣᠰᠣᠯᠠᠯ ᠥᠪᠡᠷᠲᠡᠭᠡᠨ ᠵᠠᠰᠠᠬᠤ ᠣᠷᠣᠨ ᠤ ᠬᠦᠨᠳᠦ ᠦᠷᠢᠰᠦᠯᠳᠦᠭᠡᠨᠳᠦ ᠪᠡᠶ᠎ᠡ ᠶᠢᠨ ᠲᠠᠮᠢᠷ ᠤᠨ ᠲᠥᠪ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠢᠰᠲ᠋ᠧᠮ ᠤᠨ ᠺᠠᠳ᠋ᠷ ᠠᠵᠢᠯᠲᠠᠨ᠂ ᠲᠠᠮᠢᠷᠴᠢᠨ᠂ ᠳᠠᠰᠬᠠᠯᠵᠢᠭᠤᠯᠤᠭᠴᠢ ᠨᠠᠷ ᠡᠨᠡᠬᠦ ᠭᠡᠷᠡᠯ ᠰᠠᠴᠤᠷᠠᠩᠭᠤᠢ ᠴᠠᠭ ᠮᠥᠴᠡ ᠶᠢ ᠬᠠᠮᠲᠤ ᠪᠠᠷ ᠭᠡᠷᠡᠴᠢᠯᠡᠵᠦ᠂ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠲᠤ ᠬᠠᠮᠤᠭ ᠤᠨ ᠬᠠᠯᠠᠭᠤᠨ ᠪᠠᠶᠠᠷ ᠬᠦᠷᠭᠡᠵᠡᠢ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ᠂ ᠳᠡᠳ᠋ ᠳᠠᠷᠤᠭ᠎ᠠ ᠯᠢ ᡁᠢ ᠶᠢᠦ᠂ ᠯᠢᠦ ᠬᠤ᠋ ᠴᠧᠩ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠦ᠋ ᠶᠣᠰᠣᠯᠠᠯ ᠳᠤ ᠣᠷᠣᠯᠴᠠᠪᠠ᠃
    ᠳᠠᠷᠠᠭ᠎ᠠ ᠪᠠᠷ ᠨᠢ ᠶᠠᠪᠤᠭᠳᠠᠭᠰᠠᠨ ᠶᠠᠷᠢᠯᠴᠠᠬᠤ ᠬᠤᠷᠠᠯ ᠳᠡᠭᠡᠷ᠎ᠡ᠂ ᠸᠠᠩ ᠵᠧᠩ ᠢᠦᠢ ᠥᠪᠥᠷ ᠮᠣᠩᠭᠤᠯ ᠤᠨ ᠲᠠᠮᠢᠷᠴᠢᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠨ᠎ᠡ ᠰᠢᠪᠲᠤᠯᠤᠯᠲᠠ ᠶᠢ ᠪᠡᠶᠡᠯᠡᠭᠦᠯᠦᠭᠰᠡᠨ ᠳᠤ ᠴᠢᠩ ᠰᠡᠳᠬᠢᠯ ᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠠᠮᠢᠷᠴᠢᠳ ᠢ ᠣᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠭᠰᠠᠨ ᠲᠠᠮᠢᠷᠴᠢᠳ ᠠᠴᠠ ᠰᠤᠷᠤᠯᠴᠠᠵᠥ᠂ ᠣᠯᠢᠮᠫᠢᠺ ᠤᠨ ᠵᠣᠷᠢᠭ ᠰᠠᠨᠠᠭ᠎ᠠ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ︽ᠰᠢᠨ᠎ᠡ ᠵᠠᠮ ᠢᠶᠠᠷ ᠵᠠᠮᠨᠠᠵᠤ᠂ ᠳᠤᠮᠳᠠᠳᠤ ᠶᠢᠨ ᠤᠷᠤᠰᠬᠠᠯ ᠢᠶᠠᠷ ᠤᠷᠤᠭᠰᠢᠯᠠᠬᠤ︾ᠬᠠᠷᠠᠯᠲᠠ ᠪᠠᠨ ᠲᠣᠭᠲᠠᠭᠠᠵᠤ᠂ ᠡᠬᠡ ᠤᠯᠤᠰ ᠲᠠᠭᠠᠨ ᠥᠩᠭᠡ ᠭᠡᠷᠡᠯ ᠨᠡᠮᠡᠷᠢᠯᠡᠵᠦ᠂ ᠦᠨᠳᠦᠰᠦᠲᠡᠨ ᠳᠡᠭᠡᠨ ᠣᠮᠤᠭ ᠰᠦᠷ ᠨᠡᠮᠡᠷᠢᠯᠡᠵᠦ᠂ ᠠᠮᠢᠳᠤᠷᠠᠯ ᠳᠤ ᠪᠠᠨ ᠬᠡᠷᠡᠯ ᠭᠢᠯᠪᠠᠭ᠎ᠠ ᠨᠡᠮᠡᠷᠢᠯᠡᠭᠡᠷᠡᠢ ᠭᠡᠵᠦ ᠵᠣᠷᠢᠭᠵᠢᠭᠤᠯᠪᠠ᠃ ᠳ᠋ᠦ᠋ ᠪᠥᠸᠧ ᠵᠢᠶᠦ᠋ᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ ᠢᠯᠡᠭᠡᠭᠰᠡᠨ ᠪᠠᠶᠠᠷ ᠤᠨ ᠴᠠᠬᠢᠯᠭᠠᠨ ᠢ ᠤᠩᠰᠢᠪᠠ᠃
    ᠯᠢ ᠴᠢᠶᠠᠨ᠂ ᠶᠠᠩ ᠯᠢᠦ ᠠᠴᠠ ᠤᠷᠤᠯᠳᠤᠭᠠᠨ ᠳᠤ ᠣᠷᠣᠯᠴᠠᠭᠰᠠᠨ ᠲᠥᠷᠥᠭᠳᠡᠯ ᠢᠶᠠᠨ ᠬᠤᠪᠢᠶᠠᠯᠴᠠᠪᠠ᠃ ᠲᠡᠳᠡ᠄ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠲᠠᠮᠢᠷᠴᠢᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠦᠷᠢᠰᠦᠯᠳᠦᠭᠡᠨ ᠤ ᠬᠢᠷᠢ ᠲᠦᠪᠰᠢᠨ ᠢ ᠬᠠᠷᠠᠭᠤᠯᠤᠭᠰᠠᠨ ᠳᠤ ᠪᠠᠨ ᠲᠤᠶᠢᠯ ᠤᠨ ᠣᠮᠣᠭᠰᠢᠯᠲᠠᠢ ᠪᠥᠭᠡᠳ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠂ ᠰᠢᠯᠢᠳᠡᠭ ᠬᠢᠷᠢ ᠪᠦᠲᠦᠮᠵᠢ ᠶᠢ ᠣᠯᠬᠤ ᠳᠤ ᠡᠬᠡ ᠤᠯᠤᠰ ᠤᠨ ᠬᠥᠮᠥᠵᠢᠭᠦᠯᠦᠯ ᠠᠴᠠ ᠰᠠᠯᠵᠤ ᠴᠢᠳᠠᠬᠤ ᠦᠭᠡᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠦᠨᠳᠦ  ᠦᠷᠢᠰᠦᠯᠳᠦᠭᠡᠨᠳᠦ ᠪᠡᠶ᠎ᠡ ᠶᠢᠨ ᠲᠠᠮᠢᠷ ᠤᠨ ᠲᠥᠪ ᠤᠨ ᠬᠦᠴᠦᠲᠡᠢ ᠪᠠᠲᠤᠯᠠᠭ᠎ᠠ ᠠᠴᠠ ᠰᠠᠯᠵᠤ ᠴᠢᠳᠠᠬᠤ ᠦᠭᠡᠢ᠂ ᠳᠠᠰᠬᠠᠯᠵᠢᠭᠤᠯᠤᠭᠴᠢ ᠶᠢᠨ ᠨᠠᠷᠢᠨ ᠨᠢᠮᠪᠠᠢ ᠵᠢᠭᠠᠨ ᠰᠤᠷᠭᠠᠯᠲᠠ ᠠᠴᠠ ᠰᠠᠯᠵᠤ ᠴᠢᠳᠠᠬᠤ ᠦᠭᠡᠢ᠂ ᠪᠦᠯᠬᠦᠮ ᠨᠡᠶᠢᠲᠡ ᠶᠢᠨ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠂ ᠬᠤᠶᠢᠰᠢᠳᠠ ᠦᠷᠭᠦᠯᠵᠢᠯᠡᠨ ᠴᠢᠷᠮᠠᠶᠢᠵᠤ᠂ ᠰᠢᠯᠢᠳᠡᠭ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ ᠭᠡᠪᠡ᠃ ᠥᠪᠥᠷ ᠮᠣᠩᠭᠤᠯ ᠤᠨ ᠨᠢᠳᠤᠷᠭᠠᠨ ᠲᠡᠮᠡᠴᠡᠭᠡᠨ ᠤ ᠠᠩᠭᠢ ᠶᠢᠨ ᠶᠡᠷᠦᠩᠬᠡᠢ ᠳᠠᠰᠬᠠᠯᠵᠢᠭᠤᠯᠤᠭᠴᠢ ᠬᠠᠳᠠᠪᠠᠭᠠᠲᠤᠷ ᠶᠠᠷᠢᠶᠠᠨ ᠳᠠᠭᠠᠨ ᠬᠤᠶᠠᠷ  ᠲᠠᠮᠢᠷᠴᠢᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠬᠢ ᠲᠡᠮᠡᠴᠡᠯ ᠤᠨ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠵᠤ᠂ ᠲᠡᠳᠡᠨ ᠤ ᠰᠢᠨ᠎ᠡ ᠠᠶᠠᠨ ᠵᠠᠮ ᠳᠠᠭᠠᠨ ᠳᠠᠬᠢᠨᠲᠠ ᠮᠣᠷᠳᠠᠵᠤ᠂ ᠨᠠᠩ ᠣᠯᠠᠨ ᠬᠡᠷᠡᠯ ᠰᠠᠴᠤᠷᠠᠩᠭᠤᠢ ᠠᠮᠵᠢᠯᠳᠠ ᠪᠠ ᠭᠠᠶᠢᠬᠠᠮᠰᠢᠭ ᠢ ᠡᠭᠦᠳᠦᠨ ᠪᠦᠲᠦᠭᠡᠬᠦ ᠶᠢ ᠢᠷᠦᠭᠡᠪᠡ᠃
    ᠥᠪᠥᠷ ᠮᠣᠩᠭᠤᠯ ᠤᠨ ᠲᠠᠮᠢᠷᠴᠢᠳ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠪᠲᠤᠯᠤᠯᠲᠠ ᠪᠠᠷ ᠠᠵᠠ ᠲᠣᠬᠢᠶᠠᠯ ᠪᠣᠯᠭᠠᠵᠤ᠂ ᠦᠷᠭᠦᠯᠵᠢᠯᠡᠨ ᠢᠯᠠᠯᠲᠠ ᠶᠢᠨ ᠡᠷᠴᠢᠨ ᠳᠡᠭᠡᠷ᠎ᠡ ᠪᠠᠨ ᠴᠢᠷᠮᠠᠶᠢᠨ ᠪᠣᠯᠪᠠᠰᠤᠷᠠᠵᠤ᠂ ᠴᠤᠴᠠᠯᠲᠠ ᠦᠭᠡᠢ ᠤᠷᠤᠭᠰᠢᠯᠠᠬᠤ ᠬᠦᠴᠦᠨ ᠴᠢᠳᠠᠯ ᠢᠶᠠᠨ ᠨᠢᠭᠲᠠᠷᠠᠭᠤᠯᠤᠨ᠂ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠤᠷᠤᠯᠳᠤᠭᠠᠨ ᠳᠤ ᠴᠠᠭ ᠮᠥᠴᠡ ᠶᠢ ᠠᠯᠳᠠᠯ ᠦᠭᠡᠢ ᠪᠠᠷ ᠪᠡᠯᠡᠳᠬᠡᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠴᠤᠭ ᠵᠢᠪᠬᠤᠭ᠎ᠠ ᠶᠢ ᠡᠯ᠎ᠡ ᠲᠣᠮᠣ ᠤᠷᠤᠯᠳᠤᠭᠠᠨ ᠤ ᠲᠠᠯᠠᠪᠤᠷ ᠲᠤ ᠦᠷᠭᠦᠯᠵᠢᠯᠡᠨ ᠬᠡᠷᠡᠯ ᠭᠢᠯᠪᠠᠭ᠎ᠠ ᠪᠠᠨ ᠰᠠᠴᠤᠷᠠᠭᠤᠯᠬᠤ ᠪᠤᠯᠤᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号