8 ᠰᠠᠷ᠎ᠠ ᠶᠢᠨ 18 ᠤ ᠡᠳᠦᠷ᠂ ᠬᠤᠷᠢᠨ ᠲᠠᠪᠤᠳᠤᠭᠠᠷ ᠬᠤᠭᠤᠴᠠᠭᠠᠨ ᠤ ᠵᠢᠷᠢᠮ ᠤᠨ ᠮᠣᠷᠢᠨ ᠤᠷᠤᠯᠳᠤᠭᠠᠨ ᠤ | ᠨᠠᠶᠢᠷ ᠲᠦᠩᠯᠢᠶᠣᠣ ᠬᠤᠳᠠ ᠶᠢᠨ ᠬᠤᠷᠴᠢᠨ ᠤ ᠨᠠᠭᠠᠳᠤᠮ ᠤᠨ ᠰᠣᠶᠣᠯ ᠪᠡᠶ᠎ᠡ ᠶᠢᠨ ᠲᠠᠮᠢᠷ ᠤᠨ ᠲᠥᠪ ᠲᠤ ᠡᠬᠢᠯᠡᠪᠡ᠃ | ᠭᠤᠶᠢᠳᠠ ᠰᠠᠶᠢᠬᠠᠨ ᠡᠭᠢᠯᠡᠯᠲᠠ ᠶᠢᠨ ᠶᠣᠰᠣᠯᠠᠯ ᠬᠢᠭᠡᠳ ᠬᠤᠷᠴᠠ ᠰᠢᠷᠦᠭᠦᠨ ᠤᠷᠤᠯᠳᠤᠭᠠᠨ ᠨᠢ 8 ᠲᠦᠮᠡ ᠭᠠᠷᠤᠢ | ᠬᠤᠲᠠ ᠶᠢᠨ ᠠᠷᠠᠳ ᠪᠠ ᠵᠢᠭᠤᠯᠴᠢᠯᠠᠭᠴᠢᠳ ᠤᠨ ᠤᠷᠮ᠎ᠠ ᠶᠢ ᠬᠥᠭᠵᠢᠭᠡᠨ ᠪᠠᠬ᠎ᠠ ᠶᠢ ᠲᠠᠲᠠᠵᠤ᠂ ᠲᠡᠳᠡᠨᠡᠷ ᠲᠤ | ᠤᠯᠠᠮᠵᠢᠯᠠᠯᠲᠤ ᠰᠣᠶᠣᠯ ᠤᠨ ᠷᠢᠳᠢ ᠰᠢᠳᠢ ᠵᠢᠴᠢ ᠤᠯᠠᠮᠵᠢᠯᠠᠯᠲᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠤᠷᠳᠤᠴᠠ | ᠪᠠ ᠣᠷᠭᠢᠯᠤᠮ᠎ᠠ ᠬᠠᠯᠠᠭᠤᠨ ᠰᠡᠳᠬᠢᠯᠭᠡ ᠶᠢ ᠮᠡᠳᠡᠷᠡᠭᠦᠯᠦᠭᠰᠡᠨ ᠪᠠᠶᠢᠨ᠎ᠠ᠃ | ᠡᠭᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠬᠤᠰᠢᠭᠤ ᠰᠢᠶᠠᠨ ᠬᠤᠳᠠ ᠲᠣᠭᠤᠷᠢᠭ ᠤᠨ ᠵᠢᠭᠰᠠᠭᠠᠯ ᠤᠨ ᠠᠩᠭᠢ | ᠬᠤᠶᠢᠨ᠎ᠠ ᠬᠤᠶᠢᠨ᠎ᠠ ᠠᠴᠠ ᠪᠠᠨ ᠲᠣᠳᠣᠷᠠᠵᠤ᠂ ᠥᠩᠭᠡ ᠮᠢᠷᠠᠯᠵᠠᠭᠰᠠᠨ ᠦᠨᠳᠦᠰᠦᠲᠡᠨ ᠤ ᠬᠤᠪᠴᠠᠰᠤ ᠵᠠᠰᠠᠯ ᠲᠠᠢ | ᠲᠠᠮᠢᠷᠴᠢᠳ ᠴᠢᠷᠠᠢ ᠳᠠᠭᠠᠨ ᠪᠠᠶᠠᠷ ᠤᠨ ᠡᠳᠦᠷ ᠤᠨ ᠮᠦᠰᠢᠶᠡᠳᠦ ᠲᠣᠳᠣᠷᠠᠭᠤᠯᠤᠨ᠂ ᠲᠡᠷᠢᠭᠦᠯᠡᠭᠴᠢᠳ ᠤᠨ ᠲᠠᠶᠢᠰᠠᠨ ᠤ | ᠡᠮᠦᠨ᠎ᠡ ᠠᠨᠳᠠᠢ ᠦᠰᠦᠷᠴᠦ᠂ ᠠᠷᠠᠳ ᠤᠨ ᠳᠠᠭᠤᠤ ᠬᠠᠩᠭᠢᠨᠠᠭᠤᠯᠤᠨ᠂ ᠲᠦᠩᠯᠢᠶᠣᠣ ᠶᠢᠨ ᠦᠨᠳᠦᠰᠦᠲᠡᠨ ᠨᠦᠭᠦᠳ ᠤᠨ | ᠬᠥᠪᠡᠭᠦᠳ ᠥᠬᠢᠳ ᠤᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | ᠳᠠᠭᠤᠤ ︽ᠮᠠᠭᠲᠠᠭᠠᠯ ᠳᠠᠭᠤᠤ︾᠂ ᠪᠥᠵᠢᠭ ︽ᠮᠣᠷᠢᠨ ᠤ ᠮᠠᠭᠲᠠᠭᠠᠯ︾ ᠵᠡᠷᠭᠡ ᠭᠤᠶᠢᠳᠠ ᠰᠠᠶᠢᠬᠠᠨ ᠲᠣᠬᠯᠠᠯᠲᠠ ᠨᠢ | ᠦᠵᠡᠭᠴᠢᠳ ᠲᠤ ᠨᠢᠭᠡ ᠤᠳᠠᠭᠠᠨ ᠤ ᠦᠨᠳᠦᠰᠦᠲᠡᠨ ᠤ ᠰᠣᠶᠣᠯ ᠤᠨ ᠦᠪᠡᠳᠡᠭᠰᠢ ᠳᠠᠶᠢᠯᠠᠯᠭ᠎ᠠ ᠬᠠᠩᠭᠠᠭᠰᠠᠨ | ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ︽8·18︾ ᠵᠢᠷᠢᠮ ᠤᠨ ᠮᠣᠷᠢᠨ ᠤᠷᠤᠯᠳᠤᠭᠠᠨ ᠤ ᠨᠠᠶᠢᠷ ᠨᠢ 8 | ᠰᠠᠷ᠎ᠠ ᠶᠢᠨ 20 ᠤ ᠡᠳᠦᠷ ᠪᠤᠯᠲᠠᠯ᠎ᠠ ᠶᠠᠪᠤᠭᠳᠠᠵᠤ᠂ ᠮᠣᠷᠢ ᠤᠷᠤᠯᠳᠤᠬᠤ᠂ ᠪᠦᠭᠡ ᠪᠠᠷᠢᠯᠳᠤᠬᠤ᠂ ᠰᠤᠷ ᠬᠠᠷᠪᠤᠬᠤ᠂ | ᠪᠢᠯᠠᠭᠤ ᠰᠢᠳᠡᠬᠦ᠂ ᠮᠣᠩᠭᠤᠯ ᠰᠢᠲᠠᠷ᠎ᠠ᠂ ᠲᠥᠪᠡᠳ ᠪᠦᠭᠡ ᠵᠡᠷᠭᠡ ᠨᠡᠶᠢᠲᠡ 6 ᠶᠡᠭᠡ ᠲᠥᠷᠥᠯ᠂ 25 ᠪᠠᠭ᠎ᠠ | ᠲᠥᠷᠥᠯ ᠤᠨ ᠤᠷᠤᠯᠳᠤᠭᠠᠨ ᠲᠣᠬᠢᠷᠠᠭᠤᠯᠤᠭᠰᠠᠨ ᠪᠠᠶᠢᠨ᠎ᠠ᠃ ︽8·18︾ ᠵᠢᠷᠢᠮ ᠤᠨ ᠮᠣᠷᠢᠨ ᠤᠷᠤᠯᠳᠤᠭᠠᠨ ᠤ | ᠨᠠᠶᠢᠷ ᠢ 1995 ᠣᠨ ᠠᠴᠠ ᠡᠬᠢᠯᠡᠨ ᠶᠠᠪᠤᠭᠳᠠᠭᠤᠯᠤᠭᠰᠠᠨ ᠠᠴᠠ ᠨᠠᠭᠠᠰᠢ᠂ ᠨᠢᠭᠡᠨᠲᠡ 24 ᠬᠤᠭᠤᠴᠠᠭ᠎ᠠ | ᠠᠮᠵᠢᠯᠲᠠ ᠲᠠᠢ ᠡᠷᠭᠢᠯᠡᠨ᠂ ᠤᠯᠠᠮᠵᠢᠯᠠᠯᠲᠤ ᠪᠡᠶ᠎ᠡ ᠶᠢᠨ ᠲᠠᠮᠢᠷ᠂ ᠦᠨᠳᠦᠰᠦᠲᠡᠨ ᠤ ᠰᠣᠶᠣᠯ ᠪᠠ ᠣᠨᠴᠠᠯᠢᠭᠲᠤ | ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠣᠶᠣᠯ ᠵᠢᠭᠤᠯᠴᠢᠯᠠᠯ ᠤᠨ ᠦᠪᠡᠳᠡᠭᠰᠢ | ᠴᠤᠭᠯᠠᠭᠠᠨ ᠪᠣᠯᠵᠤ᠂ ᠬᠤᠷᠢ ᠭᠠᠷᠤᠢ ᠵᠢᠯ ᠤᠨ ᠤᠯᠠᠮᠵᠢᠯᠠᠯ ᠪᠠ ᠰᠢᠨ᠎ᠡ ᠡᠭᠦᠳᠦᠯᠲᠡ ᠪᠠᠷ ᠳᠠᠮᠵᠢᠭᠠᠳ᠂ ᠨᠢᠭᠡᠨᠲᠡ | ︽ᠲᠦᠩᠯᠢᠶᠣᠣ ᠳᠤ ᠵᠤᠭᠠᠯᠠᠶ᠎ᠠ︾ ᠭᠡᠬᠦ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠬᠠᠮᠤᠭ ᠤᠨ ᠲᠥᠯᠥᠭᠡᠯᠡᠬᠦ | ᠴᠢᠨᠠᠷᠲᠠᠢ ᠪᠠᠶᠠᠷ ᠳᠤᠷᠠᠰᠬᠠᠯ ᠤᠨ ᠠᠵᠢᠯᠯᠠᠭ᠎ᠠ ᠪᠣᠯᠵᠤ᠂ ᠬᠤᠷᠴᠢᠨ ᠤ ᠲᠠᠯ᠎ᠠ ᠨᠤᠲᠤᠭ ᠤᠨ ᠭᠤᠶᠤ ᠰᠠᠶᠢᠬᠠᠨ | ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ |