︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠠᠷᠭ᠎ᠠ︾ | ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠣᠶᠢᠷ᠎ᠠ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ | 2024 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠷᠭ᠎ᠠ︾ ᠳᠤ ᠵᠠᠰᠠᠪᠤᠷᠢ | ᠣᠷᠣᠭᠤᠯᠤᠭᠰᠠᠨ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ | ᠶᠢ ᠲᠤᠭᠤᠰᠢᠯᠠᠭᠤᠯᠤᠨ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠠᠭᠠᠷ ᠤᠨ ᠠᠶᠠᠯᠠᠯ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠠᠮᠤᠷ ᠲᠦᠪᠰᠢᠨ ᠢ ᠪᠠᠲᠤᠯᠠᠬᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠪᠠ ᠶᠠᠪᠤᠴᠠ | ᠣᠲᠣ ᠶᠢᠨ ᠬᠡᠷᠡᠭᠵᠢᠭᠦᠯᠵᠦ ᠪᠠᠶᠢᠭ᠎ᠠ ︽ᠠᠷᠭ᠎ᠠ︾ ᠶᠢ 1991 ᠣᠨ ᠤ 8 ᠰᠠᠷ᠎ᠠ ᠶᠢᠨ 10 ᠤ ᠡᠳᠦᠷ ᠠᠴᠠ | ᠡᠬᠢᠯᠡᠨ ᠬᠡᠷᠡᠭᠵᠢᠭᠦᠯᠵᠦ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ | ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠬᠤ᠂ ᠠᠭᠠᠷ ᠤᠨ ᠠᠶᠠᠯᠠᠯ ᠤᠨ | ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠡᠯ᠎ᠡ ᠲᠠᠯ᠎ᠠ ᠶᠢᠨ ᠬᠢᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠣᠶᠢᠷ᠎ᠠ ᠶᠢᠨ ᠵᠢᠯ ᠳᠤ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠵᠡᠷᠭᠡ ᠠᠯᠢ | ᠣᠯᠠᠨ ᠰᠢᠨ᠎ᠡ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠵᠠᠰᠠᠪᠤᠷᠢ ᠣᠷᠣᠭᠤᠯᠤᠨ ᠨᠡᠶᠢᠲᠡᠯᠡᠵᠦ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠦᠭᠵᠢᠯᠳᠡ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ 2016 ᠣᠨ ᠳᠤ᠂ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠶᠠᠮᠤᠨ ᠵᠡᠷᠭᠡ ᠶᠢᠰᠦᠨ ᠶᠠᠮᠤᠨ ᠵᠥᠪᠯᠡᠯ ᠲᠠᠢ ᠬᠠᠮᠲᠤᠷᠠᠨ ︽ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠠᠵᠤ ᠦᠢᠯᠡᠰ ᠤᠨ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠵᠤ᠂ ᠤᠯᠤᠰ ᠤᠨ | ᠲᠦᠷᠦ ᠶᠢᠨ ᠪᠣᠳᠣᠯᠭ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠠᠵᠤ | ᠦᠢᠯᠡᠰ ᠲᠦᠷᠭᠡᠨ ᠲᠠᠪᠰᠢᠯᠳᠠ ᠲᠠᠢ ᠪᠣᠯᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠦᠢᠯᠡᠳᠬᠦᠨ | ᠲᠠᠰᠤᠷᠠᠯᠳᠠ ᠦᠭᠡᠢ ᠪᠠᠶᠠᠯᠢᠭᠵᠢᠵᠤ᠂ ᠰᠢᠨ᠎ᠡ ᠬᠡᠯᠪᠡᠷᠢ ᠶᠢᠨ ᠪᠡᠶ᠎ᠡ ᠶᠢᠨ ᠲᠠᠮᠢᠷ ᠤᠨ ᠬᠡᠯᠪᠡᠷᠢ ᠪᠠᠶᠢᠳᠠᠯ᠂ ᠵᠣᠬᠢᠶᠠᠨ | ᠪᠠᠶᠢᠭᠤᠯᠤᠯᠲᠠ ᠶᠢᠨ ᠵᠠᠭᠪᠤᠷ ᠦᠳᠲᠡᠷ ᠬᠦᠭᠵᠢᠪᠡ᠃ ᠭᠡᠪᠡᠴᠦ ᠣᠲᠣ ᠶᠢᠨ ᠬᠡᠷᠡᠭᠵᠢᠭᠦᠯᠵᠦ ᠪᠠᠶᠢᠭ᠎ᠠ ︽ᠠᠷᠭ᠎ᠠ︾ | ᠨᠢ ᠴᠠᠭ ᠦᠶ᠎ᠡ ᠶᠢᠨ ᠬᠢᠵᠠᠭᠠᠷᠯᠠᠯ ᠳᠤ ᠤᠴᠠᠷᠠᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠭᠵᠢᠯᠲᠡ ᠶᠢᠨ ᠬᠡᠷᠡᠭᠴᠡᠭᠡ ᠶᠢ ᠨᠢᠭᠡᠨᠲᠡ ᠬᠠᠩᠭᠠᠵᠤ ᠳᠡᠶᠢᠯᠬᠦ ᠦᠭᠡᠢ ᠪᠣᠯᠤᠭᠰᠠᠨ ᠪᠣᠯᠬᠤᠷ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠬᠦ ᠴᠢᠬᠤᠯᠠᠲᠠᠢ ᠪᠤᠯᠪᠠ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠵᠤᠷᠭᠠᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2020 ᠣᠨ ᠤ 5 ᠰᠠᠷ᠎ᠠ ᠳᠤ᠂ ᠪᠡᠶ᠎ᠡ ᠶᠢᠨ | ᠲᠠᠮᠢᠷ ᠤᠨ ᠶᠡᠷᠦᠩᠬᠡᠢ ᠲᠣᠪᠴᠢᠶ᠎ᠠ ︽ᠠᠷᠭ᠎ᠠ︾ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠵᠦ᠂ ᠮᠠᠲ᠋ᠧᠷᠢᠶᠠᠯ ᠢ | ᠪᠥᠬᠦ ᠲᠠᠯ᠎ᠠ ᠪᠠᠷ ᠴᠤᠭᠯᠠᠭᠤᠯᠤᠨ ᠡᠮᠬᠢᠳᠬᠡᠵᠦ᠂ ᠲᠤᠰᠬᠠᠢ ᠰᠡᠳᠦᠪᠲᠦ ᠰᠤᠳᠤᠯᠭᠠᠨ ᠢ ᠥᠷᠨᠢᠭᠦᠯᠦᠨ᠂ ᠣᠲᠣ ᠶᠢᠨ | ᠬᠡᠷᠡᠭᠵᠢᠭᠦᠯᠵᠦ ᠪᠠᠶᠢᠭ᠎ᠠ ︽ᠠᠷᠭ᠎ᠠ︾ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠭᠰᠡᠨ | ᠰᠠᠭᠤᠷᠢᠨ ᠳᠡᠭᠡᠷ᠎ᠡ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠨᠣᠣᠷᠠᠭ ᠢ ᠲᠤᠭᠤᠷᠪᠢᠬᠤ ᠠᠵᠢᠯ ᠢ | ᠳᠠᠭᠤᠰᠬᠠᠪᠠ᠃ 2022 ᠣᠨ ᠤ 5 ᠰᠠᠷ᠎ᠠ᠂ 8 ᠰᠠᠷ᠎ᠠ᠂ 11 ᠰᠠᠷ᠎ᠠ ᠳᠤ ᠲᠣᠰ ᠲᠣᠰ ᠬᠠᠮᠢᠶ᠎ᠠ ᠪᠦᠬᠦ ᠨᠢᠭᠡᠴᠢ | ᠵᠢᠴᠢ ᠬᠤᠪᠢ ᠬᠥᠮᠥᠨ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠪᠠ ᠬᠠᠮᠢᠶ᠎ᠠ ᠪᠦᠬᠦᠢ ᠶᠠᠮᠤᠨ ᠵᠥᠪᠯᠡᠯ | ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ 2023 ᠣᠨ ᠤ 3 ᠰᠠᠷ᠎ᠠ ᠳᠤ ᠢᠯᠡ ᠪᠠᠷ ᠨᠡᠶᠢᠭᠡᠮ ᠤᠨ ᠰᠠᠨᠠᠯ ᠢ | ᠬᠤᠷᠢᠶᠠᠵᠤ᠂ 2024 ᠣᠨ ᠤ 6 ᠰᠠᠷ᠎ᠠ ᠳᠤ ᠬᠠᠮᠢᠶ᠎ᠠ ᠪᠦᠬᠦᠢ ᠶᠠᠮᠤᠨ ᠵᠥᠪᠯᠡᠯ ᠪᠠ ᠪᠥᠬᠦ ᠤᠯᠤᠰ ᠤᠨ ᠪᠡᠶ᠎ᠡ ᠶᠢᠨ | ᠲᠠᠮᠢᠷ ᠤᠨ ᠰᠢᠰᠲ᠋ᠧᠮ ᠤᠨ ᠰᠠᠨᠠᠯ ᠢ ᠳᠠᠬᠢᠨᠲᠠ ᠬᠤᠷᠢᠶᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ | ᠰᠤᠳᠤᠯᠤᠨ ᠰᠢᠩᠭᠡᠭᠡᠬᠦ ᠪᠠᠷ ᠳᠡᠮᠵᠢᠨ᠂ ᠲᠥᠰᠥᠯ ᠳᠤ ᠲᠠᠰᠤᠷᠠᠯᠲᠠ ᠦᠭᠡᠢ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠪᠡ᠃ 2024 ᠣᠨ ᠤ 7 ᠰᠠᠷ᠎ᠠ ᠶᠢᠨ 10 ᠤ ᠡᠳᠦᠷ᠂ ︽ᠠᠷᠭ᠎ᠠ︾ ᠶᠢ ᠪᠡᠶ᠎ᠡ ᠶᠢᠨ ᠲᠠᠮᠢᠷ ᠤᠨ | ᠶᠡᠷᠦᠩᠬᠡᠢ ᠲᠣᠪᠴᠢᠶ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ | ᠵᠠᠰᠠᠪᠤᠷᠢ ᠣᠷᠣᠭᠤᠯᠤᠭᠰᠠᠨ ᠶᠡᠷᠦᠩᠬᠡᠢ ᠰᠡᠳᠬᠢᠴᠡ | ᠲᠤᠰ ᠬᠠᠷᠢᠭᠤᠴᠠᠯᠭᠠᠲᠠᠨ ᠤ ᠬᠡᠯᠡᠬᠦ ᠪᠠᠷ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠶᠡᠷᠦᠩᠬᠡᠢ | ᠰᠡᠳᠬᠢᠮᠵᠢ ᠪᠣᠯ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ | ᠬᠠᠩᠭᠠᠵᠤ᠂ ᠵᠠᠰᠠᠪᠤᠷᠢ ᠣᠷᠣᠭᠤᠯᠬᠤ ᠠᠵᠢᠯ ᠢ ᠤᠬᠠᠮᠰᠠᠷ ᠠᠴᠠ ᠪᠠᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠡᠭᠡ ᠲᠠᠯ᠎ᠠ ᠳᠤ ᠲᠠᠯᠪᠢᠵᠤ ᠠᠷᠭ᠎ᠠ ᠤᠬᠠᠭᠠᠨ ᠰᠦᠪᠡᠭᠴᠢᠯᠡᠭᠰᠡᠨ ᠪᠠᠶᠢᠨ᠎ᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ᠂ ᠣᠯᠠᠨ | ᠨᠡᠶᠢᠲᠡ ᠶᠢᠨ ᠠᠮᠤᠷ ᠲᠦᠪᠰᠢᠨ ᠪᠠ ᠨᠢᠰᠦᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠠᠮᠤᠷ ᠲᠦᠪᠰᠢᠨ ᠢᠶᠠᠷ ᠬᠥᠭᠵᠢᠬᠦ ᠶᠢ ᠲᠦᠯᠬᠢᠨ ᠠᠬᠢᠭᠤᠯᠬᠤ | ᠡᠨᠡ ᠬᠦ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠬᠡᠷᠡᠭᠵᠢᠭᠦᠯᠬᠦ ᠭᠤᠣᠯ ᠴᠣᠭᠴᠠ᠂ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠨᠢᠰᠦᠭᠦᠷ | ︵ᠪᠠᠭᠠᠵᠢ ᠬᠡᠷᠡᠭᠰᠡᠯ︶ ᠪᠠ ᠲᠠᠯᠠᠪᠤᠷ ᠲᠥᠬᠦᠭᠡᠷᠦᠮᠵᠢ ᠵᠢᠴᠢ ᠤᠷᠤᠯᠳᠤᠭᠠᠨ ᠤ ᠠᠵᠢᠯᠯᠠᠭ᠎ᠠ ᠵᠡᠷᠭᠡ ᠲᠠᠯ᠎ᠠ ᠪᠠᠷ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠯ᠎ᠡ ᠭᠤᠭᠴᠤᠭ᠎ᠠ ᠶᠢ ᠰᠢᠰᠲ᠋ᠧᠮ ᠲᠠᠢ | ᠵᠢᠷᠤᠮᠵᠢᠭᠤᠯᠤᠨ᠎ᠠ᠃ ᠮᠠᠨ ᠤ ᠤᠯᠤᠰ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠨ᠂ ᠪᠣᠳᠠᠲᠠᠢ ᠠᠴᠠ ᠡᠭᠦᠰᠴᠦ᠂ | ᠭᠠᠳᠠᠭᠠᠳᠤ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠬᠠᠮᠢᠶ᠎ᠠ ᠪᠦᠬᠦᠢ ᠬᠦᠷᠢᠶᠡᠨ ᠤ ᠪᠣᠯᠪᠠᠰᠤᠷᠠᠩᠭᠤᠢ ᠠᠷᠭ᠎ᠠ | ᠬᠡᠮᠵᠢᠶ᠎ᠡ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠰᠢᠩᠭᠡᠬᠡᠨ ᠠᠪᠴᠤ᠂ ᠨᠢᠭᠡᠨ ᠰᠢᠨᠵᠢᠯᠡᠬᠦ ᠤᠬᠠᠭᠠᠨᠴᠢ᠂ | ᠪᠣᠳᠠᠲᠤ ᠬᠡᠷᠡᠭᠯᠡᠭᠡᠨ ᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ | ᠵᠢᠷᠤᠮᠵᠢᠯ ᠳᠤ ᠵᠠᠰᠠᠪᠤᠷᠢ ᠣᠷᠣᠭᠤᠯᠵᠤ ᠨᠡᠶᠢᠲᠡᠯᠡᠬᠦ ᠪᠠᠷ ᠴᠢᠷᠮᠠᠶᠢᠨ᠎ᠠ᠃ | ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ | ︽ᠠᠷᠭ᠎ᠠ︾ ᠳᠤ ᠵᠠᠰᠠᠪᠤᠷᠢ ᠣᠷᠣᠭᠤᠯᠬᠤ ᠳᠠᠭᠠᠨ 1991 ᠣᠨ ᠤ ᠬᠡᠪᠯᠡᠯ ᠤᠨ 23 ᠵᠦᠢᠯ ᠠᠴᠠ ᠣᠲᠣ | 32 ᠵᠦᠢᠯ ᠪᠣᠯᠭᠠᠨ ᠨᠡᠮᠡᠪᠡ᠃ | ᠨᠢᠭᠡᠳᠦᠭᠡᠷ ᠪᠦᠯᠦᠭ ︽ᠶᠡᠷᠦᠩᠬᠡᠢ ᠳᠦᠷᠢᠮ︾ ᠳᠤ ᠵᠠᠰᠠᠪᠤᠷᠢ ᠣᠷᠣᠭᠤᠯᠬᠤ ᠬᠠᠤᠯᠢ ᠴᠠᠭᠠᠵᠠ ᠶᠢᠨ ᠦᠨᠳᠦᠰᠦ | ᠪᠠᠷᠢᠮᠲᠠ ᠶᠢ ᠲᠣᠳᠣᠷᠬᠠᠶᠢᠯᠠᠵᠤ᠂ ᠨᠠᠮ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠤᠳᠤᠷᠢᠳᠤᠯᠭ᠎ᠠ ᠶᠢ ᠪᠠᠷᠢᠮᠲᠠᠯᠠᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠣᠮᠢᠶᠠᠯᠠᠯ᠂ | ᠬᠡᠷᠡᠭᠯᠡᠬᠦ ᠬᠡᠪᠴᠢᠶ᠎ᠡ ᠪᠠ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠶᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠬᠢᠯᠡᠵᠦ ᠪᠠᠶᠢᠭ᠎ᠠ | ᠨᠢᠭᠡᠴᠢ ᠪᠠ ᠬᠥᠮᠥᠰ︾ ᠲᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠬᠢᠯᠡᠵᠦ ᠪᠠᠶᠢᠭ᠎ᠠ | ᠨᠢᠭᠡᠴᠢ ᠪᠠ ᠬᠥᠮᠥᠰ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠱᠠᠭᠠᠷᠳᠠᠯᠭ᠎ᠠ᠂ ᠠᠭᠠᠷ ᠤᠨ ᠠᠶᠠᠯᠠᠯ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠵᠢᠯᠲᠠᠨ ᠤ ᠪᠦᠷᠢᠯᠳᠦᠭᠦᠯᠪᠡᠰᠦ ᠵᠣᠬᠢᠬᠤ ᠬᠢᠷᠢ ᠬᠡᠮ ᠵᠢᠴᠢ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠶᠤᠯᠭᠦᠢ ᠶᠢᠨ ᠡ᠊ᠨᠳᠡᠯ ᠤᠨ ᠮᠡᠳᠡᠭᠦᠯᠦᠯᠲᠡ ᠶᠢ ᠪᠠᠶᠢᠴᠠᠭᠠᠬᠤ ᠪᠠ | ᠰᠢᠢᠳᠪᠦᠷᠢᠯᠡᠬᠦ ᠲᠣᠭᠲᠠᠭᠠᠯ ᠵᠡᠷᠭᠡ ᠶᠢ ᠲᠣᠳᠣᠷᠬᠠᠶᠢᠯᠠᠪᠠ᠃ | ᠭᠤᠷᠪᠠᠳᠤᠭᠠᠷ ᠪᠦᠯᠦᠭ ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠬᠡᠷᠡᠭᠯᠡᠬᠦ | ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠪᠠᠭᠠᠵᠢ ᠬᠡᠷᠡᠭᠰᠡᠯ᠂ ᠪᠠᠭᠠᠵᠢ ᠬᠡᠷᠡᠭᠰᠡᠯ ᠪᠠ ᠲᠠᠯᠠᠪᠤᠷ | ᠲᠥᠬᠦᠭᠡᠷᠦᠮᠵᠢ︾ ᠳᠤ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠨᠢᠰᠦᠭᠦᠷ ᠪᠣᠯᠣᠨ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠭᠤᠣᠯ ᠴᠣᠭᠴᠠ | ᠵᠢᠴᠢ ᠠᠶᠠᠯᠠᠯ ᠳᠤ ᠵᠣᠬᠢᠴᠠᠬᠤ ᠱᠠᠭᠠᠷᠳᠠᠯᠭ᠎ᠠ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠲᠠᠯᠠᠪᠠᠢ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠵᠢᠴᠢ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠠᠴᠠ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠤᠷᠤᠯᠳᠤᠭᠠᠨ ᠤ ᠶᠠᠪᠤᠳᠠᠯ ᠳᠤ ᠬᠡᠷᠡᠭᠯᠡᠬᠦ ᠪᠠᠭᠠᠵᠢ ᠬᠡᠷᠡᠭᠰᠡᠯ ᠤᠨ ᠬᠠᠮᠢᠶ᠎ᠠ ᠪᠦᠬᠦᠢ ᠪᠠᠷᠢᠮᠵᠢᠶᠡᠨ ᠤ | ᠱᠠᠭᠠᠷᠳᠠᠯᠭ᠎ᠠ ᠶᠢ ᠲᠤᠭᠳᠠᠭᠠᠬᠤ ᠶᠤᠰᠤᠳᠠᠢ ᠭᠡᠵᠦ ᠲᠤᠭᠳᠠᠭᠠᠪᠠ᠃ | ᠳᠥᠷᠪᠡᠳᠦᠭᠡᠷ ᠪᠦᠯᠦᠭ ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ︾ | ᠳᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠭᠢᠯᠡᠬᠦ ᠠᠮᠤᠷ ᠲᠦᠪᠰᠢᠨ ᠤ | ᠬᠠᠷᠢᠭᠤᠴᠠᠯᠭ᠎ᠠ ᠶᠢᠨ ᠭᠤᠣᠯ ᠴᠣᠭᠴᠠ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠵᠢᠴᠢ ᠣᠷᠣᠨ | ᠨᠤᠲᠤᠭ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠲᠤᠭᠳᠠᠭᠠᠪᠠ᠃ ᠣᠯᠠᠨ ᠤᠯᠤᠰ ᠤᠨ ᠴᠢᠨᠠᠷᠲᠠᠢ᠂ ᠠᠶᠤᠯ ᠲᠦᠭᠰᠢᠭᠦᠷᠢ ᠶᠡᠬᠡᠲᠡᠢ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠲᠣᠭᠲᠠᠭᠠᠯ ᠶᠣᠰᠣᠭᠠᠷ ᠭᠤᠶᠤᠴᠢᠯᠠᠨ | ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠶᠡᠷᠦᠩᠬᠡᠶᠢᠯᠡᠭᠰᠡᠨ ᠴᠢᠨᠠᠷᠲᠠᠢ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ | ᠮᠡᠳᠡᠭᠦᠯᠦᠨ ᠳᠠᠩᠰᠠᠯᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠭᠲᠠᠭᠠᠵᠠᠢ᠃ ᠤᠯᠤᠰ ︵ᠬᠢᠯᠢ︶ ᠤᠨ | ᠭᠠᠳᠠᠨᠠᠬᠢ ᠬᠥᠮᠥᠰ ᠤᠨ ᠮᠠᠨ ᠤ ᠤᠯᠤᠰ ᠤᠨ ᠬᠢᠯᠢ ᠳᠣᠲᠣᠷ᠎ᠠ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠳᠤ ᠣᠷᠣᠯᠴᠠᠬᠤ ᠪᠣᠳᠠᠲᠠᠢ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃ | ᠲᠠᠪᠤᠳᠤᠭᠠᠷ ᠪᠦᠯᠦᠭ ︽ᠬᠠᠤᠯᠢ ᠶᠢᠨ ᠬᠠᠷᠢᠭᠤᠴᠠᠯᠭ᠎ᠠ︾ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ | ᠰᠢᠢᠳᠪᠦᠷᠢᠯᠡᠬᠦ ᠡᠷᠬᠡ ᠲᠤᠰᠢᠶᠠᠯ ᠢ ᠲᠣᠳᠣᠷᠬᠠᠶᠢᠯᠠᠵᠤ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠦᠶᠯᠡ | ᠠᠵᠢᠯᠯᠠᠭ᠎ᠠ ᠶᠢ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ | ᠵᠢᠷᠭᠤᠳᠤᠭᠠᠷ ᠪᠦᠯᠦᠭ ︽ᠳᠠᠭᠠᠯᠳᠤᠭᠤᠯᠤᠭᠰᠠᠨ ᠳᠦᠷᠢᠮ︾ ᠳᠤ ︽ᠠᠷᠭ᠎ᠠ︾ ᠶᠢᠨ ᠲᠠᠶᠢᠯᠪᠤᠷᠢᠯᠠᠬᠤ ᠡᠷᠬᠡ ᠪᠠ | ᠬᠦᠴᠦᠨ ᠲᠠᠢ ᠪᠣᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠪᠠ᠃ | ᠳᠠᠭᠠᠯᠳᠤᠭᠤᠯᠤᠯ ︽ᠨᠡᠷ᠎ᠡ ᠦᠭᠡ ᠶᠢᠨ ᠲᠠᠶᠢᠯᠪᠤᠷᠢᠯᠠᠯᠲᠠ︾ ᠳᠤ ᠬᠡᠰᠡᠭ ᠨᠡᠷ᠎ᠡ ᠲᠣᠮᠢᠶ᠎ᠠ ᠶᠢᠨ ︽ᠠᠷᠭ᠎ᠠ︾ ᠳᠠᠬᠢ | ᠪᠣᠳᠠᠲᠠᠢ ᠠᠭᠤᠯᠭ᠎ᠠ ᠶᠢ ᠲᠠᠶᠢᠯᠪᠤᠷᠢᠯᠠᠵᠠᠢ᠃ | ᠵᠠᠰᠠᠪᠤᠷᠢ ᠣᠷᠣᠭᠤᠯᠤᠭᠰᠠᠨ ᠭᠤᠣᠯᠳᠠᠯᠭ᠎ᠠ ᠲᠠᠢ ᠲᠣᠳᠣᠷᠬᠠᠶᠢᠯᠠᠯᠲᠠ | ᠲᠣᠰ ᠬᠠᠷᠢᠭᠤᠴᠠᠯᠭᠠᠲᠠᠨ ︽ᠠᠷᠭ᠎ᠠ︾ ᠳᠤ ᠵᠠᠰᠠᠪᠤᠷᠢ ᠤᠷᠤᠭᠤᠯᠤᠭᠰᠠᠨ ᠲᠤᠬᠠᠢ ᠬᠤᠯᠪᠣᠭᠳᠠᠯ ᠪᠦᠬᠦᠢ | ᠲᠠᠶᠢᠯᠤᠮᠵᠢ ᠪᠠ ᠲᠣᠳᠣᠷᠬᠠᠶᠢᠯᠠᠯᠲᠠ ᠬᠢᠪᠡ᠃ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠬᠠᠮᠢᠶᠠᠷᠤᠯᠲᠠ ᠶᠢᠨ ᠭᠤᠣᠯ ᠴᠣᠭᠴᠠ ᠪᠣᠯᠣᠨ ᠬᠦᠷᠢᠶ᠎ᠡ ᠬᠡᠪᠴᠢᠶ᠎ᠡ ᠶᠢᠨ ᠲᠠᠯ᠎ᠠ ᠪᠠᠷ᠄᠂ ︽ᠠᠷᠭ᠎ᠠ︾ ᠳᠤ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠪᠠᠶᠢᠭᠤᠯᠤᠯ ᠳᠤ ᠵᠠᠰᠠᠪᠤᠷᠢ ᠣᠷᠣᠭᠤᠯᠤᠭᠰᠠᠨ | ᠦᠭᠡᠢ᠂ ᠮᠥᠨ ᠯᠡ ᠱᠠᠲᠤ ᠬᠤᠪᠢᠶᠠᠨ ᠬᠠᠮᠢᠶᠠᠷᠬᠤ ᠠᠷᠭ᠎ᠠ ᠬᠡᠮᠵᠢᠶ᠎ᠡ ᠠᠪᠤᠨ᠎ᠡ᠂ ᠭᠡᠪᠡᠴᠦ ︽ᠣᠷᠣᠨ ᠨᠤᠲᠤᠭ ᠤᠨ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠬᠠᠮᠢᠶᠠᠷᠤᠨ᠎ᠠ︾ ᠪᠠ ︽ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠨᠡᠶᠢᠭᠡᠮᠯᠢᠭ᠂ ᠣᠷᠣᠨ ᠨᠤᠲᠤᠭ ᠤᠨ ᠡᠯ᠎ᠡ ᠱᠠᠲᠤᠨ ᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠨᠡᠶᠢᠭᠡᠮᠯᠢᠭ ᠥᠪᠡᠷ ᠤᠨ ᠳᠦᠷᠢᠮ ᠶᠣᠰᠣᠭᠠᠷ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠳᠣᠲᠣᠭᠠᠳᠤ ᠶᠢᠨ ᠵᠠᠰᠠᠬᠤ ᠲᠦᠷᠢᠮ | ᠲᠤᠭᠳᠠᠭᠠᠯ ᠢ ᠲᠡᠭᠦᠯᠳᠡᠷᠵᠢᠭᠦᠯᠵᠦ᠂ ᠠᠵᠢᠯ ᠲᠦᠷᠦᠯ ᠤᠨ ᠲᠦᠷᠢᠮ ᠲᠤᠭᠳᠠᠭᠠᠯ ᠢ ᠲᠤᠭᠳᠠᠭᠠᠵᠦ᠂ ᠠᠵᠢᠯ ᠲᠦᠷᠦᠯ | ᠤᠨ ᠦᠪᠡᠷ ᠢ ᠪᠠᠨ ᠱᠠᠭᠠᠷᠳᠠᠬᠤ ᠶᠢ ᠴᠢᠩᠭᠠᠳᠬᠠᠬᠤ︾ ᠶᠢ ᠲᠤᠳᠤᠷᠬᠠᠶᠢᠯᠠᠵᠦ᠂ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠭᠤᠣᠯ ᠴᠣᠭᠴᠠ ᠪᠣᠯᠣᠨ ᠡᠯ᠎ᠡ ᠱᠠᠲᠤᠨ ᠤ ᠠᠭᠠᠷ ᠤᠨ ᠠᠶᠠᠯᠠᠯ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠤᠨ ᠠᠵᠢᠯ ᠲᠦᠷᠦᠯ ᠳᠤ ᠬᠢ ᠪᠠᠶᠢᠷᠢ ᠰᠠᠭᠤᠷᠢ ᠶᠢ ᠤᠯᠠᠮ ᠨᠢᠭᠡ | ᠠᠯᠬᠤᠮ ᠨᠠᠷᠢᠨ ᠲᠤᠳᠤᠷᠬᠠᠶᠢᠯᠠᠪᠠ᠃ ᠡᠭᠦᠨ ᠤ ᠬᠠᠮᠲᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠤᠬᠠᠭᠳᠠᠬᠤᠨ ᠢ ᠲᠤᠳᠤᠷᠬᠠᠶᠢᠯᠠᠪᠠ᠂ ᠡᠭᠦᠨ ᠠᠴᠠ ᠡᠮᠦᠨ᠎ᠡ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠢ ᠬᠡᠷᠡᠭᠯᠡᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠵᠠᠭᠠᠭᠯᠠᠨ ᠲᠣᠭᠲᠠᠭᠠᠬᠤ ᠠᠷᠭ᠎ᠠ ᠶᠢ ᠵᠠᠰᠠᠪᠤᠷᠢᠯᠠᠨ ᠲᠣᠭᠲᠠᠭᠠᠵᠤ᠂ ᠪᠡᠶ᠎ᠡ ᠶᠢᠨ ᠲᠠᠮᠢᠷ ᠤᠨ ᠬᠢᠨ ᠤ | ᠨᠡᠶᠢᠳᠡᠮ ᠬᠡᠷᠡᠭᠯᠡᠳᠡᠭ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠦᠢᠯ ᠢᠶᠠᠷ ᠵᠠᠭᠠᠭᠯᠠᠨ | ᠲᠣᠭᠲᠠᠭᠠᠬᠤ ᠠᠷᠭ᠎ᠠ ᠶᠢ ᠬᠡᠷᠡᠭᠯᠡᠵᠦ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠬᠦᠷᠢᠶ᠎ᠡ | ᠬᠡᠪᠴᠢᠶ᠎ᠡ᠂ ᠵᠠᠭᠠᠭ ᠱᠤᠭᠤᠮ ᠢ ᠤᠯᠠᠮ ᠨᠢᠭᠡ ᠠᠯᠬᠤᠮ ᠲᠤᠳᠤᠷᠬᠠᠶᠢᠯᠠᠪᠠ᠃ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠭᠢᠯᠡᠨ ᠬᠢᠵᠦ ᠪᠠᠶᠢᠭ᠎ᠠ ᠨᠢᠭᠡᠴᠢ ᠪᠠ | ᠠᠵᠢᠯᠲᠠᠨ ᠤ ᠬᠠᠮᠢᠶᠠᠷᠤᠯᠲᠠ ᠶᠢᠨ ᠲᠠᠯ᠎ᠠ ᠪᠠᠷ᠄ ︽ᠠᠷᠭ᠎ᠠ︾ ᠳᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠡᠷᠭᠢᠯᠡᠨ ᠬᠢᠵᠦ ᠪᠠᠶᠢᠭ᠎ᠠ ᠨᠢᠭᠡᠴᠢ ᠪᠠ ᠬᠤᠯᠪᠣᠭᠳᠠᠯ ᠪᠦᠬᠦᠢ ᠬᠥᠮᠥᠰ ᠤᠨ ᠵᠠᠰᠠᠭ ᠵᠠᠬᠢᠷᠭᠠᠨ ᠤ | ᠵᠥᠪᠰᠢᠶᠡᠷᠡᠯ ᠪᠠ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠬᠤ ᠱᠠᠭᠠᠷᠳᠠᠯᠭ᠎ᠠ ᠶᠢ ᠲᠣᠳᠣᠷᠬᠠᠢ | ᠲᠣᠭᠲᠠᠭᠠᠵᠤ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠵᠡᠮᠰᠢᠬᠦ ᠴᠢᠬᠤᠯᠠᠲᠠᠢ | ᠪᠠᠶᠢᠳᠠᠯ ᠳᠤ ᠳᠠᠩᠰᠠᠯᠠᠭᠤᠯᠬᠤ ᠳᠦᠷᠢᠮ ᠢ ᠬᠡᠷᠡᠭᠵᠢᠭᠦᠯᠪᠡ᠃ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠡᠷᠭᠢᠯᠡᠵᠦ ᠪᠠᠶᠢᠭ᠎ᠠ ᠨᠢᠭᠡᠴᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠵᠢᠴᠢ ᠠᠵᠢᠯᠯᠠᠵᠤ | ᠪᠠᠶᠢᠭ᠎ᠠ ᠬᠥᠮᠥᠰ ᠤᠨ ᠬᠠᠮᠢᠶ᠎ᠠ ᠪᠦᠬᠦᠢ ᠬᠢᠷᠢ ᠬᠡᠮ ᠤᠨ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢᠨ | ︽ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠪᠣᠯᠣᠨ | ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠶᠤᠯᠭᠦᠢ ᠶᠢᠨ | ᠡ᠊ᠨᠳᠡᠯ ᠢ ᠮᠡᠳᠡᠭᠦᠯᠬᠦ᠂ ᠪᠠᠶᠢᠴᠠᠭᠠᠨ ᠰᠢᠢᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠬᠡᠷᠡᠭᠯᠡᠬᠦ ᠠᠷᠠᠳ ᠤᠨ ᠬᠡᠷᠡᠭᠴᠡᠭᠡᠨ ᠤ | ᠠᠭᠠᠷ ᠤᠨ ᠠᠶᠠᠯᠠᠯ ᠤᠨ ᠪᠠᠭᠠᠵᠢ ᠬᠡᠷᠡᠭᠰᠡᠯ ᠪᠠ ᠲᠠᠯᠠᠪᠤᠷ ᠲᠥᠬᠦᠭᠡᠷᠦᠮᠵᠢ ᠶᠢᠨ ᠲᠠᠯ᠎ᠠ ᠪᠠᠷ᠄ ︽ᠠᠷᠭ᠎ᠠ︾ ᠳᠤ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠪᠠ ᠠᠷᠠᠳ ᠤᠨ ᠬᠡᠷᠡᠭᠴᠡᠭᠡᠨ ᠤ | ᠠᠭᠠᠷ ᠤᠨ ᠠᠶᠠᠯᠠᠯ ᠤᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠭᠤᠣᠯ ᠴᠣᠭᠴᠠ ᠶᠢ ᠭᠤᠣᠯᠳᠠᠯᠭ᠎ᠠ ᠲᠠᠢ | ᠲᠣᠳᠣᠷᠬᠠᠶᠢᠯᠠᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠬᠡᠷᠡᠭᠯᠡᠬᠦ ᠡᠯ᠎ᠡ | ᠵᠦᠢᠯ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠨᠢ ᠤᠯᠤᠰ ᠤᠨ | ᠲᠠᠮᠢᠷ ᠤᠨ ᠶᠡᠷᠦᠩᠬᠡᠢ ᠲᠣᠪᠴᠢᠶ᠎ᠠ ᠵᠢᠴᠢ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠬᠥᠳᠡᠯᠭᠡᠭᠡᠨ ᠤ | ᠨᠡᠶᠢᠭᠡᠮᠯᠢᠭ ᠤᠨ ᠲᠣᠭᠲᠠᠭᠠᠭᠰᠠᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠭᠡᠵᠦ | ᠲᠤᠭᠳᠠᠭᠠᠪᠠ᠃ ᠡᠭᠦᠨ ᠤ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ | ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠲᠠᠯᠠᠪᠠᠶ ᠶᠢᠨ ᠪᠡᠯᠡᠳᠬᠡᠮᠵᠢ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠨᠢ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠢ ᠥᠷᠨᠢᠭᠦᠯᠬᠦ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ ᠭᠡᠵᠦ ᠲᠣᠳᠣᠷᠬᠠᠶᠢᠯᠠᠬᠤ ᠶᠢᠨ ᠬᠠᠮᠲᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠠᠭᠠᠷ ᠤᠨ ᠣᠷᠣᠨ ᠤ ᠬᠡᠷᠡᠭᠯᠡᠯᠲᠡ ᠳᠤ | ᠬᠤᠯᠪᠣᠭᠳᠠᠪᠠᠯ᠂ ᠪᠠᠰᠠ ᠪᠠᠶᠢᠭ᠎ᠠ ᠭᠠᠵᠠᠷ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠰᠠᠨᠠᠯ ᠢ ᠬᠤᠷᠢᠶᠠᠬᠤ ᠶᠤᠰᠤᠳᠠᠢ ᠭᠡᠵᠦ ᠲᠤᠳᠤᠷᠬᠠᠶᠢᠯᠠᠪᠠ᠃ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠠᠯ᠎ᠠ ᠪᠠᠷ᠄ | ︽ᠠᠷᠭ᠎ᠠ︾ ᠳᠤ ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ︾ ᠭᠡᠬᠦ ᠨᠢᠭᠡ | ᠪᠦᠯᠦᠭ ᠢ ᠰᠢᠨ᠎ᠡ ᠪᠠᠷ ᠨᠡᠮᠡᠵᠦ᠂ ︽ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ | ᠠᠷᠭ᠎ᠠ︾ ᠶᠢ ᠦᠨᠳᠦᠰᠦᠯᠡᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ | ᠡᠷᠭᠢᠯᠡᠬᠦ ᠶᠢ ᠬᠢᠨᠠᠨ ᠵᠥᠪᠰᠢᠶᠡᠷᠡᠵᠦ ᠳᠠᠩᠰᠠᠯᠠᠬᠤ᠂ ᠡᠷᠭᠢᠯᠡᠬᠦ ᠭᠠᠵᠠᠷ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠂ ᠠᠮᠤᠷ ᠲᠦᠪᠰᠢᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ᠂ ᠪᠡᠶ᠎ᠡ ᠶᠢᠨ ᠲᠠᠮᠢᠷ ᠤᠨ ᠶᠣᠰᠣ ᠮᠣᠷᠠᠯ ᠵᠢᠴᠢ ᠬᠥᠭᠡᠷᠦᠭᠦᠯᠬᠦ ᠡᠮ ᠢ ᠡᠰᠡᠷᠭᠦᠴᠡᠬᠦ ᠵᠡᠷᠭᠡ ᠲᠠᠯ᠎ᠠ ᠪᠠᠷ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠳᠠ ᠶᠢ ᠴᠢᠩᠭᠠᠳᠬᠠᠪᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠣᠯᠠᠨ ᠤᠯᠤᠰ ᠤᠨ ᠴᠢᠨᠠᠷᠲᠠᠢ᠂ ᠠᠶᠤᠯ ᠲᠦᠭᠰᠢᠭᠦᠷᠢ ᠶᠡᠬᠡᠲᠡᠢ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠲᠣᠭᠲᠠᠭᠠᠯ ᠶᠣᠰᠣᠭᠠᠷ ᠭᠤᠶᠤᠴᠢᠯᠠᠨ | ᠮᠡᠳᠡᠭᠦᠯᠵᠦ ᠵᠥᠪᠰᠢᠶᠡᠷᠡᠭᠦᠯᠬᠦ ᠱᠠᠭᠠᠷᠳᠠᠯᠭ᠎ᠠ ᠵᠢᠴᠢ ᠤᠯᠤᠰ ︵ᠬᠢᠯᠢ︶ ᠤᠨ ᠭᠠᠳᠠᠨᠠᠬᠢ ᠬᠥᠮᠥᠰ ᠤᠨ ᠮᠠᠨ ᠤ | ᠤᠯᠤᠰ ᠤᠨ ᠬᠢᠯᠢ ᠳᠣᠲᠣᠷ᠎ᠠ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ | ᠣᠷᠣᠯᠴᠠᠬᠤ ᠳᠤ ᠭᠦᠢᠴᠡᠳᠬᠡᠪᠡᠰᠦ ᠵᠣᠬᠢᠬᠤ ᠭᠠᠷ ᠭᠦᠢᠴᠡᠳᠬᠡᠯ ᠵᠢᠴᠢ ᠬᠠᠮᠢᠶ᠎ᠠ ᠪᠦᠬᠦᠢ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃ | ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠠᠯ᠎ᠠ ᠪᠠᠷ᠄ ︽ᠠᠷᠭ᠎ᠠ︾ ᠳᠤ ᠲᠣᠭᠲᠠᠭᠠᠯ ᠠᠴᠠ ᠵᠥᠷᠢᠴᠡᠭᠰᠡᠨ | ᠨᠢᠭᠡᠴᠢ ᠪᠠ ᠬᠥᠮᠥᠰ ᠲᠤ ᠬᠠᠮᠢᠶ᠎ᠠ ᠪᠦᠬᠦᠢ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠬᠠᠤᠯᠢ ᠲᠣᠭᠲᠠᠭᠠᠯ ᠶᠣᠰᠣᠭᠠᠷ ᠰᠢᠳᠬᠡᠯ ᠥᠭᠬᠦ ᠪᠠᠷ ᠲᠣᠳᠣᠷᠬᠠᠢ ᠲᠣᠭᠲᠠᠭᠠᠵᠤ᠂ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠭᠠᠷ ᠤᠨ ᠠᠶᠠᠯᠠᠯ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠦᠶᠯᠡ ᠠᠵᠢᠯᠯᠠᠭ᠎ᠠ ᠶᠢ ᠵᠢᠷᠤᠮᠵᠢᠭᠤᠯᠪᠠ᠃ |