| 7 ᠰᠠᠷ᠎ᠠ ᠶᠢᠨ 29 ᠤ ᠣᠷᠣᠢ ᠶᠢᠨ 8᠄ 00 ᠴᠠᠭ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠩᠬᠠᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠭᠤᠷᠪᠠᠨ ᠶᠡᠭᠡ ᠪᠦᠮᠪᠦᠭᠡ ᠶᠢᠨ ᠲᠠᠮᠢᠷ ᠤᠨ | ᠴᠤᠭᠯᠠᠭᠠᠨ ᠤ ᠡᠬᠢᠯᠡᠯᠲᠡ ᠶᠢᠨ ᠶᠣᠰᠣᠯᠠᠯ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠦᠪ ᠲᠤ ᠶᠠᠪᠤᠭᠳᠠᠪᠠ᠃ | ᠪᠤᠭᠤᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠪᠢᠨ ᠪᠠᠶᠠᠷ ᠤᠨ ᠦᠭᠡ ᠬᠡᠯᠡᠵᠦ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ | ᡁᠢ ᠶᠢᠤ ᠡᠬᠢᠯᠡᠯᠲᠡ ᠶᠢᠨ ᠶᠣᠰᠣᠯᠠᠯ ᠡᠬᠢᠯᠡᠭᠰᠡᠨ ᠢ ᠵᠠᠷᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠪᠤᠭᠤᠲᠤ ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠪᠤᠭᠤᠲᠤ ᠬᠤᠳᠠ ᠶᠢᠨ | ᠰᠤᠷᠭᠠᠨ ᠬᠥᠮᠦᠵᠢᠯ ᠤᠨ ᠲᠤᠪᠴᠢᠶ᠎ᠠ ᠶᠢᠨ ᠬᠠᠮᠢᠶ᠎ᠡ ᠪᠦᠬᠦᠢ ᠤᠳᠤᠷᠢᠳᠤᠯᠭ᠎ᠠ ᠡᠬᠢᠯᠡᠯᠳᠡ ᠶᠢᠨ ᠶᠤᠰᠤᠯᠠᠯ ᠳᠤ | ᠤᠷᠤᠯᠴᠠᠪᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠠᠯᠠᠭᠤᠴᠤᠳ | ᠪᠠᠭᠠᠴᠤᠳ ᠤᠨ ᠭᠤᠷᠪᠠᠨ ᠶᠡᠭᠡ ᠪᠥᠮᠪᠦᠭᠡ ᠶᠢᠨ ᠲᠠᠮᠢᠷ ᠤᠨ ᠴᠤᠭᠯᠠᠭᠠᠨ ᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠵᠦ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ | ᠤᠷᠳᠤᠨ ᠠᠴᠠ ᠲᠠᠭᠠᠭᠠᠴᠢᠯᠠᠨ ᠡᠷᠬᠢᠯᠡᠪᠡ᠃ ᠡᠬᠢᠯᠡᠯᠲᠡ ᠶᠢᠨ ᠶᠣᠰᠣᠯᠠᠯ ᠠᠴᠠ ᠡᠮᠦᠨ᠎ᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠭᠤᠷᠪᠠᠨ ᠶᠡᠭᠡ | ᠪᠥᠮᠪᠦᠭᠡ ᠶᠢᠨ ᠲᠠᠮᠢᠷ ᠤᠨ ᠴᠤᠭᠯᠠᠭᠠᠨ ᠤ ᠬᠥᠯ ᠪᠥᠮᠪᠦᠭᠡ ᠶᠢᠨ ᠤᠷᠤᠯᠳᠤᠭᠠᠨ 7 ᠰᠠᠷ᠎ᠠ ᠶᠢᠨ 22 ︱ 27 ᠤ | ᠡᠳᠦᠷ᠂ ᠪᠤᠭᠤᠲᠤ ᠬᠤᠳᠠ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠴᠡᠴᠡᠷᠯᠢᠭ ᠤᠨ ᠬᠥᠯ ᠪᠥᠮᠪᠦᠭᠡ ᠶᠢᠨ | ᠲᠠᠯᠠᠪᠤᠷ ᠲᠤ ᠠᠮᠵᠢᠯᠳᠠ ᠲᠠᠢ ᠦᠨᠳᠦᠷᠯᠡᠪᠡ︔ ᠠᠯᠠᠭᠠᠳᠠᠬᠤ ᠪᠥᠮᠪᠦᠭᠡ ᠶᠢᠨ ᠤᠷᠤᠯᠳᠤᠭᠠᠨ 7 ᠰᠠᠷ᠎ᠠ ᠶᠢᠨ 26 ︱ | 31 ᠤ ᠡᠳᠦᠷ᠂ ᠪᠤᠭᠤᠲᠤ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠯᠠᠭᠠᠳᠠᠬᠤ ᠪᠥᠮᠪᠦᠭᠡ ᠶᠢᠨ | ᠣᠷᠳᠣᠨ ᠳᠤ ᠶᠠᠪᠤᠭᠳᠠᠪᠠ︔ ᠰᠠᠭᠰᠤᠨ ᠪᠥᠮᠪᠦᠭᠡ ᠶᠢᠨ ᠲᠦᠷᠦᠯ ᠵᠦᠢᠯ ᠤᠨ ᠤᠷᠤᠯᠳᠤᠭᠠᠨ 7 ᠰᠠᠷ᠎ᠠ ᠶᠢᠨ 29 ᠤ | ᠡᠳᠦᠷ ᠠᠴᠠ 8 ᠰᠠᠷ᠎ᠠ ᠶᠢᠨ 4 ᠤ ᠡᠳᠦᠷ ᠪᠣᠯᠲᠠᠯ᠎ᠠ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠰᠠᠭᠰᠤᠨ ᠪᠥᠮᠪᠦᠭᠡ ᠶᠢᠨ ᠣᠷᠳᠣᠨ ᠳᠤ ᠶᠠᠪᠤᠭᠳᠠᠨ᠎ᠠ᠃ ᠥᠪᠡᠷᠲᠡᠭᠡᠨ ᠵᠠᠰᠠᠬᠤ ᠣᠷᠣᠨ ᠤ | ᠠᠩᠬᠠᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠭᠤᠷᠪᠠᠨ ᠶᠡᠭᠡ ᠪᠥᠮᠪᠦᠭᠡ ᠶᠢᠨ ᠲᠠᠮᠢᠷ ᠤᠨ | ᠴᠤᠭᠯᠠᠭᠠᠨ ᠳᠤ ᠪᠦᠬᠦ ᠣᠷᠣᠨ ᠤ ᠡᠯ᠎ᠡ ᠠᠶᠢᠮᠠᠭ ᠬᠤᠳᠠ ᠶᠢᠨ ᠳᠠᠭᠠᠭᠤᠯᠤᠭᠴᠢ᠂ ᠳᠠᠰᠬᠠᠯᠵᠢᠭᠤᠯᠤᠭᠴᠢ ᠪᠣᠯᠣᠨ | ᠲᠠᠮᠢᠷᠴᠢᠳ ᠨᠡᠶᠢᠳᠡ 1500 ᠭᠠᠷᠤᠢ ᠬᠦᠮᠦᠨ ᠣᠷᠣᠯᠴᠠᠵᠠᠢ᠃ | | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠵᠠᠯᠠᠭᠤᠴᠤᠳ | ᠪᠠᠭᠠᠴᠤᠳ ᠤᠨ ᠭᠤᠷᠪᠠᠨ ᠶᠡᠭᠡ ᠪᠥᠮᠪᠦᠭᠡ ᠶᠢᠨ ᠲᠠᠮᠢᠷ ᠤᠨ ᠴᠤᠭᠯᠠᠭᠠᠨ 2024 ᠣᠨ ᠤ 11 ᠰᠠᠷ᠎ᠠ ᠶᠢᠨ | ᠰᠡᠭᠦᠯᠴᠢ ᠠᠴᠠ 12 ᠰᠠᠷ᠎ᠠ ᠶᠢᠨ ᠡᠬᠢ ᠪᠣᠯᠲᠠᠯ᠎ᠠ ᠬᠤᠨᠠᠨ ᠳᠤ ᠶᠠᠪᠤᠭᠳᠠᠬᠤ ᠪᠣᠯᠣᠨ᠎ᠠ᠂ ᠡᠨᠡ ᠪᠣᠯ ᠮᠠᠨ ᠤ | ᠤᠯᠤᠰ ᠤᠨ ᠠᠩᠬ᠎ᠠ ᠤᠳᠠᠭ᠎ᠠ ᠪᠠᠶᠢᠭᠤᠯᠤᠭᠰᠠᠨ ᠭᠤᠷᠪᠠᠨ ᠶᠡᠭᠡ ᠪᠥᠮᠪᠦᠭᠡ ᠳᠤ ᠵᠣᠷᠢᠭᠤᠯᠤᠭᠰᠠᠨ ᠵᠠᠯᠠᠭᠤᠴᠤᠳ | ᠪᠠᠭᠠᠴᠤᠳ ᠤᠨ ᠲᠠᠮᠢᠷ ᠤᠨ ᠤᠷᠤᠯᠳᠤᠭᠠᠨ ᠪᠠᠶᠢᠵᠦ᠂ ᠭᠤᠷᠪᠠᠨ ᠶᠡᠭᠡ ᠪᠥᠮᠪᠦᠭᠡ ᠶᠢ ᠬᠥᠭᠵᠢᠭᠦᠯᠦᠨ ᠮᠠᠨᠳᠤᠭᠤᠯᠬᠤ | ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠰᠢᠯᠢᠳᠡᠭ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ | ᠴᠢᠳᠠᠪᠤᠷᠢᠲᠠᠨ ᠢ ᠢᠯᠡᠷᠡᠭᠦᠯᠬᠦ ᠪᠠ ᠬᠥᠮᠥᠵᠢᠭᠦᠯᠬᠦ ᠶᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠣᠪᠴᠢᠶ᠎ᠠ ᠤᠷᠤᠯᠳᠤᠭᠠᠨ ᠢ ᠰᠠᠶᠢᠲᠤᠷ ᠵᠣᠯᠭᠠᠭᠤᠯᠵᠤ᠂ ᠲᠦᠷᠦᠯ ᠵᠦᠢᠯ ᠤᠨ ᠰᠠᠭᠤᠷᠢ ᠶᠢ | ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ | ᠠᠵᠢᠯ ᠤᠨ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ | ᠵᠠᠯᠠᠭᠤᠴᠤᠳ ᠪᠠᠭᠠᠴᠤᠳ ᠤᠨ ᠭᠤᠷᠪᠠᠨ ᠶᠡᠭᠡ ᠪᠥᠮᠪᠥᠭᠡᠨ ᠲᠠᠮᠢᠷ ᠤᠨ ᠴᠤᠭᠯᠠᠭᠠᠨ ᠢ ᠡᠷᠬᠢᠯᠡᠵᠦ᠂ ᠰᠢᠯᠢᠳᠡᠭ ᠬᠢᠷᠢ | ᠪᠦᠲᠦᠮᠵᠢ ᠲᠠᠢ ᠲᠠᠮᠢᠷ ᠤᠨ ᠠᠩᠭᠢ ᠶᠢ ᠰᠣᠩᠭᠤᠨ ᠲᠣᠮᠢᠯᠠᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ | ᠲᠥᠯᠥᠭᠡᠯᠡᠭᠦᠯᠦᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ | ᠵᠠᠯᠠᠭᠤᠴᠤᠳ ᠪᠠᠭᠠᠴᠤᠳ ᠤᠨ ᠭᠤᠷᠪᠠᠨ ᠶᠡᠭᠡ ᠪᠥᠮᠪᠥᠭᠡᠨ ᠲᠠᠮᠢᠷ ᠤᠨ ᠴᠤᠭᠯᠠᠭᠠᠨ ᠳᠤ ᠣᠷᠣᠯᠴᠠᠭᠤᠯᠤᠨ᠎ᠠ᠃ | | | | | | |