8 ᠰᠠᠷ᠎ᠠ ᠶᠢᠨ 30 ᠤ ᠡᠳᠦᠷ᠂ ᠠᠪᠠᠭ᠎ᠠ ᠬᠤᠰᠢᠭᠤᠨ ᠤ ︽ᠠᠵᠠ ᠬᠡᠶᠢᠮᠦᠷᠢᠲᠦ︾ ᠬᠥᠯ ᠪᠥᠮᠪᠦᠭᠡ ᠶᠢᠨ | ᠨᠡᠶᠢᠭᠡᠮᠯᠢᠭ ᠪᠠᠶᠢᠭᠤᠯᠤᠭᠳᠠᠭᠰᠠᠨ ᠶᠡᠭᠡ ᠬᠤᠷᠠᠯ ᠠᠪᠠᠭ᠎ᠠ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠥᠪ ᠲᠤ ᠶᠠᠪᠤᠭᠳᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠬᠥᠯ ᠪᠥᠮᠪᠦᠭᠡ ᠶᠢᠨ ᠨᠡᠶᠢᠭᠡᠮᠯᠢᠭ ᠤᠨ ᠪᠠᠶᠢᠭᠤᠯᠤᠭᠳᠠᠭᠰᠠᠨ ᠳᠤ | ᠪᠠᠶᠠᠷ ᠬᠦᠷᠭᠡᠬᠦ ᠶᠢᠨ ᠬᠠᠮᠲᠤ ᠵᠢᠭᠠᠵᠤ ᠭᠠᠷᠭᠠᠭᠰᠠᠨ ᠨᠢ᠂ ᠬᠥᠯ ᠪᠥᠮᠪᠦᠭᠡ ᠶᠢᠨ ᠨᠡᠶᠢᠭᠡᠮᠯᠢᠭ ᠪᠠᠶᠢᠭᠤᠯᠤᠭᠳᠠᠭᠰᠠᠨ ᠨᠢ | ᠮᠠᠨ ᠤ ᠬᠤᠰᠢᠭᠤᠨ ᠤ ᠬᠥᠯ ᠪᠥᠮᠪᠦᠭᠡ ᠶᠢᠨ ᠬᠦᠳᠡᠯᠭᠡᠭᠡᠨ ᠤ ᠰᠢᠨ᠎ᠡ ᠬᠠᠭᠤᠳᠠᠰᠤ ᠶᠢ ᠰᠡᠬᠦᠭᠰᠡᠨ ᠢ ᠬᠠᠷᠠᠭᠤᠯᠵᠦ | ᠪᠠᠶᠢᠨ᠎ᠠ᠃ ᠬᠦᠯ ᠪᠦᠮᠪᠦᠭᠡ ᠶᠢᠨ ᠨᠡᠶᠢᠭᠡᠮᠯᠢᠭ ᠨᠢ ᠵᠣᠬᠢᠶᠠᠨ ᠪᠠᠶᠢᠭᠤᠯᠤᠯᠲᠠ ᠶᠢᠨ ᠲᠠᠭᠠᠭᠤᠯᠤᠭᠴᠢ ᠦᠢᠯᠡᠳᠦᠯ ᠢᠶᠠᠨ | ᠪᠠᠳᠠᠷᠠᠭᠤᠯᠵᠤ᠂ ᠡᠯ᠎ᠡ ᠲᠥᠷᠥᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠂ ᠬᠥᠯ ᠪᠥᠮᠪᠦᠭᠡ ᠶᠢᠨ | ᠬᠥᠳᠡᠯᠭᠡᠭᠡᠨ ᠢ ᠨᠠᠩ ᠶᠡᠭᠡ ᠬᠡᠪᠴᠢᠶ᠎ᠡ ᠪᠠᠷ ᠲᠦᠭᠡᠮᠡᠯᠵᠢᠭᠦᠯᠦᠨ ᠳᠡᠯᠭᠡᠷᠡᠭᠦᠯᠬᠦ ᠶᠢᠨ ᠬᠠᠮᠲᠤ ᠬᠥᠯ ᠪᠥᠮᠪᠦᠭᠡ ᠶᠢᠨ | ᠬᠥᠳᠡᠯᠭᠡᠭᠡᠨ ᠢᠶᠠᠷ ᠵᠢᠯᠣᠭᠤᠳᠣᠯᠭ᠎ᠠ ᠪᠣᠯᠭᠠᠵᠤ᠂ ᠪᠥᠬᠦ ᠬᠤᠰᠢᠭᠤᠨ ᠤ ᠬᠡᠪᠴᠢᠶᠡᠨ ᠳᠤ ︽ᠲᠠᠮᠢᠷ ᠤᠨ ᠬᠥᠳᠡᠯᠭᠡᠭᠡᠨ | ᠳᠤ ᠪᠠᠭ᠋ᠠᠳᠠᠢ᠂ ᠡᠷᠡᠭᠦᠯ ᠠᠮᠢᠳᠤᠷᠠᠯ ᠢ ᠡᠳ᠋ᠯᠡᠬᠦ︾ ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠣᠯᠠᠨ | ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠠᠷᠠᠳ ᠣᠯᠠᠨ ᠤ ᠡᠷᠡᠭᠦᠯ | ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ | ᠬᠤᠷᠠᠯ ᠳᠡᠭᠡᠷ᠎ᠡ ᠠᠷᠠᠳᠴᠢᠯᠠᠭᠰᠠᠨ ᠰᠣᠩᠭᠤᠭᠤᠯᠢ ᠪᠠᠷ ᠳᠠᠮᠵᠢᠨ᠂ ︽ᠠᠵᠠ ᠬᠡᠶᠢᠮᠦᠷᠢᠲᠦ︾ ᠬᠥᠯ | ᠪᠦᠮᠪᠦᠭᠡ ᠶᠢᠨ ᠨᠡᠶᠢᠭᠡᠮᠯᠢᠭ ᠤᠨ ᠳᠠᠷᠤᠭ᠎ᠠ᠂ ᠨᠡᠶᠢᠭᠡᠮᠯᠢᠭ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢ | ᠰᠣᠩᠭᠤᠨ ᠭᠠᠷᠭᠠᠪᠠ᠃ ᠡᠶᠢᠨᠬᠦ ᠠᠪᠠᠭ᠎ᠠ ᠬᠤᠰᠢᠭᠤᠨ ᠤ ︽ᠠᠵᠠ ᠬᠡᠶᠢᠮᠦᠷᠢᠲᠦ︾ ᠬᠥᠯ ᠪᠥᠮᠪᠦᠭᠡ ᠶᠢᠨ | ᠨᠡᠶᠢᠭᠡᠮᠯᠢᠭ ᠨᠢ ᠲᠦᠷᠢᠮ ᠢᠶᠠᠷ ᠲᠦᠰᠢᠭ ᠪᠣᠯᠭᠠᠵᠤ᠂ ᠨᠡᠶᠢᠭᠡᠮᠯᠢᠭ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠬᠥᠯ | ᠪᠥᠮᠪᠦᠭᠡ ᠶᠢᠨ ᠬᠥᠳᠡᠯᠭᠡᠭᠡᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠡᠯ᠎ᠡ ᠲᠥᠷᠥᠯ ᠤᠨ ᠬᠥᠯ ᠪᠥᠮᠪᠦᠭᠡ ᠶᠢᠨ | ᠪᠣᠯᠪᠠᠰᠤᠷᠠᠯ᠂ ᠤᠷᠤᠯᠳᠤᠭᠠᠨ ᠪᠠ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠣᠯᠠᠨ ᠲᠦᠮᠡᠨ ᠤ ᠬᠥᠯ | ᠪᠥᠮᠪᠦᠭᠡ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠥᠷᠨᠢᠯᠲᠡ ᠶᠢ ᠠᠬᠢᠭᠤᠯᠵᠤ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ ᠠᠬᠢᠭᠤᠯᠬᠤ ᠪᠤᠯᠤᠨ᠎ᠠ᠃ | ᠬᠤᠰᠢᠭᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠪᠠᠲᠤᠪᠠᠶᠠᠷ᠂ ᠬᠤᠰᠢᠭᠤ ᠰᠣᠶᠣᠯ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ ᠬᠠᠰᠪᠠᠭᠠᠨ᠎ᠠ ᠬᠤᠷᠠᠯ ᠳᠤ ᠣᠷᠣᠯᠴᠠᠵᠤ᠂ ᠬᠥᠯ | ᠪᠥᠮᠪᠦᠭᠡ ᠶᠢᠨ ᠨᠡᠶᠢᠭᠡᠮᠯᠢᠭ ᠤᠨ ᠬᠤᠶᠢᠰᠢᠳᠠ ᠶᠢᠨ ᠪᠣᠳᠠᠲᠠᠶ ᠠᠵᠢᠯ ᠳᠤ ᠬᠠᠮᠢᠶ᠎ᠠ ᠪᠦᠬᠦᠢ ᠵᠢᠯᠣᠭᠤᠳᠣᠯᠭ᠎ᠠ ᠬᠢᠵᠡᠶ᠃ |