ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠡᠨ ᠤ ᠭᠤᠷᠪᠠᠳᠤᠭᠠᠷ ᠪᠥᠬᠦᠳᠡ ᠬᠤᠷᠠᠯ ᠠᠴᠠ ᠬᠢᠨᠠᠨ | ᠵᠥᠪᠯᠡᠵᠦ ᠪᠠᠲᠤᠯᠠᠭᠰᠠᠨ ︽ᠲᠤᠮᠳᠠᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠡᠨ ᠤ ᠦᠭᠡᠷᠡᠴᠢᠯᠠᠯᠳᠠ ᠶᠢ | ᠴᠢᠨᠠᠭᠰᠢᠳᠠ ᠬᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢ ᠠᠬᠢᠭᠤᠯᠬᠤ ᠲᠤᠬᠠᠢ | ᠲᠣᠭᠲᠠᠭᠠᠯ︾ ᠳᠤ ︽ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠤᠯᠠᠨ ᠨᠡᠶᠢᠳᠡ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠎ᠡ︾᠂ ︽ᠡᠷᠡᠭᠦᠯ ᠮᠡᠨᠳᠦ ᠶᠢ ᠤᠷᠢᠳᠡᠪᠡᠷ ᠪᠤᠳᠤᠯᠬᠢᠯᠠᠬᠤ ᠪᠠᠶᠢᠯᠳᠤᠬᠤ ᠪᠤᠳᠤᠯᠭ᠎ᠠ | ᠶᠢ ᠬᠡᠷᠡᠭᠵᠢᠭᠦᠯᠦᠨ᠎ᠡ︾ ᠭᠡᠵᠦ ᠲᠤᠷᠠᠳᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ | ᠲᠥᠪ ᠬᠤᠷᠢᠶ᠎ᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠦᠢᠯᠡᠰ | ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠪᠠᠶᠢᠭ᠎ᠠ ᠶᠢ ᠭᠦᠢᠴᠡᠳ ᠬᠠᠷᠠᠭᠤᠯᠵᠦ ᠪᠠᠶᠢᠭ᠎ᠠ ᠶᠤᠮ᠃ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠤᠷᠭᠠᠨ ᠨᠢ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠲᠤᠬᠠᠶ | ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ | ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠠᠵᠢᠯ ᠤᠨ ᠢᠶᠠᠨ ᠡᠭᠦᠰᠭᠡᠯ ᠪᠠ ᠲᠡᠭᠦᠰᠬᠡᠯ ᠪᠣᠯᠭᠠᠵᠤ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠰᠠᠭᠤᠷᠢ | ᠣᠨᠣᠯ ᠤᠨ ᠰᠤᠳᠤᠯᠭᠠᠨ ᠢ ᠴᠢᠩᠭᠠᠳᠬᠠᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠥᠬᠡᠶ ᠲᠦᠷᠭᠡᠳᠬᠡᠨ | ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠵᠢᠴᠢ ᠪᠡᠶ᠎ᠡ ᠶᠢᠨ ᠲᠠᠮᠢᠷ ᠤᠨ ᠬᠦᠴᠦᠷᠬᠡᠭ | ᠤᠯᠤᠰ᠂ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ | ᠤᠨᠤᠯ ᠤᠨ ᠰᠤᠳᠤᠯᠭᠠᠨ ᠢ ᠴᠢᠩᠭᠠᠳᠬᠠᠵᠤ ᠤᠨᠤᠯ ᠤᠨ ᠪᠣᠷᠣ ᠲᠥᠯᠥᠪ ᠢ ᠲᠡᠭᠦᠯᠳᠡᠷᠵᠢᠭᠦᠯᠦᠨ᠎ᠡ | 2021 ᠣᠨ ᠤ 12 ᠰᠠᠷ᠎ᠠ ᠶᠢᠨ 31 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠨᠠᠩ ᠥᠨᠳᠥᠷ | ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ | ᠬᠥᠮᠦᠨ ᠤ ᠲᠤᠭ᠎ᠠ ᠶᠢᠨ ᠬᠠᠷᠢᠴᠠᠯ ᠢ 45% ᠠᠴᠠ ᠳᠡᠭᠡᠭᠰᠢ ᠳᠤ ᠬᠦᠷᠦᠭᠦᠯᠵᠦ᠂ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠪᠠ ᠪᠡᠶ᠎ᠡ ᠶᠢᠨ ᠲᠠᠮᠢᠷ ᠤᠨ ᠬᠢᠷᠢ ᠲᠦᠪᠰᠢᠨ ᠢ ᠳᠡᠯᠡᠬᠡᠶ ᠶᠢᠨ ᠡᠮᠦᠨ᠎ᠡ ᠡᠩᠨᠡᠭᠡᠨ ᠳᠤ ᠣᠷᠣᠭᠤᠯᠬᠤ︾ | ᠭᠤᠤᠯ ᠬᠠᠷᠠᠯᠲᠠ ᠶᠢ ᠲᠣᠭᠲᠠᠭᠠᠵᠤ᠂ ︽ᠪᠥᠬᠦ ᠲᠠᠯ᠎ᠠ ᠶᠢ ᠬᠠᠮᠤᠷᠬᠤ᠂ ᠨᠡᠶᠢᠲᠡ ᠶᠢᠨ ᠠᠰᠠᠷᠠᠮᠵᠢ ᠶᠢᠨ | ᠤᠳᠤᠷᠢᠳᠤᠮᠵᠢ ᠶᠢ ᠨᠢᠭᠡᠳᠬᠡᠬᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ᠂ ᠬᠤᠲᠠ ᠬᠥᠳᠡᠭᠡ ᠶᠢ ᠨᠢᠭᠡᠳᠦᠯᠲᠡᠶ | ᠲᠥᠯᠥᠪᠯᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠠᠬᠢᠭᠤᠯᠬᠤ᠂ | ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠣᠯᠠᠨ ᠲᠠᠯ᠎ᠠ ᠪᠠᠷ ᠣᠷᠣᠯᠴᠠᠬᠤ︾ ᠶᠢ ᠠᠬᠢᠭᠤᠯᠬᠤ ᠠᠵᠢᠯ ᠤᠨ | ᠵᠠᠷᠴᠢᠮ ᠢ ᠳᠤᠷᠠᠳᠴᠤ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠳᠡᠮᠵᠢᠵᠦ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢ ᠬᠥᠭᠵᠢᠭᠦᠯᠬᠦ︾ ︽ᠣᠯᠠᠨ ᠲᠠᠰ ᠳᠠᠪᠬᠤᠷᠭ᠎ᠠ ᠪᠠᠷ ᠣᠯᠠᠨ ᠶᠠᠩᠵᠤ ᠶᠢᠨ ᠤᠷᠤᠯᠳᠤᠭᠠᠨ ᠤ | ᠠᠵᠢᠯᠯᠠᠭ᠎ᠠ ᠶᠢᠨ ᠰᠢᠰᠲ᠋ᠧᠮ ᠢ ᠪᠠᠶᠢᠭᠤᠯᠬᠤ︾᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ | ᠥᠷᠭᠡᠨ ᠢᠶᠠᠷ ᠣᠷᠣᠯᠴᠠᠬᠤ ᠣᠯᠠᠨ ᠲᠦᠮᠡᠨ ᠤ ᠰᠠᠭᠤᠷᠢ ᠶᠢ ᠪᠠᠬᠢᠵᠢᠭᠦᠯᠬᠦ︾ ᠪᠠ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠴᠢᠩᠭᠠᠳᠬᠠᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ | ᠲᠤᠭᠤᠰᠢᠯᠠᠭᠤᠯᠤᠨ ᠬᠡᠷᠡᠭᠵᠢᠭᠦᠯᠬᠦ᠂ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠳᠤ ᠴᠢᠬᠤᠯᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ᠃ | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠤᠷᠭᠠᠨ ᠨᠢ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ︽ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ︾ | ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ︽ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠬᠠᠶ ᠰᠠᠨᠠᠯ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ | ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠰᠠᠭᠤᠷᠢ ᠴᠢᠨᠠᠷᠲᠠᠶ | ᠤᠬᠠᠭᠳᠠᠬᠤᠨ ᠢ ᠲᠠᠰᠤᠷᠠᠯᠲᠠ ᠥᠬᠡᠶ ᠨᠡᠮᠡᠭᠳᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠣᠷᠣᠨ | ᠨᠤᠲᠤᠭ ᠤᠨ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠢ ᠲᠠᠰᠤᠷᠠᠯᠲᠠ ᠥᠬᠡᠶ | ᠴᠢᠩᠭᠠᠷᠠᠭᠤᠯᠵᠤ᠂ ︽ᠲᠣᠮᠣ ᠤᠯᠠᠨ ᠲᠦᠮᠡᠨᠴᠢ︾ ᠠᠵᠢᠯ ᠤᠨ ᠪᠠᠶᠢᠷᠢᠰᠢᠯ ᠵᠡᠷᠭᠡ ᠰᠠᠭᠤᠷᠢ ᠣᠨᠣᠯ ᠤᠨ | ᠰᠤᠳᠤᠯᠭᠠᠨ ᠤ ᠡᠷᠴᠢᠮ ᠢ ᠴᠢᠩᠭᠠᠷᠠᠭᠤᠯᠤᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠢ | ᠵᠢᠯᠣᠭᠤᠳᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ | ᠠᠭᠤᠯᠬᠤᠨ᠂ ᠠᠵᠢᠯ ᠤᠨ ᠠᠭᠤᠯᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠣᠶᠢᠯᠠᠭᠠᠭᠤᠯᠵᠤ᠂ | ᠣᠳᠣᠬᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠳᠤ ᠣᠷᠣᠰᠢᠵᠤ | ᠪᠠᠶᠢᠭ᠎ᠠ ᠬᠥᠭᠵᠢᠯᠲᠡ ᠭᠦᠢᠴᠡᠳ ᠪᠤᠰᠤ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ | ᠲᠦᠮᠡᠨ ᠤ ᠪᠡᠶ᠎ᠡ ᠮᠠᠬᠠᠪᠣᠳ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠪᠥᠬᠦ ᠠᠷᠠᠳ ᠤᠨ ᠡᠷᠡᠭᠦᠯ ᠮᠡᠨᠳᠦ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠶᠢᠰᠦᠨ ᠶᠡᠭᠡ ᠰᠢᠰᠲ᠋ᠧᠮ ᠳᠤ ᠠᠩᠬᠠᠷᠤᠯ ᠢᠶᠠᠨ ᠲᠥᠪᠯᠡᠷᠡᠭᠦᠯᠵᠦ ᠲᠤᠳᠠᠭᠤᠳᠠᠯ ᠢᠶᠠᠨ ᠨᠦᠬᠦᠵᠦ ᠪᠠᠭᠤᠷᠠᠢ | ᠲᠠᠯ᠎ᠠ ᠪᠠᠨ ᠬᠦᠴᠦᠷᠭᠡᠭᠵᠢᠭᠦᠯᠦᠨ᠎ᠡ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠳᠤ ᠦᠷᠭᠦᠯᠵᠢᠯᠡᠨ ︽ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ | ᠬᠦᠴᠦᠷᠬᠡᠭᠵᠢᠭᠦᠯᠬᠦ︾ ᠴᠢᠬᠤᠯᠠᠲᠠᠶ ᠶᠤᠮ᠃ ᠨᠢᠭᠡ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠭᠦᠢᠴᠡᠳ ᠪᠤᠰᠤ ᠪᠥᠭᠡᠳ ᠲᠡᠩᠴᠡᠭᠦᠷᠢ ᠥᠬᠡᠶ ᠪᠠᠶᠢᠬᠤ ᠵᠥᠷᠢᠴᠡᠯ ᠢ | ᠰᠢᠢᠳᠪᠦᠷᠢᠯᠡᠵᠦ᠂ ᠪᠣᠳᠠᠲᠠᠶ ᠪᠠᠷ ᠬᠤᠲᠠ ᠬᠥᠳᠡᠭᠡ᠂ ᠣᠷᠣᠨ ᠪᠦᠰᠡ᠂ ᠬᠥᠮᠦᠰ᠂ ᠬᠥᠳᠡᠯᠭᠡᠭᠡᠨ ᠤ ᠲᠥᠷᠥᠯ | ᠵᠦᠢᠯ ᠤᠨ ᠬᠥᠭᠵᠢᠯᠲᠡ ᠭᠦᠢᠴᠡᠳ ᠪᠤᠰᠤ ᠪᠠᠶᠢᠬᠤ ᠪᠠ ᠲᠡᠩᠴᠡᠭᠦᠷᠢ ᠥᠬᠡᠶ ᠪᠠᠶᠢᠬᠤ ᠪᠠᠶᠢᠳᠠᠯ ᠢ ᠢᠯᠡᠷᠡᠭᠦᠯᠬᠦ | ᠬᠡᠷᠡᠭᠲᠡᠶ᠃ ᠬᠤᠶᠠᠷ ᠲᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ | ᠡᠯ᠎ᠡ ᠡᠯᠧᠮᠧᠨ᠋ᠲ ᠤᠨ ᠬᠤᠭᠤᠷᠣᠨᠳᠣ ᠣᠷᠣᠰᠢᠵᠤ ᠪᠠᠶᠢᠭ᠎ᠠ ᠬᠥᠭᠵᠢᠯᠲᠡ ᠭᠦᠢᠴᠡᠳ ᠪᠤᠰᠤ ᠲᠡᠩᠴᠡᠭᠦᠷᠢ ᠥᠬᠡᠶ | ᠪᠠᠶᠢᠬᠤ ᠵᠥᠷᠢᠴᠡᠯ ᠢ ᠰᠢᠢᠳᠪᠦᠷᠢᠯᠡᠵᠦ᠂ ᠬᠠᠮᠤᠭ ᠤᠨ ᠲᠣᠪᠤᠶᠢᠮ᠎ᠠ ᠳᠤᠲᠠᠭᠤᠳᠠᠯ ᠢ ᠦᠨᠳᠦᠰᠦᠨ ᠱᠠᠲᠤᠨ ᠤ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠢᠯᠡᠷᠡᠭᠦᠯᠬᠦ ᠬᠡᠷᠡᠭᠲᠡᠶ᠃ ᠭᠤᠷᠪᠠ ᠳᠤ᠂ | ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠠᠯᠲᠠ ᠲᠠᠢ ᠪᠠᠷ ᠬᠦᠴᠦᠯᠡᠵᠦ᠂ ᠳᠠᠷᠠᠭᠠᠴᠢ ᠶᠢᠨ | ᠱᠠᠲᠤᠨ ᠳᠤ ᠳᠣᠣᠷᠠᠬᠢ ᠶᠢᠰᠦᠨ ᠲᠠᠯ᠎ᠠ ᠪᠠᠷ ᠦᠷᠭᠦᠯᠵᠢᠯᠡᠨ ᠬᠦᠴᠦᠯᠡᠨ᠎ᠡ᠃ | ᠨᠢᠭᠡ ᠳᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ | ᠳᠡᠭᠡᠭᠰᠢᠯᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠬᠥᠭᠵᠢᠯᠲᠡ᠂ ᠬᠥᠮᠦᠨ ᠠᠮᠠ ᠶᠢᠨ | ᠬᠤᠪᠢᠷᠠᠯᠲᠠ ᠶᠢᠨ ᠬᠠᠨᠳᠤᠰᠢ ᠬᠠᠷᠢᠯᠴᠠᠨ ᠵᠣᠬᠢᠴᠠᠯᠳᠤᠭᠰᠠᠨ ᠲᠠᠯᠠᠪᠤᠷ ᠭᠠᠵᠠᠷ ᠤᠨ ᠪᠡᠯᠡᠳᠬᠡᠮᠵᠢ ᠬᠠᠩᠭᠠᠬᠤ | ᠲᠣᠭᠲᠠᠴᠠ ᠶᠢ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ | ᠭᠠᠵᠠᠷ ᠤᠨ ᠪᠡᠯᠡᠳᠬᠡᠮᠵᠢ ᠶᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠬᠦ ᠲᠠᠯ᠎ᠠ ᠪᠠᠷ ᠦᠷᠭᠦᠯᠵᠢᠯᠡᠨ ᠬᠦᠴᠦ | ᠣᠷᠣᠭᠤᠯᠵᠤ᠂ ︽ᠪᠡᠶ᠎ᠡ ᠴᠢᠭᠢᠷᠠᠭᠵᠢᠭᠤᠯᠬᠤ ᠳᠤ ᠬᠠᠮᠢᠭ᠎ᠠ ᠣᠴᠢᠬᠤ︾ ᠬᠦᠴᠢᠷ ᠠᠰᠠᠭᠤᠳᠠᠯ ᠢ ᠭᠤᠤᠯᠳᠠᠯᠭ᠎ᠠ ᠲᠠᠢ | ᠰᠢᠢᠳᠪᠦᠷᠢᠯᠡᠨ᠎ᠡ᠃ ᠬᠤᠶᠠᠷ ᠲᠤ᠂ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ | ᠪᠣᠷᠣ ᠲᠥᠯᠥᠪ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ | ᠣᠯᠠᠨ ᠲᠦᠮᠡᠨᠴᠢ ᠤᠷᠤᠯᠳᠤᠭᠠᠨ ᠤ ᠠᠵᠢᠯᠯᠠᠭ᠎ᠠ᠂ ᠪᠥᠬᠦ ᠤᠯᠤᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠤᠷᠤᠯᠳᠤᠭᠠᠨ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠢᠶᠠᠷ ᠲᠦᠷᠦᠭᠦᠯᠡᠭᠦᠯᠦᠨ᠂ ︽ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠵᠡᠷᠭᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠤᠤᠯ | ᠰᠡᠳᠦᠪᠲᠦ ᠠᠵᠢᠯᠯᠠᠭ᠎ᠠ ᠪᠠᠷ ᠵᠢᠱᠢᠶ᠎ᠡ ᠦᠵᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠪᠠ ᠭᠤᠤᠯᠳᠠᠯᠭ᠎ᠠ ᠲᠠᠢ | ᠤᠯᠠᠨ ᠲᠦᠮᠡᠨ ᠢ ᠴᠢᠩᠭ᠎ᠠ ᠠᠩᠬᠠᠷᠴᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠬᠡᠶᠢᠰᠪᠦᠷᠢ ᠪᠣᠳᠠᠲᠤ | ᠪᠠᠶᠢᠳᠠᠯ ᠢ ᠤᠶᠠᠯᠳᠤᠭᠤᠯᠬᠤ ᠶᠢ ᠢᠳᠡᠪᠬᠢᠲᠡᠶ ᠰᠦᠪᠡᠭᠴᠢᠯᠡᠵᠦ᠂ ᠣᠯᠠᠨ ᠲᠠᠰ ᠳᠠᠪᠬᠤᠷᠭ᠎ᠠ ᠣᠯᠠᠨ ᠶᠠᠩᠵᠤ ᠶᠢᠨ | ᠣᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ᠭᠤᠷᠪᠠ ᠳᠤ᠂ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠲᠦᠷᠭᠡᠨ ᠬᠥᠭᠵᠢᠯᠲᠡ ᠶᠢᠨ ᠶᠠᠪᠤᠴᠠ ᠳᠤ | ᠢᠯᠡᠷᠡᠭᠰᠡᠨ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ᠂ ᠠᠮᠤᠷ ᠲᠦᠪᠰᠢᠨ ᠬᠥᠭᠵᠢᠯᠲᠡ ᠵᠡᠷᠭᠡ | ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠴᠢᠭᠯᠡᠭᠦᠯᠦᠨ᠂ ︽ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠥᠪ | ᠴᠢᠭᠯᠡᠯ ᠢᠶᠠᠷ ᠵᠢᠷᠤᠮᠵᠢᠭᠤᠯᠵᠤ᠂ ᠡᠰᠡᠷᠭᠦ ᠴᠢᠭᠯᠡᠯ ᠢᠶᠠᠷ ᠬᠢᠵᠠᠭᠠᠷᠯᠠᠬᠤ︾ ᠶᠢ ᠪᠠᠷᠢᠮᠲᠠᠯᠠᠵᠤ᠂ ᠤᠯᠠᠨ ᠲᠦᠮᠡᠨ ᠤ | ᠤᠷᠤᠯᠳᠤᠭᠠᠨ ᠤ ᠠᠵᠢᠯᠯᠠᠭ᠎ᠠ ᠶᠢᠨ ᠠᠮᠤᠷ ᠲᠦᠪᠰᠢᠨ ᠪᠠ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ | ᠪᠠᠲᠤ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ᠃ ᠳᠥᠷᠪᠡᠳᠦᠭᠡᠷ ᠲᠤ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ | ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠩᠭᠠᠯᠭ᠎ᠠ ᠶᠢᠨ ︽ᠡᠴᠦᠰ ᠤᠨ ᠨᠢᠭᠡ ᠺᠢᠯᠦᠮᠧᠲᠷ︾ ᠢ ᠨᠡᠪᠲᠡᠷᠡᠭᠦᠯᠵᠦ᠂ | ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠤᠯᠠᠨ ᠲᠦᠮᠡᠨ ᠤ ᠳᠡᠷᠭᠡᠳᠡ ᠰᠢᠭᠤᠳ ᠬᠦᠷᠭᠡᠨ᠎ᠡ᠃ | ᠲᠠᠪᠤᠳᠤᠭᠠᠷ ᠲᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠬᠤ ᠰᠢᠰᠲ᠋ᠧᠮ ᠢ | ᠲᠡᠭᠦᠯᠳᠡᠷᠵᠢᠭᠦᠯᠵᠦ᠂ ᠥᠷᠭᠡᠨ ᠤᠯᠠᠨ ᠠᠷᠠᠳ ᠲᠦᠮᠡᠨ ᠤ ᠤᠯᠠᠮ ᠠᠴᠠ ᠤᠯᠠᠮ ᠬᠦᠭᠵᠢᠵᠦ ᠪᠤᠢ ᠥᠪᠡᠷᠮᠢᠴᠡ᠂ | ᠲᠤᠰᠬᠠᠶᠢᠵᠢᠭᠰᠠᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠲᠦᠷᠢᠮ ᠤᠨ ᠪᠠᠷᠢᠮᠵᠢᠶ᠎ᠠ᠂ | ᠴᠢᠳᠠᠪᠤᠷᠢᠲᠠᠨ ᠤ ᠡᠩᠨᠡᠭᠡ᠂ ᠪᠡᠶ᠎ᠡ ᠴᠢᠭᠢᠷᠠᠭᠵᠢᠭᠤᠯᠬᠤ ᠠᠷᠭ᠎ᠠ ᠵᠡᠷᠭᠡ ᠲᠠᠯ᠎ᠠ ᠪᠠᠷ ᠲᠡᠭᠦᠯᠳᠡᠷᠵᠢᠭᠦᠯᠦᠨ | ᠳᠡᠭᠡᠭᠰᠢᠯᠡᠭᠦᠯᠦᠨ᠎ᠡ᠃ ᠵᠢᠷᠭᠤᠭ᠎ᠠ ᠳᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ | ᠲᠦᠷᠢᠮ ᠤᠨ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠵᠦ᠂ ︽ᠵᠦᠪᠰᠢᠶᠡᠷᠡᠬᠦ ᠪᠠᠷᠢᠮᠵᠢᠶ᠎ᠠ ᠶᠢ ᠪᠠᠭᠤᠷᠠᠭᠤᠯᠬᠤ᠂ | ᠡᠩᠨᠡᠭᠡᠨ ᠤ ᠲᠤᠭ᠎ᠠ ᠬᠡᠮᠵᠢᠶ᠎ᠡ ᠶᠢ ᠥᠷᠭᠡᠳᠬᠡᠬᠦ᠂ ᠦᠢᠯᠡᠳᠦᠯ ᠢ ᠲᠠᠬᠢᠨ ᠪᠠᠳᠠᠷᠠᠭᠤᠯᠬᠤ᠂ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠬᠦ᠂ ᠱᠠᠳᠤ ᠬᠤᠪᠢᠶᠠᠨ ᠲᠦᠷᠦᠯ ᠬᠤᠪᠢᠶᠠᠨ ᠬᠠᠮᠢᠶᠠᠷᠬᠤ᠂ ᠦᠨᠳᠦᠰᠦᠨ ᠱᠠᠲᠤᠨ ᠤ | ᠠᠮᠢᠵᠢᠷᠠᠯ ᠤᠨ ᠬᠦᠴᠦᠨ ᠢ ᠬᠥᠭᠵᠢᠭᠡᠬᠦ︾ ᠰᠡᠳᠬᠢᠴᠡ ᠶᠣᠰᠣᠭᠠᠷ᠂ ︽ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠨ ᠨᠡᠶᠢᠲᠡᠯᠡᠬᠦ ᠶᠢ ᠲᠦᠷᠭᠡᠳᠬᠡᠵᠦ᠂ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠦᠢᠯᠡᠳᠦᠯ ᠢ ᠦᠨᠡᠨ ᠬᠦ ᠰᠠᠶᠢᠲᠤᠷ | ᠪᠠᠳᠠᠷᠠᠭᠤᠯᠤᠨ᠎ᠡ᠃ ᠳᠣᠯᠤᠭ᠎ᠠ ᠳᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ | ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠶᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ | ᠦᠢᠯᠡᠴᠢᠯᠡᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠵᠢᠵᠢᠭ ᠬᠡᠯᠪᠡᠷᠢ ᠶᠢᠨ᠂ ᠣᠯᠠᠨ ᠶᠠᠩᠵᠤ ᠶᠢᠨ᠂ ᠳᠥᠭᠦᠮ | ᠳᠥᠲᠡ᠂ ᠣᠯᠠᠨ ᠲᠦᠮᠡᠨ ᠤ ᠳᠡᠷᠭᠡᠳᠡ ᠣᠶᠢᠷᠠᠲᠤᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠨᠠᠢᠮᠠ ᠳᠤ᠂ ᠠᠷᠠᠳ ᠢᠷᠭᠡᠳ ᠤᠨ | ᠪᠡᠶ᠎ᠡ ᠮᠠᠬᠠᠪᠣᠳ ᠢ ᠬᠢᠨᠠᠨ ᠰᠢᠨᠵᠢᠬᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠢ | ᠪᠠᠶᠢᠴᠠᠭᠠᠬᠤ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠪᠠᠷᠢᠮᠵᠢᠶ᠎ᠠ ᠳᠤ ᠬᠦᠷᠭᠡᠬᠦ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠵᠤ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ | ᠦᠨᠳᠦᠰᠦᠨ ᠠᠵᠢᠯ ᠤᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠷᠠᠳ ᠢᠷᠭᠡᠳ ᠤᠨ ᠪᠡᠶ᠎ᠡ | ᠮᠠᠬᠠᠪᠣᠳ ᠢ ᠬᠢᠨᠠᠨ ᠰᠢᠨᠵᠢᠬᠦ ᠠᠵᠢᠯ ᠢ ᠰᠦᠪᠡᠭᠴᠢᠯᠡᠵᠦ᠂ ᠨᠢᠭᠡ ᠵᠢᠯ ᠢᠶᠠᠷ ᠦᠶᠡᠯᠡᠯ ᠪᠣᠯᠭᠠᠨ ᠪᠠᠶᠢᠩᠭᠤᠵᠢᠭᠰᠠᠨ᠂ | ᠦᠶᠡᠯᠡᠯᠲᠦ ᠴᠢᠨᠠᠷᠲᠠᠶ ᠪᠦᠷᠢᠳᠬᠡᠯ ᠬᠢᠬᠦ ᠶᠢ ᠰᠦᠪᠡᠭᠴᠢᠯᠡᠨ᠂ ᠤᠯᠤᠰ ᠠᠷᠠᠳ ᠤᠨ ᠪᠡᠶ᠎ᠡ ᠮᠠᠬᠠᠪᠣᠳ ᠤᠨ | ᠪᠠᠷᠢᠮᠵᠢᠶ᠎ᠠ ᠳᠤ ᠬᠦᠷᠦᠭᠰᠡᠨ ᠨᠣᠷᠮ᠎ᠠ ᠪᠠ ᠰᠢᠯᠢᠳᠡᠭ ᠰᠠᠶᠢᠨ ᠨᠣᠷᠮ᠎ᠠ ᠶᠢ ᠬᠥᠳᠡᠯᠦᠩᠭᠦᠶ ᠪᠠᠷ ᠡᠵᠡᠮᠰᠢᠭᠦᠯᠦᠨ᠎ᠡ︔ ᠪᠥᠬᠦ | ᠠᠷᠠᠳ ᠤᠨ ᠪᠡᠶ᠎ᠡ ᠮᠠᠬᠠᠪᠣᠳ ᠤᠨ ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠲᠦᠰᠦᠭᠡᠯᠡᠨ᠎ᠡ︔ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠬᠥᠭᠵᠢᠯᠲᠡ ᠬᠤᠪᠢᠷᠠᠯᠲᠠ ᠶᠢᠨ ᠬᠠᠨᠳᠤᠰᠢ ᠶᠢ | ᠪᠣᠭᠤᠨᠢᠰᠬᠠᠬᠤ ᠶᠢ ᠰᠦᠪᠡᠭᠴᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠬᠥᠭᠵᠢᠯᠲᠡ | ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠶ ᠳᠤᠨᠢ ᠡᠵᠡᠮᠰᠢᠨ᠎ᠡ︔ ᠤᠯᠤᠰ ᠤᠨ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠪᠠᠷᠢᠮᠵᠢᠶ᠎ᠠ ᠶᠢᠨ ᠠᠵᠢᠯ ᠳᠤ ᠨᠡᠭᠡᠭᠡᠯᠲᠡ ᠬᠢᠬᠦ ᠣᠨᠣᠯᠵᠢᠬᠤᠨ ᠢᠶᠠᠷ ᠨᠡᠶᠢᠭᠡᠮ ᠤᠨ ᠬᠦᠴᠦᠨ ᠪᠠ | ᠳᠡᠭᠡᠳᠦ ᠰᠢᠨ᠎ᠡ ᠠᠵᠤ ᠠᠬᠤᠶᠢᠯᠠᠯ ᠵᠡᠷᠭᠡ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠪᠠᠷᠢᠮᠵᠢᠶ᠎ᠠ ᠳᠤ ᠬᠦᠷᠭᠡᠬᠦ | ᠠᠵᠢᠯᠯᠠᠭ᠎ᠠ ᠥᠷᠨᠢᠭᠦᠯᠬᠦ ᠬᠡᠯᠪᠡᠷᠢ ᠳᠤ ᠰᠢᠨ᠎ᠡ ᠶᠢ ᠡᠭᠦᠳᠦᠨ᠎ᠡ᠃ ᠶᠢᠰᠦ ᠳᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠶᠢ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ | ᠠᠬᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠪᠥᠬᠦ ᠠᠷᠠᠳ ᠤᠨ ᠡᠷᠡᠭᠦᠯ ᠮᠡᠨᠳᠦ ᠶᠢ ᠳᠡᠭᠡᠭᠰᠢᠯᠡᠭᠦᠯᠬᠦ ᠪᠠ | ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠬᠢ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠤᠷ᠎ᠠ | ᠴᠢᠳᠠᠪᠤᠷᠢ ᠶᠢ ᠤᠯᠠᠮᠵᠢᠯᠠᠨ᠎ᠠ᠃ | ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠨ᠎ᠠ | ᠣᠯᠠᠨ ᠲᠦᠮᠡᠨᠴᠢ ᠪᠡᠶ᠎ᠡ ᠶᠢᠨ ᠲᠠᠮᠢᠷ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠨᠢ ᠬᠥᠮᠦᠨ ᠨᠢᠭᠡᠪᠦᠷᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠵᠤ | ᠪᠠᠶᠢᠳᠠᠭ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠥᠷᠨᠢᠭᠦᠯᠬᠦ ᠳᠤ ᠨᠡᠶᠢᠭᠡᠮ ᠤᠨ ᠡᠯ᠎ᠡ | ᠡᠲᠡᠭᠡᠳ ᠤᠨ ᠬᠢᠨ ᠥᠷᠭᠡᠨ ᠢᠶᠠᠷ ᠳᠡᠮᠵᠢᠨ ᠠᠩᠬᠠᠷᠴᠤ᠂ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠤᠨ᠂ | ᠨᠠᠮ ᠤᠨ ᠬᠤᠷᠢᠶ᠎ᠠ ᠵᠠᠰᠠᠭ ᠤᠨ ᠣᠷᠳᠣᠨ ᠤᠳᠤᠷᠢᠳᠤᠭᠰᠠᠨ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ | ᠭᠤᠤᠯᠯᠠᠭᠰᠠᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠲᠦᠰᠢᠭ ᠲᠤᠯᠭᠠᠭᠤᠷᠢ᠂ | ᠡᠯ᠎ᠡ ᠲᠠᠯ᠎ᠠ ᠶᠢᠨ ᠬᠢᠨ ᠣᠷᠣᠯᠴᠠᠭᠰᠠᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠶ᠃ ︽ᠲᠣᠮᠣ ᠤᠯᠠᠨ ᠲᠦᠮᠡᠨᠴᠢ︾ ᠤᠨ | ᠪᠠᠶᠢᠷᠢᠰᠢᠯ ᠢ ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠤᠯᠤᠰ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠶᠠᠪᠤᠴᠠ ᠳᠠᠬᠢ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠦᠷᠳᠡᠭ ᠪᠣᠯᠤᠨ ᠤᠯᠠᠨ ᠡᠰᠢᠲᠦ | ᠴᠢᠳᠠᠮᠵᠢ ᠶᠢ ᠭᠦᠨᠵᠡᠭᠡᠢ ᠲᠠᠨᠢᠨ ᠭᠦᠢᠴᠡᠳ ᠪᠠᠳᠠᠷᠠᠭᠤᠯᠵᠤ᠂ ᠠᠵᠢᠯ ᠤᠨ ᠳᠤᠮᠳᠠ ᠤᠯᠤᠰ ᠤᠨ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠪᠠ ᠲᠡᠭᠦᠨ ᠳᠤ ᠦᠢᠯᠡᠴᠢᠯᠡᠵᠦ᠂ ᠨᠠᠮ ᠤᠨ | ᠬᠤᠷᠢᠶ᠎ᠠ ᠵᠠᠰᠠᠭ ᠤᠨ ᠣᠷᠳᠣᠨ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠲᠠᠶᠢᠴᠢᠯᠠᠵᠤ᠂ ᠠᠵᠢᠯ ᠤᠨ ᠬᠠᠮᠲᠤᠷᠠᠯ ᠤᠨ ᠬᠦᠴᠦᠨ ᠢ | ᠪᠦᠷᠢᠯᠳᠦᠭᠦᠯᠬᠦ ᠬᠡᠷᠡᠭᠲᠡᠢ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ | ᠲᠦᠷᠦ ᠶᠢᠨ ᠪᠤᠳᠤᠯᠭ᠎ᠠ ᠶᠢᠨ ᠰᠢᠰᠲ᠋ᠧᠮ ᠪᠣᠯᠤᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡ ᠶᠢ | ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠰᠢᠰᠲ᠋ᠧᠮᠵᠢᠭᠦᠯᠬᠦ᠂ ᠳᠥᠭᠦᠮᠴᠢᠯᠡᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ᠂ ᠤᠶᠤᠨᠴᠢᠯᠠᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠷᠤᠳᠠᠯ ᠢ ᠬᠤᠪᠢᠶᠠᠷᠢᠯᠠᠬᠤ ᠠᠷᠭ᠎ᠠ ᠮᠠᠶ᠋ᠢᠭ ᠪᠣᠯᠤᠨ ᠠᠮᠵᠢᠯᠲᠠ | ᠪᠦᠲᠦᠮᠵᠢ ᠶᠢ ᠦᠨᠡᠯᠡᠬᠦ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠢ ᠪᠦᠷᠢᠳᠬᠡᠵᠦ ᠬᠢᠨᠠᠨ ᠬᠡᠮᠵᠢᠬᠦ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠤᠷᠮᠠᠰᠢᠭᠤᠯᠬᠤ ᠳᠦᠷᠢᠮ ᠢ | ᠲᠡᠭᠦᠯᠳᠡᠷᠵᠢᠭᠦᠯᠬᠦ ᠬᠡᠷᠡᠭᠲᠡᠶ᠃ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠲᠥᠪ᠂ ᠨᠡᠶᠢᠭᠡᠮᠯᠢᠭ᠂ ᠣᠷᠣᠨ | ᠨᠤᠲᠤᠭ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠤᠨ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯ ᠢ ᠥᠷᠨᠢᠭᠦᠯᠬᠦ ᠶᠢ ᠦᠨᠡᠯᠡᠬᠦ᠂ ᠬᠢᠨᠠᠨ ᠵᠢᠯᠣᠭᠤᠳᠬᠤ᠂ ᠤᠷᠮᠠᠰᠢᠭᠤᠯᠬᠤ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠵᠠᠷᠤᠳᠠᠯ ᠰᠢᠯᠵᠢᠭᠦᠯᠦᠨ ᠥᠭᠬᠦ᠂ | ᠦᠢᠯᠡᠴᠢᠯᠡᠭᠡᠨ ᠬᠤᠳᠠᠯᠳᠤᠨ ᠠᠪᠬᠤ᠂ ᠰᠢᠯᠢᠳᠡᠭ ᠢ ᠡᠭᠦᠳᠴᠦ ᠲᠡᠷᠢᠭᠦᠨ ᠤ ᠬᠢ ᠶᠢ ᠰᠢᠯᠭᠠᠷᠠᠭᠤᠯᠬᠤ ᠵᠡᠷᠭᠡ ᠯᠦᠭᠡ | ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠶ᠃ ︵ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ | ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠤᠷᠭᠠᠨ ᠳ᠋ᠢᠩ ᠳ᠋ᠦᠩ ᠵᠠᠩ ᠹᠠᠨ ᠰᠦᠨ ᠱᠦ ᠸᠧᠶ︶ |