︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠬᠠᠮᠠᠳ | ᠲᠠᠮᠢᠷᠴᠢᠨ ᠪᠠ ᠠᠬᠠᠮᠠᠳ ᠰᠤᠷᠭᠠᠭᠴᠢ ᠢ ᠬᠠᠯᠠᠮᠵᠢᠯᠠᠨ ᠲᠤᠰᠠᠯᠠᠬᠤ ᠪᠠᠯᠠ ᠮᠥᠩᠭᠦ ᠭᠤᠶᠤᠴᠢᠯᠠᠬᠤ ᠪᠠ ᠤᠯᠭᠤᠬᠤ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠲᠣᠰ ᠬᠥᠮᠦᠨ ᠤ ᠭᠤᠶᠤᠴᠢᠯᠠᠬᠤ᠂ ᠨᠢᠭᠡᠴᠢ ᠠᠴᠠ | ᠲᠠᠨᠢᠯᠴᠠᠭᠤᠯᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠰᠬᠠᠶ ᠰᠡᠳᠦᠪᠲᠦ ᠬᠤᠷᠠᠯ ᠢᠶᠠᠷ ᠰᠤᠳᠤᠯᠬᠤ ᠵᠡᠷᠭᠡ | ᠲᠠᠰ ᠳᠠᠷᠠᠭᠠᠯᠠᠯ ᠢᠶᠠᠷ ᠳᠡᠮᠵᠢᠨ᠂ ᠣᠲᠣ 2024 ᠣᠨ ᠤ ᠲᠤᠰᠠᠯᠠᠮᠵᠢ ᠶᠢᠨ ᠪᠠᠶᠢᠳᠠᠯ ᠢ ᠢᠯᠡ ᠨᠡᠶᠢᠲᠡᠯᠡᠪᠡ᠃ | ᠨᠢᠭᠡ᠂ ᠲᠤᠰᠠᠯᠠᠨ ᠳᠡᠮᠵᠢᠬᠦ ᠠᠵᠢᠯᠲᠠᠨ ᠵᠢᠴᠢ ᠲᠤᠰᠠᠯᠠᠨ ᠳᠡᠮᠵᠢᠬᠦ ᠪᠡᠯᠡ ᠮᠦᠩᠭᠦ | 1. ᠵᠠᠩ ᠬᠦᠶ ᡁᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠤᠷ | ᠣᠷᠳᠣᠨ ᠤ ᠦᠢᠯᠡᠴᠢᠯᠡᠭᠡᠨ ᠤ ᠲᠥᠪ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ︵ᠤᠤᠯ ᠤᠨ ᠪᠡᠶ᠎ᠡ ᠶᠢᠨ | ᠲᠠᠮᠢᠷ ᠤᠨ ᠨᠢᠭᠡᠳᠦᠭᠡᠷ ᠶᠡᠭᠡ ᠠᠩᠭᠢ ᠶᠢᠨ ᠲᠠᠮᠢᠷᠴᠢᠨ︶ ᠤᠷᠲᠤ ᠬᠤᠭᠤᠴᠠᠭᠠᠨ ᠤ ᠪᠣᠯᠪᠠᠰᠤᠷᠠᠯ ᠤᠷᠤᠯᠳᠤᠭᠠᠨ ᠠᠴᠠ | ᠪᠣᠯᠵᠣ ᠭᠤᠷᠪᠠᠨ ᠲᠥᠷᠥᠯ ᠤᠨ ᠲᠠᠮᠢᠷ ᠤᠨ ᠬᠥᠳᠡᠯᠭᠡᠭᠡᠨ ᠤ ᠵᠡᠮᠳᠡᠭ ᠪᠣᠯᠤᠭᠰᠠᠨ ︵ᠬᠡᠰᠡᠭ ᠰᠤᠪᠢᠯᠠᠯᠲᠠ ᠳᠤ | ᠲᠦᠰᠢᠭᠯᠡᠨ᠎ᠡ︶ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠲᠤᠯᠠ 2 ᠲᠦᠮᠡᠨ ᠲᠥᠭᠦᠷᠢᠭ ᠤᠨ ᠪᠡᠯᠡ ᠮᠦᠩᠭᠦ | ᠪᠠᠷ ᠲᠤᠰᠠᠯᠠᠬᠤ ᠪᠠᠷ ᠪᠤᠢ᠃ | 2. ᠪᠥᠬᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠦᠷᠢᠰᠦᠯᠳᠦᠭᠡᠨᠳᠦ | ᠤᠷᠤᠯᠳᠤᠭᠠᠨ ᠤ ᠪᠡᠶ᠎ᠡ ᠶᠢᠨ ᠲᠠᠮᠢᠷ ᠤᠨ ᠲᠥᠪ ᠤᠨ ᠠᠵᠢᠯ ᠠᠴᠠ ᠪᠠᠨ ᠠᠮᠠᠷᠠᠭᠰᠠᠨ ᠰᠤᠷᠭᠠᠭᠴᠢ ︵ᠤᠤᠯ ᠤᠨ | ᠪᠡᠶ᠎ᠡ ᠶᠢᠨ ᠲᠠᠮᠢᠷ ᠤᠨ ᠭᠤᠷᠪᠠᠳᠤᠭᠠᠷ ᠶᠡᠭᠡ ᠠᠩᠭᠢ ᠶᠢᠨ ᠲᠠᠮᠢᠷᠴᠢᠨ︶ ᠬᠦᠨᠳᠦ ᠶᠡᠭᠡ ᠡᠪᠡᠳᠴᠢᠨ ᠡᠮᠭᠡᠭ᠂ | ᠭᠡᠨᠡᠳᠲᠡ ᠶᠢᠨ ᠬᠡᠷᠡᠭ ᠵᠡᠷᠭᠡ ᠰᠢᠯᠲᠠᠭᠠᠨ ᠠᠴᠠ ᠪᠣᠯᠵᠤ ᠠᠮᠢᠳᠤᠷᠠᠯ ᠨᠢ ᠬᠦᠴᠢᠷᠳᠡᠯ ᠲᠠᠢ ᠪᠤᠯᠤᠭᠰᠠᠨ ᠬᠥᠮᠥᠰ ᠤᠨ | ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠲᠤᠯᠠ 1 ᠲᠦᠮᠡᠨ ᠲᠥᠭᠦᠷᠢᠭ ᠤᠨ ᠪᠡᠯᠡ ᠮᠦᠩᠭᠦ ᠪᠠᠷ ᠲᠤᠰᠠᠯᠠᠬᠤ ᠪᠠᠷ | ᠪᠤᠢ᠃ | ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ | 2024 ᠣᠨ ᠤ 9 ᠰᠠᠷ᠎ᠠ ᠶᠢᠨ 14 ᠤ ᠡᠳᠦᠷ ᠠᠴᠠ 9 ᠰᠠᠷ᠎ᠠ ᠶᠢᠨ 23 ᠤ ᠡᠳᠦᠷ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠢ ᠪᠤᠶᠤ ᠬᠤᠪᠢ ᠬᠥᠮᠦᠨ ᠨᠢ ᠨᠡᠶᠢᠲᠡᠯᠡᠭᠰᠡᠨ ᠪᠠᠶᠢᠳᠠᠯ ᠳᠤ ᠣᠨᠳᠣᠤ ᠰᠠᠨᠠᠯ ᠲᠠᠢ ᠪᠣᠯ᠂ ᠤᠳᠠᠰᠦ᠂ | ᠰᠤᠷᠪᠤᠯᠵᠢᠯᠠᠭ᠎ᠠ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ | ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠵᠤ ᠪᠠᠢᠭ᠎ᠠ | ᠠᠰᠠᠭᠤᠳᠠᠯ ᠳᠠᠭᠠᠨ ᠪᠠᠶᠢᠴᠠᠭᠠᠵᠦ ᠪᠣᠯᠬᠤ ᠭᠡᠷᠡᠴᠢ ᠪᠠ ᠬᠤᠯᠪᠣᠭᠳᠠᠯ ᠪᠦᠬᠦᠢ ᠪᠤᠰᠤᠳ ᠮᠠᠲ᠋ᠧᠷᠢᠶᠠᠯ ᠢ ᠬᠠᠩᠭᠠᠨ᠎ᠠ᠃ | ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ | ᠬᠤᠶᠢᠨ᠎ᠠ 14᠄ 30 - 17᠄ 30 | ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 - 6396117 | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ | ᠪᠡᠶ᠎ᠡ ᠶᠢᠨ ᠲᠠᠮᠢᠷ ᠤᠨ ᠲᠤᠪᠴᠢᠶ᠎ᠠ | 2024 ᠣᠨ ᠤ 9 ᠰᠠᠷ᠎ᠠ ᠶᠢᠨ 13 ᠤ ᠡᠳᠦᠷ |