ᠬᠦᠴᠦᠨ ᠤ ᠪᠤᠯᠪᠠᠰᠤᠷᠠᠯ ᠨᠢ ᠨᠤᠶᠢᠷ ᠰᠠᠶᠢᠵᠢᠷᠠᠭᠤᠯᠬᠤ ᠳᠤ ᠠᠰᠢᠭᠳᠠᠢ
ᠨᠡᠶᠢᠲᠡᠯᠡᠭᠰᠡᠨ ᠴᠠᠭ᠄
2024/9/4
    ᠣᠶᠢᠷ᠎ᠠ ᠳᠤ ᠨᠢᠭᠡᠨ ᠰᠤᠳᠤᠯᠭᠠᠨ ᠠᠴᠠ ᠬᠦᠴᠦᠨ ᠤ ᠪᠣᠯᠪᠠᠰᠤᠷᠠᠯ ᠨᠢ ᠨᠦᠢᠷ ᠢ ᠰᠠᠶᠢᠵᠢᠷᠠᠭᠤᠯᠬᠤ᠂ ᠤᠨᠲᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠬᠢ ᠦᠷ᠎ᠡ ᠪᠦᠲᠦᠮᠵᠢ ᠨᠢ ᠬᠠᠮᠤᠭ ᠰᠠᠶᠢᠨ ᠪᠠᠶᠢᠳᠠᠭ ᠭᠡᠳᠡᠭ ᠢ ᠤᠯᠵᠤ ᠮᠡᠳᠡᠪᠡ᠃     ᠰᠤᠳᠤᠯᠭᠠᠨ ᠳᠤ ᠤᠷᠤᠭᠤᠯᠤᠬᠰᠠᠨ 2649 ᠣᠷᠣᠯᠴᠠᠭᠴᠢ ᠨᠢ 16 ᠨᠠᠰᠤᠨ ᠠᠴᠠ 62.2 ᠨᠠᠰᠤᠨ ᠤ ᠬᠤᠭᠤᠷᠤᠨᠳᠦᠬᠢ ᠬᠦᠮᠦᠰ ᠪᠠᠶᠢᠪᠠ᠂ ᠡᠭᠦᠨ ᠳᠤ 74.1% ᠨᠢ ᠡᠮᠡᠭᠲᠡᠶᠢᠴᠦᠳ ᠪᠣᠯᠤᠨ᠎ᠠ᠃ ᠲᠡᠳᠡᠨ ᠳᠤ ᠬᠥᠳᠡᠯᠭᠡᠭᠡᠨ ᠬᠢᠯᠭᠡᠬᠦ ᠠᠷᠭ᠎ᠠ ᠪᠠᠷᠢᠯ ᠠᠪᠴᠠᠢ᠂ ᠬᠥᠳᠡᠯᠭᠡᠭᠡᠨ ᠬᠢᠯᠭᠡᠬᠦ ᠠᠷᠭ᠎ᠠ ᠪᠠᠷᠢᠯ ᠳᠤ᠄ ᠬᠦᠴᠢᠯᠲᠥ᠋ᠷᠥᠭᠴᠢᠲᠦ ᠬᠥᠳᠡᠯᠭᠡᠭᠡᠨ᠂ ᠬᠦᠴᠦᠨ ᠤ ᠪᠣᠯᠪᠠᠰᠤᠷᠠᠯ᠂ ᠠᠯᠬᠤᠬᠤ᠂ ᠶᠤᠭ᠎ᠠ᠂ ᠭᠦᠨ ᠪᠣᠳᠣᠯᠭᠠᠰᠢᠷᠠᠬᠤ ᠪᠠ ᠨᠠᠢᠮᠠᠯᠠᠭᠰᠠᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ᠢ ᠪᠠᠭᠳᠠᠭᠠᠵᠠᠢ᠃ ᠪᠡᠶ᠎ᠡ ᠶᠢᠨ ᠬᠥᠳᠡᠯᠭᠡᠭᠡᠨ ᠤ ᠲᠡᠮᠳᠡᠭᠯᠡᠭᠦᠷ ᠢᠶᠠᠷ ᠳᠠᠮᠵᠢᠨ ᠣᠷᠣᠯᠴᠠᠭᠴᠢ ᠶᠢᠨ ᠤᠨᠲᠠᠬᠤ ᠴᠢᠨᠠᠷ ᠴᠢᠨᠰᠠᠭ᠎ᠠ ᠵᠢᠴᠢ ᠣᠷᠣᠯᠴᠠᠭᠴᠢ ᠶᠢᠨ ᠤᠨᠲᠠᠬᠤ ᠪᠠᠶᠢᠳᠠᠯ ᠤᠨ ᠲᠤᠬᠠᠢ ᠥᠪᠡᠷ ᠢᠶᠠᠨ ᠦᠨᠡᠯᠡᠯᠳᠡ ᠵᠡᠷᠭᠡ ᠶᠢ ᠲᠡᠮᠳᠡᠭᠯᠡᠳᠡᠭ᠃ ᠬᠠᠮᠤᠭ ᠡᠴᠦᠰ ᠤᠨ ᠲᠤᠷᠰᠢᠯᠲᠠ ᠶᠢᠨ ᠬᠤᠪᠢ ᠲᠣᠭᠲᠠᠭᠠᠭᠰᠠᠨ ᠦᠷ᠎ᠡ ᠳ᠋ᠦᠩ ᠠᠴᠠ ᠦᠵᠡᠪᠡᠯ᠄ ᠬᠦᠴᠦᠨ ᠤ ᠪᠣᠯᠪᠠᠰᠤᠷᠠᠯ ᠬᠢᠭᠰᠡᠨ ᠬᠥᠮᠦᠨ ᠨᠢ ᠬᠠᠮᠤᠭ ᠥᠨᠳᠥᠷ ᠬᠤᠪᠢ ᠣᠯᠵᠤ᠂ ᠪᠡᠶ᠎ᠡ ᠶᠢᠨ ᠬᠥᠳᠡᠯᠭᠡᠭᠡᠨ᠂ ᠰᠢᠮ᠎ᠡ ᠲᠡᠵᠢᠭᠡᠯ ᠤᠨ ᠬᠠᠮᠢᠶᠠᠷᠤᠯᠲᠠ ᠵᠡᠷᠭᠡ ᠶᠢ ᠬᠢᠭᠰᠡᠨ ᠬᠦᠮᠦᠨ ᠤ ᠬᠢ ᠠᠴᠠ ᠢᠯᠡᠳᠲᠡ ᠰᠠᠶᠢᠨ ᠪᠠᠶᠢᠨ᠎ᠠ᠃     ᠰᠤᠳᠤᠯᠭᠠᠨ ᠠᠴᠠ᠄ 65 ᠨᠠᠰᠤᠨ ᠠᠴᠠ ᠳᠣᠷᠣᠭᠰᠢᠬᠢ ᠬᠥᠮᠦᠨ ᠳᠤ ᠠᠪᠴᠤ ᠬᠡᠯᠡᠪᠡᠯ᠂ ᠬᠦᠴᠦᠨ ᠤ ᠪᠣᠯᠪᠠᠰᠤᠷᠠᠯ ᠪᠣᠯ ᠤᠨᠲᠠᠬᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠬᠠᠮᠤᠭ ᠤᠨ ᠪᠦᠲᠦᠮᠵᠢᠲᠡᠶ ᠡᠮᠲᠦ ᠪᠣᠳᠠᠰ ᠤᠨ ᠪᠤᠰᠤ ᠠᠷᠭ᠎ᠠ ᠮᠠᠶ᠋ᠢᠭ ᠪᠤᠯᠤᠨ᠎ᠠ᠂ ᠭᠦᠶᠦᠬᠦ᠂ ᠠᠯᠬᠤᠬᠤ ᠵᠡᠷᠭᠡ ᠬᠦᠴᠢᠯᠲᠥ᠋ᠷᠥᠭᠴᠢᠲᠦ ᠬᠥᠳᠡᠯᠭᠡᠭᠡᠨ ᠠᠴᠠ ᠨᠠᠩ ᠠᠰᠢᠭᠲᠠᠶ ᠪᠠᠶᠢᠳᠠᠭ ᠭᠡᠳᠡᠭ ᠢ ᠤᠯᠵᠤ ᠮᠡᠳᠡᠵᠡᠢ᠃     ᠶᠠᠭᠠᠬᠢᠭᠠᠳ ᠬᠦᠴᠦᠨ ᠤ ᠪᠣᠯᠪᠠᠰᠤᠷᠠᠯ ᠨᠢ ᠨᠦᠢᠷ ᠢ ᠰᠠᠶᠢᠵᠢᠷᠠᠭᠤᠯᠬᠤ ᠳᠤ ᠲᠤᠰᠠᠲᠠᠶ ᠪᠠᠶᠢᠳᠠᠭ ᠪᠤᠢ︖ ᠡᠭᠦᠨ ᠤ ᠲᠤᠬᠠᠢ ᠰᠤᠳᠤᠯᠭᠠᠨ ᠤ ᠠᠵᠢᠯᠲᠠᠨ ᠬᠡᠯᠡᠬᠦ ᠳᠡᠭᠡᠨ᠂ ᠬᠦᠴᠦᠨ ᠤ ᠪᠣᠯᠪᠠᠰᠤᠷᠠᠯ ᠨᠢ ᠰᠡᠳᠬᠢᠴᠡ ᠶᠢᠨ ᠡᠷᠡᠭᠦᠯ ᠮᠡᠨᠳᠦ ᠶᠢ ᠰᠠᠶᠢᠵᠢᠷᠠᠭᠤᠯᠬᠤ ᠪᠠᠷ ᠳᠡᠮᠵᠢᠨ ᠨᠦᠢᠷ ᠢ ᠰᠠᠶᠢᠵᠢᠷᠠᠭᠤᠯᠳᠠᠭ᠂ ᠵᠢᠱᠢᠶᠡᠯᠡᠪᠡᠯ ᠵᠣᠪᠠᠨᠢᠯ ᠪᠠ ᠭᠠᠩᠰᠠᠷᠠᠯ ᠢ ᠰᠠᠶᠢᠵᠢᠷᠠᠭᠤᠯᠳᠠᠭ᠃ ᠡᠭᠦᠨ ᠠᠴᠠ ᠡᠮᠦᠨ᠎ᠡ ᠪᠠᠰᠠ ᠨᠢᠭᠡᠨ ᠰᠤᠳᠤᠯᠭᠠᠨ ᠳᠤ᠂ ᠬᠦᠴᠦᠨ ᠤ ᠪᠣᠯᠪᠠᠰᠤᠷᠠᠯ ᠨᠢ ᠪᠤᠯᠴᠢᠩ ᠨᠡᠬᠡᠳᠡᠰᠦ ᠳᠤ ᠳᠠᠷᠤᠯᠲᠠ ᠥᠭᠴᠦ᠂ ᠶᠡᠭᠡ ᠲᠠᠷᠢᠬᠢᠨ ᠳᠤ ᠳᠣᠬᠢᠶ᠎ᠠ ᠦᠭᠳᠡᠭ ᠠᠴᠠ ᠪᠡᠶ᠎ᠡ ᠮᠠᠬᠠᠪᠣᠳ ᠨᠢ ᠨᠠᠩ ᠰᠠᠶᠢᠨ ᠤᠨᠲᠠᠵᠤ ᠪᠠᠶᠢᠭᠠᠳ ᠭᠡᠮᠲᠦᠯ ᠢᠶᠠᠨ ᠵᠠᠰᠠᠬᠤ ᠴᠢᠬᠤᠯᠠᠳᠠᠢ ᠪᠠᠶᠢᠳᠠᠭ ᠢ ᠬᠡᠷᠡᠴᠢᠯᠡᠪᠡ ᠬᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号