9 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ 33 ᠳ᠋ᠤᠭᠠᠷ | ᠬᠤᠭᠤᠴᠠᠭᠠᠨ ᠤ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠮᠠᠨ ᠤ | ᠣᠷᠣᠨ ᠤ ᠲᠠᠮᠢᠷᠴᠢᠳ ᠪᠣᠯᠣᠨ ᠳᠠᠰᠬᠠᠯᠵᠢᠭᠤᠯᠤᠭᠴᠢ᠂ ᠪᠠᠲᠤᠯᠠᠭ᠎ᠠ ᠶᠢᠨ ᠠᠵᠢᠯᠲᠠᠳ ᠤᠨ ᠲᠥᠯᠥᠭᠡᠯᠡᠭᠴᠢᠳ ᠲᠠᠢ | ᠠᠭᠤᠯᠵᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ | ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠤᠨ ᠣᠯᠣᠭᠰᠠᠨ ᠰᠢᠯᠢᠳᠡᠭ ᠬᠢᠷᠢ ᠪᠦᠲᠦᠮᠵᠢ ᠳᠤ ᠬᠠᠯᠠᠭᠤᠨ | ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ ᠪᠠᠶᠢᠬᠤ ᠪᠠᠨ ᠢᠯᠡᠳᠬᠡᠪᠡ᠃ | | | 9 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ 33 ᠳ᠋ᠤᠭᠠᠷ | ᠬᠤᠭᠤᠴᠠᠭᠠᠨ ᠤ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠮᠠᠨ ᠤ | ᠣᠷᠣᠨ ᠤ ᠲᠠᠮᠢᠷᠴᠢᠳ ᠪᠣᠯᠣᠨ ᠳᠠᠰᠬᠠᠯᠵᠢᠭᠤᠯᠤᠭᠴᠢ᠂ ᠪᠠᠲᠤᠯᠠᠭ᠎ᠠ ᠶᠢᠨ ᠠᠵᠢᠯᠲᠠᠳ ᠤᠨ ᠲᠥᠯᠥᠭᠡᠯᠡᠭᠴᠢᠳ ᠲᠠᠢ | ᠠᠭᠤᠯᠵᠠᠪᠠ᠃ | ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ | 33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ | ᠣᠷᠣᠨ ᠤ 3 ᠲᠠᠮᠢᠷᠴᠢᠨ ᠤᠯᠤᠰ ᠢᠶᠠᠨ ᠲᠥᠯᠥᠭᠡᠯᠡᠨ ᠤᠷᠤᠯᠳᠤᠭᠠᠨ ᠳᠤ ᠤᠷᠤᠯᠴᠠᠵᠤ᠂ 1 ᠠᠯᠲᠠᠨ ᠮᠧᠳᠠᠯ 1 | ᠮᠥᠩᠭᠦᠨ ᠮᠧᠳᠠᠯ ᠬᠦᠷᠲᠡᠵᠦ᠂ ᠥᠪᠥᠷ ᠮᠣᠩᠭᠤᠯ ᠤᠨ ᠲᠠᠮᠢᠷᠴᠢᠳ ᠤᠨ ᠬᠢᠯᠢ ᠶᠢᠨ ᠭᠠᠳᠠᠨᠠᠬᠢ ᠣᠯᠢᠮᠫᠢᠺ ᠤᠨ | ᠲᠠᠮᠢᠷ ᠤᠨ ᠴᠤᠭᠯᠠᠭᠠᠨ ᠳᠤ ᠣᠷᠣᠯᠴᠠᠬᠰᠠᠨ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃ ᠰᠦᠨ ᠱᠤᠤ | ᠴᠧᠩ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠯᠢ ᠴᠢᠶᠠᠨ᠂ ᠶᠠᠩ ᠯᠢᠦ᠂ ᠨᠢᠦ ᠭᠤᠸᠠᠩ ᠱᠧᠩ ᠵᠡᠷᠭᠡ | ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠮᠢᠷᠴᠢᠳ ᠤᠨ ᠤᠷᠤᠯᠳᠤᠭᠠᠨ ᠤ ᠲᠠᠯᠠᠪᠠᠢ ᠳᠠᠬᠢ ᠭᠠᠷᠮᠠᠭᠠᠢ ᠢᠯᠡᠷᠡᠯ ᠢ | ᠬᠠᠮᠲᠤ ᠪᠠᠷ ᠡᠷᠭᠢᠴᠡᠭᠦᠯᠵᠦ᠂ ᠲᠡᠳᠡᠨ ᠤ ᠡᠳᠦᠷ ᠲᠤᠳᠤᠮ ᠤᠨ ᠪᠣᠯᠪᠠᠰᠤᠷᠠᠯ ᠪᠠ ᠤᠷᠤᠯᠳᠤᠭᠠᠨ ᠤ ᠪᠡᠯᠡᠳᠬᠡᠯ ᠤᠨ | ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ 3 ᠲᠠᠮᠢᠷᠴᠢᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠥᠪᠡᠷ ᠤᠨ | ᠬᠢᠷᠢ ᠲᠦᠪᠰᠢᠨ ᠪᠠ ᠥᠩᠭᠡ ᠲᠥᠷᠬᠦ ᠪᠠᠨ ᠢᠯᠡᠷᠡᠭᠦᠯᠵᠦ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠵᠤ᠂ ᠥᠪᠥᠷ | ᠮᠣᠩᠭᠤᠯ ᠳᠤ ᠭᠡᠷᠡᠯ ᠭᠢᠯᠪᠠᠭ᠎ᠠ ᠨᠡᠮᠡᠷᠢᠯᠡᠪᠡ᠃ ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ | ᠬᠠᠲᠠᠭᠤᠵᠢᠯᠲᠠᠢ ᠪᠣᠯᠪᠠᠰᠤᠷᠠᠵᠤ᠂ ᠨᠡᠩ ᠶᠡᠭᠡ ᠰᠢᠨ᠎ᠡ ᠠᠮᠵᠢᠯᠲᠠ ᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ | ᠭᠡᠵᠡᠢ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠶᠢᠨ ᠲᠠᠮᠢᠷ ᠤᠨ ᠦᠢᠯᠡᠰ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ | ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠢ ᠳᠣᠲᠣᠨᠣ ᠪᠠᠷ ᠭᠥᠯᠢᠶᠡᠨ ᠠᠪᠴᠤ | ᠠᠭᠤᠯᠵᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠪᠡᠶ᠎ᠡ ᠶᠢᠨ ᠲᠠᠮᠢᠷ ᠤᠨ ᠦᠢᠯᠡᠰ ᠢ ᠤᠯᠠᠮ ᠨᠢᠭᠡ ᠠᠯᠬᠤᠮ | ᠬᠥᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠥᠪᠥᠷ ᠮᠣᠩᠭᠤᠯ ︽ᠳᠤᠮᠳᠠ ᠲᠦᠪᠰᠢᠨ ᠳᠤ ᠣᠷᠣᠬᠤ︾ | ᠪᠠᠷ ᠳᠤᠷᠠᠳᠤᠭᠰᠠᠨ ᠨᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ︽ᠳᠤᠮᠳᠠ ᠲᠦᠪᠰᠢᠨ ᠳᠤ | ᠣᠷᠣᠬᠤ︾ ᠪᠠᠷ ᠪᠠᠷᠠᠬᠤ ᠦᠭᠡᠢ ᠪᠡᠶ᠎ᠡ ᠶᠢᠨ ᠲᠠᠮᠢᠷ ᠤᠨ ᠦᠢᠯᠡᠰ ᠢ ᠪᠠᠭᠲᠠᠭᠠᠭᠰᠠᠨ ᠣᠯᠠᠨ ᠵᠦᠢᠯ ᠤᠨ ᠦᠢᠯᠡᠰ ᠴᠦ | ︽ᠳᠤᠮᠳᠠ ᠲᠦᠪᠰᠢᠨ ᠳᠤ ᠣᠷᠣᠬᠤ︾ ᠬᠡᠷᠡᠭᠲᠡᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠡᠶ᠎ᠡ ᠶᠢᠨ ᠲᠠᠮᠢᠷ ᠤᠨ ᠲᠣᠮᠣ ᠣᠷᠣᠨ ᠢ | ᠪᠦᠲᠦᠭᠡᠨ ᠪᠠᠶᠢᠭᠤᠯᠬᠤ ᠬᠠᠷᠠᠯᠲᠠ ᠶᠢ ᠪᠠᠲᠤ ᠡᠵᠡᠮᠳᠡᠵᠦ᠂ ᠰᠢᠰᠲ᠋ᠧᠮ ᠲᠠᠢ ᠲᠥᠯᠥᠪᠵᠢᠭᠦᠯᠬᠦ᠂ ᠠᠵᠢᠯ ᠤᠨ ᠠᠷᠭ᠎ᠠ | ᠬᠡᠮᠵᠢᠶ᠎ᠡ ᠪᠠᠨ ᠲᠡᠭᠦᠯᠳᠡᠷᠵᠢᠭᠦᠯᠬᠦ ᠶᠢ ᠭᠤᠣᠯᠳᠠᠯᠭ᠎ᠠ ᠲᠠᠢ ᠴᠢᠩᠭᠠᠳᠬᠠᠵᠤ᠂ ᠡᠷᠲᠡᠬᠡᠨ ᠦᠷ᠎ᠡ ᠪᠦᠲᠦᠮᠵᠢ ᠣᠯᠬᠤ ᠪᠠᠷ | ᠴᠢᠷᠮᠠᠶᠢᠬᠤ ᠬᠡᠷᠡᠭᠲᠡᠢ᠃ ᠳᠠᠯᠳᠠ ᠳᠠᠪᠠᠭᠤᠯᠢᠭ ᠲᠥᠷᠥᠯ ᠵᠦᠢᠯ ᠢ ᠣᠨᠣᠪᠴᠢᠲᠠᠶ ᠡᠷᠢᠨ ᠣᠯᠵᠤ ︽ᠪᠦᠰᠡᠯᠡᠯᠲᠡ | ᠰᠢᠪᠲᠤᠯᠵᠤ︾᠂ ᠲᠠᠮᠢᠷᠴᠢᠳ ᠢ ᠰᠣᠩᠭᠤᠨ ᠬᠥᠮᠥᠵᠢᠭᠦᠯᠬᠦ ᠪᠠ ᠤᠷᠤᠯᠳᠤᠭᠠᠨ ᠳᠤ ᠪᠡᠯᠡᠳᠬᠡᠬᠦ ᠤᠷᠤᠯᠳᠤᠭᠠᠨ ᠳᠤ | ᠣᠷᠤᠯᠴᠠᠬᠤ ᠵᠡᠷᠭᠡ ᠠᠵᠢᠯ ᠢ ᠰᠠᠶᠢᠲᠤᠷ ᠬᠢᠵᠦ᠂ ᠥᠪᠥᠷ ᠮᠣᠩᠭᠤᠯ ᠤᠨ ᠨᠢᠳᠤᠷᠭᠠᠨ ᠲᠡᠮᠡᠴᠡᠭᠡᠨ᠂ ᠪᠦᠭᠡ ᠪᠠᠷᠢᠯᠳᠤᠬᠤ᠂ | ᠪᠤᠶᠢᠺᠤ ᠪᠥᠮᠪᠦᠭᠡ᠂ ᠰᠠᠭᠰᠤᠨ ᠪᠥᠮᠪᠦᠭᠡ ᠵᠡᠷᠭᠡ ᠬᠦᠷᠢᠶᠡᠨ ᠳᠠᠬᠢ ᠤᠷᠤᠯᠳᠤᠭᠠᠨ ᠤ ᠬᠢᠷᠢ ᠬᠡᠮᠵᠢᠶ᠎ᠡ ᠪᠠ ᠨᠥᠯᠥᠭᠡᠯᠡᠬᠦ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠲᠠᠯᠠᠪᠤᠷ | ᠣᠷᠳᠣᠨ ᠪᠣᠯᠣᠨ ᠲᠥᠬᠦᠭᠡᠷᠦᠮᠵᠢ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠤᠯᠠᠨ ᠲᠦᠮᠡᠨᠴᠢ ᠪᠡᠶ᠎ᠡ ᠶᠢᠨ | ᠲᠠᠮᠢᠷ ᠤᠨ ᠲᠦᠭᠡᠮᠡᠯᠵᠢᠯᠲᠡ ᠶᠢᠨ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ ᠰᠤᠷᠭᠠᠭᠤᠯᠢ ᠶᠢᠨ | ᠬᠦᠷᠢᠶᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠲᠣᠪᠣᠶᠢᠮ᠎ᠠ ᠰᠠᠶᠢᠲᠤᠷ | ᠠᠳᠬᠤᠬᠤ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ | ᠨᠥᠬᠦᠴᠡᠯ ᠪᠠ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠡᠢ᠃ | ᠯᠢ ᠴᠢᠶᠠᠨ᠂ ᠶᠠᠩ ᠯᠢᠦ᠂ ᠨᠢᠦ ᠭᠤᠸᠠᠩ ᠱᠧᠩ᠂ ᠬᠠᠳᠠᠨᠪᠠᠭᠠᠲᠤᠷ᠂ ᠶᠠᠩ ᠰᠢᠶᠣᠣ ᠯᠢ᠂ ᠮᠠ ᠨᠢ ᠤᠷᠢᠳ | ᠬᠤᠵᠢᠳ ᠦᠭᠡ ᠬᠡᠯᠡᠵᠦ᠂ ᠤᠷᠤᠯᠳᠤᠭᠠᠨ ᠳᠤ ᠣᠷᠣᠯᠴᠠᠬᠰᠠᠨ ᠥᠩᠭᠡᠷᠡᠯᠲᠡ ᠪᠠ ᠤᠷᠤᠯᠳᠤᠭᠠᠨ ᠤ ᠪᠡᠯᠡᠳᠬᠡᠯ ᠤᠨ | ᠲᠤᠬᠠᠢ ᠲᠥᠷᠥᠭᠳᠡᠯ ᠢᠶᠠᠨ ᠬᠤᠪᠢᠶᠠᠯᠴᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠮᠠᠨ ᠤ ᠣᠷᠣᠨ ᠤ ᠲᠠᠮᠢᠷᠴᠢᠳ ᠢ ᠬᠥᠮᠥᠵᠢᠭᠦᠯᠦᠭᠰᠡᠨ ᠪᠠ | ᠪᠦᠭᠦ ᠣᠷᠣᠨ ᠤ ᠪᠡᠶ᠎ᠡ ᠶᠢᠨ ᠲᠠᠮᠢᠷ ᠤᠨ ᠦᠢᠯᠡᠰ ᠢ ᠠᠬᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ᠃ | | 9 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ 33 ᠳ᠋ᠤᠭᠠᠷ | ᠬᠤᠭᠤᠴᠠᠭᠠᠨ ᠤ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠮᠠᠨ ᠤ | ᠣᠷᠣᠨ ᠤ ᠲᠠᠮᠢᠷᠴᠢᠳ ᠪᠣᠯᠣᠨ ᠳᠠᠰᠬᠠᠯᠵᠢᠭᠤᠯᠤᠭᠴᠢ᠂ ᠪᠠᠲᠤᠯᠠᠭ᠎ᠠ ᠶᠢᠨ ᠠᠵᠢᠯᠲᠠᠳ ᠤᠨ ᠲᠥᠯᠥᠭᠡᠯᠡᠭᠴᠢᠳ ᠲᠠᠢ | ᠬᠠᠮᠳᠦ ᠶᠢᠨ ᠰᠡᠭᠦᠳᠡᠷ ᠲᠠᠳᠠᠭᠤᠯᠵᠦ ᠲᠤᠷᠠᠰᠬᠠᠯ ᠦᠯᠡᠳᠡᠭᠡᠪᠡ᠃ | ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ | ᠠᠭᠤᠯᠵᠠᠯᠲᠠ ᠳᠠᠭᠤᠰᠤᠭᠰᠠᠨ ᠤ ᠳᠠᠷᠠᠭ᠎ᠠ ᠰᠦᠨ ᠱᠤᠤ ᠴᠧᠩ᠂ ᠸᠠᠩ ᠯᠢ ᠰᠢᠶᠠ ᠨᠠᠷ ᠲᠠᠮᠢᠷᠴᠢᠳ ᠪᠣᠯᠣᠨ | ᠳᠠᠰᠬᠠᠯᠵᠢᠭᠤᠯᠤᠭᠴᠢ᠂ ᠪᠠᠲᠤᠯᠠᠭ᠎ᠠ ᠶᠢᠨ ᠠᠵᠢᠯᠲᠠᠳ ᠤᠨ ᠲᠥᠯᠥᠭᠡᠯᠡᠭᠴᠢᠳ ᠲᠠᠢ ᠬᠠᠮᠲᠤ ᠶᠢᠨ ᠰᠡᠭᠦᠳᠡᠷ ᠲᠠᠲᠠᠭᠤᠯᠵᠤ | ᠳᠤᠷᠠᠰᠬᠠᠯ ᠦᠯᠡᠳᠡᠭᠡᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ | ᠴᠢᠩ ᠠᠵᠢᠯᠯᠠᠭ᠎ᠠ ᠳᠤ ᠣᠷᠣᠯᠴᠠᠪᠠ᠃ | |