1 ᠰᠠᠷ᠎ᠠ ᠶᠢᠨ 8 ᠤ ᠡᠳᠦᠷ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠶᠢᠨ ᠬᠤᠷᠠᠯ | ᠬᠥᠬᠡᠬᠤᠲᠠ ᠳᠤ ᠬᠤᠷᠠᠯᠳᠤᠪᠠ᠃ ᠬᠤᠷᠠᠯ ᠤᠨ ᠭᠤᠣᠯ ᠰᠡᠳᠦᠪ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠤᠳᠠᠭ᠎ᠠ ᠶᠢᠨ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠪᠣᠯᠣᠨ ᠪᠦᠬᠦ ᠤᠯᠤᠰ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠶᠢᠨ ᠬᠤᠷᠠᠯ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ᠂ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠬᠡᠵᠦ᠂ | ᠪᠦᠯᠬᠦᠮᠳᠡᠨ ᠤᠷᠤᠭᠰᠢᠯᠠᠵᠤ᠂ ᠴᠤᠴᠠᠯᠲᠠ ᠦᠭᠡᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠪᠡᠶ᠎ᠡ ᠶᠢᠨ | ᠲᠠᠮᠢᠷ ᠤᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠸᠠᠩ ᠵᠧᠩ ᠢᠦᠶ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ ᠠᠵᠢᠯ ᠤᠨ | ᠮᠡᠳᠡᠭᠦᠯᠦᠯᠲᠡ ᠬᠢᠪᠠ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠣᠷᠣᠨ ᠤ ᠪᠡᠶ᠎ᠡ ᠶᠢᠨ | ᠲᠠᠮᠢᠷ ᠤᠨ ᠹᠷᠣᠨᠲ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠵᠠᠮ ᠢ ᠨᠡᠭᠡᠭᠡᠵᠦ᠂ ᠲᠤᠮᠳᠠ ᠤᠷᠤᠰᠬᠠᠯ ᠳᠤ ᠣᠷᠣᠬᠤ︾ | ᠬᠠᠷᠠᠯᠲᠠ ᠶᠢ ᠵᠣᠷᠢᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠤᠷᠤᠯᠳᠤᠭᠠᠨ ᠤ ᠠᠵᠢᠯᠯᠠᠭ᠎ᠠ ᠶᠢ ᠠᠮᠵᠢᠯᠲᠠ ᠲᠠᠢ | ᠡᠷᠭᠢᠯᠡᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠪᠠ᠃ | ᠣᠯᠠᠨ ᠲᠦᠮᠡᠨᠴᠢ ᠪᠡᠶ᠎ᠡ ᠶᠢᠨ ᠲᠠᠮᠢᠷ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠦᠢᠯᠡᠰ ᠰᠢᠨ᠎ᠡ ᠳᠡᠭᠲᠡᠷ ᠲᠤ ᠭᠠᠷᠪᠠ᠃ ᠪᠣᠯᠪᠠᠰᠤᠷᠠᠯ ᠳᠤ ᠪᠡᠯᠡᠳᠭᠡᠨ ᠤᠷᠤᠯᠳᠤᠭᠠᠨ ᠳᠤ | ᠣᠷᠣᠯᠴᠠᠬᠤ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠢᠯᠡᠭᠰᠡᠨ ᠪᠣᠳᠠᠲᠤ ᠬᠦᠴᠦᠨ ᠰᠢᠨ᠎ᠡ ᠳᠠᠪᠠᠯᠲᠠ ᠶᠢ | ᠪᠠᠶᠡᠯᠡᠭᠦᠯᠪᠡ᠃ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ ᠪᠡᠶ᠎ᠡ ᠶᠢᠨ | ᠲᠠᠮᠢᠷ ᠤᠨ ᠬᠡᠷᠡᠭᠯᠡᠭᠡ᠂ ᠮᠥᠰᠥ ᠴᠠᠰᠤᠨ ᠤ ᠬᠡᠷᠡᠭᠯᠡᠭᠡ ᠶᠢ ᠬᠦᠴᠦᠯᠡᠨ ᠠᠬᠢᠭᠤᠯᠵᠤ᠂ ᠪᠡᠶ᠎ᠡ ᠶᠢᠨ ᠲᠠᠮᠢᠷ ᠤᠨ ᠠᠵᠤ | ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠦᠭᠵᠢᠭᠡᠪᠡ᠃ ᠪᠡᠶ᠎ᠡ ᠶᠢᠨ ᠲᠠᠮᠢᠷ ᠤᠨ ᠰᠣᠶᠣᠯ ᠤᠨ | ᠤᠬᠠᠭᠤᠯᠭ᠎ᠠ᠂ ᠭᠠᠳᠠᠭᠠᠳᠤ ᠬᠠᠷᠢᠯᠴᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠦᠬᠦ ᠲᠠᠯ᠎ᠠ ᠪᠠᠷ ᠬᠥᠭᠵᠢᠬᠦ | ᠰᠢᠨ᠎ᠡ ᠪᠠᠶᠢᠳᠠᠯ ᠴᠢᠳᠠᠪᠤᠷᠢ ᠶᠢ ᠬᠤᠷᠠᠮᠳᠠᠭᠤᠯᠪᠠ᠃ ᠤᠯᠤᠰ ᠲᠦᠷᠦ ᠶᠢᠨ ᠪᠠᠶᠢᠭᠤᠯᠤᠯᠲᠠ ᠪᠠ ᠰᠤᠷᠲᠠᠯ ᠤᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠡᠭᠦᠷᠭᠡᠯᠡᠨ ᠡᠷᠡᠯᠬᠡᠭᠯᠡᠨ ᠤᠷᠤᠭᠰᠢᠯᠠᠵᠤ ᠠᠵᠢᠯ ᠬᠢᠵᠦ | ᠦᠢᠯᠡᠰ ᠪᠤᠰᠬᠠᠬᠤ ᠰᠢᠨ᠎ᠡ ᠳᠦᠷᠰᠦ ᠪᠠᠶᠢᠳᠠᠯ ᠢ ᠬᠦᠭᠵᠢᠭᠡᠪᠡ᠃ | | | ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠲᠡᠭᠦᠰᠬᠦ ᠵᠢᠯ ᠪᠣᠯᠤᠨ᠎ᠠ᠂ ᠮᠥᠨᠴᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ | ᠵᠠᠩᠭᠢᠯᠠᠭ᠎ᠠ ᠶᠢᠨ ᠵᠢᠯ ᠪᠣᠯᠤᠨ᠎ᠠ᠂ ᠡᠨᠡ ᠵᠢᠯ ᠤᠨ ᠪᠡᠶ᠎ᠡ ᠶᠢᠨ ᠲᠠᠮᠢᠷ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ | ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠴᠢᠬᠤᠯᠠ ᠪᠠᠶᠢᠷᠢᠯᠠᠭᠤᠯᠤᠯᠲᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠬᠤ ᠪᠠ ᠦᠢᠯᠡᠴᠢᠯᠡᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ | ᠦᠷᠭᠦᠯᠵᠢᠯᠡᠨ ᠰᠠᠶᠢᠲᠤᠷ ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ | ᠪᠠᠲᠤᠲᠠᠶ ᠠᠬᠢᠭᠤᠯᠵᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠦᠴᠦᠯᠡᠨ | ᠠᠬᠢᠭᠤᠯᠤᠨ᠎ᠠ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ | ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠪᠡᠶ᠎ᠡ ᠶᠢᠨ | ᠲᠠᠮᠢᠷ ᠤᠨ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠡᠶ᠎ᠡ ᠶᠢᠨ ᠲᠠᠮᠢᠷ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠨ᠎ᠠ᠃ ︽ᠠᠷᠠᠳ ᠲᠦᠮᠡᠨ ᠢᠶᠠᠷ ᠭᠤᠣᠯ | ᠪᠣᠯᠭᠠᠬᠤ︾ ᠪᠡᠶ᠎ᠡ ᠶᠢᠨ ᠲᠠᠮᠢᠷ ᠢ ᠰᠠᠶᠢᠲᠤᠷ ᠡᠷᠬᠢᠯᠡᠬᠦ ᠶᠢ ᠪᠠᠷᠢᠮᠲᠠᠯᠠᠵᠤ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ | ᠠᠷᠪᠠᠨ ᠲᠠᠪᠤᠳᠤᠭᠠᠷ ᠤᠳᠠᠭᠠᠨ ᠤ ᠲᠠᠮᠢᠷ ᠤᠨ ᠴᠤᠭᠯᠠᠭᠠᠨ ᠳᠤ ᠪᠦᠬᠦ ᠬᠦᠴᠦᠨ ᠢᠶᠠᠷ ᠢᠶᠠᠨ ᠪᠡᠯᠡᠳᠭᠡᠵᠦ᠂ | ᠤᠷᠤᠯᠳᠤᠭᠠᠨ ᠤ ᠬᠢᠷᠢ ᠪᠦᠲᠦᠮᠵᠢ ᠪᠠ ᠣᠶᠤᠨ ᠤ ᠪᠣᠯᠪᠠᠰᠤᠨ ᠤ ᠬᠤᠣᠰ ᠡᠯᠪᠡᠭ ᠬᠤᠷᠢᠶᠠᠯᠲᠠ ᠣᠯᠬᠤ ᠪᠠᠷ | ᠴᠢᠷᠮᠡᠶᠢᠨ᠎ᠡ᠃ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠡᠷᠡᠭᠯᠡᠭᠡ ᠪᠠᠷ | ᠳᠠᠶᠢᠴᠢᠯᠠᠬᠤ ᠦᠢᠯᠡᠳᠦᠯ ᠲᠠᠢ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠢ | ᠪᠤᠶᠢᠵᠢᠭᠤᠯᠤᠨ᠎ᠠ᠃ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠵᠠᠰᠠᠯᠲᠠ ᠶᠢᠨ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ | ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠨ᠎ᠠ ᠭᠡᠪᠡ᠃ | | ᠬᠤᠷᠠᠯ ᠠᠴᠠ ᠴᠢᠩᠭᠠᠳᠬᠠᠭᠰᠠᠨ ᠨᠢ᠂ ᠡᠷᠬᠡᠪᠰᠢ ᠴᠠᠭ ᠦᠶ᠎ᠡ ᠶᠢᠨ ᠬᠥᠭᠵᠢᠯᠲᠡ ᠪᠣᠯᠤᠨ ᠪᠠᠶᠢᠳᠠᠯ ᠤᠨ | ᠬᠤᠪᠢᠷᠠᠯᠲᠠ ᠳᠤ ᠵᠣᠬᠢᠴᠠᠵᠤ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ | ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠣᠯᠳᠠᠯᠭ᠎ᠠ ᠲᠠᠢ᠂ ᠬᠦᠴᠢᠷ ᠠᠰᠠᠭᠤᠳᠠᠯ᠂ ᠬᠠᠯᠠᠮᠰᠢᠯ ᠠᠰᠠᠭᠤᠳᠠᠯ ᠢ | ᠰᠢᠰᠲ᠋ᠧᠮ ᠲᠠᠢ ᠰᠢᠢᠳᠪᠦᠷᠢᠯᠡᠬᠦ ᠬᠡᠷᠡᠭᠲᠡᠢ᠃ ᠨᠡᠩ ᠨᠡᠭᠡᠭᠡᠯᠲᠡ ᠲᠠᠢ ᠪᠡᠶ᠎ᠡ ᠶᠢᠨ ᠲᠠᠮᠢᠷ ᠤᠨ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠭᠠᠭᠴᠠᠭᠠᠷ ᠲᠡᠮᠡᠴᠡᠬᠦ | ᠤᠯᠠᠮᠵᠢᠯᠠᠯᠲᠤ ᠵᠠᠭᠪᠤᠷ ᠢ ᠡᠪᠳᠡᠵᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠴᠤᠭᠭᠠᠷ | ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ᠠᠶᠢᠮᠠᠭ ᠬᠤᠲᠠ᠂ | ᠠᠵᠤ ᠠᠬᠤᠶᠢᠯᠠᠯ᠂ ᠨᠡᠶᠢᠭᠡᠮᠯᠢᠭ᠂ ᠺᠯᠦ᠋ᠪ ᠤᠨ ᠲᠠᠯᠠᠪᠤᠷ ᠭᠠᠵᠠᠷ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ | ᠪᠠ ᠡᠵᠡᠩᠨᠡᠯᠲᠡ ᠳᠤ ᠣᠷᠣᠯᠴᠠᠬᠤ ᠶᠢ ᠳᠡᠮᠵᠢᠵᠦ᠂ ᠣᠯᠠᠨ ᠡᠰᠢᠵᠢᠭᠰᠡᠨ ᠥᠷᠢᠰᠥᠯᠳᠦᠭᠡᠨ ᠤ ᠠᠩᠭᠢ ᠡᠷᠭᠢᠯᠡᠬᠦ ᠳᠤ | ᠣᠷᠣᠯᠴᠠᠵᠤ᠂ ᠥᠨᠳᠥᠷ ᠬᠢᠷᠢ ᠲᠦᠪᠰᠢᠨ ᠪᠥᠬᠦᠶ ᠤᠷᠤᠯᠳᠤᠭᠠᠨ ᠤ ᠠᠵᠢᠯᠯᠠᠭ᠎ᠠ ᠶᠢ ᠳᠠᠭᠠᠭᠠᠨ ᠡᠷᠭᠢᠯᠡᠨ᠎ᠡ᠃ | ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠷᠢᠰᠢᠯ ᠢ ᠥᠭᠡᠷᠡᠴᠢᠯᠡᠨ ᠲᠡᠭᠦᠯᠳᠡᠷᠵᠢᠭᠦᠯᠵᠦ᠂ | ᠰᠠᠭᠤᠷᠢ ᠲᠥᠷᠥᠯ ᠵᠦᠢᠯ᠂ ᠰᠢᠨ᠎ᠡ ᠪᠠᠷ ᠬᠥᠭᠵᠢᠭᠰᠡᠨ ᠲᠥᠷᠥᠯ ᠵᠦᠢᠯ᠂ ᠡᠷᠬᠢᠯᠡᠭᠰᠡᠨ ᠠᠵᠢᠯ ᠤᠨ ᠲᠥᠷᠥᠯ | ᠵᠦᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ ᠪᠡᠯᠡᠳᠬᠡᠯ ᠴᠢᠳᠠᠪᠤᠷᠢᠲᠠᠨ ᠢ | ᠬᠥᠮᠦᠵᠢᠭᠦᠯᠬᠦ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠢ᠃ ᠵᠠᠯᠠᠭᠤᠴᠤᠳ ᠪᠠᠭᠠᠴᠤᠳ ᠤᠨ | ᠤᠷᠤᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ | ᠵᠠᠯᠠᠭᠤᠴᠤᠳ ᠤᠨ ᠪᠣᠯᠪᠠᠰᠤᠷᠠᠯ ᠤᠨ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠮᠠᠲ᠋ᠧᠷᠢᠶᠠᠯ ᠰᠣᠩᠭᠤᠬᠤ | ᠬᠠᠷᠠᠭ᠎ᠠ ᠶᠢ ᠥᠷᠭᠡᠳᠬᠡᠨ᠎ᠡ᠃ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠰᠢᠰᠲ᠋ᠧᠮ ᠪᠠ ᠰᠤᠷᠭᠠᠭᠤᠯᠢ ᠶᠢᠨ | ᠤᠷᠤᠯᠳᠤᠭᠠᠨ ᠤ ᠰᠢᠰᠲ᠋ᠧᠮ ᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ ᠤᠷᠤᠯᠳᠤᠭᠠᠨ ᠤ ᠲᠥᠷᠥᠯ | ᠵᠦᠢᠯ ᠤᠨ ᠪᠠᠶᠢᠷᠢᠯᠠᠭᠤᠯᠤᠯᠲᠠ ᠶᠢ ᠵᠢᠷᠤᠮᠵᠢᠭᠤᠯᠤᠨ᠂ ᠰᠢᠯᠢᠨ ᠳᠡᠪᠰᠢᠭᠦᠯᠬᠦ ᠲᠣᠭᠲᠠᠴᠠ ᠶᠢ ᠰᠢᠯᠢᠳᠡᠭᠵᠢᠭᠦᠯᠵᠦ᠂ | ᠤᠷᠤᠯᠳᠤᠭᠠᠨ ᠤ ᠪᠡᠶ᠎ᠡ ᠶᠢᠨ ᠲᠠᠮᠢᠷ ᠤᠨ ᠮᠠᠲ᠋ᠧᠷᠢᠶᠠᠯ ᠰᠣᠩᠭᠤᠬᠤ ᠰᠠᠭᠤᠷᠢ ᠶᠢ ᠪᠠᠲᠤᠳᠬᠠᠨ᠎ᠠ᠃ ᠶᠡᠷᠦᠩᠬᠡᠶ | ᠲᠣᠪᠴᠢᠶ᠎ᠠ ᠶᠢᠨ ᠵᠠᠰᠠᠪᠤᠷᠢ ᠣᠷᠣᠭᠤᠯᠬᠤ ᠪᠠᠷ ᠪᠠᠶᠢᠭ᠎ᠠ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠬᠠᠮᠢᠶᠠᠷᠤᠯᠲᠠ ᠶᠢᠨ | ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠣᠷᠣᠭᠤᠯᠤᠯᠲᠠ ᠬᠦᠷᠦᠯᠴᠡᠬᠦ | ᠦᠭᠡᠶ᠂ ᠴᠢᠳᠠᠪᠤᠷᠢᠲᠠᠨ ᠳᠤᠲᠠᠭᠳᠠᠵᠤ ᠪᠠᠶᠢᠭ᠎ᠠ ᠬᠦᠴᠢᠷᠳᠡᠯ ᠢ ᠰᠢᠪᠲᠤᠯᠤᠨ᠂ ᠬᠤᠶᠠᠳᠤᠭᠠᠷ ᠱᠤᠭᠤᠮ᠂ | ᠭᠤᠷᠪᠠᠳᠤᠭᠠᠷ ᠱᠤᠭᠤᠮ ᠤᠨ ᠡᠩᠨᠡᠭᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠤᠷᠤᠯᠳᠤᠭᠠᠨ ᠤ | ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠵᠤᠵᠠᠭᠠᠨ ᠤ ᠬᠡᠮᠵᠢᠶ᠎ᠡ ᠶᠢ ᠨᠡᠮᠡᠭᠳᠡᠭᠦᠯᠦᠨ᠎ᠡ᠃ ᠪᠡᠶ᠎ᠡ ᠶᠢᠨ ᠲᠠᠮᠢᠷ ᠤᠨ | ᠤᠷᠤᠯᠳᠤᠭᠠᠨ ᠤ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ᠃ | ᠤᠷᠤᠯᠳᠤᠭᠠᠨ ᠡᠷᠬᠢᠯᠡᠬᠦ ᠵᠦᠭᠯᠡᠭᠦᠷ᠂ ᠤᠷᠤᠯᠳᠤᠭᠠᠨ ᠳᠤ ᠤᠷᠤᠯᠴᠠᠬᠤ ᠵᠢᠯᠤᠭᠤᠳᠤᠯᠭ᠎ᠠ᠂ ᠠᠮᠤᠷ ᠲᠦᠪᠰᠢᠨ ᠤ | ᠪᠠᠷᠢᠮᠵᠢᠶ᠎ᠠ ᠶᠢ ᠲᠣᠭᠲᠠᠭᠠᠨ᠎ᠠ᠃ ᠳᠡᠰ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠤᠷᠤᠯᠳᠤᠭᠠᠨ ᠤ | ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠪᠠᠲᠤᠯᠠᠬᠤ᠂ ᠠᠮᠤᠷ ᠲᠦᠪᠰᠢᠨ ᠪᠠᠶᠢᠬᠤ ᠵᠡᠷᠭᠡ ᠳᠤ ᠪᠦᠬᠦ ᠶᠠᠪᠤᠴᠠ ᠶᠢᠨ | ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠶ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠠᠨ | ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ | ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠨᠠᠷᠢᠨ ᠨᠢᠭᠲᠠ ᠲᠣᠭᠲᠠᠭᠠᠵᠤ᠂ | ᠶᠡᠷᠦᠩᠬᠡᠶᠢᠯᠡᠭᠰᠡᠨ ᠴᠢᠨᠠᠷᠲᠠᠢ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠦᠪᠰᠢᠨ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠬᠤ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠵᠣᠬᠢᠶᠠᠨ ᠪᠠᠶᠢᠭᠤᠯᠤᠯᠲᠠ ᠶᠢᠨ ᠲᠣᠤᠷ ᠰᠦᠯᠵᠢᠶ᠎ᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠬᠤ ᠥᠷᠲᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ | ᠲᠦᠷᠭᠡᠳᠬᠡᠨ᠂ ᠪᠡᠶ᠎ᠡ ᠮᠠᠬᠠᠪᠣᠳ ᠢ ᠪᠠᠶᠢᠴᠠᠭᠠᠨ ᠰᠢᠯᠭᠠᠬᠤ᠂ ᠲᠠᠮᠢᠷ ᠤᠨ ᠬᠥᠳᠡᠯᠭᠡᠭᠡᠨ ᠤ ᠵᠣᠷ᠂ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠣᠯᠭ᠎ᠠ᠂ ᠨᠡᠶᠢᠭᠡᠮ ᠲᠣᠭᠤᠷᠢᠭ ᠤᠨ ᠪᠡᠶ᠎ᠡ ᠲᠠᠮᠢᠷ ᠤᠨ ᠴᠤᠭᠯᠠᠭᠠᠨ ᠤ ᠪᠥᠬᠦ ᠬᠡᠯᠬᠢᠶ᠎ᠡ᠂ | ᠪᠥᠬᠦ ᠦᠶᠡᠯᠡᠯ ᠤᠨ ᠬᠤᠭᠤᠴᠠᠭ᠎ᠠ᠂ ᠣᠯᠠᠨ ᠲᠦᠮᠡᠨᠴᠢᠯᠡᠭᠰᠡᠨ ᠡᠷᠡᠭᠦᠯ ᠮᠡᠨᠳᠦ ᠶᠢ ᠬᠠᠮᠢᠶᠠᠷᠬᠤ ᠠᠵᠢᠯ ᠤᠨ ᠰᠢᠰᠲ᠋ᠧᠮ | ᠢ ᠪᠣᠶ ᠪᠣᠯᠭᠠᠨ᠎ᠠ᠃ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ ᠠᠵᠢᠯᠯᠠᠭᠴᠢ ᠡᠯᠰᠡᠬᠦ᠂ ᠪᠣᠯᠪᠠᠰᠤᠷᠠᠭᠤᠯᠬᠤ᠂ | ᠤᠷᠮᠠᠰᠢᠭᠤᠯᠬᠤ᠂ ᠦᠨᠡᠯᠡᠬᠦ ᠰᠢᠰᠲ᠋ᠧᠮ ᠢ ᠪᠠᠶᠢᠭᠤᠯᠵᠤ᠂ ︽ᠤᠮᠠᠷᠠᠲᠤ ᠬᠢᠯᠢ ᠶᠢᠨ ᠪᠡᠶ᠎ᠡ ᠶᠢᠨ ᠲᠠᠮᠢᠷ ᠤᠨ ᠬᠥᠩᠭᠡᠨ | ᠮᠣᠷᠢᠲᠤ ᠴᠡᠷᠢᠭ︾ ᠢ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠶᠢ | ᠬᠤᠲᠠ ᠬᠥᠳᠡᠭᠡ ᠲᠣᠰᠬᠤᠨ ᠢ ᠬᠠᠮᠤᠷᠬᠤ ᠶᠢ ᠠᠬᠢᠭᠤᠯᠵᠤ᠂ ᠲᠦᠭ ᠲᠦᠮᠡᠨ ᠠᠶᠢᠯ ᠡᠷᠦᠬᠡ ᠳᠤ ᠬᠦᠷᠦᠭᠦᠯᠦᠨ᠎ᠡ᠃ | | ᠬᠤᠷᠠᠯ ᠠᠴᠠ ᠴᠢᠩᠭᠠᠳᠬᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠪᠤᠶᠢᠯᠭᠠᠨ ᠪᠠᠬᠢᠵᠢᠭᠦᠯᠬᠦ ᠬᠡᠷᠡᠭᠲᠡᠢ᠃ ᠮᠣᠩᠭᠤᠯ | ᠮᠣᠷᠢᠨ ᠤ ᠲᠠᠰ ᠠᠴᠠ ᠲᠠᠪᠠᠭᠰᠠᠨ ᠬᠤᠯᠪᠣᠭᠠᠲᠤ ᠤᠷᠤᠯᠳᠤᠭᠠᠨ᠂ ᠲᠠᠯ᠎ᠠ ᠨᠤᠲᠤᠭ ᠤᠨ ᠲᠣᠰᠬᠤᠨ ᠤ ᠠᠯᠠᠭᠠᠳᠠᠬᠤ | ᠪᠦᠮᠪᠦᠭᠡ ᠵᠡᠷᠭᠡ ᠤᠷᠤᠯᠳᠤᠭᠠᠨ ᠤ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠷᠠᠲᠤ | ᠲᠡᠮᠳᠡᠭᠲᠦ ᠶᠢ ᠪᠣᠶ ᠪᠣᠯᠭᠠᠨ᠎ᠠ᠃ ᠪᠡᠶ᠎ᠡ ᠶᠢᠨ ᠲᠠᠮᠢᠷ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ | ︽ᠰᠣᠶᠣᠯ ᠢᠶᠠᠷ ᠬᠢᠯᠢ ᠶᠢ ᠤᠮᠳᠠᠯᠠᠵᠤ᠂ ᠪᠡᠶ᠎ᠡ ᠶᠢᠨ ᠲᠠᠮᠢᠷ ᠢ ᠤᠷᠢᠳᠠᠪᠠᠷ ᠬᠢᠬᠦ︾ ᠭᠤᠤᠯ ᠰᠡᠳᠦᠪᠲᠦ ᠠᠵᠢᠯᠯᠠᠭ᠎ᠠ ᠶᠢ | ᠰᠠᠶᠢᠲᠤᠷ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠤᠬᠠᠭᠤᠯᠭ᠎ᠠ ᠦᠵᠡᠭᠦᠯᠦᠯᠭᠡ ᠶᠢ ᠴᠢᠩᠭᠠᠳᠬᠠᠨ᠎ᠠ᠃ | ᠰᠢᠯᠢᠳᠡᠭ ᠲᠠᠮᠢᠷᠴᠢᠨ ᠤ ᠲᠠᠶᠢᠴᠢᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠠᠮᠲᠤ ᠶᠢᠨ ᠤᠬᠠᠮᠰᠠᠷ᠂ | ᠡᠵᠡᠨ ᠬᠥᠮᠦᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ | ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠤᠢ ᠪᠣᠯᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ︽ᠵᠢᠷᠭᠤᠭᠠᠨ ᠠᠵᠢᠯᠯᠠᠭ᠎ᠠ︾ ᠶᠢ ᠪᠣᠳᠠᠲᠠᠢ ᠠᠳᠬᠤᠬᠤ ᠬᠡᠷᠡᠭᠲᠡᠢ᠃ ᠪᠡᠶ᠎ᠡ ᠶᠢᠨ ᠲᠠᠮᠢᠷ ᠤᠨ ᠰᠢᠰᠲ᠋ᠧᠮ ᠤᠨ | ︽ᠵᠢᠷᠭᠤᠭᠠᠨ ᠠᠵᠢᠯᠯᠠᠭ᠎ᠠ︾ ᠶᠢᠨ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠨ ᠲᠡᠭᠦᠯᠳᠡᠷᠵᠢᠭᠦᠯᠵᠦ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶ ᠠᠳᠬᠤᠵᠤ᠂ ᠰᠢᠮᠳᠠᠭᠤᠯᠤᠨ | ᠪᠠᠶᠢᠴᠠᠭᠠᠬᠤ ᠶᠢ ᠴᠢᠩᠭᠠᠳᠬᠠᠵᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠷᠠᠭᠤᠯᠤᠨ᠂ ᠬᠢᠷᠢ | ᠲᠡᠩᠴᠡᠭᠰᠡᠨ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠶ᠃ ᠪᠦᠬᠦ ᠣᠷᠣᠨ ᠢᠶᠠᠷ ᠢᠶᠠᠨ ︽ᠠᠷᠪᠠᠨ | ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ︾ ᠳᠤ ᠤᠷᠤᠯᠳᠤᠭᠠᠨ ᠳᠤ ᠤᠷᠤᠯᠴᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ︽ᠭᠤᠷᠪᠠ ᠶᠢ ᠳᠠᠭᠠᠵᠤ ᠨᠢᠭᠡ ᠶᠡᠭᠡ︾ ᠶᠢᠨ ᠰᠢᠨᠵᠢᠯᠡᠬᠦ | ᠤᠬᠠᠭᠠᠨᠴᠢ ᠪᠣᠯᠪᠠᠰᠤᠷᠠᠯ ᠤᠨ ᠵᠠᠷᠴᠢᠮ ᠢ ᠪᠠᠷᠢᠮᠲᠠᠯᠠᠵᠤ᠂ ᠪᠠᠷᠢᠮᠵᠢᠶᠠᠵᠢᠭᠤᠯᠤᠭᠰᠠᠨ᠂ ᠰᠢᠰᠲ᠋ᠧᠮᠵᠢᠭᠰᠡᠨ᠂ | ᠬᠡᠯᠬᠢᠶᠡᠵᠢᠭᠰᠡᠨ᠂ ᠵᠠᠭᠪᠤᠷᠴᠢᠯᠠᠭᠰᠠᠨ ᠪᠣᠯᠪᠠᠰᠤᠷᠠᠯ ᠤᠨ ᠰᠢᠰᠲ᠋ᠧᠮ ᠢ ᠪᠠᠶᠢᠭᠤᠯᠤᠨ᠎ᠠ᠃ ᠳᠠᠪᠠᠭᠤᠯᠢᠭ | ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ᠂ ᠵᠠᠷᠤᠳᠠᠯ᠂ | ᠦᠢᠯᠡᠴᠢᠯᠡᠭᠡ᠂ ᠴᠢᠳᠠᠪᠤᠷᠢᠲᠠᠨ ᠵᠡᠷᠭᠡ ᠲᠠᠯ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠶᠢ ᠲᠦᠷᠭᠡᠳᠬᠡᠨ᠂ ᠲᠠᠮᠢᠷᠴᠢᠳ ᠤᠨ ᠣᠷᠭᠢᠯ ᠳᠤ ᠭᠠᠷᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠭᠡᠷᠦᠭᠦᠯᠬᠦ ᠡᠮ ᠢ ᠡᠰᠡᠷᠭᠦᠴᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠦᠨᠡᠨᠬᠦ ᠭᠦᠢᠴᠡᠳᠬᠡᠵᠦ᠂ ᠬᠥᠭᠡᠷᠦᠭᠦᠯᠬᠦ ᠡᠮ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠬᠥᠭᠡᠷᠦᠭᠦᠯᠬᠦ ᠡᠮ ᠪᠠ | ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠶᠢᠨ ᠠᠰᠠᠭᠤᠳᠠᠯ ᠤᠨ ᠬᠤᠷᠢᠭ᠎ᠠ ᠱᠤᠭᠤᠮ ᠢ ᠡᠷᠡᠰ | ᠰᠠᠬᠢᠨ᠎ᠠ᠃ | | ᠬᠤᠷᠠᠯ ᠠᠴᠠ ᠴᠢᠩᠭᠠᠳᠬᠠᠭᠰᠠᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ | ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠬᠥᠭᠵᠢᠭᠡᠬᠦ ᠬᠡᠷᠡᠭᠲᠡᠢ᠃ ᠨᠠᠮ ᠤᠨ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠡᠶ᠎ᠡ ᠶᠢᠨ ᠲᠠᠮᠢᠷ ᠤᠨ | ᠰᠢᠰᠲ᠋ᠧᠮ ᠢ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠠᠲᠤ | ᠴᠢᠩᠭ᠎ᠠ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠤᠨ᠎ᠠ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠴᠢᠩᠭᠠᠳᠬᠠᠵᠤ᠂ ᠪᠠᠶᠢᠭᠤᠯᠭ᠎ᠠ ᠶᠢᠨ | ᠨᠠᠮ ᠤᠨ ᠡᠭᠦᠷ ᠬᠢᠭᠡᠳ ᠲᠠᠮᠢᠷ ᠤᠨ ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ︽ᠬᠤᠣᠰᠯᠠᠨ ᠬᠠᠮᠲᠤ ᠪᠠᠷ | ᠪᠠᠶᠢᠭᠤᠯᠬᠤ︾ ᠲᠣᠭᠲᠠᠴᠠ ᠶᠢ ᠬᠠᠶᠢᠨ ᠰᠦᠪᠡᠭᠴᠢᠯᠡᠨ᠎ᠡ᠃ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ | ᠤᠷᠲᠤ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠲᠦᠯᠬᠢᠨ ᠠᠬᠢᠭᠤᠯᠵᠤ᠂ ︽ᠤᠳᠠᠭᠠᠨ ᠪᠦᠳᠦᠭᠦᠯᠢᠭ ᠬᠠᠭᠤᠷᠮᠠᠭ︾ | ᠪᠠᠶᠢᠬᠤ ᠠᠰᠠᠭᠤᠳᠠᠯ ᠢ ᠵᠠᠯᠠᠷᠠᠭᠤᠯᠤᠨ ᠵᠠᠰᠠᠬᠤ ᠶᠢᠨ ᠤᠷᠲᠤ ᠬᠤᠭᠤᠴᠠᠭᠠᠲᠤ ᠴᠢᠨᠠᠷ᠂ ᠪᠤᠳᠤᠯᠢᠶᠠᠨᠲᠤ ᠴᠢᠨᠠᠷ ᠢ | ᠰᠡᠷᠭᠡᠭ ᠢᠶᠠᠷ ᠲᠠᠨᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠦᠨᠵᠡᠭᠡᠶ ᠴᠡᠭᠴᠡᠯᠡᠨ ᠵᠠᠰᠠᠵᠤ᠂ | ︽ᠰᠢᠭᠦᠮᠵᠢᠯᠡᠭᠴᠢ︾᠂ ︽ᠭᠤᠮᠣᠳᠠᠯ ᠲᠣᠭᠠᠴᠢᠭᠴᠢ︾᠂ ︽ᠲᠣᠮᠣ ᠨᠢᠯᠬᠠᠰ︾᠂ ︽ᠪᠡᠶ᠎ᠡ ᠪᠠᠨ ᠲᠠᠯᠪᠢᠬᠤ︾᠂ ︽ | ᠬᠤᠳᠳᠤᠭ ᠤᠨ ᠮᠡᠯᠡᠬᠡᠢ︾᠂ ︽ᠵᠢᠭᠠᠰᠤ ᠲᠡᠮᠳᠡᠷᠢᠬᠦ︾᠂ ︽ᠬᠠᠰᠢ ᠶᠠᠰᠢ︾ ᠵᠡᠷᠭᠡ ᠶᠢ ᠵᠠᠯᠠᠷᠠᠭᠤᠯᠤᠨ ᠵᠠᠰᠠᠨ᠎ᠠ᠃ | ᠨᠠᠮ ᠤᠨ ᠰᠤᠷᠲᠠᠯ ᠤᠨ ᠪᠠᠶᠢᠭᠤᠯᠤᠯᠲᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ | ᠬᠠᠷᠢᠭᠤᠴᠠᠯᠭ᠎ᠠ ᠶᠢ ᠴᠢᠩᠭ᠎ᠠ ᠨᠡᠶᠢᠳᠡᠪᠦᠷᠢᠵᠢᠭᠤᠯᠤᠨᠡ᠃ ᠬᠥᠭᠡᠷᠦᠭᠦᠯᠬᠦ ᠡᠮ ᠤᠨ ᠪᠦᠬᠦ ᠶᠠᠪᠤᠴᠠ᠂ ᠪᠦᠬᠦ ᠬᠡᠯᠬᠢᠶ᠎ᠡ᠂ | ᠪᠦᠬᠦᠨ ᠢ ᠬᠠᠮᠤᠷᠬᠤ᠂ ᠪᠦᠬᠦ ᠡᠯᠧᠮᠧᠨ᠋ᠲ ᠢᠶᠠᠷ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ | | ᠬᠤᠷᠠᠯ ᠳᠡᠭᠡᠷ᠎ᠡ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠲᠦᠩᠯᠢᠶᠣᠤ ᠬᠤᠲᠠ ᠶᠢᠨ | ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠬᠤᠷᠠᠯ ᠳᠤ ᠣᠷᠣᠯᠴᠠᠭᠰᠠᠨ | ᠲᠥᠯᠥᠭᠡᠯᠡᠭᠴᠢᠳ ᠳᠤᠭᠤᠶᠢᠯᠠᠩ ᠬᠤᠪᠢᠶᠠᠨ ᠶᠠᠷᠢᠯᠴᠠᠪᠠ᠃ | | | | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠸᠠᠨ | ᠲᠢᠶᠠᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠵᠠᠩ ᡁᠢ᠂ ᠯᠢᠦ ᠬᠤ᠋ ᠴᠧᠩ᠂ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠸᠠᠩ ᠡᠦ᠂ ᠡᠯ᠎ᠡ ᠠᠶᠢᠮᠠᠭ ᠬᠤᠳᠠ | ︵ᠮᠠᠨᠵᠤᠤᠷ ᠬᠤᠳᠠ᠂ ᠡᠷᠢᠶᠡᠨ ᠬᠤᠳᠠ ᠶᠢ ᠪᠠᠭᠲᠠᠭᠠᠨ᠎ᠠ︶ ᠶᠢᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠪᠠᠶᠢᠭᠤᠯᠭ᠎ᠠ ᠶᠢᠨ ᠪᠦᠬᠦ ᠠᠵᠢᠯᠳᠠᠨ᠂ ᠡᠯ᠎ᠡ ᠰᠢᠭᠤᠳ ᠬᠠᠷᠢᠶ᠎ᠠ ᠨᠢᠭᠡᠴᠢ ᠶᠢᠨ ᠭᠤᠣᠯ | ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃ |