ᠵᠠᠰᠠᠭ ᠤᠨ ᠣᠷᠳᠣᠨ ᠤ ᠠᠵᠢᠯ ᠤᠨ ᠢᠯᠡᠳᠬᠡᠯ | – 2025 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠷᠢᠭᠦᠯᠡᠭᠴᠢ ᠸᠠᠩ ᠯᠢ ᠰᠢᠶᠠ | | ᠲᠥᠯᠥᠭᠡᠯᠡᠭᠴᠢᠳ ᠠ᠋᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠪᠤᠰᠤᠳ ᠰᠤᠯᠠ ᠤᠷᠤᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ᠂ | ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ | ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ | ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ | ᠳᠠᠪᠰᠢᠬᠤ ᠲᠠᠯ᠎ᠠ ᠪᠠᠷ ᠪᠣᠳᠠᠲᠤ ᠠᠬᠢᠴᠠ ᠲᠠᠢ ᠪᠣᠯᠪᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠲᠡᠭ 6% ᠣᠷᠴᠢᠮ ᠨᠡᠮᠡᠭᠳᠡᠨ᠂ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠶᠡᠷᠦᠩᠬᠡᠢ | ᠬᠡᠮᠵᠢᠶ᠎ᠡ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 20 ᠳ᠋ᠤᠭᠠᠷ ᠲᠤ ᠬᠦᠷᠬᠦ ᠪᠣᠯᠣᠮᠵᠢᠲᠠᠢ ᠪᠠᠶᠢᠵᠤ᠂ 5 ᠵᠢᠯ | ᠥᠩᠭᠡᠷᠡᠭᠡᠳ ᠳᠠᠬᠢᠨᠲᠠ ᠪᠦᠬᠦ ᠤᠯᠤᠰ ᠤᠨ ᠳᠤᠮᠳᠠ ᠲᠦᠪᠰᠢᠨ ᠳᠤ ᠪᠤᠴᠠᠬᠤ ᠪᠣᠯᠣᠨ᠎ᠠ︔ ᠠᠵᠤ ᠦᠢᠯᠡᠳᠪᠦᠷᠢ ᠶᠢᠨ | ᠨᠡᠮᠡᠭᠳᠡᠯ ᠦᠷᠲᠡᠭ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠪᠦᠬᠦ ᠤᠯᠤᠰ ᠤᠨ | ᠨᠡᠷᠡᠰ ᠤᠨ ᠵᠢᠭᠰᠠᠭᠠᠯᠲᠠ ᠳᠤ 3 ᠨᠡᠷᠡᠰ ᠳᠡᠭᠡᠭᠰᠢᠯᠡᠨ᠂ 14 ᠳ᠋ᠦ᠋ᠭᠡᠷ ᠲᠤ ᠬᠦᠷᠬᠦ ᠪᠣᠯᠣᠮᠵᠢᠲᠠᠢ ᠪᠠᠶᠢᠵᠤ᠂ ᠰᠦ | ᠰᠠᠭᠠᠯᠢ ᠶᠢᠨ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠨ᠂ | ᠲᠤᠭ᠎ᠠ ᠬᠡᠮᠵᠢᠶ᠎ᠡ ᠨᠢ ᠪᠠᠷᠠᠭᠤᠨ ᠬᠡᠰᠡᠭ ᠤᠨ ᠮᠤᠵᠢ ᠣᠷᠣᠨ ᠤ ᠳᠣᠲᠣᠷ᠎ᠠ 2 ᠳ᠋ᠤᠭᠠᠷ ᠲᠤ ᠪᠠᠶᠢᠷᠢᠰᠢᠪᠠ᠃ ᠠᠮᠤ | ᠪᠤᠳᠠᠭᠠᠨ ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ︽ᠬᠤᠷᠢᠨ ᠨᠢᠭᠡᠨ ᠵᠢᠯ ᠳᠠᠷᠠᠭᠠᠯᠠᠨ | ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠨᠡᠮᠡᠭᠳᠡᠯ ᠤᠨ ᠬᠡᠮᠵᠢᠶ᠎ᠡ ᠪᠦᠬᠦ ᠤᠯᠤᠰ ᠤᠨ 3 ᠳ᠋ᠤᠭᠠᠷ ᠲᠤ | ᠪᠠᠶᠢᠷᠢᠰᠢᠪᠠ᠃ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠪᠦᠬᠦ ᠤᠯᠤᠰ ᠲᠤ ᠡᠩ ᠲᠡᠷᠢᠭᠦᠨ ᠳᠤ ᠳ᠋ᠦᠩᠰᠢᠭᠤᠷ | ᠺᠢᠯᠣᠸᠠᠲ ᠢ ᠳᠠᠪᠠᠵᠤ᠂ 1.35 ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠠᠴᠠ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠬᠤᠷᠠᠯ ᠳᠤ ᠲᠣᠭᠲᠠᠭᠠᠭᠰᠠᠨ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ | ᠨᠢᠭᠡᠴᠢ GDP ᠤᠨ ᠡᠨᠧᠷᠬᠢ ᠶᠢᠨ ᠬᠤᠷᠣᠭᠳᠠᠯ 3% ᠪᠠᠷ ᠪᠠᠭᠤᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠦᠪᠵᠢᠭᠦᠯᠭᠡ ᠳᠠᠬᠢ ᠬᠢᠵᠠᠭᠠᠷᠯᠠᠬᠤ ᠬᠠᠷᠠᠯᠲᠠ ᠳᠤ ᠪᠠᠨ ᠨᠢᠭᠡ ᠵᠢᠯ ᠤᠷᠢᠳᠴᠢᠯᠠᠨ ᠬᠦᠷᠪᠡ᠃ ᠣᠷᠣᠭᠤᠯᠤᠨ | ᠠᠪᠴᠢᠷᠠᠵᠤ ᠪᠣᠳᠠᠲᠠᠶᠢᠵᠢᠭᠤᠯᠤᠭᠰᠠᠨ ᠪᠡᠯᠡ ᠮᠥᠩᠭᠦ 5300 ᠳ᠋ᠦᠩᠰᠢᠭᠤᠷ ᠲᠥᠭᠦᠷᠢᠭ ᠢ ᠳᠠᠪᠠᠵᠤ᠂ ᠭᠤᠷᠪᠠᠨ | ᠵᠢᠯ ᠳᠤ ᠲᠦᠮᠡᠨ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ ᠠᠪᠴᠢᠷᠠᠬᠤ ᠬᠠᠷᠠᠯᠲᠠ ᠪᠠᠨ ᠨᠢᠭᠡ ᠵᠢᠯ | ᠤᠷᠢᠳᠴᠢᠯᠠᠨ ᠪᠡᠶᠡᠯᠡᠭᠦᠯᠪᠡ᠃ ᠪᠣᠳᠣᠬᠤ ᠴᠢᠳᠠᠪᠤᠷᠢ ᠶᠢᠨ ᠶᠡᠷᠦᠩᠬᠡᠢ ᠬᠡᠪᠴᠢᠶᠡᠵᠢᠯ 9.4 ᠲᠦᠮᠡᠨ P ᠲᠤ ᠬᠦᠷᠴᠦ᠂ | ᠡᠭᠦᠨ ᠳᠤ ᠣᠶᠤᠨᠴᠢ ᠪᠣᠳᠣᠬᠤ ᠴᠢᠳᠠᠪᠤᠷᠢ 8.7 ᠲᠦᠮᠡᠨ P ᠪᠠᠶᠢᠵᠤ᠂ ᠪᠦᠬᠦ ᠤᠯᠤᠰ ᠤᠨ ᠨᠢᠭᠡᠳᠦᠭᠡᠷ ᠲᠤ | ᠪᠠᠶᠢᠷᠢᠯᠠᠪᠠ᠃ | ᠨᠢᠭᠡ ᠵᠢᠯ ᠤᠨ ᠲᠤᠷᠰᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠪᠠ ︽ᠲᠠᠪᠤᠨ ᠶᠡᠭᠡ ᠡᠭᠦᠷᠭᠡ︾ ᠶᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ | ᠰᠢᠵᠢᠮ ᠤᠨ ᠲᠣᠭᠤᠷᠢᠨ ᠳᠤ ᠨᠢᠭᠲᠠ ᠤᠶᠠᠯᠳᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ ᠵᠢᠴᠢ | 28 ᠵᠤᠷᠪᠤᠰ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠨᠠᠮ ᠤᠨ ᠠᠴᠢ ᠳᠤ ᠲᠠᠯᠠᠷᠬᠠᠨ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠢ ᠪᠠᠶᠢᠩᠭᠤᠰᠢᠭᠤᠯᠤᠨ | ᠥᠷᠨᠢᠭᠦᠯᠵᠦ᠂ ᠭᠤᠣᠯ ᠰᠢᠵᠢᠮ ᠤᠨ ᠱᠠᠭᠠᠷᠳᠠᠯᠭ᠎ᠠ ᠳᠤ ᠦᠯᠦ ᠨᠡᠶᠢᠴᠡᠬᠦ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠬᠥᠳᠡᠯᠦᠩᠭᠦᠢ ᠪᠠᠷ ᠢᠯᠭᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠳᠤ ᠭᠤᠷᠪᠠᠨ ᠬᠢᠴᠢᠶᠡᠯ | ᠲᠦᠷᠦᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠷᠢᠨ ᠪᠦᠷᠬᠦᠭᠦᠯᠪᠡ᠃ ︽ | ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠶᠢᠵᠤ᠂ ᠪᠢᠳᠡᠨ ᠤ ᠡᠷᠬᠡᠪᠰᠢ ᠰᠠᠶᠢᠲᠤᠷ ᠭᠦᠢᠴᠡᠳᠬᠡᠬᠦ | ᠴᠢᠬᠤᠯᠠ ᠬᠠᠷᠢᠭᠤᠴᠠᠯᠭ᠎ᠠ ᠳᠠᠷᠬᠠᠨ ᠡᠭᠦᠷᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ | ᠣᠨ ᠤ ᠡᠭᠦᠷᠭᠡ ᠶᠢᠨ ᠲᠣᠳᠣᠷᠬᠠᠢ ᠬᠠᠭᠤᠳᠠᠰᠤ ᠪᠠᠨ ᠲᠣᠳᠣᠷᠬᠠᠶᠢᠯᠠᠭᠰᠠᠨ ᠤ ᠳᠠᠷᠠᠭ᠎ᠠ᠂ ᠪᠢᠳᠡ ᠮᠦᠷᠳᠡᠨ | ᠲᠣᠬᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠭᠠᠳ | ᠢᠯᠡᠳᠲᠡ ᠦᠷ᠎ᠡ ᠪᠦᠲᠦᠮᠵᠢ ᠣᠯᠪᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠠᠯ᠎ᠠ ᠪᠠᠷ᠂ | ᠶᠡᠷᠦᠩᠬᠡᠢ ᠱᠦᠵᠢ ᠰᠢ ᠶᠢᠨ ᠫᠢᠩ ᠤᠨ ᠳᠠᠶᠢᠴᠢᠯᠠᠯᠲᠠ ᠶᠢᠨ ᠵᠠᠷᠯᠢᠭ ᠤᠨ ᠱᠠᠭᠠᠷᠳᠠᠯᠭ᠎ᠠ ᠶᠣᠰᠣᠭᠠᠷ᠂ ︽ᠭᠤᠷᠪᠠᠨ | ᠤᠮᠠᠷᠠᠲᠤ︾ ᠶᠢᠨ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ | ᠡᠯᠡᠰᠦ ᠶᠢ ᠵᠠᠰᠠᠬᠤ᠂ ᠣᠶᠢᠵᠢᠭᠤᠯᠬᠤ᠂ ᠡᠪᠡᠰᠦ ᠲᠠᠷᠢᠬᠤ ᠲᠠᠯ᠎ᠠ ᠪᠠᠷ ᠳᠤᠰ ᠪᠦᠷᠢ ᠣᠨ ᠤ ᠬᠠᠷᠠᠯᠲᠠ ᠡᠭᠦᠷᠭᠡ ᠪᠠᠨ | 113%᠂ 220% ᠪᠠ 148% ᠪᠠᠷ ᠪᠡᠶᠡᠯᠡᠭᠦᠯᠪᠡ︔ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠳ ᠢ ᠴᠢᠩᠭ᠎ᠠ ᠠᠩᠬᠠᠷᠴᠤ | ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ ᠠᠮᠢ ᠠᠬᠤᠢ ᠣᠷᠴᠢᠨ | ᠲᠣᠭᠤᠷᠢᠨ ᠤ ᠠᠰᠠᠭᠤᠳᠠᠯ ᠤᠨ ᠭᠡᠮ ᠰᠣᠭᠤᠭ ᠢ ᠲᠦᠢᠯᠪᠤᠷᠢᠲᠠᠢ ᠵᠢᠭᠰᠠᠭᠠᠨ ᠪᠠᠶᠢᠴᠠᠭᠠᠵᠤ᠂ ᠬᠠᠳᠤᠨ ᠭᠤᠣᠯ ᠵᠢᠴᠢ | ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ 47 | ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠶᠢᠨ ᠠᠭᠠᠷ ᠮᠠᠨᠳᠠᠯ ᠤᠨ ᠵᠠᠰᠠᠯᠲᠠ ᠶᠢᠨ ᠲᠦᠷᠦᠯ | ᠵᠦᠢᠯ ᠢ 63 ᠬᠡᠷᠡᠭᠵᠢᠭᠦᠯᠵᠦ᠂ ᠬᠠᠳᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠴᠢᠨᠠᠷ ᠤᠨ 5 ᠵᠢᠯ | ᠳᠠᠷᠠᠭᠠᠯᠠᠨ II ᠲᠦᠷᠦᠯ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠤᠯᠤᠰ ᠤᠨ ᠭᠠᠵᠠᠷ ᠳᠡᠭᠡᠷᠡᠬᠢ ᠤᠰᠤ ᠶᠢ ᠰᠢᠯᠭᠠᠨ | ᠬᠢᠨᠠᠬᠤ ᠣᠭᠲᠣᠯᠣᠭᠠᠰᠤ ᠳᠠᠬᠢ ᠪᠦᠬᠦ ᠣᠷᠣᠨ ᠤ ᠭᠠᠵᠠᠷ ᠳᠡᠭᠡᠷᠡᠬᠢ ᠤᠰᠤᠨ ᠤ ᠴᠢᠨᠠᠷ ᠤᠨ ᠰᠢᠯᠢᠳᠡᠭ ᠰᠠᠶᠢᠨ ᠤ | ᠬᠠᠷᠢᠴᠠᠯ 81.4%᠂ ᠴᠡᠪᠡᠷ ᠰᠠᠶᠢᠨ ᠠᠭᠠᠷ ᠲᠠᠢ ᠡᠳᠦᠷ ᠤᠨ ᠲᠤᠭ᠎ᠠ ᠶᠢᠨ ᠬᠠᠷᠢᠴᠠᠯ 90.6% ᠪᠠᠶᠢᠵᠤ᠂ ᠴᠥᠮ | ᠤᠯᠤᠰ ᠤᠨ ᠪᠠᠭᠤᠯᠭᠠᠭᠰᠠᠨ ᠰᠢᠯᠭᠠᠨ ᠬᠢᠨᠠᠬᠤ ᠬᠠᠷᠠᠯᠲᠠ ᠶᠢ ᠪᠡᠶᠡᠯᠡᠭᠦᠯᠪᠡ᠃ ᠠᠮᠤᠷ ᠲᠣᠭᠲᠠᠭᠤᠨ ᠤ | ᠬᠠᠯᠬᠠᠪᠴᠢ ᠶᠢᠨ ᠲᠠᠯ᠎ᠠ ᠪᠠᠷ᠂ ︽ᠰᠤᠷᠤᠯᠭ᠎ᠠ ᠶᠢᠨ ᠰᠦᠢᠳᠬᠡᠯ ᠢ ᠲᠠᠯᠠᠭᠠᠷ ᠲᠤᠰᠢᠶᠠᠵᠤ ᠪᠣᠯᠬᠤ ᠦᠭᠡᠢ︾ ᠭᠡᠳᠡᠭ ᠢ | ᠪᠠᠲᠤ ᠴᠡᠭᠡᠵᠢᠯᠡᠵᠦ᠂ ᠠᠶᠤᠯ ᠦᠭᠡᠢ ᠦᠢᠯᠡᠳᠪᠦᠷᠢᠯᠡᠯ ᠢ ᠬᠦᠴᠦᠯᠡᠨ ᠠᠳᠬᠤᠵᠤ᠂ ᠦᠨᠳᠦᠰᠦ ᠠᠴᠠ ᠨᠢ ᠵᠠᠰᠠᠬᠤ | ᠰᠢᠪᠲᠤᠯᠤᠯᠲᠠ ᠶᠢ ᠥᠷᠨᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ᠂ ᠠᠳᠡᠭᠰᠡᠨ | ᠬᠥᠮᠥᠨ ᠤ ᠲᠤᠭ᠎ᠠ ᠴᠥᠮ ᠪᠠᠭᠤᠷᠠᠪᠠ᠃ ᠪᠢᠳᠡ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠳ᠋ ᠤᠨ ᠵᠠᠰᠠᠭ ᠢ | ᠪᠦᠬᠦ ᠣᠷᠣᠨ ᠳᠤ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠪᠡᠯᠡ ᠮᠥᠩᠭᠦ ᠶᠢ ᠦᠨᠳᠦᠰᠦᠨ ᠱᠠᠲᠤᠨ ᠳᠤ | ᠪᠠᠭᠤᠯᠭᠠᠬᠤ ᠶᠢ ᠠᠬᠢᠭᠤᠯᠤᠨ᠂ 120.6 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ ᠱᠠᠲᠤᠨ ᠤ ᠥᠷᠢ | ᠥᠭᠴᠡᠭᠡ ᠪᠠᠨ ᠠᠷᠢᠯᠭᠠᠬᠤ ᠶᠢ ᠨᠢ ᠳᠡᠮᠵᠢᠵᠥ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠰᠠᠭᠤᠷᠢ | ᠱᠤᠭᠤᠮ ᠢ ᠪᠠᠲᠤ ᠰᠠᠬᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠲᠠᠪᠴᠠᠩ ᠢ 66. | 5% ᠪᠠᠷ ᠪᠠᠭᠤᠷᠠᠭᠤᠯᠤᠨ᠂ 8 ᠬᠤᠰᠢᠭᠤ ᠰᠢᠶᠠᠨ ᠤ ᠳᠠᠯᠳᠠ ᠥᠷᠢ ᠥᠭᠴᠡᠭᠡ ᠶᠢ ᠪᠦᠷᠢᠮᠦᠰᠦᠨ ᠠᠷᠢᠯᠭᠠᠵᠤ᠂ 1 | ᠠᠶᠢᠮᠠᠭ ᠬᠤᠳᠡ ᠶᠢᠨ ᠲᠤᠰ ᠱᠠᠲᠤ ᠪᠠ 10 ᠬᠤᠰᠢᠭᠤ ᠰᠢᠶᠠᠨ ᠨᠢ ᠲᠦᠭᠰᠢᠭᠦᠷᠢ ᠶᠡᠬᠡᠲᠡᠢ ᠵᠡᠷᠭᠡ ᠳᠡᠰ ᠠᠴᠠ | ᠪᠤᠴᠠᠵᠤ ᠭᠠᠷᠬᠤ ᠪᠣᠯᠣᠮᠵᠢᠲᠠᠢ ᠪᠠᠶᠢᠵᠤ᠂ ᠪᠦᠬᠦ ᠣᠷᠣᠨ ᠤ ᠥᠷᠢ ᠥᠭᠴᠡᠭᠡᠨ ᠤ ᠲᠦᠭᠰᠢᠭᠦᠷᠢ ᠶᠢᠨ ᠳᠡᠰ ᠤᠨ | ᠪᠠᠭᠤᠷᠠᠯᠲᠠ ᠶᠢ ᠪᠡᠶᠡᠯᠡᠭᠦᠯᠬᠦ ᠪᠣᠯᠣᠮᠵᠢᠲᠠᠢ ᠪᠠᠶᠢᠨ᠎ᠠ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠠᠬᠢᠭᠤᠯᠵᠤ᠂ ᠲᠦᠭᠰᠢᠭᠦᠷᠢ | ᠶᠡᠬᠡᠲᠡᠢ ᠪᠠᠶᠢᠭᠤᠯᠤᠮᠵᠢ ᠶᠢ 80% ᠪᠠᠷ ᠪᠠᠭᠤᠷᠠᠭᠤᠯᠪᠠ︔ ᠴᠠᠭ ᠲᠤ ᠪᠠᠨ ᠪᠠᠲᠤᠯᠠᠨ ᠲᠤᠰᠢᠶᠠᠬᠤ ᠠᠰᠠᠷ᠂ | ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ ᠡᠭᠦᠷᠭᠡ ᠪᠠᠨ ᠪᠡᠶᠡᠯᠡᠭᠦᠯᠪᠡ᠃ ᠨᠡᠶᠢᠭᠡᠮ ᠤᠨ ᠵᠥᠷᠢᠴᠡᠯ | ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ | ᠶᠡᠷᠦᠩᠬᠡᠢ ᠬᠡᠮᠵᠢᠶ᠎ᠡ 46.5% ᠪᠠᠷ ᠪᠠᠭᠤᠷᠠᠪᠠ᠃ ᠴᠠᠬᠢᠯᠭᠠᠨ ᠬᠤᠯᠪᠣᠭᠠᠨ ᠤ ᠮᠡᠬᠡᠯᠡᠯ᠂ ᠰᠤᠷᠭᠠᠭᠤᠯᠢ ᠶᠢᠨ | ᠬᠦᠷᠢᠶᠡᠨ ᠳᠠᠬᠢ ᠳᠠᠷᠤᠯᠠᠯ ᠳᠣᠷᠣᠮᠵᠢᠯᠠᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠠᠮᠢᠨ ᠬᠡᠷᠡᠭ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠤᠯᠲᠠ ᠶᠢ ᠭᠦᠨᠵᠡᠭᠡᠶᠢᠷᠡᠭᠦᠯᠦᠨ᠂ | ᠨᠡᠶᠢᠭᠡᠮ ᠳᠠᠶᠠᠭᠠᠷ ᠤᠨ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠪᠡ᠃ ᠨᠠᠮ ᠵᠠᠰᠠᠭ ᠴᠡᠷᠢᠭ | ᠴᠠᠭᠳᠠᠭ᠎ᠠ ᠠᠷᠠᠳ ︽ᠲᠠᠪᠤ ᠶᠢ ᠨᠢᠭᠡ ᠴᠣᠭᠴᠠᠵᠢᠭᠤᠯᠬᠤ︾ ᠪᠠᠷ ᠬᠦᠴᠦ ᠪᠠᠨ ᠬᠠᠮᠲᠤᠳᠬᠠᠨ ᠬᠢᠯᠢ ᠬᠢᠵᠠᠭᠠᠷ ᠤᠨ | ᠪᠦᠲᠦᠭᠡᠨ ᠪᠠᠶᠢᠭᠤᠯᠤᠯᠲᠠ ᠶᠢ ᠴᠢᠩᠳᠠᠯᠠᠨ ᠬᠢᠯᠢ ᠬᠢᠵᠠᠭᠠᠷ ᠢᠶᠠᠨ ᠪᠠᠬᠢᠵᠢᠭᠦᠯᠬᠦ ᠠᠵᠢᠯ ᠢ ᠴᠢᠩᠭᠠᠳᠬᠠᠪᠠ᠃ | ᠡᠨᠧᠷᠬᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠲᠠᠯ᠎ᠠ ᠪᠠᠷ᠂ | ᠵᠢᠱᠢᠯᠲᠡ ᠪᠠᠷ ᠨᠡᠭᠦᠷᠡᠰᠦᠨ ᠤ ᠭᠠᠷᠤᠯᠲᠠ 12.9 ᠳ᠋ᠦᠩᠰᠢᠭᠤᠷ ᠲᠤᠨ ᠳᠤ ᠬᠦᠷᠴᠦ᠂ ᠬᠠᠩᠭᠠᠯᠭ᠎ᠠ ᠶᠢ ᠪᠠᠲᠤᠯᠠᠬᠤ | ᠡᠭᠦᠷᠭᠡ ᠪᠠᠨ 8.3 ᠳ᠋ᠦᠩᠰᠢᠭᠤᠷ ᠲᠤᠨ ᠪᠡᠶᠡᠯᠡᠭᠦᠯᠦᠨ᠂ ᠪᠦᠬᠦ ᠤᠯᠤᠰ ᠤᠨ 34.5% ᠶᠢ ᠡᠵᠡᠯᠡᠵᠦ᠂ ᠴᠠᠬᠢᠯᠭᠠᠨ | ᠭᠠᠷᠭᠠᠭᠰᠠᠨ ᠬᠡᠮᠵᠢᠶ᠎ᠡ 8000 ᠳ᠋ᠦᠩᠰᠢᠭᠤᠷ ᠭᠷᠡᠳᠦ᠋ᠰ ᠢ ᠳᠠᠪᠠᠵᠤ᠂ ᠭᠠᠳᠠᠭᠰᠢ ᠴᠠᠬᠢᠯᠭᠠᠨ ᠳᠠᠮᠵᠢᠭᠤᠯᠤᠭᠰᠠᠨ | ᠬᠡᠮᠵᠢᠶ᠎ᠡ 3150 ᠳ᠋ᠦᠩᠰᠢᠭᠤᠷ ᠭᠷᠡᠳᠦ᠋ᠰ ᠲᠤ ᠬᠦᠷᠴᠦ᠂ ᠪᠦᠬᠦ ᠤᠯᠤᠰ ᠤᠨ 16% ᠶᠢ ᠡᠵᠡᠯᠡᠵᠦ᠂ ᠴᠥᠮ ᠪᠦᠬᠦ | ᠤᠯᠤᠰ ᠤᠨ ᠨᠢᠭᠡᠳᠦᠭᠡᠷ ᠲᠤ ᠪᠠᠶᠢᠷᠢᠰᠢᠪᠠ︔ ᠪᠣᠬᠢᠷᠳᠤᠯ ᠦᠭᠡᠢ ᠴᠠᠬᠢᠯᠭᠠᠨ ᠭᠠᠷᠭᠠᠭᠰᠠᠨ ᠬᠡᠮᠵᠢᠶ᠎ᠡ 2000 | ᠳ᠋ᠦᠩᠰᠢᠭᠤᠷ ᠭᠷᠡᠳᠦ᠋ᠰ ᠢ ᠳᠠᠪᠠᠵᠤ᠂ ᠪᠦᠬᠦ ᠤᠯᠤᠰ ᠤᠨ ᠪᠣᠬᠢᠷᠳᠤᠯ ᠦᠭᠡᠢ ᠴᠠᠬᠢᠯᠭᠠᠨ ᠤ ᠤᠯᠠᠨ ᠤᠯᠤᠰ ᠤᠨ | ᠨᠡᠭᠦᠷᠡᠰᠦᠳᠦ᠋ᠷᠦᠭᠴᠢ ᠶᠢᠨ ᠤᠯᠠ ᠮᠥᠷ ᠤᠨ ᠠᠩᠬᠠᠳᠠᠭᠴᠢ ᠦᠨᠡᠮᠯᠡᠯ ᠢ ᠲᠠᠷᠬᠠᠭᠠᠵᠤ᠂ ᠪᠦᠬᠦ ᠤᠯᠤᠰ ᠲᠤ ᠡᠩ | ᠲᠡᠷᠢᠭᠦᠨ ᠳᠤ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠬᠢᠯᠭᠠᠨ ᠤ ᠠᠷᠠᠯᠵᠢᠶ᠎ᠠ | ᠥᠷᠨᠢᠭᠦᠯᠦᠨ᠂ ᠪᠣᠬᠢᠷᠳᠤᠯ ᠦᠭᠡᠢ ᠴᠠᠬᠢᠯᠭᠠᠨ ᠤ ᠠᠷᠠᠯᠵᠢᠶᠠᠨ ᠤ ᠬᠡᠪᠴᠢᠶ᠎ᠡ ᠪᠦᠬᠦ ᠤᠯᠤᠰ ᠤᠨ ᠨᠢᠭᠡᠳᠦᠭᠡᠷ ᠲᠤ | ᠪᠠᠶᠢᠷᠢᠰᠢᠵᠤ᠂ ᠶᠤᠸᠠᠨ ᠵᠢᠩ᠂ ᠮᠢᠩ ᠶᠠᠩ᠂ ᠯᠦᠩ ᠵᠢᠢ᠂ ᠯᠦᠩ ᠮᠠ ᠵᠡᠷᠭᠡ ᠨᠢᠭᠡ ᠪᠦᠯᠦᠭ ᠠᠵᠤ ᠠᠬᠤᠶᠢᠯᠠᠯ ᠤᠨ | ᠶᠡᠷᠦᠩᠬᠡᠢ ᠬᠡᠯᠲᠡᠰ ᠳᠠᠩᠰᠠᠯᠠᠭᠤᠯᠤᠨ ᠰᠠᠭᠤᠷᠢᠰᠢᠪᠠ︔ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ | ᠮᠠᠲ᠋ᠧᠷᠢᠶᠠᠯ ᠤᠨ ᠭᠠᠷᠤᠯᠲᠠ 30% ᠠᠴᠠ ᠳᠡᠭᠡᠭᠰᠢ ᠨᠡᠮᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ | ᠦᠢᠯᠡᠳᠬᠦᠨ ᠤ ᠦᠷᠲᠡᠭ ᠮᠢᠩᠭᠠᠨ ᠳ᠋ᠦᠩᠰᠢᠭᠤᠷ ᠲᠥᠭᠦᠷᠢᠭ ᠢ ᠳᠠᠪᠠᠪᠠ︔ ᠠᠭᠤᠷᠬᠠᠢ ᠬᠠᠶᠢᠬᠤ ᠰᠢᠪᠲᠤᠯᠤᠯᠲᠠ ᠶᠢᠨ | ᠠᠵᠢᠯᠯᠠᠭᠠᠨ ᠢᠶᠠᠷ ᠲᠣᠮᠣ ᠳᠤᠮᠳᠠ ᠬᠡᠯᠪᠡᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ | ᠭᠠᠷᠤᠯᠲᠠ ᠶᠢᠨ ᠣᠷᠣᠨ ᠢ ᠰᠢᠨ᠎ᠡ ᠪᠠᠷ 20 ᠢᠯᠡᠷᠡᠭᠦᠯᠵᠦ᠂ 8 ᠵᠦᠢᠯ ᠤᠨ ᠠᠭᠤᠷᠬᠠᠢ ᠶᠢᠨ ᠭᠠᠷᠤᠯᠲᠠ ᠨᠢ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠨᠥᠭᠡᠴᠡ ᠨᠡᠮᠡᠭᠳᠡᠭᠦᠯᠬᠦ ᠡᠭᠦᠷᠭᠡ ᠶᠢ | ᠪᠡᠶᠡᠯᠡᠭᠦᠯᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ | ᠲᠠᠯ᠎ᠠ ᠪᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 940 ᠲᠦᠮᠡᠨ ᠮᠦ᠂ ︽ᠲᠣᠨ ᠤᠨᠠᠯᠲᠠ ᠲᠠᠢ ᠲᠠᠷᠢᠶ᠎ᠠ︾ | ᠶᠢ 855 ᠲᠦᠮᠡᠨ ᠮᠦ ᠪᠠᠶᠢᠭᠤᠯᠵᠤ᠂ ᠪᠡᠯᠡᠳᠭᠡᠮᠵᠢᠲᠦ ᠲᠠᠷᠢᠶᠠᠯᠠᠩ ᠢ 26 ᠲᠦᠮᠡᠨ ᠮᠦ᠂ ᠬᠠᠰᠢᠶᠠᠯᠠᠨ ᠲᠡᠵᠢᠭᠡᠬᠦ | ᠬᠠᠰᠢᠶ᠎ᠠ ᠰᠠᠷᠠᠪᠴᠢ ᠶᠢ 300 ᠲᠦᠮᠡᠨ ᠺᠦᠸᠠᠳ᠋ ᠮᠧᠳ᠋ᠷ ᠰᠢᠨ᠎ᠡ ᠪᠠᠷ ᠨᠡᠮᠡᠭᠳᠡᠭᠦᠯᠦᠨ᠂ 78 ᠲᠦᠮᠡᠨ ᠲᠠᠷᠢᠶᠠᠯᠠᠬᠤ | ᠮᠠᠯᠵᠢᠬᠤ ᠡᠷᠦᠬᠡ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ᠠᠮᠤ ᠪᠤᠳᠠᠭᠠᠨ ᠤ ᠮᠦ ᠪᠦᠷᠢ ᠶᠢᠨ | ᠤᠨᠠᠯᠲᠠ 24.2 ᠵᠢᠩ ᠳᠡᠭᠡᠭᠰᠢᠯᠡᠵᠦ᠂ ᠡᠷᠳᠡᠨᠢ ᠰᠢᠰᠢ᠂ ᠲᠥᠮᠥᠰᠥ ᠶᠢᠨ ᠳᠤᠮᠳᠠᠴᠢ ᠨᠢᠭᠡᠴᠢ ᠤᠨᠠᠯᠲᠠ ᠳᠠᠬᠢᠨᠲᠠ | ᠰᠢᠨ᠎ᠡ ᠲᠦᠪᠰᠢᠨ ᠳᠤ ᠬᠦᠷᠴᠦ᠂ ᠦᠬᠡᠷ ᠬᠤᠨᠢᠨ ᠤ ᠮᠢᠬ᠎ᠠ᠂ ᠦᠨᠢᠶᠡᠨ ᠰᠦᠨ ᠤ ᠭᠠᠷᠤᠯᠲᠠ ᠪᠦᠬᠦ ᠤᠯᠤᠰ ᠤᠨ | ᠨᠢᠭᠡᠳᠦᠭᠡᠷ ᠲᠤ ᠯᠠᠪᠳᠠᠭᠤᠨ ᠪᠠᠶᠢᠷᠢᠯᠠᠵᠤ᠂ ᠰᠦ ᠰᠠᠭᠠᠯᠢ᠂ ᠤᠯᠠᠭᠠᠨ ᠢᠳᠡᠭᠡ᠂ ᠲᠥᠮᠥᠰᠥ᠂ ᠨᠣᠣᠯᠣᠭᠤᠷ ᠵᠡᠷᠭᠡ | ᠭᠤᠣᠯᠳᠠᠯᠭ᠎ᠠ ᠪᠣᠯᠬᠤ 7 ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠲᠡᠭ 7000 ᠳ᠋ᠦᠩᠰᠢᠭᠤᠷ | ᠲᠥᠭᠦᠷᠢᠭ ᠢ ᠳᠠᠪᠠᠵᠤ᠂ ᠪᠦᠬᠦ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡᠨ ᠳᠤ ᠲᠠᠯ᠎ᠠ ᠨᠤᠲᠤᠭ ᠠᠴᠠ | ᠢᠷᠡᠭᠰᠡᠨ ᠪᠣᠬᠢᠷᠳᠤᠯ ᠦᠭᠡᠢ ᠢᠳᠡᠭᠡᠨ ᠶᠠᠪᠤᠬᠤ ᠲᠣᠳᠣᠮ ᠣᠯᠠᠰᠢᠷᠠᠪᠠ᠃ ᠤᠮᠠᠷᠠᠰᠢ ᠨᠡᠭᠡᠭᠡᠯᠲᠡ ᠬᠢᠬᠦ | ᠪᠠᠬᠢᠯᠡᠯᠲᠡ ᠶᠢᠨ ᠲᠠᠯ᠎ᠠ ᠪᠠᠷ᠂ 3 ᠬᠤᠣᠰ ᠤᠯᠠᠨ ᠤᠯᠤᠰ ᠤᠨ ᠨᠦᠬᠦᠷᠰᠡᠭ ᠬᠤᠳᠠ ᠶᠢᠨ ᠬᠠᠷᠢᠴᠠᠭ᠎ᠠ ᠶᠢ ᠰᠢᠨ᠎ᠡ ᠪᠠᠷ | ᠪᠠᠶᠢᠭᠤᠯᠤᠨ᠂ ᠳᠤᠮᠳᠠᠳᠤ ᠮᠣᠩᠭᠤᠯ ᠤᠨ ᠡᠷᠢᠶᠡᠨ ᠬᠤᠳᠠ – ᠵᠠᠮ ᠤᠨ ᠡᠭᠦᠳᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ᠂ ᠲᠦᠩᠯᠢᠶᠣᠣ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ | ᠵᠥᠪᠰᠢᠶᠡᠷᠡᠭᠳᠡᠵᠦ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠪᠦᠭᠦ ᠱᠤᠭᠤᠮ ᠢᠶᠠᠷ | ᠨᠡᠪᠲᠡᠷᠡᠵᠥ᠂ ᠮᠠᠨᠵᠤᠤᠷ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠬᠠᠷᠢᠯᠴᠠᠨ ᠠᠷᠠᠯᠵᠢᠶᠠᠯᠠᠬᠤ ᠣᠷᠣᠨ ᠢ | ᠪᠣᠭᠤᠮᠲᠠ ᠬᠤᠷᠢᠵᠤ ᠡᠵᠡᠩᠨᠡᠨ ᠠᠵᠢᠯᠯᠠᠭᠤᠯᠵᠤ᠂ ᠵᠢᠱᠢᠯᠲᠡ ᠪᠠᠷ ᠪᠦᠬᠦ ᠣᠷᠣᠨ ᠤ ᠬᠠᠭᠤᠷᠠᠢ ᠵᠠᠮ ᠤᠨ ᠬᠢᠯᠢ ᠶᠢᠨ | ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1.2 ᠳ᠋ᠦᠩᠰᠢᠭᠤᠷ ᠲᠣᠨ ᠢ ᠳᠠᠪᠠᠵᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 2000 ᠳ᠋ᠦᠩᠰᠢᠭᠤᠷ ᠲᠥᠭᠦᠷᠢᠭ ᠢ ᠳᠠᠪᠠᠨ᠂ ︽ | ᠰᠢᠨ᠎ᠡ ᠭᠤᠷᠪᠠᠨ ᠵᠦᠢᠯ︾ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 50% ᠠᠴᠠ ᠳᠡᠭᠡᠭᠰᠢ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠡᠷᠴᠢᠮ ᠢᠶᠠᠨ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠴᠢᠩᠭ᠎ᠠ | ᠠᠳᠬᠤᠨ ᠱᠠᠯᠠᠪᠳᠠᠨ ᠭᠦᠢᠴᠡᠳᠬᠡᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ ᠪᠡᠯᠭᠡ ᠲᠡᠮᠳᠡᠭ ᠤᠨ | ᠴᠢᠨᠠᠷᠲᠠᠢ ᠦᠷ᠎ᠡ ᠪᠦᠲᠦᠭᠡᠯ ᠣᠯᠪᠠ᠃ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠤᠭᠰᠠᠨ ᠦᠷ᠎ᠡ ᠪᠦᠲᠦᠮᠵᠢ | ᠢᠯᠡᠳᠲᠡ ᠪᠠᠶᠢᠵᠤ᠂ ᠲᠦᠷᠦ ᠶᠢᠨ ᠶᠠᠪᠤᠳᠠᠯ ᠤᠨ ᠬᠤᠷᠢᠶᠠᠨ ᠤ 16 ᠳ᠋ᠤᠭᠠᠷ ᠪᠢᠴᠢᠭ ᠮᠠᠲ᠋ᠧᠷᠢᠶᠠᠯ ᠢ ᠲᠦᠷᠭᠡᠳᠬᠡᠨ | ᠬᠡᠷᠡᠭᠵᠢᠭᠦᠯᠵᠦ᠂ 86 ᠴᠢᠬᠤᠯᠠ ᠶᠡᠭᠡ ᠲᠦᠷᠦᠯ ᠵᠦᠢᠯ ᠤᠨ 74 ᠶᠢ ᠨᠢ ᠠᠵᠢᠯ ᠡᠬᠢᠯᠡᠭᠦᠯᠵᠦ᠂ ᠪᠠᠷᠠᠭᠤᠨ ᠣᠷᠣᠨ ᠢ | ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠴᠥᠮ ᠪᠦᠲᠦᠮᠵᠢᠳᠠᠢ ᠨᠠᠶᠢᠳᠠᠪᠤᠷᠢᠵᠢᠭᠤᠯᠪᠠ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠤᠨ ︽ᠬᠠᠪᠤᠷ ᠪᠣᠯᠣᠮᠠᠭᠴᠠ ᠠᠵᠢᠯ ᠡᠬᠢᠯᠡᠭᠦᠯᠬᠦ︾ ᠶᠢ ᠪᠡᠶᠡᠯᠡᠭᠦᠯᠵᠦ᠂ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ ᠪᠦᠲᠦᠭᠡᠨ | ᠪᠠᠶᠢᠭᠤᠯᠵᠤ᠂ 238 ᠲᠦᠮᠡᠨ ᠮᠦ ᠡᠯᠡᠰᠦ ᠶᠢ ᠵᠠᠰᠠᠵᠤ᠂ ᠬᠥᠪᠴᠢ ᠶᠢᠨ ᠡᠯᠡᠰᠦ ᠶᠢᠨ ︽ᠭᠡᠷᠡᠯᠴᠢ ᠴᠡᠨᠡᠭ ᠤᠨ | ᠣᠷᠲᠦ ᠴᠠᠭᠠᠨ ᠬᠡᠷᠡᠮ︾ ᠠᠩᠬ᠎ᠠ ᠬᠡᠪᠴᠢᠶᠡᠵᠢᠵᠦ᠂ ᠪᠣᠷᠣᠬᠤᠲᠠ ᠠᠴᠠ ᠪᠠᠶᠠᠨᠲᠤᠬᠤᠢ ᠬᠦᠷᠬᠦ ᠡᠯᠡᠰᠦ ᠶᠢ ᠵᠠᠰᠠᠬᠤ | ᠵᠠᠰᠠᠮᠠᠯ ᠵᠠᠮ ᠪᠦᠬᠦ ᠤᠯᠤᠰ ᠤᠨ ᠬᠠᠮᠤᠭ ᠤᠨ ᠰᠠᠶᠢᠬᠠᠨ ᠬᠥᠳᠡᠭᠡ ᠳᠤᠰᠬᠤᠨ ᠤ ᠵᠠᠮ ᠢᠶᠠᠷ ᠦᠨᠡᠯᠡᠭᠳᠡᠵᠦ᠂ ︽ | ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠪᠠᠷ ᠤᠯᠠᠨ ᠲᠦᠮᠡᠨ ᠢ ᠳᠠᠶᠢᠴᠢᠯᠠᠨ 8.5 ᠳ᠋ᠦᠩᠰᠢᠭᠤᠷ | ᠲᠥᠭᠦᠷᠢᠭ ᠤᠨ ᠣᠷᠣᠯᠭ᠎ᠠ ᠨᠡᠮᠡᠭᠳᠡᠭᠦᠯᠦᠨ᠂ ᠴᠥᠯᠡᠷᠬᠡᠭᠵᠢᠯ ᠢ ᠰᠡᠷᠭᠡᠶᠢᠯᠡᠨ ᠵᠠᠰᠠᠬᠤ᠂ ᠰᠢᠨ᠎ᠡ ᠡᠨᠧᠷᠬᠢ ᠶᠢ | ᠬᠥᠭᠵᠢᠭᠦᠯᠬᠦ᠂ ᠠᠷᠠᠳ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠴᠥᠮ ᠠᠰᠢᠭ ᠬᠦᠷᠲᠡᠬᠦ ᠶᠢ ᠪᠡᠶᠡᠯᠡᠭᠦᠯᠪᠡ | ᠃ ᠳᠤᠯᠠᠭᠠᠯᠠᠭ᠎ᠠ ᠶᠢᠨ ᠢᠨᠵᠧᠨᠧᠷᠢᠩ ᠤᠨ ᠣᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠂ 200 ᠳ᠋ᠦᠩᠰᠢᠭᠤᠷ | ᠲᠥᠭᠦᠷᠢᠭ ᠰᠢᠬᠠᠮ ᠪᠡᠯᠡ ᠣᠷᠣᠭᠤᠯᠵᠤ᠂ ᠢᠯᠴᠢ ᠬᠠᠩᠭᠠᠬᠤ ᠬᠤᠭᠤᠯᠠᠢ ᠭᠤᠤᠷᠰᠤ ᠶᠢᠨ ᠲᠣᠣᠷ ᠢ ᠲᠦᠮᠡᠨ | ᠺᠢᠯᠣᠮᠧᠳ᠋ᠷ ᠰᠢᠬᠠᠮ ᠥᠭᠡᠷᠡᠴᠢᠯᠡᠨ ᠰᠢᠨᠡᠳᠬᠡᠵᠦ᠂ ᠪᠦᠬᠦ ᠣᠷᠣᠨ ᠤ ᠰᠦᠯᠵᠢᠶ᠎ᠡ ᠪᠠᠷ ᠬᠢᠨᠠᠨ ᠰᠢᠨᠵᠢᠭᠰᠡᠨ ᠥᠷᠥᠭᠡᠨ ᠤ | ᠳᠤᠯᠠᠭᠠᠨ ᠤ ᠪᠠᠷᠢᠮᠵᠢᠶ᠎ᠠ ᠳᠤ ᠬᠦᠷᠦᠭᠰᠡᠨ ᠨᠤᠷᠮ᠎ᠠ 99% ᠠᠴᠠ ᠳᠡᠭᠡᠭᠰᠢ ᠳᠤ ᠬᠦᠷᠴᠦ᠂ 19.3 ᠲᠦᠮᠡᠨ | ᠡᠷᠦᠬᠡ ᠶᠢᠨ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠬᠡᠬᠦ ᠠᠵᠢᠯ ᠢ ᠪᠡᠶᠡᠯᠡᠭᠦᠯᠦᠨ᠂ ᠤᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ ᠢ ᠨᠡᠶᠢᠲᠡᠯᠡᠨ᠂ | ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ | ᠪᠠᠶᠢᠭᠤᠯᠵᠤ᠂ ᠦᠨᠡᠨᠴᠢ ᠢᠲᠡᠭᠡᠮᠵᠢ ᠶᠢᠨ ᠵᠠᠭᠠᠯᠳᠤᠯᠭ᠎ᠠ ᠶᠢᠨ ᠴᠣᠩᠬᠤᠪᠴᠢ ᠭᠠᠷᠭᠠᠵᠤ᠂ ᠡᠯ᠎ᠡ ᠲᠦᠷᠦᠯ ᠤᠨ | ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠶᠡᠭᠡ ᠪᠠᠷ ᠴᠡᠭᠴᠡᠯᠡᠨ ᠵᠠᠰᠠᠵᠤ᠂ ᠠᠵᠤ ᠠᠬᠤᠶᠢᠯᠠᠯ ᠳᠤ ᠥᠷᠢᠲᠦᠵᠦ | ᠪᠠᠶᠢᠭ᠎ᠠ ᠳᠠᠩᠰᠠᠨ ᠳᠠᠬᠢ ᠵᠣᠭᠤᠰ ᠢ ᠨᠢ ᠢᠯᠭᠠᠷᠠᠭᠤᠯᠤᠨ᠂ 71.4 ᠳ᠋ᠦᠩᠰᠢᠭᠤᠷ ᠲᠥᠭᠦᠷᠢᠭ ᠤᠨ ᠬᠤᠬᠢᠷᠠᠯ ᠢ | ᠡᠭᠡᠭᠦᠯᠵᠦ ᠠᠪᠴᠢᠷᠠᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠠᠵᠢᠯ | ᠠᠩᠬ᠎ᠠ ᠡᠬᠢᠯᠡᠮᠡᠭᠴᠡ ᠲᠥᠯᠥᠪᠵᠢᠵᠦ᠂ 5 ᠴᠡᠭ ᠪᠠᠶᠢᠷᠢᠯᠠᠯ ᠤᠨ 36 ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢ | ᠪᠦᠬᠦ ᠲᠠᠯ᠎ᠠ ᠪᠠᠷ ᠠᠬᠢᠭᠤᠯᠤᠨ᠂ ᠰᠦ ᠰᠠᠭᠠᠯᠢ ᠶᠢᠨ ᠦᠢᠯᠡᠰ᠂ ᠬᠤᠪᠣᠷ ᠰᠢᠷᠣᠢ᠂ ᠣᠰᠣᠳᠦ᠋ᠷᠦᠭᠴᠢ᠂ ᠨᠥᠭᠡᠴᠡ | ᠡᠨᠧᠷᠬᠢ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠠᠵᠢᠯ ᠲᠦᠷᠦᠯ ᠤᠨ ᠬᠤᠭᠤᠰᠤᠨ ᠣᠷᠣᠨ ᠵᠠᠢ ᠶᠢ | ᠨᠥᠬᠦᠪᠦᠷᠢᠯᠡᠭᠰᠡᠨ ᠮᠡᠷᠭᠡᠵᠢᠯ ᠤᠨ ᠰᠢᠪᠲᠤᠯᠤᠯᠲᠠ ᠲᠠᠢ ᠪᠣᠯᠵᠤ᠂ ᠠᠭᠠᠷ ᠰᠠᠨᠰᠠᠷ ᠤᠨ ᠬᠡᠮᠵᠢᠭᠦᠷ ᠠᠯᠤᠰᠯᠠᠭᠰᠠᠨ | ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭᠠᠨ ᠤ ᠲᠣᠨᠣᠭᠯᠠᠯ ᠬᠢᠭᠡᠳ ᠴᠢᠳᠠᠮᠵᠢ ᠰᠠᠶᠢᠲᠠᠢ | ᠬᠡᠷᠡᠯᠳᠦ ᠰᠠᠷᠠᠯᠵᠢ ᠶᠢ ᠠᠵᠤ ᠦᠢᠯᠡᠰᠵᠢᠭᠦᠯᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ︔ | ᠬᠤᠸᠠᠢ ᠷᠧᠦ ᠶᠢᠨ ᠤᠯᠤᠰ ᠤᠨ ᠲᠤᠷᠰᠢᠯᠲᠠ ᠶᠢᠨ ᠲᠠᠰᠤᠭ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ | ᠪᠠᠶᠢᠭᠤᠯᠵᠤ᠂ ᠳᠠᠯᠠᠨ ᠬᠠᠷ᠎ᠠ ᠠᠭᠤᠯᠠ᠂ ᠣᠷᠳᠣᠰ ᠲᠤᠷᠰᠢᠯᠲᠠ ᠶᠢᠨ ᠲᠠᠰᠤᠭ ᠫᠠᠶᠢᠰᠠ ᠡᠯᠭᠦᠨ ᠠᠵᠢᠯᠯᠠᠵᠤ᠂ | ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠵᠡᠷᠭᠡ ᠰᠢᠨᠵᠢᠯᠡᠬᠦ | ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠳ ᠤᠯᠤᠰ ᠤᠨ | ᠭᠤᠣᠯᠳᠠᠯᠭ᠎ᠠ ᠲᠠᠢ ᠰᠤᠳᠤᠯᠤᠨ ᠨᠡᠭᠡᠭᠡᠬᠦ 13 ᠲᠦᠷᠦᠯ ᠵᠦᠢᠯ ᠢ ᠳᠠᠭᠠᠭᠠᠨ ᠠᠪᠴᠤ ᠵᠠᠯᠭᠠᠭᠤᠯᠪᠠ︔ ︽ᠮᠧᠩ ᠺᠧ | ᠵᠢᠦᠢ︾ ᠲᠠᠪᠴᠠᠩ ᠤᠨ ᠦᠷ᠎ᠡ ᠪᠦᠲᠦᠮᠵᠢ ᠲᠣᠳᠣᠷᠠᠵᠤ᠂ ᠨᠡᠶᠢᠲᠡ 2412 ᠬᠤᠪᠢ ᠠᠷᠠᠯᠵᠢᠶᠠᠯᠠᠨ ᠤᠯᠠᠷᠢᠭᠤᠯᠵᠤ᠂ | 8.7% ᠪᠠᠷ ᠨᠡᠮᠡᠭᠳᠡᠨ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠭᠰᠠᠨ ᠲᠤᠭ᠎ᠠ 33.6% ᠪᠠᠷ ᠨᠡᠮᠡᠭᠳᠡᠪᠡ︔ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ 853 ᠡᠷᠦᠬᠡ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 97 ᠡᠷᠦᠬᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ 20 ᠡᠷᠦᠬᠡ ᠪᠣᠳᠠᠲᠠᠢ ᠨᠡᠮᠡᠭᠳᠡᠵᠦ᠂ ᠳ᠋ᠣᠺᠲ᠋ᠣᠷ ᠮᠠᠰᠲ᠋ᠧᠷ ᠤᠨ ᠡᠷᠳᠡᠮ ᠤᠨ ᠴᠣᠯᠠ | ᠣᠯᠭᠤᠬᠤ ᠴᠡᠭ 45 ᠰᠢᠨ᠎ᠡ ᠪᠠᠷ ᠨᠡᠮᠡᠭᠳᠡᠨ᠂ 11 ᠰᠢᠨᠵᠢᠯᠡᠭᠡᠨ ᠤ ᠰᠠᠯᠠᠭᠠᠨ ᠤ ᠳ᠋ᠣᠺᠲ᠋ᠣᠷ ᠤᠨ ᠴᠡᠭ ᠦᠭᠡᠢ | ᠪᠠᠶᠢᠭᠰᠠᠨ ᠠᠴᠠ ᠪᠠᠨ ᠪᠠᠶᠢᠬᠤ ᠪᠣᠯᠵᠤ᠂ 2 ᠲᠦᠷᠦᠯ ᠵᠦᠢᠯ ᠨᠢ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ᠮᠠᠨ ᠤ ᠣᠷᠣᠨ ᠤ ᠣᠷᠣᠨ | ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 4 ᠨᠡᠷᠡᠰ | ᠳᠡᠭᠡᠭᠰᠢᠯᠡᠪᠡ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ | ᠶᠡᠷᠦᠩᠬᠡᠢ ᠲᠥᠰᠥᠯ ᠢ ᠨᠠᠶᠢᠷᠠᠭᠤᠯᠤᠨ ᠳᠠᠭᠤᠰᠬᠠᠵᠤ᠂ ᠤᠯᠤᠰ ᠤᠨ ᠱᠠᠲᠤ ᠳᠠᠪᠬᠤᠷᠭ᠎ᠠ ᠳᠠᠬᠢ ᠳᠦᠷᠢᠮ ᠤᠨ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠢ 223 ᠬᠠᠭᠤᠯᠪᠤᠷᠢᠯᠠᠨ ᠳᠡᠯᠭᠡᠷᠡᠭᠦᠯᠵᠦ᠂ ᠪᠡᠯᠡ ᠣᠷᠣᠭᠤᠯᠤᠯᠳᠠ᠂ ᠠᠷᠠᠯᠵᠢᠶ᠎ᠠ | ᠂ ᠮᠥᠩᠭᠦᠨ ᠭᠦᠢᠯᠭᠡᠭᠡ ᠵᠡᠷᠭᠡ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠲᠤᠷᠰᠢᠨ ᠥᠷᠨᠢᠭᠦᠯᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ ᠶᠢ | ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ | ᠪᠦᠲᠦᠮᠵᠢᠳᠠᠢ ᠬᠥᠭᠵᠢᠭᠡᠪᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠲᠣᠭᠲᠠᠭᠠᠭᠰᠠᠨ 276 ᠵᠦᠢᠯ ᠤᠨ ᠥᠭᠡᠷᠡᠴᠢᠯᠡᠯᠲᠡ ᠶᠢᠨ ᠡᠭᠦᠷᠭᠡ ᠲᠠᠢ ᠨᠢᠭᠲᠠ | ᠤᠶᠠᠯᠳᠤᠭᠤᠯᠤᠨ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠴᠢᠩᠭ᠎ᠠ ᠬᠦᠴᠦᠲᠡᠢ ᠠᠬᠢᠭᠤᠯᠵᠤ᠂ | ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ᠂ ᠲᠡᠭ ᠰᠠᠭᠤᠷᠢᠨ ᠲᠥᠰᠥᠪ᠂ ᠳᠣᠣᠷ᠎ᠠ ᠠᠭᠠᠷ ᠤᠨ | ᠠᠵᠤ ᠠᠬᠤᠢ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠵᠡᠷᠭᠡ ᠨᠢᠭᠡ ᠪᠦᠯᠦᠭ ᠥᠭᠡᠷᠡᠴᠢᠯᠡᠯᠲᠡ ᠶᠢᠨ | ᠲᠥᠰᠥᠯ ᠢ ᠨᠡᠶᠢᠲᠡᠯᠡᠪᠡ᠃ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ | ᠶᠣᠰᠣᠭᠠᠷ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ | ᠰᠢᠯᠢᠳᠡᠭᠵᠢᠭᠦᠯᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠪᠦᠯᠦᠭ | ᠵᠥᠷᠢᠴᠡᠯᠳᠦ ᠠᠰᠠᠭᠤᠳᠠᠯ ᠢ ᠰᠢᠢᠳᠪᠦᠷᠢᠯᠡᠨ᠂ ᠬᠡᠰᠡᠭ ᠡᠭᠦᠷᠭᠡ ᠴᠢᠳᠠᠪᠤᠷᠢ ᠶᠢᠨ ᠲᠣᠭᠲᠠᠴᠠ ᠶᠢ ᠰᠢᠯᠤᠭᠤᠳᠬᠠᠪᠠ᠃ | ︽ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠲᠠᠷᠢᠶᠠᠯᠠᠩ ᠤᠨ ᠣᠰᠣᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠦᠨ᠂ ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ | 3.8 ᠳ᠋ᠦᠩᠰᠢᠭᠤᠷ ᠺᠦᠪ ᠮᠧᠳ᠋ᠷ ᠰᠢᠨ᠎ᠡ ᠪᠠᠷ ᠨᠡᠮᠡᠭᠳᠡᠪᠡ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ | ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ | ᠮᠥᠩᠭᠦ ᠣᠯᠭᠤᠬᠤ ᠲᠣᠭᠲᠠᠴᠠ ᠶᠢ ᠲᠡᠭᠦᠯᠳᠡᠷᠵᠢᠭᠦᠯᠦᠨ᠂ 17 ᠬᠤᠰᠢᠭᠤ ᠰᠢᠶᠠᠨ ᠳᠤ ᠲᠤᠷᠰᠢᠯᠲᠠ ᠶᠢᠨ ᠴᠡᠭ | ᠥᠷᠨᠢᠭᠦᠯᠵᠦ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠭᠠᠯᠲᠠ | ᠲᠤᠭ᠎ᠠ 23.9% ᠪᠠᠶᠢᠭᠰᠠᠨ ᠠᠴᠠ ᠪᠠᠨ ᠪᠠᠭᠤᠷᠠᠭᠠᠳ 10% ᠬᠦᠷᠬᠦ ᠦᠭᠡᠢ ᠪᠣᠯᠪᠠ᠃ ᠵᠠᠮ ᠬᠠᠷᠢᠯᠴᠠᠭ᠎ᠠ | ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠠᠬᠢᠭᠤᠯᠵᠤ᠂ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢ ᠶᠢ ᠬᠢᠨᠠᠨ ᠬᠠᠮᠢᠶᠠᠷᠬᠤ ᠦᠢᠯᠡᠴᠢᠯᠡᠭᠡ ᠶᠢ ᠴᠢᠩᠭᠠᠳᠬᠠᠨ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠭᠰᠡᠨ | ᠬᠡᠮᠵᠢᠶ᠎ᠡ᠂ ᠠᠷᠠᠯᠵᠢᠶᠠᠯᠠᠭᠰᠠᠨ ᠲᠤᠭ᠎ᠠ ᠲᠣᠰ ᠪᠦᠷᠢ 3.5 ᠳᠠᠬᠢᠨ ᠪᠠ 2.5 ᠳᠠᠬᠢᠨ ᠨᠡᠮᠡᠭᠳᠡᠵᠦ᠂ ᠵᠠᠰᠠᠮᠠᠯ ᠵᠠᠮ | ᠲᠡᠮᠦᠷ ᠵᠠᠮ ᠠᠭᠠᠷ ᠤᠨ ᠲᠡᠭᠡᠭᠡᠪᠦᠷᠢ ᠰᠢᠤᠳᠠᠨ ᠤ ᠶᠠᠪᠤᠳᠠᠯ ᠤᠨ ᠳᠠᠭᠠᠭᠤᠯᠤᠭᠴᠢ ᠠᠵᠤ ᠠᠬᠤᠶᠢᠯᠠᠯ ᠢ 91 | ᠪᠤᠶᠢᠵᠢᠭᠤᠯᠵᠤ᠂ 4747 ᠺᠢᠯᠣᠮᠧᠳ᠋ᠷ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢᠨ ᠬᠢᠵᠠᠭᠠᠷᠯᠠᠯ ᠳᠤ | ᠲᠣᠬᠢᠷᠠᠭᠤᠯᠤᠯᠲᠠ ᠬᠢᠵᠦ᠂ ᠴᠠᠭ ᠤᠨ ᠬᠤᠷᠳᠤᠴᠠ ᠶᠢ 120 ᠺᠢᠯᠣᠮᠧᠳ᠋ᠷ ᠢᠶᠠᠷ ᠬᠢᠵᠠᠭᠠᠷᠯᠠᠬᠤ ᠵᠠᠮ ᠤᠨ ᠬᠡᠰᠡᠭ ᠤᠨ | ᠡᠵᠡᠯᠡᠬᠦ ᠬᠠᠷᠢᠴᠠᠯ 18% ᠪᠠᠶᠢᠭᠰᠠᠨ ᠠᠴᠠ ᠨᠡᠮᠡᠭᠳᠡᠭᠡᠳ 71% ᠪᠣᠯᠪᠠ᠃ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠥᠷᠭᠦᠯᠵᠢᠯᠡᠨ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ | ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠨ᠂ ᠠᠵᠤ ᠠᠬᠤᠶᠢᠯᠠᠯ ᠳᠤ ᠭᠠᠶᠢᠯᠢ ᠬᠥᠩᠭᠡᠯᠡᠨ ᠰᠦᠢᠳᠬᠡᠯ | ᠪᠠᠭᠤᠷᠠᠭᠤᠯᠤᠭᠰᠠᠨ ᠵᠢᠴᠢ ᠭᠠᠶᠢᠯᠢ ᠪᠤᠴᠠᠭᠠᠭᠰᠠᠨ ᠨᠢ 300 ᠳ᠋ᠦᠩᠰᠢᠭᠤᠷ ᠲᠥᠭᠦᠷᠢᠭ ᠪᠠᠶᠢᠵᠤ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠭᠤᠳ ᠬᠦᠷᠭᠡᠬᠦ ᠪᠡᠯᠡ ᠮᠥᠩᠭᠦ 13.7 | ᠳ᠋ᠦᠩᠰᠢᠭᠤᠷ ᠲᠥᠭᠦᠷᠢᠭ ᠲᠤ ᠬᠦᠷᠴᠦ᠂ ᠲᠦᠭᠡᠮᠡᠯ ᠬᠠᠷᠠᠭᠠᠯᠵᠠᠯ ᠤᠨ ᠬᠡᠯᠪᠡᠷᠢᠲᠦ ᠵᠢᠵᠢᠭ ᠪᠢᠴᠢᠯ ᠠᠵᠤ | ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 14% ᠪᠠᠷ ᠨᠡᠮᠡᠭᠳᠡᠨ᠂ ︽ᠥᠨᠳᠥᠷ ᠪᠦᠲᠦᠮᠵᠢᠳᠠᠢ ᠪᠠᠷ ᠨᠢᠭᠡ | ᠠᠵᠢᠯ ᠶᠠᠪᠤᠳᠠᠯ ᠢ ᠭᠦᠢᠴᠡᠳᠬᠡᠬᠦ︾ ᠠᠵᠢᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ 13 | ᠵᠦᠢᠯᠡᠰ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢᠯᠡᠰ ᠢ ᠨᠡᠶᠢᠲᠡᠯᠡᠨ᠂ ᠭᠤᠭᠴᠤᠭ᠎ᠠ ᠴᠠᠭ | ᠮᠠᠲ᠋ᠧᠷᠢᠶᠠᠯ ᠢ ᠴᠥᠮ 70% ᠠᠴᠠ ᠳᠡᠭᠡᠭᠰᠢ ᠪᠠᠭᠠᠰᠬᠠᠨ ᠬᠠᠰᠤᠵᠤ᠂ ᠠᠷᠠᠳ ᠠᠴᠠ ᠡᠵᠡᠩᠨᠡᠭᠰᠡᠨ ᠡᠵᠡᠩᠨᠡᠯᠲᠡ ᠶᠢᠨ | ᠭᠤᠣᠯ ᠴᠣᠭᠴᠠ 16.4 ᠲᠦᠮᠡᠨ ᠡᠷᠦᠬᠡ ᠪᠣᠳᠠᠲᠠᠢ ᠨᠡᠮᠡᠭᠳᠡᠨ᠂ 6.4% ᠪᠠᠷ ᠨᠡᠮᠡᠭᠳᠡᠵᠦ᠂ ᠶᠢᠩ ᠰᠧ ᠲᠧ | ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠨᠢ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ | ᠭᠠᠵᠠᠷ ᠢᠶᠠᠷ ᠰᠲ᠋ᠣᠺ ᠤᠨ ᠵᠠᠬ᠎ᠠ ᠳᠤ ᠭᠠᠷᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ | ᠬᠢᠵᠦ ᠪᠦᠰᠡᠯᠡᠯᠲᠡ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ᠂ ᠣᠳᠣ ᠦᠶ᠎ᠡ ᠶᠢᠨ ᠠᠵᠤ ᠠᠬᠤᠶᠢᠯᠠᠯ ᠤᠨ | ᠳᠦᠷᠢᠮ ᠢ ᠲᠦᠷᠭᠡᠳᠬᠡᠨ ᠪᠠᠶᠢᠭᠤᠯᠵᠤ᠂ ᠬᠥᠯᠥᠰᠦ ᠣᠯᠭᠤᠮᠵᠢ ᠬᠢᠭᠡᠳ ᠦᠷ᠎ᠡ ᠠᠰᠢᠭ ᠢ ᠪᠠᠲᠤᠯᠠᠭᠠᠲᠤ | ᠴᠢᠨᠠᠷᠲᠠᠢ ᠪᠠᠷ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠢ ᠲᠤᠭ᠎ᠠ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠢ | ᠳᠠᠪᠠᠵᠤ᠂ ᠪᠦᠬᠦ ᠤᠯᠤᠰ ᠤᠨ 500 ᠬᠦᠴᠦᠷᠬᠡᠭ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠴᠠᠬᠢᠯᠭᠠᠨ | ᠬᠦᠴᠦᠨ ᠤ ᠪᠦᠯᠦᠭᠯᠡᠯ 11 ᠨᠡᠷᠡᠰ ᠳᠠᠪᠰᠢᠵᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠰᠢᠭ | ᠣᠯᠵᠠᠪᠤᠷᠢ ᠶᠢᠨ ᠨᠡᠮᠡᠭᠳᠡᠯ ᠤᠨ ᠬᠤᠷᠳᠤᠴᠠ ᠠᠵᠢᠯ ᠲᠦᠷᠦᠯ ᠤᠨ ᠳᠤᠮᠳᠠᠴᠢ ᠬᠢᠷᠢ ᠲᠦᠪᠰᠢᠨ ᠠᠴᠠ 33 ᠵᠠᠭᠤᠨ ᠤ | ᠬᠤᠪᠢ ᠶᠢᠨ ᠴᠡᠭ ᠥᠨᠳᠥᠷ ᠪᠠᠶᠢᠵᠤ᠂ ᠡᠨᠧᠷᠬᠢ ᠶᠢᠨ ᠪᠦᠯᠦᠭᠯᠡᠯ᠂ ᠣᠢ ᠰᠢᠭᠤᠢ ᠨᠤᠲᠤᠭ ᠪᠡᠯᠴᠢᠭᠡᠷ ᠤᠨ ᠠᠮᠢ | ᠠᠬᠤᠢ ᠶᠢᠨ ᠺᠣᠮᠫᠠᠨᠢ ᠶᠢᠨ ᠠᠰᠢᠭ ᠣᠯᠵᠠᠪᠤᠷᠢ ᠲᠤᠰ ᠪᠦᠷᠢ 1 ᠳᠠᠬᠢᠨ ᠪᠠ 15 ᠳᠠᠬᠢᠨ ᠨᠡᠮᠡᠭᠳᠡᠨ᠂ ᠵᠠᠮ | ᠬᠠᠷᠢᠯᠴᠠᠭᠠᠨ ᠤ ᠪᠦᠯᠦᠭᠯᠡᠯ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠡᠵᠡᠩᠨᠡᠯᠲᠡ ᠶᠢᠨ ᠣᠷᠣᠯᠭ᠎ᠠ ᠲᠣᠰ ᠪᠦᠷᠢ | 1.1 ᠳᠠᠬᠢᠨ ᠪᠠ 4.3 ᠳᠠᠬᠢᠨ ᠨᠡᠮᠡᠭᠳᠡᠪᠡ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ | ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠴᠤᠪᠤᠷᠠᠯ ᠤᠨ ᠬᠤᠭᠤᠴᠠᠭᠠᠲᠤ ᠦᠢᠯᠡᠳᠦᠯ ᠢ | ᠰᠢᠯᠢᠳᠡᠭᠵᠢᠭᠦᠯᠬᠦ᠂ ᠪᠡᠯᠡ ᠮᠥᠩᠭᠦᠨ ᠤ ᠬᠠᠮᠢᠶᠠᠷᠤᠯᠲᠠ ᠶᠢᠨ ᠡᠷᠬᠡ ᠮᠡᠳᠡᠯ ᠢ ᠠᠭᠤᠵᠢᠭᠤ ᠲᠠᠯᠪᠢᠬᠤ ᠵᠡᠷᠭᠡ ᠨᠢᠭᠡ | ᠪᠦᠯᠦᠭ ᠥᠭᠡᠷᠡᠴᠢᠯᠡᠯᠲᠡ ᠶᠢᠨ ᠵᠦᠢᠯᠡᠰ ᠢ ᠨᠡᠶᠢᠲᠡᠯᠡᠪᠡ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠨᠢ | ᠥᠭᠡᠷᠡᠴᠢᠯᠡᠯᠲᠡ ᠪᠣᠯᠬᠤ ᠶᠢ ᠪᠠᠷᠢᠮᠲᠠᠯᠠᠨ᠂ ᠲᠣᠭᠤᠷᠢᠨ ᠪᠠᠶᠢᠴᠠᠭᠠᠯᠲᠠ᠂ ᠬᠢᠨᠠᠨ ᠪᠣᠳᠣᠯᠲᠠ᠂ ᠲᠤᠭ᠎ᠠ ᠪᠦᠷᠢᠳᠬᠡᠯ | ᠵᠡᠷᠭᠡ ᠬᠢᠨᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠳ ᠢ ᠬᠢᠨᠠᠮᠠᠭᠠᠢ ᠴᠡᠭᠴᠡᠯᠡᠨ ᠵᠠᠰᠠᠵᠤ᠂ | ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠤᠨ ᠵᠠᠰᠠᠯᠲᠠ ᠶᠢ ᠪᠠᠶᠢᠩᠭᠤᠰᠢᠭᠤᠯᠤᠨ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ | ᠡᠮ ᠡᠮᠨᠡᠯᠭᠡ᠂ ᠮᠥᠩᠭᠦᠨ ᠭᠦᠢᠯᠭᠡᠭᠡ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶ᠎ᠡ | ᠴᠠᠷᠠᠭᠠᠨ ᠳᠠᠬᠢ ᠲᠣᠪᠤᠶᠢᠮ᠎ᠠ ᠠᠰᠠᠭᠤᠳᠠᠯ ᠤᠳ ᠢ ᠭᠦᠨᠵᠡᠭᠡᠢ ᠴᠡᠭᠴᠡᠯᠡᠨ ᠵᠠᠰᠠᠪᠠ᠃ | ᠨᠢᠭᠡ ᠵᠢᠯ ᠤᠨ ᠲᠤᠷᠰᠢ᠂ ᠪᠢᠳᠡ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ᠂ ᠨᠦᠭᠦᠭᠡ | ᠲᠠᠯ᠎ᠠ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠨ᠂ ᠦᠨᠳᠦᠰᠦᠲᠡᠨ ᠨᠦᠭᠦᠳ ᠤᠨ ᠣᠯᠠᠨ | ᠲᠦᠮᠡᠨ ᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠪᠡ᠃ | ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ 13% ᠪᠠᠷ ᠨᠡᠮᠡᠭᠳᠡᠨ᠂ ᠪᠦᠬᠦ ᠤᠯᠤᠰ ᠤᠨ 2 | ᠳ᠋ᠤᠭᠠᠷ ᠪᠠᠶᠢᠷᠢ ᠪᠠᠨ ᠪᠠᠲᠤᠯᠠᠵᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠲᠠ 9100 | ᠳ᠋ᠦᠩᠰᠢᠭᠤᠷ ᠲᠥᠭᠦᠷᠢᠭ ᠢ ᠳᠠᠪᠠᠵᠤ᠂ ᠪᠣᠣ ᠹᠧᠩ ᠤᠨ ᠪᠦᠬᠦ ᠪᠥᠮᠪᠥᠷᠴᠡᠭ ᠲᠤ ᠳᠠᠩ ᠭᠠᠭᠴᠠ ᠦᠢᠯᠡᠳᠪᠦᠷᠢ ᠶᠢᠨ | ᠬᠡᠪᠴᠢᠶᠡᠵᠢᠯ ᠢᠶᠠᠷ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ ᠪᠣᠬᠢᠷᠳᠤᠯ ᠦᠭᠡᠢ | ᠣᠰᠣᠳᠦ᠋ᠷᠦᠭᠴᠢ ᠶᠢ ᠡᠪᠴᠡᠯᠳᠦᠭᠦᠯᠬᠦ᠂ ᠯᠦᠩ ᠵᠢᠢ ᠭᠡᠷᠡᠯᠴᠢ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ | ᠨᠢᠭᠡ ᠴᠣᠭᠴᠠᠵᠢᠭᠤᠯᠬᠤ᠂ ᠤᠮᠠᠷᠠᠲᠤ ᠶᠢᠨ ᠬᠤᠪᠣᠷ ᠰᠢᠷᠣᠢ ᠶᠢᠨ ᠪᠦᠬᠦ ᠪᠥᠮᠪᠥᠷᠴᠡᠭ ᠲᠤ ᠬᠡᠪᠴᠢᠶᠡᠵᠢᠯ ᠢᠶᠠᠷ | ᠬᠠᠮᠤᠭ ᠤᠨ ᠶᠡᠭᠡ ᠬᠠᠮᠤᠭ ᠤᠨ ᠲᠡᠷᠢᠭᠦᠨ ᠤ ᠬᠠᠶᠢᠯᠤᠭᠤᠯᠤᠨ ᠪᠣᠯᠪᠠᠰᠣᠷᠠᠭᠤᠯᠵᠦ ᠬᠤᠪᠢᠶᠠᠨ ᠰᠠᠯᠭᠠᠬᠤ ᠵᠡᠷᠭᠡ ᠠᠵᠤ | ᠦᠢᠯᠡᠰ ᠤᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠪᠠ︔ ᠵᠢᠨᠢᠩ ᠠᠴᠠ ᠳ᠋ᠠᠲ᠋ᠦ᠋ᠩ ᠶᠤᠸᠠᠨᠫᠢᠩ ᠬᠦᠷᠬᠦ | ᠲᠦᠷᠭᠡᠨ ᠤ ᠲᠡᠮᠦᠷ ᠵᠠᠮ ᠢ ᠨᠡᠪᠲᠡᠷᠡᠭᠦᠯᠦᠨ ᠠᠵᠢᠯᠯᠠᠭᠤᠯᠵᠤ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ | ᠴᠠᠬᠢᠯᠭᠠᠨᠵᠢᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠵᠡᠭᠦᠨᠰᠢ ᠪᠠᠷᠠᠭᠤᠨᠰᠢᠬᠢ ᠲᠦᠷᠭᠡᠨ ᠤ ᠵᠠᠰᠠᠮᠠᠯ ᠵᠠᠮ ᠤᠨ ᠶᠡᠭᠡ | ᠨᠡᠪᠲᠡᠷᠡᠯ ᠵᠠᠮ ᠢ ᠪᠦᠬᠦ ᠱᠤᠭᠤᠮ ᠢᠶᠠᠷ ᠨᠡᠪᠲᠡᠷᠡᠭᠦᠯᠦᠨ᠂ ᠬᠦᠬᠡᠬᠤᠳᠠ ᠶᠢᠨ ᠱᠧᠩᠯᠧ ᠣᠯᠠᠨ ᠤᠯᠤᠰ ᠤᠨ ᠨᠢᠰᠬᠡᠯ ᠤᠨ | ᠪᠠᠭᠤᠳᠠᠯ ᠤᠨ ᠭᠤᠣᠯ ᠴᠣᠭᠴᠠᠲᠤ ᠪᠠᠷᠢᠯᠭ᠎ᠠ ᠦᠨᠳᠦᠰᠦᠨ ᠳᠤ ᠪᠠᠨ ᠠᠵᠢᠯ ᠳᠠᠭᠤᠰᠴᠤ᠂ ᠱᠧᠩᠯᠢ ᠠᠴᠠ ᠵᠠᠩᠪᠧᠢ | ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠢᠨᠵᠧᠨᠧᠷᠢᠩ ᠢ ᠡᠬᠢᠯᠡᠭᠦᠯᠦᠨ ᠠᠵᠢᠯᠯᠠᠭᠤᠯᠵᠤ᠂ | ᠡᠭᠦᠯᠡᠨ ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠣᠯᠲᠠ 40% ᠠᠴᠠ ᠳᠡᠭᠡᠭᠰᠢ ᠨᠡᠮᠡᠭᠳᠡᠪᠡ᠃ ᠵᠢᠱᠢᠯᠲᠡ ᠪᠠᠷ ᠨᠡᠶᠢᠭᠡᠮ ᠤᠨ | ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 4% ᠪᠠᠷ ᠨᠡᠮᠡᠭᠳᠡᠨ᠂ ᠮᠠᠰᠢᠨ ᠲᠡᠷᠭᠡ᠂ | ᠭᠡᠷ ᠤᠨ ᠴᠠᠬᠢᠯᠭᠠᠨ ᠬᠡᠷᠡᠭᠰᠡᠯ ᠵᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠨᠢ 300 ᠭᠠᠷᠤᠢ | ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠦ᠂ ᠲᠦᠷᠦᠭᠦᠴᠢ ᠳᠡᠯᠭᠡᠭᠦᠷ᠂ ᠬᠤᠰᠢᠭᠤᠴᠢ ᠳᠡᠯᠭᠡᠭᠦᠷ ᠢ | 168 ᠰᠢᠨ᠎ᠡ ᠪᠠᠷ ᠣᠷᠣᠭᠤᠯᠤᠨ ᠠᠪᠴᠢᠷᠠᠵᠤ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾᠂ ︽ᠳᠡᠯᠭᠡᠷ | ᠨᠠᠭᠠᠳᠤᠮ︾ ᠨᠢ ᠵᠢᠭᠤᠯᠴᠢᠯᠠᠯ ᠤᠨ ᠰᠢᠨ᠎ᠡ ᠬᠥᠭ ᠠᠶᠠᠰ ᠢ ᠴᠢᠪᠬᠠᠳᠠᠵᠤ᠂ ᠷᠠᠰᠢᠶᠠᠨ ᠤ ᠤᠯᠤᠰ ᠤᠨ ᠳᠡᠰ ᠤᠨ | ᠵᠢᠭᠤᠯᠴᠢᠯᠠᠯ ᠠᠮᠠᠷᠠᠯᠲᠠ ᠶᠢᠨ ᠣᠷᠣᠨ ᠪᠠ ᠯᠣᠣ ᠨᠢᠦ ᠸᠠᠨ ᠬᠠᠲᠣᠨ ᠭᠤᠣᠯ ᠤᠨ ᠶᠡᠭᠡ ᠬᠠᠪᠴᠢᠯ᠂ ᠮᠡᠷᠭᠡᠯ ᠭᠤᠣᠯ | 5A ᠳᠡᠰ ᠤᠨ ᠦᠵᠡᠮᠵᠢ ᠶᠢᠨ ᠣᠷᠣᠨ ᠬᠢᠨᠠᠨ ᠵᠥᠪᠰᠢᠶᠡᠷᠡᠭᠳᠡᠵᠦ᠂ ᠪᠦᠬᠦ ᠣᠷᠣᠨ ᠤ ᠬᠦᠯᠢᠶᠡᠨ ᠠᠪᠴᠤ | ᠵᠣᠴᠢᠯᠠᠭᠰᠠᠨ ᠵᠢᠭᠤᠯᠴᠢᠯᠠᠭᠴᠢᠳ 2.73 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ 4140 ᠳ᠋ᠦᠩᠰᠢᠭᠤᠷ | ᠲᠥᠭᠦᠷᠢᠭ ᠤᠨ ᠣᠷᠣᠯᠭ᠎ᠠ ᠶᠢ ᠪᠡᠶᠡᠯᠡᠭᠦᠯᠦᠨ᠂ 18.6% ᠪᠠ 23.4% ᠪᠠᠷ ᠨᠡᠮᠡᠭᠳᠡᠪᠡ᠃ ᠤᠮᠠᠷᠠᠲᠤ ᠬᠢᠯᠢ ᠶᠢᠨ | ᠰᠣᠶᠣᠯ ᠢ ᠰᠤᠳᠤᠯᠵᠤ ᠵᠣᠬᠢᠶᠠᠨ ᠪᠦᠲᠦᠭᠡᠵᠦ ᠤᠯᠠᠮᠵᠢᠯᠠᠬᠤ ᠶᠢ ᠴᠢᠩᠭᠠᠳᠬᠠᠨ᠂ ᠶᠤᠸᠠᠨ ᠤ ᠳᠡᠭᠡᠳᠦ ᠨᠡᠶᠢᠰᠯᠡᠯ᠂ | ᠴᠢᠨ ᠤ ᠴᠢᠬᠡ ᠵᠠᠮ ᠤᠨ ᠪᠠᠭᠤᠷᠢ᠂ ᠤᠳᠠ ᠶᠢᠨ ᠫᠧᠷᠮᠢ ᠭᠠᠯᠪᠠ ᠶᠢᠨ ᠤᠷᠭᠤᠮᠠᠯ ᠬᠤᠴᠢᠯᠭ᠎ᠠ ᠶᠢᠨ ᠴᠢᠯᠠᠭᠤᠵᠢᠮᠠᠯ ᠤᠨ | ᠭᠠᠷᠤᠯᠲᠠ ᠶᠢᠨ ᠣᠷᠣᠨ ᠤ ᠬᠠᠮᠠᠭᠠᠯᠠᠯᠲᠠ ᠢᠳᠡᠪᠬᠢ ᠠᠬᠢᠯᠲᠠ ᠲᠠᠢ ᠪᠣᠯᠵᠤ᠂ ᠬᠤᠩᠱᠠᠨ ᠰᠣᠶᠣᠯ ᠤᠨ ᠬᠠᠭᠤᠴᠢᠨ ᠤ | ᠰᠤᠳᠤᠯᠤᠯ ᠤᠨ ᠲᠠᠯ᠎ᠠ ᠪᠠᠷ ᠪᠠᠰᠠ ᠴᠢᠬᠤᠯᠠ ᠶᠡᠭᠡ ᠢᠯᠡᠷᠡᠭᠦᠯᠦᠯᠲᠡ ᠲᠠᠢ ᠪᠠᠶᠢᠵᠤ᠂ ᠪᠠᠳᠠᠢ ᠶᠢᠨ ᠵᠢᠷᠠᠨ ᠡᠯᠡᠰᠦ – | ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ ᠢ ᠠᠮᠵᠢᠯᠲᠠ ᠲᠠᠢ ᠪᠠᠷ ᠥᠪ ᠢᠶᠠᠷ ᠭᠤᠶᠤᠴᠢᠯᠠᠪᠠ᠂ ᠲᠧᠯᠸᠢᠰ | ᠵᠦᠴᠦᠭᠡ ︽ᠠᠬᠠᠮᠠᠳ ᠦᠶ᠎ᠡ ᠶᠢᠨ ᠢᠷᠠᠭᠤ ᠠᠯᠳᠠᠷ︾ ᠨᠢ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ | ᠬᠦᠷᠲᠡᠵᠦ᠂ ᠤᠯᠠᠭᠠᠨᠮᠥ᠋ᠴᠢᠷ ᠨᠢ ᠪᠡᠭᠡᠵᠢᠩ ᠱᠠᠩᠬᠠᠢ ᠭᠤᠸᠠᠩᠵᠧᠦ ᠵᠡᠷᠭᠡ 25 ᠮᠤᠵᠢ ᠬᠤᠳᠠ ᠪᠠᠷ 760 ᠭᠠᠷᠤᠢ | ᠲᠠᠯᠠᠪᠤᠷ ᠲᠣᠭᠤᠷᠢᠨ ᠲᠣᠭᠯᠠᠵᠤ᠂ ︽ᠮᠣᠷᠢᠲᠤ ᠴᠡᠷᠢᠭ︾ ᠵᠡᠷᠭᠡ ᠤᠳᠬ᠎ᠠ ᠤᠷᠠᠯᠢᠭ ᠤᠨ ᠪᠦᠲᠦᠭᠡᠯ ᠤᠨ | ᠦᠵᠡᠭᠦᠯᠭᠡ ᠶᠢᠨ ᠲᠤᠭᠯᠠᠯᠲᠠ ᠶᠢᠨ ᠲᠠᠯᠠᠪᠤᠷ ᠪᠣᠯᠭᠠᠨ ᠳᠤ ᠦᠵᠡᠭᠴᠢᠳ ᠳᠦᠭᠦᠷᠴᠦ᠂ ︽ᠤᠮᠠᠷᠠᠲᠤ ᠬᠢᠯᠢ ᠶᠢᠨ | ᠰᠣᠶᠣᠯ ᠤᠨ ᠡᠬᠡ ᠤᠯᠤᠰ ᠲᠠᠬᠢ ᠠᠶᠠᠯᠠᠯ︾ ᠢ ᠪᠦᠬᠦ ᠤᠯᠤᠰ ᠲᠤ ᠬᠠᠩᠭᠢᠨᠠᠭᠤᠯᠪᠠ᠃ ᠠᠷᠠᠳ ᠤᠨ ᠠᠮᠢᠳᠤᠷᠠᠯ ᠤᠨ | ᠦᠢᠯᠡᠰ ᠲᠠᠰᠤᠷᠠᠯᠲᠠ ᠦᠭᠡᠢ ᠰᠢᠨ᠎ᠡ ᠠᠬᠢᠯᠲᠠ ᠲᠠᠢ ᠪᠣᠯᠵᠤ᠂ ᠵᠢᠱᠢᠯᠲᠡ ᠪᠠᠷ ᠰᠠᠭᠤᠭᠠᠯᠢ ᠠᠷᠠᠳ ᠤᠨ | ᠤᠷᠤᠯᠭ᠎ᠠ ᠶᠢᠨ ᠨᠡᠮᠡᠭᠳᠡᠯ ᠨᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠵᠤ᠂ ᠬᠤᠲᠠ | ᠪᠠᠯᠭᠠᠰᠤᠨ ᠤ 20.1 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠨ᠂ ᠵᠢᠯ ᠤᠨ ᠡᠬᠢᠨ ᠳᠤ ᠠᠮᠠᠯᠠᠭᠰᠠᠨ 33 | ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠮᠥᠩᠭᠦ᠂ ᠵᠡᠮᠳᠡᠭᠴᠦᠳ ᠤᠨ ᠨᠡᠮᠡᠭᠦᠷᠢ ᠵᠡᠷᠭᠡ 5 ᠵᠦᠢᠯ ᠤᠨ ᠪᠠᠷᠢᠮᠵᠢᠶ᠎ᠠ ᠶᠢ | ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ | ᠳᠤᠮᠳᠠᠴᠢ ᠬᠢᠷᠢ ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠪᠠ︔ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ᠰᠢᠨ᠎ᠡ ᠪᠠᠷ ᠪᠡᠯᠡᠳᠬᠡᠨ ᠪᠠᠶᠢᠭᠤᠯᠵᠤ᠂ ᠲᠠᠷᠢᠶᠠᠯᠠᠬᠤ | ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3460 ᠡᠷᠣᠭᠡ᠂ ᠬᠤᠲᠠ ᠪᠠᠯᠭᠠᠰᠤᠨ ᠤ ᠬᠠᠭᠤᠴᠢᠨ | ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠪᠡ︔ ᠪᠦᠢᠲᠠ ᠪᠥᠭᠯᠡᠭᠦᠦ ᠲᠠᠷᠢᠶᠠᠯᠠᠬᠤ ᠮᠠᠯᠵᠢᠬᠤ | ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠦᠴᠦᠨ ᠤ ᠲᠣᠣᠷ ᠢ | ᠤᠷᠲᠤᠳᠬᠠᠬᠤ ᠵᠢᠴᠢ ᠰᠢᠨ᠎ᠡ ᠡᠨᠧᠷᠬᠢ ᠶᠢᠨ ᠴᠠᠬᠢᠯᠭᠠᠨ ᠨᠠᠪᠲᠠᠷᠡᠭᠦᠯᠵᠦ ᠳᠡᠰ ᠳᠡᠪᠰᠢᠭᠦᠯᠬᠦ ᠢᠨᠵᠧᠨᠧᠷᠢᠩ ᠢ ᠪᠦᠭᠦ | ᠲᠠᠯ᠎ᠠ ᠪᠠᠷ ᠪᠡᠶᠡᠯᠡᠭᠦᠯᠪᠡ︔ ᠨᠢᠯᠬ᠎ᠠ ᠨᠢᠷᠠᠢ ᠬᠡᠦᠬᠡᠳ ᠰᠠᠭᠠᠲᠠᠭᠤᠯᠬᠤ ᠣᠷᠣ ᠶᠢ 1.8 ᠲᠦᠮᠡ᠂ ᠰᠠᠭᠤᠷᠢ ᠰᠤᠷᠭᠠᠨ | ᠬᠥᠮᠦᠵᠢᠯ ᠤᠨ ᠰᠤᠷᠤᠯᠭ᠎ᠠ ᠶᠢᠨ ᠣᠷᠣ ᠶᠢ 3.8 ᠲᠦᠮᠡ ᠰᠢᠨ᠎ᠡ ᠪᠠᠷ ᠨᠡᠮᠡᠭᠳᠡᠭᠦᠯᠵᠦ᠂ ᠦᠨᠳᠦᠰᠦᠨ ᠠᠩᠭᠢ ᠶᠢᠨ | ᠲᠤᠰᠬᠠᠢ ᠮᠡᠷᠭᠡᠵᠢᠯ ᠢ 22 ᠰᠢᠨ᠎ᠡ ᠪᠠᠷ ᠲᠣᠬᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠠᠵᠤ | ᠠᠬᠤᠶᠢᠯᠠᠯ ᠳᠤ ᠵᠠᠬᠢᠶᠠᠯᠠᠭ᠎ᠠ ᠮᠠᠶ᠋ᠢᠭ ᠢᠶᠠᠷ ᠮᠡᠷᠭᠡᠰᠢᠯᠲᠦ ᠴᠢᠳᠠᠪᠤᠷᠢᠲᠠᠨ ᠢ 3.1 ᠲᠦᠮᠡ ᠬᠥᠮᠥᠵᠢᠭᠦᠯᠵᠦ ᠥᠭᠪᠡ︔ | ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠰᠢᠤᠸᠠᠨ ᠦ᠋ ᠡᠮᠨᠡᠯᠭᠡ ᠶᠢᠨ ᠬᠤᠷᠢᠶᠠᠨ ᠤ ᠥᠪᠥᠷ | ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠣᠷᠣᠨ ᠪᠦᠰᠡ ᠶᠢᠨ 2 ᠡᠮᠴᠢᠯᠡᠭᠡᠨ ᠤ ᠲᠥᠪ | ᠰᠢᠨ᠎ᠡ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠨᠢᠭᠲᠠ ᠬᠡᠯᠪᠡᠷᠢ ᠪᠦᠬᠦᠢ ᠰᠢᠶᠠᠨ ᠤ ᠬᠡᠪᠴᠢᠶᠡᠨ ᠤ ᠡᠮᠴᠢᠯᠡᠭᠡᠨ ᠤ | ᠬᠠᠮᠲᠤ ᠶᠢᠨ ᠴᠣᠭᠴᠠ ᠶᠢ 61 ᠪᠠᠶᠢᠭᠤᠯᠵᠤ᠂ ᠪᠦᠬᠦ ᠣᠷᠣᠨ ᠤ 333 ᠡᠷᠦᠬᠡ ᠡᠮᠴᠢᠯᠡᠭᠡᠨ ᠤ ᠪᠠᠶᠢᠭᠤᠯᠤᠮᠵᠢ ᠨᠢ | ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ᠡᠮ ᠡᠮᠨᠡᠯᠭᠡ ᠶᠢᠨ | ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠨᠢ ᠣᠯᠠᠨ ᠲᠦᠮᠡᠨ ᠤ ᠡᠮᠨᠡᠭᠦᠯᠬᠦ ᠳᠠᠷᠤᠭᠠᠰᠤ ᠶᠢ 172 | ᠳ᠋ᠦᠩᠰᠢᠭᠤᠷ ᠲᠥᠭᠦᠷᠢᠭ ᠬᠥᠩᠭᠡᠷᠡᠭᠦᠯᠪᠡ︔ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ᠂ ᠡᠷᠡᠭᠲᠡᠢ ᠶᠢᠨ ᠪᠦᠢᠺᠦ ᠪᠥᠮᠪᠦᠭᠡ ᠶᠢᠨ ᠠᠽᠢᠶ᠎ᠠ ᠲᠢᠪ ᠬᠤᠨᠳᠠᠭᠠᠲᠤ | ᠬᠤᠯᠪᠣᠭᠠᠲᠤ ᠣᠷᠣᠯᠳᠣᠭᠠᠨ᠂ ᠪᠦᠬᠦ ᠤᠯᠤᠰ ᠤᠨ ᠫᠢᠩᠫᠠᠩ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠣᠷᠣᠯᠳᠣᠭᠠᠨ | ᠵᠡᠷᠭᠡ ᠴᠢᠬᠤᠯᠠ ᠶᠡᠭᠡ ᠣᠷᠣᠯᠳᠣᠭᠠᠨ ᠤ ᠶᠠᠪᠤᠳᠠᠯ ᠢ ᠠᠮᠵᠢᠯᠲᠠ ᠲᠠᠢ ᠡᠷᠬᠢᠯᠡᠨ᠂ ᠫᠠᠷᠢᠰ ᠤᠨ ᠣᠯᠢᠮᠫᠢᠺ ᠤᠨ | ᠲᠠᠮᠢᠷ ᠤᠨ ᠴᠤᠭᠯᠠᠭᠠᠨ ᠳᠤ ᠮᠠᠨ ᠤ ᠣᠷᠣᠨ ᠤ ᠲᠠᠮᠢᠷᠴᠢᠨ 1 ᠠᠯᠲᠠᠨ ᠮᠧᠳᠠᠯ 1 ᠮᠥᠩᠭᠦᠨ ᠮᠧᠳᠠᠯ ᠤᠨ ᠲᠡᠦᠬᠡᠨ | ᠳᠡᠭᠡᠷᠡᠬᠢ ᠬᠠᠮᠤᠭ ᠤᠨ ᠰᠠᠶᠢᠨ ᠬᠢᠷᠢ ᠪᠦᠲᠦᠮᠵᠢ ᠣᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠴᠠ ᠪᠦᠬᠦ ᠲᠠᠯ᠎ᠠ ᠶᠢᠨ ᠬᠠᠮᠲᠤᠷᠠᠯᠴᠠᠭ᠎ᠠ ᠲᠡᠶᠢᠰᠢ ᠥᠷᠭᠡᠳᠴᠦ᠂ | ᠪᠡᠭᠡᠵᠢᠩ ᠤᠨ ᠠᠵᠤ ᠠᠬᠤᠶᠢᠯᠠᠯ ᠰᠠᠭᠤᠷᠢᠰᠢᠵᠤ ᠪᠡᠯᠡ ᠣᠷᠣᠭᠤᠯᠤᠭᠰᠠᠨ ᠲᠤᠭ᠎ᠠ 175 ᠳ᠋ᠦᠩᠰᠢᠭᠤᠷ | ᠲᠥᠭᠦᠷᠢᠭ ᠲᠤ ᠬᠦᠷᠴᠦ᠂ ᠲᠠᠷᠢᠶᠠᠯᠠᠬᠤ ᠮᠠᠯᠵᠢᠬᠤ ᠣᠷᠣᠨ ᠤ 7 ᠲᠦᠮᠡ ᠭᠠᠷᠤᠢ ᠬᠦᠳᠡᠯᠮᠦᠷᠢ ᠬᠦᠴᠦᠨ ᠤ ᠠᠵᠢᠯ | ᠣᠯᠭᠤᠯᠲᠠ ᠶᠢ ᠳᠠᠶᠢᠴᠢᠯᠠᠨ᠂ ᠪᠡᠭᠡᠵᠢᠩ ᠤᠨ 1000 ᠭᠠᠷᠤᠢ ᠪᠠᠭᠰᠢ ᠡᠮᠴᠢ ᠲᠤᠰᠬᠠᠢ ᠮᠡᠷᠭᠡᠵᠢᠯᠲᠡᠨ ᠮᠠᠨ ᠤ | ᠣᠷᠣᠨ ᠳᠤ ᠦᠢᠯᠡᠴᠢᠯᠡᠭᠡ ᠥᠷᠨᠢᠭᠦᠯᠵᠦ᠂ ᠮᠠᠨ ᠤ ᠣᠷᠣᠨ ᠤ 308 ᠳ᠋ᠦᠩᠰᠢᠭᠤᠷ ᠲᠥᠭᠦᠷᠢᠭ ᠤᠨ ᠪᠣᠬᠢᠷᠳᠤᠯ | ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠰᠯᠡᠯ ᠳᠤ ᠣᠷᠣᠭᠤᠯᠵᠤ᠂ ᠪᠡᠭᠡᠵᠢᠩ | ᠲᠢᠶᠠᠨᠵᠢᠨ ᠾᠧᠪᠧᠢ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭ᠎ᠠ ᠪᠠᠶᠢᠭᠤᠯᠤᠭᠳᠠᠨ | ᠠᠵᠢᠯᠯᠠᠵᠤ ᠡᠬᠢᠯᠡᠪᠡ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠴᠠᠭ ᠦᠶ᠎ᠡ ᠶᠢᠨ ᠠᠵᠢᠯ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠶᠢ ᠴᠢᠩᠭ᠎ᠠ ᠳᠠᠭᠠᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠣᠷᠠᠯᠲᠠ | ᠦᠭᠡᠢ ᠴᠢᠩᠭᠠᠳᠬᠠᠪᠠ᠃ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠂ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ | ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠪᠠ᠃ ᠣᠯᠠᠨ | ᠠᠷᠪᠢᠨ ᠬᠦᠴᠢᠷ ᠪᠡᠷᠬᠡ ᠥᠷᠢᠰᠦᠯᠳᠦᠭᠡᠨ ᠲᠤᠯᠭᠠᠷᠠᠭᠰᠠᠨ ᠪᠠᠶᠢᠳᠠᠯ ᠳᠣᠣᠷ᠎ᠠ᠂ ᠡᠯ᠎ᠡ ᠱᠠᠲᠤᠨ ᠤ ᠵᠠᠰᠠᠭ ᠤᠨ | ᠣᠷᠳᠣᠨ ᠢᠮᠠᠭᠲᠠ ᠨᠠᠮ ᠤᠨ ᠬᠤᠷᠢᠶᠠᠨ ᠤ ᠳᠠᠭᠠᠭᠤᠯᠭ᠎ᠠ ᠳᠤ ᠴᠢᠩᠭ᠎ᠠ ᠲᠦᠰᠢᠭᠯᠡᠵᠦ᠂ ᠬᠥᠭᠵᠢᠯᠲᠡ ᠶᠢᠨ ᠢᠲᠡᠭᠡᠯ | ᠵᠣᠷᠢᠭ ᠢᠶᠠᠨ ᠪᠠᠲᠤᠳᠬᠠᠨ᠂ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢᠶᠠᠨ ᠬᠥᠪᠴᠢᠯᠡᠨ᠂ ᠪᠦᠬᠦ | ᠵᠢᠯ ᠤᠨ ᠬᠠᠷᠠᠯᠲᠠ ᠶᠢ ᠴᠢᠩᠭ᠎ᠠ ᠠᠩᠬᠠᠷᠴᠤ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠣᠷᠢᠭᠲᠠᠢ ᠤᠷᠤᠭᠰᠢᠯᠠᠨ | ᠳᠠᠪᠰᠢᠪᠠ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ 18 ᠬᠤᠪᠢ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ | ᠪᠣᠯᠭᠠᠬᠤ ᠪᠠᠷ ᠳᠡᠪᠰᠢᠭᠦᠯᠵᠦ᠂ 12 ᠬᠤᠪᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ | ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 680 ᠬᠤᠪᠢ ᠰᠠᠨᠠᠭᠤᠯᠭ᠎ᠠ᠂ ᠤᠯᠤᠰ | ᠲᠦᠷᠦ ᠶᠢᠨ ᠵᠥᠪᠯᠡᠯᠭᠡᠨ ᠤ 895 ᠬᠤᠪᠢ ᠰᠠᠨᠠᠯ ᠳᠤᠷᠠᠳᠤᠯᠭ᠎ᠠ ᠶᠢ ᠴᠠᠭ ᠲᠤ ᠪᠠᠨ ᠭᠦᠢᠴᠡᠳᠬᠡᠨ ᠬᠠᠷᠢᠭᠤ ᠥᠭᠪᠡ᠃ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠥᠪ ᠤᠨ ᠨᠠᠢᠮᠠᠨ | ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ︽ᠭᠤᠷᠪᠠᠨ ᠣᠯᠠᠨ ᠭᠤᠷᠪᠠᠨ ᠴᠥᠭᠡᠨ | ᠭᠤᠷᠪᠠᠨ ᠤᠳᠠᠭᠠᠨ︾ ᠰᠤᠷᠲᠠᠯ ᠤᠨ ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ ᠵᠠᠰᠠᠪᠠ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠲᠤᠯᠭᠠᠷᠠᠭᠰᠠᠨ ᠠᠰᠠᠭᠤᠳᠠᠯ | ᠬᠡᠳᠦ᠋ᠢᠪᠡᠷ ᠵᠢᠯ ᠤᠨ ᠡᠬᠢᠨ ᠳᠤ ᠲᠥᠰᠥᠭᠡᠯᠡᠭᠰᠡᠨ ᠠᠴᠠ ᠣᠯᠠᠨ᠂ ᠥᠷᠢᠰᠦᠯᠳᠦᠭᠡᠨ ᠨᠢ ᠴᠦ ᠲᠥᠰᠥᠭᠡᠯᠡᠭᠰᠡᠨ ᠠᠴᠠ | ᠶᠡᠭᠡ᠂ ᠣᠨᠴᠠᠭᠠᠶᠢᠯᠠᠨ ᠳᠣᠣᠷ᠎ᠠ ᠬᠠᠭᠠᠰ ᠵᠢᠯ ᠳᠤ ᠵᠠᠬ᠎ᠠ ᠳᠡᠯᠭᠡᠭᠦᠷ ᠤᠨ ᠪᠠᠶᠢᠳᠠᠯ ᠵᠢᠱᠢᠭᠰᠡᠨ ᠬᠡᠮᠵᠢᠶᠡᠨ ᠳᠤ | ᠬᠦᠷᠦᠭᠰᠡᠨ ᠦᠭᠡᠢ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠢᠮᠳᠠᠷᠠᠵᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠦᠢᠯᠡᠰ ᠪᠠᠭᠤᠷᠠᠯᠲᠠ ᠲᠠᠢ ᠪᠠᠶᠢᠬᠤ ᠵᠡᠷᠭᠡ ᠳᠠᠷᠤᠭᠠᠰᠤ ᠬᠦᠨᠳᠦᠷᠡᠭᠰᠡᠨ ᠪᠠᠶᠢᠳᠠᠯ ᠳᠣᠣᠷ᠎ᠠ᠂ | ᠪᠦᠬᠦ ᠵᠢᠯ ᠤᠨ ᠬᠥᠭᠵᠢᠯᠲᠡ ᠮᠥᠨ ᠴᠤ ᠲᠣᠭᠲᠠᠭᠤᠨ ᠪᠠᠶᠢᠬᠤ ᠶᠢᠨ ᠳᠠᠭᠠᠤ ᠤᠷᠤᠭᠰᠢᠯᠠᠨ᠂ ᠥᠭᠡᠳᠡᠯᠡᠨ | ᠳᠠᠪᠰᠢᠬᠤ ᠪᠠᠨ ᠪᠡᠶᠡᠯᠡᠭᠦᠯᠪᠡ᠃ ᠡᠶᠢᠮᠦᠷᠬᠦᠦ ᠠᠮᠵᠢᠯᠲᠠ ᠪᠦᠲᠦᠮᠵᠢ ᠣᠯᠣᠭᠰᠠᠨ ᠤ ᠤᠭ ᠦᠨᠳᠦᠰᠦ ᠨᠢ ᠶᠡᠷᠦᠩᠬᠡᠢ | ᠱᠦᠵᠢ ᠰᠢ ᠶᠢᠨ ᠫᠢᠩ ᠤᠨ ᠵᠠᠯᠠᠭᠤᠷ ᠠᠳᠬᠤᠨ ᠵᠠᠮᠴᠢᠯᠠᠭᠰᠠᠨ᠂ ᠳᠣᠲᠣᠨᠣ ᠬᠠᠯᠠᠮᠵᠢᠯᠠᠭᠰᠠᠨ ᠪᠠ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠳᠤ ᠪᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠣᠷᠣᠨ ᠳᠠᠶᠠᠭᠠᠷ ᠢ ᠤᠳᠤᠷᠢᠳᠤᠨ ᠳᠠᠭᠠᠭᠤᠯᠵᠤ ᠰᠡᠳᠬᠢᠯ ᠨᠢᠭᠡᠳᠦᠭᠦᠯᠦᠨ ᠪᠦᠯᠬᠦᠮᠳᠡᠭᠦᠯᠵᠦ᠂ ᠬᠠᠲᠠᠭᠤ ᠪᠡᠷᠬᠡᠰᠢᠶᠡᠯ ᠢ | ᠲᠣᠭᠤᠯᠣᠨ ᠳᠠᠪᠠᠵᠤ᠂ ᠡᠷᠡᠮᠡᠬᠡᠶᠢᠯᠡᠨ ᠲᠡᠮᠡᠴᠡᠭᠰᠡᠨ ᠳᠤ ᠪᠣᠢ᠃ ᠡᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠪᠦᠬᠦ ᠨᠥᠬᠦᠳ᠂ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠪᠢᠳᠡ ᠠᠮᠵᠢᠯᠲᠠ ᠪᠦᠳᠣᠮᠵᠢ ᠪᠠᠨ ᠭᠦᠢᠴᠡᠳ ᠬᠡᠯᠡᠬᠦ ᠶᠢᠨ ᠬᠠᠮᠲᠤ᠂ ᠠᠰᠠᠭᠤᠳᠠᠯ ᠢᠶᠠᠨ ᠴᠦ ᠲᠤᠭᠤᠷᠠᠲᠠᠯ᠎ᠠ | ᠶᠠᠷᠢᠬᠤ ᠬᠡᠷᠡᠭᠲᠡᠢ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠮᠥᠨ ᠴᠦ ᠪᠠᠭ᠎ᠠ ᠪᠤᠰᠤ ᠳᠠᠷᠤᠯᠲᠠ ᠥᠷᠢᠰᠦᠯᠳᠦᠭᠡᠨ ᠲᠤᠯᠭᠠᠷᠠᠵᠤ ᠪᠤᠢ᠃ ᠬᠡᠷᠡᠭᠴᠡᠭᠡ ᠱᠠᠭᠠᠷᠳᠠᠯᠭ᠎ᠠ ᠶᠢᠨ | ᠲᠠᠯ᠎ᠠ ᠠᠴᠠ ᠦᠵᠡᠪᠡᠯ᠂ ᠮᠠᠨ ᠤ ᠣᠷᠣᠨ ᠤ ᠬᠡᠷᠡᠭᠯᠡᠭᠡ ᠪᠠᠭᠤᠷᠠᠢ᠂ ᠭᠠᠳᠠᠭᠠᠳᠤ ᠭᠠᠷᠭᠠᠯᠲᠠ ᠴᠥᠭᠡᠨ᠂ ᠠᠵᠤ | ᠠᠬᠤᠢ ᠶᠢᠨ ᠨᠡᠮᠡᠭᠳᠡᠯ ᠳᠠᠬᠢ ᠳᠠᠶᠢᠴᠢᠯᠠᠬᠤ ᠬᠦᠴᠦᠨ ᠬᠢᠵᠠᠭᠠᠷᠲᠠᠢ ᠪᠠᠶᠢᠵᠤ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠣᠯᠲᠠ ᠨᠢᠭᠡᠨᠲᠡ 3 ᠵᠢᠯ ᠳᠠᠷᠠᠭᠠᠯᠠᠨ ᠥᠨᠳᠥᠷ ᠨᠡᠮᠡᠭᠳᠡᠯ ᠲᠠᠢ ᠪᠠᠶᠢᠬᠤ ᠶᠢ ᠪᠡᠶᠡᠯᠡᠭᠦᠯᠦᠭᠰᠡᠨ ᠠᠴᠠ | ᠦᠷᠭᠦᠯᠵᠢᠯᠡᠨ ᠥᠨᠳᠥᠷ ᠨᠡᠮᠡᠭᠳᠡᠯ ᠤᠨ ᠬᠤᠷᠳᠤᠴᠠ ᠶᠢ ᠪᠠᠲᠤᠯᠠᠬᠤ ᠳᠤ ᠪᠠᠭ᠎ᠠ ᠪᠤᠰᠤ ᠬᠦᠴᠢᠷᠳᠡᠯ ᠲᠤᠯᠭᠠᠷᠠᠬᠤ ᠶᠤᠮ᠃ | ᠠᠵᠤ ᠦᠢᠯᠡᠰ ᠤᠨ ᠲᠠᠯ᠎ᠠ ᠠᠴᠠ ᠦᠵᠡᠪᠡᠯ᠂ ᠳᠡᠭᠡᠳᠦ ᠲᠡᠰᠵᠢᠬᠦᠯᠬᠦ᠂ ᠣᠶᠤᠨᠴᠢᠯᠠᠬᠤ᠂ ᠪᠣᠬᠢᠷᠳᠤᠯ ᠦᠭᠡᠢ | ᠪᠣᠯᠭᠠᠬᠤ ᠲᠠᠯ᠎ᠠ ᠪᠠᠷ ᠪᠠᠰᠠ ᠬᠦᠷᠦᠯᠴᠡᠬᠦ ᠦᠭᠡᠢ ᠪᠠᠶᠢᠵᠤ᠂ ᠠᠵᠤ ᠦᠢᠯᠡᠳᠪᠦᠷᠢ ᠭᠡᠰᠡᠨ ᠦᠭᠡᠢ ᠲᠠᠷᠢᠶᠠᠯᠠᠩ ᠮᠠᠯ | ᠠᠵᠤ ᠠᠬᠤᠢ ᠭᠡᠰᠡᠨ ᠦᠭᠡᠢ ᠦᠢᠯᠡᠳᠬᠦᠨ ᠨᠢ ᠭᠤᠣᠯᠳᠠᠭᠤ ᠠᠵᠤ ᠦᠢᠯᠡᠰ ᠤᠨ ᠬᠡᠯᠬᠢᠶᠡᠨ ᠤ ᠳᠤᠮᠳᠠ ᠳᠡᠭᠡᠳᠦ | ᠬᠡᠯᠬᠢᠶᠡᠨ ᠳᠤ ᠲᠥᠪᠯᠡᠷᠡᠵᠦ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠨᠡᠮᠡᠭᠳᠡᠯ ᠬᠤᠷᠳᠤᠨ ᠪᠣᠯᠪᠠᠴᠣ | ᠡᠵᠡᠯᠡᠬᠦ ᠬᠤᠪᠢ ᠶᠢᠨ ᠵᠢᠩ ᠪᠠᠭ᠎ᠠ ᠪᠠᠶᠢᠪᠠ᠃ ᠬᠦᠴᠦᠨ ᠵᠦᠢᠯ ᠤᠨ ᠪᠠᠲᠤᠯᠠᠭ᠎ᠠ ᠶᠢᠨ ᠲᠠᠯ᠎ᠠ ᠠᠴᠠ ᠦᠵᠡᠪᠡᠯ᠂ | ᠮᠠᠨ ᠤ ᠣᠷᠣᠨ ᠤ ᠠᠮᠢ ᠠᠬᠤᠢ ᠬᠡᠪᠡᠷᠡᠭ᠂ ᠣᠷᠴᠢᠨ ᠲᠣᠭᠤᠷᠢᠨ ᠤ ᠳᠠᠭᠠᠭᠠᠴᠠ ᠬᠢᠵᠠᠭᠠᠷᠲᠠᠢ᠂ ᠤᠰᠤ᠂ ᠭᠠᠵᠠᠷ | ᠰᠢᠷᠣᠢ᠂ ᠡᠨᠧᠷᠬᠢ ᠶᠢᠨ ᠬᠤᠷᠣᠭᠳᠠᠯ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ ᠠᠷᠪᠢᠯᠠᠨ ᠠᠰᠢᠭᠯᠠᠬᠤ ᠲᠦᠪᠰᠢᠨ | ᠪᠠᠰᠠ ᠥᠨᠳᠥᠷ ᠪᠤᠰᠤ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠠᠴᠠ | ᠦᠵᠡᠪᠡᠯ᠂ ᠳᠡᠭᠡᠳᠦ ᠳᠡᠰ ᠤᠨ ᠴᠢᠳᠠᠪᠤᠷᠢᠲᠠᠨ ᠲᠤᠲᠠᠭᠳᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠬᠦᠷᠦᠯᠴᠡᠬᠦ ᠦᠭᠡᠢ᠂ ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠳᠤᠲᠠᠮᠠᠭ᠂ | ᠵᠠᠬ᠎ᠠ ᠳᠡᠯᠭᠡᠭᠦᠷ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠰᠤᠯᠠᠪᠲᠤᠷ ᠪᠠᠶᠢᠨ᠎ᠠ᠃ ᠰᠢᠶᠠᠨ ᠤ ᠬᠡᠪᠴᠢᠶᠡᠨ ᠤ | ᠠᠵᠤ ᠠᠬᠤᠢ ᠶᠢᠨ ᠬᠥᠭᠵᠢᠯᠲᠡ ᠶᠢᠨ ᠲᠠᠯ᠎ᠠ ᠠᠴᠠ ᠦᠵᠡᠪᠡᠯ᠂ ᠬᠥᠭᠵᠢᠯᠲᠡ ᠲᠡᠩᠴᠡᠭᠦᠷᠢ ᠦᠭᠡᠢ ᠠᠰᠠᠭᠤᠳᠠᠯ | ᠲᠣᠪᠤᠶᠢᠮ᠎ᠠ ᠪᠠᠶᠢᠵᠤ᠂ ᠬᠡᠳᠦ᠋ᠢᠪᠡᠷ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠳᠣᠲᠣᠷ᠎ᠠ ᠮᠠᠨ ᠤ | ᠣᠷᠣᠨ ᠠᠴᠠ 4 ᠪᠠᠶᠢᠬᠤ ᠪᠣᠯᠪᠠᠴᠣ᠂ ᠪᠠᠰᠠ 34 ᠬᠤᠰᠢᠭᠤ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ | ᠵᠠᠭᠤᠨ ᠳ᠋ᠦᠩᠰᠢᠭᠤᠷ ᠲᠥᠭᠦᠷᠢᠭ ᠲᠤ ᠬᠦᠷᠬᠦ ᠦᠭᠡᠢ ᠪᠠᠶᠢᠭᠰᠠᠭᠠᠷ ᠶᠤᠮ᠃ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠲᠠᠯ᠎ᠠ ᠠᠴᠠ ᠦᠵᠡᠪᠡᠯ᠂ ᠡᠨᠡ ᠵᠢᠯ ᠮᠠᠨ ᠤ ᠣᠷᠣᠨ ᠤ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ | 17 ᠲᠦᠮᠡ ᠪᠠᠶᠢᠵᠤ᠂ ᠣᠯᠠᠨ ᠲᠦᠮᠡᠨ ᠳᠤ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ | ᠳᠠᠷᠤᠭᠠᠰᠤ ᠤᠯᠠᠮ ᠨᠢᠭᠡ ᠠᠯᠬᠤᠮ ᠬᠦᠨᠳᠦᠷᠡᠵᠦ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ | ᠨᠠᠶᠢᠳᠠᠵᠤ ᠰᠠᠭᠠᠲᠠᠭᠤᠯᠬᠤ᠂ ᠣᠷᠣᠨ ᠰᠠᠭᠤᠴᠠ᠂ ᠠᠮᠢ ᠠᠬᠤᠢ ᠣᠷᠴᠢᠨ ᠲᠣᠭᠤᠷᠢᠨ ᠤ ᠲᠠᠯ᠎ᠠ ᠪᠠᠷ ᠣᠯᠠᠨ ᠲᠦᠮᠡᠨ | ᠪᠠᠰᠠ ᠮᠠᠰᠢ ᠣᠯᠠᠨ ᠬᠦᠰᠡᠯ ᠡᠷᠡᠮᠡᠯᠵᠡᠯ ᠲᠠᠢ ᠶᠤᠮ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ | ᠲᠠᠯ᠎ᠠ ᠠᠴᠠ ᠦᠵᠡᠪᠡᠯ᠂ ᠨᠢᠭᠡ ᠪᠦᠯᠦᠭ ᠥᠭᠡᠷᠡᠴᠢᠯᠡᠯᠲᠡ ᠬᠥᠭᠵᠢᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠨᠢ ᠲᠤᠭᠤᠰᠢᠲᠠᠢ ᠪᠢᠰᠢ᠂ ᠵᠠᠷᠢᠮ ᠺᠠᠳ᠋ᠷ ᠤᠨ ᠰᠤᠷᠲᠠᠯ ᠮᠥᠨ ᠯᠠ ︽ᠤᠳᠠᠭᠠᠨ | ᠪᠦᠳᠦᠭᠦᠯᠢᠭ ᠬᠡᠶᠢᠰᠪᠦᠷᠢ︾ ᠪᠠᠶᠢᠵᠤ᠂ ᠬᠦᠴᠢᠷ ᠪᠡᠷᠬᠡᠰᠢᠶᠡᠯ ᠥᠷᠢᠰᠦᠯᠳᠦᠭᠡᠨ ᠲᠤᠯᠭᠠᠷᠠᠬᠤ ᠳᠤ ᠢᠲᠡᠭᠡᠯ ᠵᠣᠷᠢᠭ | ᠲᠡᠭᠦᠯᠳᠡᠷ ᠪᠤᠰᠤ᠂ ᠢᠳᠡ ᠬᠦᠴᠦᠨ ᠮᠡᠬᠦᠰᠳᠡᠵᠦ ᠪᠠᠶᠢᠨ᠎ᠠ᠃ ᠡᠳᠡᠭᠡᠷ ᠠᠰᠠᠭᠤᠳᠠᠯ ᠢ ᠡᠷᠬᠡᠪᠰᠢ ᠬᠢᠨᠠᠮᠠᠭᠠᠢ | ᠰᠤᠳᠤᠯᠵᠤ ᠰᠢᠢᠳᠪᠦᠷᠢᠯᠡᠬᠦ ᠬᠡᠷᠡᠭᠲᠡᠢ᠃ | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠳ᠋᠊ᠠ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠬᠦᠯ ᠬᠤᠷᠢᠶᠠᠬᠤ ᠵᠢᠯ | ᠪᠣᠯᠬᠤ ᠮᠥᠷᠲᠡᠭᠡᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠪᠠᠶᠢᠷᠢᠯᠠᠭᠤᠯᠬᠤ ᠵᠢᠯ | ᠪᠣᠯᠣᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠬᠦ ᠣᠷᠣᠨ ᠤ | ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠤᠨ᠂ ᠪᠦᠭᠦ ᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠪᠡ᠃ | ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠦ᠂ ᠨᠠᠮ ᠤᠨ ᠬᠤᠷᠢᠳᠤᠭᠠᠷ | ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠦ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠨ᠂ | ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ︽ᠨᠢᠭᠡ ᠭᠤᠣᠯ ᠰᠢᠵᠢᠮ ᠢ | ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ︾ ᠲᠠᠯ᠎ᠠ ᠪᠠᠷ ᠨᠡᠩ ᠶᠡᠭᠡ | ᠠᠬᠢᠯᠲᠠ ᠲᠠᠢ ᠪᠣᠯᠭᠠᠬᠤ ᠪᠠᠷ ᠴᠢᠷᠮᠠᠶᠢᠨ᠂ ᠳᠤᠮᠳᠠᠳᠦ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠲᠠᠰᠦᠷᠠᠯᠲᠠ ᠦᠭᠡᠢ ᠪᠢᠴᠢᠭᠯᠡᠨ᠎ᠡ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ | ᠬᠥᠷᠥᠩᠭᠡ ᠶᠢᠨ ᠪᠡᠯᠡ ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠤᠯᠭ᠎ᠠ ᠶᠢ ᠠᠳᠠᠯᠢ ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ︔ ᠬᠤᠲᠠ | ᠪᠠᠯᠭᠠᠰᠤᠨ ᠤ 18 ᠲᠦᠮᠡ ᠠᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ | ᠪᠠᠶᠢᠴᠠᠭᠠᠯᠲᠠ ᠳᠠᠬᠢ ᠠᠵᠢᠯ ᠠᠯᠳᠠᠭᠰᠠᠨ ᠨᠣᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠤᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ | ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ︔ | ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠡᠨᠡ | ᠵᠢᠯ ᠤᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠨᠥᠬᠦᠴᠡᠯ ᠲᠠᠢ᠂ ᠰᠠᠭᠤᠷᠢ ᠲᠠᠢ᠂ ᠶᠠᠷᠢᠶᠠᠨ ᠦᠭᠡᠢ ᠪᠠᠰᠠ | ᠳᠠᠷᠤᠭᠠᠰᠤ ᠲᠠᠢ᠂ ᠥᠷᠢᠰᠦᠯᠳᠦᠭᠡᠨ ᠲᠠᠢ ᠶᠤᠮ᠂ ᠵᠠᠩᠭᠢᠯᠠᠭ᠎ᠠ ᠨᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤ | ᠰᠠᠬᠢᠵᠤ ᠴᠢᠳᠠᠬᠤ ᠡᠰᠡᠬᠦ᠂ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢᠶᠠᠨ ᠰᠤᠯᠠᠷᠠᠭᠤᠯᠬᠤ ᠦᠭᠡᠢ᠂ | ᠬᠤᠶᠢᠷᠭᠤᠰᠢᠬᠤ ᠦᠭᠡᠢ ᠪᠠᠶᠢᠬᠤ ᠶᠢ ᠪᠠᠲᠤᠯᠠᠵᠤ ᠴᠢᠳᠠᠬᠤ ᠡᠰᠡᠬᠦ ᠳᠤ ᠪᠠᠶᠢᠬᠤ ᠶᠤᠮ᠃ ᠪᠢᠳᠡ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠢᠭᠡᠳᠦᠯᠲᠡᠢ ᠪᠠᠶᠢᠯᠭᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠦᠯᠲᠡᠢ | ᠪᠠᠶᠢᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠲᠠᠪᠤᠨ ᠶᠡᠭᠡ ᠡᠭᠦᠷᠭᠡ︾ ᠶᠢᠨ | ᠲᠣᠭᠤᠷᠢᠨ ᠳᠤ ᠴᠢᠩᠭ᠎ᠠ ᠤᠶᠠᠯᠳᠤᠵᠤ᠂ ᠵᠢᠷᠤᠭ ᠲᠥᠰᠥᠪ ᠢᠶᠠᠨ ᠡᠴᠦᠰ ᠲᠤ ᠨᠢ ᠲᠤᠯᠲᠠᠯ᠎ᠠ ᠵᠢᠷᠤᠭᠯᠠᠨ᠂ ︽ | ᠵᠢᠷᠭᠤᠭᠠᠨ ᠢᠨᠵᠧᠨᠧᠷᠢᠩ︾ ᠢ ᠦᠷᠬᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭᠠᠨ︾ ᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠡᠨᠡ ᠵᠢᠯ ᠭᠤᠣᠯᠳᠠᠭᠤ ᠳᠠᠷᠠᠭᠠᠬᠢ 11 ᠲᠠᠯ᠎ᠠ ᠶᠢᠨ ᠠᠵᠢᠯ ᠢ ᠰᠠᠶᠢᠲᠤᠷ ᠬᠢᠨ᠎ᠡ᠃ | ︵ᠨᠢᠭᠡ︶ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ ᠢ ᠬᠡᠷᠡᠭᠵᠢᠭᠦᠯᠵᠦ᠂ ᠪᠡᠯᠡ | ᠣᠷᠤᠭᠤᠯᠤᠯᠲᠠ ᠶᠢ ᠡᠷᠡᠰ ᠭᠤᠶᠢᠪᠢᠰᠢ ᠦᠭᠡᠢ ᠠᠳᠬᠤᠨ᠎ᠠ᠃ ᠡᠨᠡ ᠵᠢᠯ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ᠂ ᠡᠨᠡ ᠬᠦ ᠬᠠᠷᠠᠯᠲᠠ ᠨᠢ ᠬᠦᠯᠢᠶᠡᠭᠡᠳ ᠪᠡᠶᠡᠯᠡᠭᠳᠡᠬᠦ ᠪᠢᠰᠢ᠂ | ᠡᠷᠬᠡᠪᠰᠢ ᠦᠨᠡᠨ ᠪᠣᠳᠠᠲᠠᠢ ᠪᠠᠷ ᠲᠦᠷᠦᠯ ᠵᠦᠢᠯ ᠢ ᠰᠦᠪᠡᠭᠴᠢᠯᠡᠨ᠂ ᠪᠡᠯᠡ ᠮᠥᠩᠭᠦ ᠣᠯᠵᠤ᠂ ᠬᠤᠳᠠᠯᠳᠤᠭᠠᠴᠢᠨ | ᠤᠷᠢᠬᠤ ᠶᠢ ᠠᠳᠬᠤᠨ᠂ ᠴᠢᠬᠤᠯᠠ ᠶᠡᠭᠡ ᠲᠦᠷᠦᠯ ᠵᠦᠢᠯ ᠢ ᠪᠦᠲᠦᠭᠡᠨ ᠪᠠᠶᠢᠭᠤᠯᠬᠤ ᠡᠷᠴᠢᠮ ᠢᠶᠠᠨ ᠰᠤᠯᠠᠷᠠᠭᠤᠯᠬᠤ | ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠪᠡᠯᠡ ᠣᠷᠤᠭᠤᠯᠤᠯᠲᠠ ᠶᠢᠨ ᠲᠠᠯ᠎ᠠ ᠪᠠᠷ ᠲᠦᠮᠡᠨ ᠳ᠋ᠦᠩᠰᠢᠭᠤᠷ | ᠲᠥᠭᠦᠷᠢᠭ ᠤᠨ ᠶᠡᠭᠡ ᠪᠣᠭᠤᠮᠲᠠ ᠶᠢ ᠳᠠᠪᠠᠭ᠋ᠤ ᠪᠠᠷ ᠬᠦᠴᠦᠯᠡᠨ ᠴᠢᠷᠮᠠᠶᠢᠨ᠎ᠠ᠃ | ᠲᠦᠷᠦᠯ ᠵᠦᠢᠯ ᠤᠷᠢᠵᠤ ᠲᠠᠲᠠᠬᠤ ᠶᠢ ᠤᠨᠤᠪᠴᠢᠲᠠᠢ ᠤᠬᠠᠭᠠᠯᠠᠨ ᠲᠥᠯᠥᠪᠯᠡᠨ᠎ᠡ᠃ ᠡᠨᠡ ᠵᠢᠯ ᠤᠯᠤᠰ ᠤᠨ ︽ | ᠬᠤᠶᠠᠷ ᠴᠢᠬᠤᠯᠠ︾ ᠲᠦᠷᠦ ᠶᠢᠨ ᠪᠣᠳᠣᠯᠭ᠎ᠠ ᠶᠢᠨ ᠬᠦᠴᠦᠯᠡᠴᠡ ᠨᠡᠩ ᠶᠡᠭᠡ ᠪᠠᠶᠢᠵᠤ᠂ ᠵᠠᠩᠭᠢᠯᠠᠭ᠎ᠠ ᠨᠢ ᠲᠦᠷᠦᠯ | ᠵᠦᠢᠯ ᠢ ᠰᠠᠶᠢᠲᠤᠷ ᠤᠬᠠᠭᠠᠯᠠᠨ ᠲᠥᠯᠥᠪᠯᠡᠬᠦ ᠳᠤ ᠪᠣᠢ︔ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ᠂ ᠨᠡᠩ ᠣᠯᠠᠨ ᠲᠦᠷᠦᠯ ᠵᠦᠢᠯ ᠢ ᠤᠯᠤᠰ ᠤᠨ ᠶᠡᠭᠡ | ᠬᠡᠪᠴᠢᠶᠡᠵᠢᠯ ᠳᠤ ᠣᠷᠣᠭᠤᠯᠵᠤ᠂ ᠲᠥᠪ ᠤᠨ ᠲᠦᠷᠦ ᠶᠢᠨ ᠪᠣᠳᠣᠯᠭ᠎ᠠ ᠶᠢᠨ ᠠᠰᠢᠭ ᠢ ᠬᠦᠷᠲᠡᠬᠦ ᠪᠠᠷ ᠴᠢᠷᠮᠠᠶᠢᠨ᠎ᠠ᠂ | ᠡᠭᠦᠨ ᠤ ᠵᠠᠩᠭᠢᠯᠠᠭ᠎ᠠ ᠨᠢ ᠮᠥᠨ ᠴᠦ ᠲᠦᠷᠦᠯ ᠵᠦᠢᠯ ᠢ ᠰᠠᠶᠢᠲᠤᠷ ᠤᠬᠠᠭᠠᠯᠠᠨ ᠲᠥᠯᠥᠪᠯᠡᠬᠦ ᠳᠤ ᠪᠣᠢ᠃ ᠰᠠᠭᠤᠷᠢ | ᠪᠡᠯᠡᠳᠬᠡᠮᠵᠢ ᠶᠢᠨ ᠲᠦᠷᠦᠯ ᠵᠦᠢᠯ ᠤᠨ ᠲᠠᠯ᠎ᠠ ᠪᠠᠷ᠂ ᠬᠥᠮᠥᠨ ᠠᠮᠠ ᠪᠠ ᠠᠵᠤ ᠠᠬᠤᠢ ᠶᠢᠨ ᠪᠠᠶᠢᠷᠢᠰᠢᠭᠤᠯᠤᠯᠲᠠ ᠶᠢᠨ | ᠲᠣᠭᠤᠷᠢᠨ ᠳᠤ᠂ ᠨᠢᠭᠡ ᠪᠦᠯᠦᠭ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ᠂ ᠬᠦᠷᠢᠶᠡᠯᠡᠩ ᠲᠣᠭᠤᠷᠢᠭ ᠤᠨ | ᠵᠠᠮ᠂ ᠠᠷᠠᠳ ᠲᠤ ᠳᠦᠭᠦᠮ ᠦᠵᠡᠭᠦᠯᠬᠦ ᠵᠠᠮ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠲᠡᠮᠦᠷ ᠵᠠᠮ ᠤᠨ | ᠲᠣᠣᠷ᠂ ᠵᠠᠰᠠᠮᠠᠯ ᠵᠠᠮ ᠤᠨ ᠲᠣᠣᠷ᠂ ᠠᠭᠠᠷ ᠠᠶᠠᠯᠠᠯ ᠤᠨ ᠲᠣᠣᠷ᠂ ᠤᠰᠤᠨ ᠠᠰᠢᠭᠯᠠᠯᠲᠠ ᠶᠢᠨ ᠲᠣᠣᠷ᠂ ᠴᠠᠬᠢᠯᠭᠠᠨ | ᠬᠦᠴᠦᠨ ᠤ ᠲᠣᠣᠷ᠂ ᠴᠠᠬᠢᠯᠭᠠᠨ ᠬᠤᠯᠪᠣᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠠᠭᠤᠷᠢ | ᠪᠡᠯᠡᠳᠬᠡᠮᠵᠢ ᠶᠢᠨ ᠪᠡᠯᠡ ᠣᠷᠤᠭᠤᠯᠤᠯᠲᠠ ᠶᠢ 3000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠦᠨᠡᠨ ᠬᠦ | ᠪᠠᠲᠤᠯᠠᠨ᠎ᠠ᠃ ᠠᠵᠤ ᠦᠢᠯᠡᠰ ᠤᠨ ᠬᠥᠭᠵᠢᠯᠲᠡ ᠶᠢᠨ ᠲᠦᠷᠦᠯ ᠵᠦᠢᠯ ᠤᠨ ᠲᠠᠯ᠎ᠠ ᠪᠠᠷ᠂ ᠡᠯ᠎ᠡ ᠠᠶᠢᠮᠠᠭ ᠬᠤᠲᠠ ᠨᠢ | ᠪᠦᠬᠦ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ | ᠬᠤᠳᠠᠯᠳᠤᠭᠠᠴᠢᠨ ᠤᠷᠢᠬᠤ ᠲᠥᠰᠥᠯ ᠢ ᠨᠢᠭᠡᠳ ᠨᠢᠭᠡ ᠪᠠᠷ ᠲᠣᠭᠲᠠᠭᠠᠵᠤ᠂ ᠣᠷᠣᠭᠤᠯᠤᠨ ᠠᠪᠴᠢᠷᠠᠵᠤ | ᠪᠣᠳᠠᠲᠠᠶᠢᠵᠢᠭᠤᠯᠬᠤ ᠪᠡᠯᠡ ᠮᠥᠩᠭᠦ ᠶᠢ 5700 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠠᠵᠤ | ᠦᠢᠯᠡᠳᠪᠦᠷᠢ ᠶᠢᠨ ᠪᠡᠯᠡ ᠣᠷᠤᠭᠤᠯᠤᠯᠲᠠ ᠶᠢ 4900 ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠦᠨ᠂ | 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠪᠤᠭᠤᠲᠤ ᠠᠴᠠ ᠢᠷᠭᠠᠢ | ᠬᠦᠷᠬᠦ ᠲᠦᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ | ᠵᠠᠮ ᠢ ᠲᠦᠷᠭᠡᠳᠬᠡᠨ ᠪᠠᠶᠢᠭᠤᠯᠵᠤ᠂ ᠯᠢᠨ ᠾᠧ ᠠᠴᠠ ᠬᠠᠮᠢ ᠬᠦᠷᠬᠦ ᠱᠤᠭᠤᠮ᠂ ᠵᠢᠨᠢᠩ ᠠᠴᠠ ᠡᠷᠢᠶᠡᠨ ᠬᠦᠷᠬᠦ | ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠵᠦ ᠰᠢᠨᠡᠳᠬᠡᠨ᠂ ᠪᠤᠭᠤᠲᠤ ᠣᠷᠳᠣᠰ ᠲᠡᠮᠡᠭᠡᠲᠦ ᠶᠢᠨ | ᠲᠦᠷᠭᠡᠨ ᠤ ᠲᠡᠮᠦᠷ ᠵᠠᠮ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ︔ S22 ᠪᠠᠶᠠᠨᠴᠠᠭᠠᠨ ᠠᠴᠠ ᠶᠦᠩ ᠲᠠᠢ ᠬᠦᠩ | ᠬᠦᠷᠬᠦ ᠬᠡᠰᠡᠭ᠂ S29 ᠬᠦᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ ᠢ ᠪᠠᠶᠢᠭᠤᠯᠵᠤ ᠳᠠᠭᠤᠰᠬᠠᠨ᠂ | G0616 ᠬᠠᠯᠢᠭᠤᠲᠤ ᠠᠴᠠ ᠮᠤᠨᠠ ᠠᠭᠤᠯᠠ ᠪᠠᠯᠭᠠᠰᠤ ᠬᠦᠷᠬᠦ ᠬᠡᠰᠡᠭ᠂ G1817 ᠤᠰᠤᠲᠠᠢ ᠠᠴᠠ ᠪᠠᠶᠠᠨ | ᠬᠤᠳᠳᠤᠭ ᠬᠦᠷᠬᠦ ᠬᠡᠰᠡᠭ᠂ S27 ᠬᠦᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠤᠨ᠎ᠠ︔ ᠬᠦᠬᠡᠬᠤᠲᠠ ᠶᠢᠨ ᠱᠧᠩᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠵᠤ | ᠳᠠᠭᠤᠰᠬᠠᠨ ᠠᠶᠠᠯᠠᠯ ᠨᠡᠪᠲᠡᠷᠡᠬᠦ ᠶᠢ ᠦᠨᠡᠨ ᠬᠦ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠤᠯᠠᠭᠠᠢ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ︔ ᠬᠠᠲᠦᠨ ᠭᠤᠣᠯ ᠤᠨ ᠤᠰᠤ ᠶᠢ ᠵᠠᠯᠠᠵᠤ | ᠬᠦᠬᠡᠬᠤᠲᠠ ᠶᠢ ᠲᠤᠰᠠᠯᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠬᠡᠨ᠂ ᠪᠣᠷᠣᠳᠣᠬᠤᠢ᠂ | ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠨ ᠥᠭᠡᠷᠡᠴᠢᠯᠡᠵᠦ | ᠰᠢᠨᠡᠳᠬᠡᠬᠦ ᠶᠢ ᠠᠬᠢᠭᠤᠯᠵᠤ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ | ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠬᠦ ᠱᠤᠭᠤᠮ ᠢᠶᠠᠷ ᠤᠰᠤ | ᠨᠡᠪᠲᠡᠷᠡᠬᠦ ᠶᠢ ᠪᠡᠶᠡᠯᠡᠭᠦᠯᠦᠨ᠎ᠡ᠃ ᠨᠢᠭᠡᠨᠲᠡ ᠤᠬᠠᠭᠠᠯᠠᠨ ᠲᠥᠯᠥᠪᠯᠡᠭᠰᠡᠨ 1400 ᠰᠢᠬᠠᠮ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠲᠦᠷᠦᠯ ᠵᠦᠢᠯ ᠤᠨ ᠪᠡᠯᠡᠳᠬᠡᠯ ᠬᠤᠭᠤᠴᠠᠭ᠎ᠠ᠂ ᠴᠢᠬᠤᠯᠠ ᠬᠦᠴᠦᠨ ᠵᠦᠢᠯ᠂ | ᠪᠣᠳᠠᠲᠠᠶᠢᠵᠢᠭᠤᠯᠤᠯᠲᠠ ᠶᠢ ᠨᠢᠭᠡᠳ ᠨᠢᠭᠡ ᠪᠠᠷ ᠠᠩᠬᠠᠷᠴᠤ᠂ ᠳᠤᠮᠳᠠᠳᠦ ᠤᠯᠤᠰ ᠤᠨ ᠴᠢᠯᠠᠭᠤᠨ ᠲᠣᠰᠤᠨ ᠤ | ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠨᠡᠭᠦᠷᠡᠰᠦ ᠪᠠᠷ ᠠᠯᠺᠧᠡ ᠨᠡᠭᠦᠷᠦᠭᠴᠢ ᠦᠢᠯᠡᠳᠬᠦ᠂ ᠷᠦᠩ | ᠱᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠢᠭᠡ ᠴᠣᠭᠴᠠᠵᠢᠭᠤᠯᠬᠤ᠂ ᠰᠠᠢ ᠱᠧᠩ ᠰᠢᠨ᠎ᠡ ᠮᠠᠲ᠋ᠧᠷᠢᠶᠠᠯ᠂ | ᠶᠤᠸᠠᠨ ᠵᠢᠩ ᠲᠡᠭ ᠨᠡᠭᠦᠷᠡᠰᠦᠲᠥ᠋ᠷᠥᠭᠴᠢᠲᠦ ᠴᠡᠨᠡᠭ ᠵᠡᠷᠭᠡ ᠨᠢᠭᠡ ᠪᠦᠯᠦᠭ ᠵᠠᠭᠤᠨ ᠳ᠋ᠦᠩᠰᠢᠭᠤᠷ ᠤᠨ ᠳᠡᠰ ᠤᠨ | ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠡᠷᠲᠡ ᠨᠢᠭᠡ ᠡᠳᠦᠷ ᠠᠵᠢᠯ ᠡᠬᠢᠯᠡᠭᠦᠯᠵᠦ᠂ ᠡᠷᠲᠡ ᠨᠢᠭᠡ ᠡᠳᠦᠷ | ᠦᠢᠯᠡᠳᠪᠦᠷᠢᠯᠡᠬᠦ ᠬᠡᠮᠵᠢᠶᠡᠨ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ | ︵ᠬᠤᠶᠠᠷ︶ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠠᠷᠭ᠎ᠠ | ᠪᠦᠬᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠨ᠎ᠡ᠃ ᠬᠡᠷᠡᠭᠯᠡᠭᠡ ᠶᠡᠷᠦ ᠨᠢ ᠮᠠᠨ ᠤ ᠣᠷᠣᠨ ᠤ ᠳᠤᠲᠠᠭᠤᠳᠠᠯ | ᠪᠠᠶᠢᠵᠤ᠂ ᠡᠷᠬᠡᠪᠰᠢ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠶᠡᠭᠡ ᠪᠠᠷ ᠬᠡᠷᠡᠭᠵᠢᠭᠦᠯᠵᠦ᠂ ᠳᠣᠲᠣᠭᠠᠳᠤ | ᠳᠠᠯᠳᠠ ᠬᠦᠴᠦᠨ ᠢᠶᠠᠨ ᠭᠦᠢᠴᠡᠳ ᠠᠭᠤᠳᠠᠯᠬᠤ ᠬᠡᠷᠡᠭᠲᠡᠢ᠃ | ᠤᠯᠤᠰ ᠤᠨ ︽ᠬᠤᠶᠠᠷ ᠰᠢᠨ᠎ᠡ︾ ᠲᠦᠷᠦ ᠶᠢᠨ ᠪᠣᠳᠣᠯᠭ᠎ᠠ ᠶᠢ ᠬᠦᠴᠦᠯᠡᠨ ᠥᠷᠭᠡᠵᠢᠭᠦᠯᠵᠦ ᠬᠡᠷᠡᠭᠵᠢᠭᠦᠯᠬᠦ | ᠠᠵᠠ ᠲᠣᠬᠢᠶᠠᠯ ᠢ ᠴᠢᠩᠭ᠎ᠠ ᠠᠳᠬᠤᠨ᠎ᠠ᠃ ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ᠂ ᠮᠡᠷᠭᠡᠵᠢᠯ᠂ ᠡᠨᠧᠷᠭᠢ ᠶᠢᠨ | ᠬᠤᠷᠣᠭᠳᠠᠯ᠂ ᠭᠠᠳᠠᠭᠰᠢᠯᠠᠭᠤᠯᠤᠯᠲᠠ᠂ ᠠᠮᠤᠷ ᠲᠦᠪᠰᠢᠨ ᠵᠡᠷᠭᠡ ᠪᠠᠷᠢᠮᠵᠢᠶᠠᠨ ᠤ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠠᠵᠤ ᠦᠢᠯᠡᠳᠪᠦᠷᠢ ᠶᠢᠨ ᠲᠥᠬᠦᠭᠡᠷᠦᠮᠵᠢ᠂ ᠪᠠᠷᠢᠯᠭ᠎ᠠ ᠶᠢᠨ ᠮᠧᠬᠠᠨᠢᠭ᠂ | ᠬᠠᠭᠤᠴᠢᠷᠠᠭᠰᠠᠨ ᠴᠠᠬᠢᠯᠭᠠᠨ ᠱᠠᠲᠤ᠂ ᠡᠵᠡᠩᠨᠡᠯᠲᠡ ᠶᠢᠨ ᠠᠴᠢᠶᠠᠨ ᠤ ᠲᠡᠷᠭᠡ ᠵᠡᠷᠭᠡ ᠶᠢᠨ ︽ᠰᠣᠯᠢᠬᠤ | ᠴᠢᠬᠤᠯᠠᠲᠠᠢ ᠶᠢ ᠨᠢ ᠴᠥᠮ ᠰᠣᠯᠢᠬᠤ︾ ᠶᠢ ᠠᠬᠢᠭᠤᠯᠤᠨ᠎ᠠ᠃ ᠣᠨᠴᠠᠭᠠᠶᠢᠯᠠᠨ ᠣᠷᠣᠨ ᠤ ᠳᠣᠲᠣᠨ᠎ᠠ ᠭᠠᠳᠠᠨᠠᠬᠢ | ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠬᠦᠭᠡᠷᠦᠮᠵᠢ᠂ ᠬᠠᠭᠤᠴᠢᠨ ᠴᠠᠬᠢᠯᠭᠠᠨ ᠮᠠᠰᠢᠨ ᠢ ᠰᠢᠨᠡᠳᠬᠡᠨ | ᠰᠣᠯᠢᠬᠤ ᠬᠡᠷᠡᠭᠴᠡᠭᠡ ᠶᠢ ᠴᠢᠩᠭ᠎ᠠ ᠠᠩᠬᠠᠷᠴᠤ᠂ ᠮᠠᠨ ᠤ ᠣᠷᠣᠨ ᠤ ᠪᠠᠶᠢᠩᠭᠤ ᠰᠣᠷᠢᠨᠵᠢᠨᠲᠤ ᠴᠠᠬᠢᠯᠭᠠᠨ ᠮᠠᠰᠢᠨ᠂ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ ᠦᠢᠯᠡᠳᠪᠦᠷᠢᠯᠡᠬᠦ ᠴᠢᠳᠠᠮᠵᠢ ᠪᠠᠨ | ᠳᠠᠭᠠᠯᠳᠤᠭᠤᠯᠤᠨ ᠪᠠᠳᠠᠷᠠᠭᠤᠯᠤᠨ᠎ᠠ᠃ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ | ᠬᠡᠷᠡᠭᠯᠡᠭᠡ ᠶᠢ ᠠᠬᠢᠭᠤᠯᠬᠤ ᠬᠢᠭᠡᠳ ᠠᠷᠠᠳ ᠤᠨ ᠠᠮᠢᠳᠤᠷᠠᠯ ᠳᠤ ᠬᠠᠷᠠᠭᠠᠯᠵᠠᠯ ᠦᠵᠡᠭᠦᠯᠬᠦ ᠶᠢ ᠤᠶᠠᠯᠳᠤᠭᠤᠯᠤᠨ᠂ | ᠨᠡᠮᠡᠭᠦᠷᠢ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠨ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠤᠨᠴᠢ | ᠭᠡᠷ ᠤᠨ ᠬᠡᠷᠡᠭᠰᠡᠯ᠂ ᠳ᠋ᠢᠬᠢᠲ ᠦᠢᠯᠡᠳᠬᠦᠨ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠭᠡ ᠶᠢᠨ ᠲᠠᠯ᠎ᠠ ᠶᠢᠨ ᠬᠦᠰᠡᠯ ᠪᠠ | ᠬᠡᠷᠡᠭᠴᠡᠭᠡ ᠶᠢ ᠪᠦᠬᠦ ᠲᠠᠯ᠎ᠠ ᠪᠠᠷ ᠬᠥᠭᠵᠢᠭᠡᠨ᠎ᠡ᠃ | ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠠᠵᠠ ᠲᠣᠬᠢᠶᠠᠯ ᠢ | ᠴᠢᠩᠭ᠎ᠠ ᠠᠳᠬᠤᠨ᠎ᠠ᠃ ᠪᠦᠬᠦ ᠣᠷᠣᠨ ᠤ 280 ᠲᠦᠮᠡᠨ ᠲᠠᠷᠢᠶᠠᠴᠢᠨ ᠮᠠᠯᠴᠢᠨ ᠬᠤᠲᠠ ᠪᠠᠯᠭᠠᠰᠤᠨ ᠳᠤ ᠰᠢᠯᠵᠢᠨ | ᠠᠵᠢᠯ ᠣᠯᠵᠤ ᠪᠠᠶᠢᠬᠤ ᠪᠠᠶᠢᠳᠠᠯ ᠳᠤ ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ | ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯᠯᠠᠭᠠᠨ ᠢ ᠰᠠᠶᠢᠲᠤᠷ ᠬᠡᠷᠡᠭᠵᠢᠭᠦᠯᠵᠦ᠂ ᠰᠢᠯᠵᠢᠭᠦᠯᠦᠨ | ᠲᠥᠯᠥᠬᠦ᠂ ᠬᠦᠴᠦᠨ ᠵᠦᠢᠯ ᠢ ᠲᠣᠬᠢᠷᠠᠭᠤᠯᠬᠤ ᠵᠡᠷᠭᠡ ᠶᠢ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ | ᠠᠮᠠ ᠶᠢ ᠬᠤᠲᠠ ᠶᠢᠨ ᠠᠷᠠᠳ ᠪᠣᠯᠭᠠᠬᠤ ᠯᠤᠭ᠎ᠠ ᠬᠤᠯᠪᠣᠭᠳᠠᠭᠤᠯᠬᠤ ᠶᠢ ᠠᠬᠢᠭᠤᠯᠤᠨ᠂ ᠣᠷᠣᠨ ᠰᠠᠭᠤᠴᠠ᠂ | ᠰᠤᠷᠭᠠᠨ ᠬᠥᠮᠦᠵᠢᠯ᠂ ᠡᠮᠴᠢᠯᠡᠭᠡ᠂ ᠨᠡᠶᠢᠭᠡᠮ ᠤᠨ ᠳᠠᠭᠠᠳᠬᠠᠯ᠂ ᠵᠠᠮ ᠬᠠᠷᠢᠯᠴᠠᠭ᠎ᠠ ᠵᠡᠷᠭᠡ ᠲᠠᠯ᠎ᠠ ᠪᠠᠷ ᠨᠡᠩ ᠰᠠᠶᠢᠲᠤᠷ | ᠦᠢᠯᠡᠴᠢᠯᠡᠭᠡ ᠬᠠᠩᠭᠠᠬᠤ ᠬᠡᠷᠡᠭᠲᠡᠢ᠃ ᠣᠯᠠᠨ ᠲᠦᠮᠡᠨ ᠤ ︽ᠰᠠᠶᠢᠨ ᠭᠡᠷ ᠪᠠᠶᠢᠰᠢᠩ᠂ ᠰᠠᠶᠢᠨ ᠰᠠᠭᠤᠭᠠᠯᠢ | ᠲᠣᠭᠤᠷᠢᠭ︾ ᠤᠨ ᠬᠦᠰᠡᠯ ᠡᠷᠡᠮᠡᠯᠵᠡᠯ ᠳᠦᠭᠦᠷᠡᠩ ᠪᠠᠶᠢᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ | ᠠᠳᠠᠯ ᠠᠬᠤᠢ ᠶᠢᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ᠂ ᠬᠠᠭᠤᠴᠢᠨ ᠰᠠᠭᠤᠭᠠᠯᠢ ᠲᠣᠭᠤᠷᠢᠭ ᠤᠨ | ᠡᠵᠡ ᠮᠡᠳᠡᠵᠦ ᠰᠢᠨᠡᠳᠬᠡᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡᠨ ᠭᠡᠷ ᠪᠠᠶᠢᠰᠢᠩ ᠪᠣᠷᠣᠯᠠᠭᠤᠯᠬᠤ ᠵᠡᠷᠭᠡ | ᠰᠢᠨ᠎ᠡ ᠬᠡᠪ ᠵᠠᠭᠪᠤᠷ ᠢ ᠳᠡᠯᠭᠡᠷᠡᠭᠦᠯᠵᠦ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ | ᠬᠡᠷᠡᠭᠵᠢᠭᠦᠯᠵᠦ ᠪᠠᠶᠢᠭᠠᠳ ᠭᠡᠷ ᠪᠠᠶᠢᠰᠢᠩ ᠬᠤᠳᠠᠯᠳᠤᠨ ᠠᠪᠬᠤ ᠶᠢ ᠨᠢ ᠤᠷᠮᠠᠰᠢᠭᠤᠯᠬᠤ ᠲᠦᠷᠦ ᠶᠢᠨ ᠪᠣᠳᠣᠯᠭ᠎ᠠ | ᠨᠡᠶᠢᠲᠡᠯᠡᠵᠦ᠂ ᠪᠠᠲᠤᠯᠠᠭᠠᠲᠤ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ | ᠱᠠᠭᠠᠷᠳᠠᠯᠭ᠎ᠠ ᠶᠢ ᠭᠦᠢᠴᠡᠳ ᠪᠠᠳᠠᠷᠠᠭᠠᠨ᠎ᠠ᠃ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠤᠯᠠᠮ | ᠨᠢᠭᠡ ᠠᠯᠬᠤᠮ ᠰᠠᠶᠢᠵᠢᠷᠠᠭᠤᠯᠤᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠤᠶᠠᠨ ᠬᠠᠳᠠᠨ ᠴᠢᠨᠠᠷ ᠪᠦᠬᠦᠢ | ᠣᠶᠤᠨᠲᠤ ᠬᠤᠲᠠ ᠶᠢ ᠲᠦᠷᠭᠡᠳᠬᠡᠨ ᠪᠠᠶᠢᠭᠤᠯᠵᠤ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ | ᠳ᠋ᠢᠭᠢᠳ᠋ᠴᠢᠯᠡᠨ ᠥᠭᠡᠷᠡᠴᠢᠯᠡᠨ ᠰᠢᠨᠡᠳᠬᠡᠬᠦ᠂ ᠣᠶᠤᠨᠴᠢᠯᠠᠨ ᠳᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ | ᠬᠠᠭᠤᠴᠢᠨ ᠰᠠᠭᠤᠭᠠᠯᠢ ᠲᠣᠭᠤᠷᠢᠭ ᠢ 1291᠂ ᠡᠯ᠎ᠡ ᠲᠥᠷᠥᠯ ᠤᠨ ᠬᠤᠭᠤᠯᠠᠢ ᠭᠤᠤᠷᠰᠤ ᠶᠢᠨ ᠲᠣᠣᠷ ᠢ 1500 | ᠺᠢᠯᠣᠮᠧᠳ᠋ᠷ ᠥᠭᠡᠷᠡᠴᠢᠯᠡᠨ ᠰᠢᠨᠡᠳᠬᠡᠵᠦ᠂ ᠵᠠᠬ᠎ᠠ ᠳᠡᠯᠭᠡᠭᠦᠷᠴᠢᠯᠡᠭᠰᠡᠨ ᠬᠡᠪ ᠵᠠᠭᠪᠤᠷ ᠢᠶᠠᠷ ᠪᠠᠰᠠ ᠨᠢᠭᠡ ᠪᠦᠯᠦᠭ | ᠠᠷᠠᠳ ᠲᠤ ᠳᠦᠭᠦᠮ ᠦᠵᠡᠬᠦᠯᠬᠦ ᠴᠠᠬᠢᠯᠭᠠᠨ ᠴᠡᠨᠡᠭᠯᠡᠬᠦ ᠱᠣᠩ ᠢ ᠪᠦᠲᠦᠭᠡᠨ ᠪᠠᠶᠢᠭᠤᠯᠤᠨ᠎ᠠ᠃ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠯ ᠠᠴᠠ ᠪᠣᠯᠤᠭᠰᠠᠨ | ᠠᠵᠠ ᠲᠣᠬᠢᠶᠠᠯ ᠢ ᠴᠢᠩᠭ᠎ᠠ ᠠᠳᠬᠤᠨ᠎ᠠ᠃ ᠮᠠᠨ ᠤ ᠣᠷᠣᠨ ᠤ 60 ᠨᠠᠰᠦᠨ ᠠᠴᠠ ᠳᠡᠭᠡᠭᠰᠢᠬᠢ ᠨᠠᠰᠤᠲᠠᠶᠢᠴᠤᠳ ᠵᠢᠯ | ᠪᠦᠷᠢ ᠳᠤᠮᠳᠠᠴᠢ ᠪᠠᠷ 30 ᠲᠦᠮᠡ ᠰᠢᠨ᠎ᠡ ᠪᠠᠷ ᠨᠡᠮᠡᠭᠳᠡᠵᠦ ᠪᠠᠶᠢᠨ᠎ᠠ᠂ ᠭᠡᠬᠦ ᠮᠥᠷᠲᠡᠭᠡᠨ ᠴᠢᠳᠠᠪᠤᠷᠢ ᠪᠠᠨ ᠠᠯᠳᠠᠭᠰᠠᠨ | ᠨᠠᠰᠤᠲᠠᠨ 63 ᠲᠦᠮᠡ᠂ ᠵᠡᠮᠳᠡᠭᠴᠦᠳ 158 ᠲᠦᠮᠡ᠂ 3 ᠨᠠᠰᠦᠨ ᠠᠴᠠ ᠳᠣᠷᠣᠭᠰᠢᠬᠢ ᠨᠢᠯᠬ᠎ᠠ ᠨᠢᠷᠠᠢ ᠬᠡᠦᠬᠡᠳ | 40 ᠲᠦᠮᠡ ᠪᠠᠶᠢᠵᠤ᠂ ᠨᠠᠰᠤᠵᠢᠯ ᠤᠨ ᠠᠰᠠᠷᠠᠮᠵᠢ᠂ ᠬᠡᠦᠬᠡᠳ ᠪᠤᠶᠢᠵᠢᠭᠤᠯᠬᠤ᠂ ᠬᠠᠷᠠᠭᠠᠯᠵᠠᠨ ᠠᠰᠠᠷᠠᠬᠤ᠂ ᠭᠡᠷ | ᠠᠬᠤᠢ ᠵᠡᠷᠭᠡ ᠶᠢᠨ ᠦᠢᠯᠡᠴᠢᠯᠡᠭᠡ ᠪᠣᠯ ᠬᠡᠷᠡᠭᠴᠡᠭᠡ ᠱᠠᠭᠠᠷᠳᠠᠯᠭ᠎ᠠ ᠲᠠᠢ ᠶᠤᠮ᠂ ᠵᠠᠩᠭᠢᠯᠠᠭ᠎ᠠ ᠶᠢᠨ ᠠᠰᠠᠭᠤᠳᠠᠯ ᠨᠢ | ᠴᠢᠨᠠᠷ ᠰᠠᠶᠢᠲᠠᠢ ᠬᠠᠩᠭᠠᠯᠭ᠎ᠠ ᠬᠦᠷᠦᠯᠴᠡᠬᠦ ᠦᠭᠡᠢ᠂ ︽ᠰᠠᠶᠢᠨ ᠠᠨᠢᠶ᠎ᠠ︾᠂ ︽ᠰᠠᠶᠢᠨ ᠰᠤᠪᠢᠯᠠᠭᠴᠢ︾ ᠠᠮᠠᠷᠬᠠᠨ | ᠣᠯᠳᠠᠬᠤ ᠦᠭᠡᠢ᠂ ᠬᠡᠷᠡᠭᠯᠡᠵᠦ ᠬᠦᠴᠦᠷᠡᠬᠦ ᠦᠭᠡᠢ᠂ ᠦᠯᠡᠳᠡᠭᠡᠵᠦ ᠳᠡᠶᠢᠯᠬᠦ ᠦᠭᠡᠢ ᠪᠠᠶᠢᠵᠤ᠂ ᠪᠠᠲᠤᠯᠠᠭ᠎ᠠ ᠲᠠᠢ | ᠪᠥᠭᠡᠳ ᠴᠢᠨᠠᠷ ᠴᠢᠨᠰᠠᠭ᠎ᠠ ᠲᠠᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠴᠤ ᠴᠥᠭᠡᠨ ᠪᠠᠶᠢᠨ᠎ᠠ᠃ ᠨᠠᠰᠤᠲᠠᠨ ᠢ | ᠠᠰᠠᠷᠠᠬᠤ ᠪᠠ ᠨᠠᠶᠢᠳᠠᠵᠤ ᠰᠠᠭᠠᠲᠠᠭᠤᠯᠬᠤ᠂ ᠭᠡᠷ ᠠᠬᠤᠢ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠤ | ᠲᠣᠭᠤᠷᠢᠨ ᠳᠤ᠂ ᠶᠡᠭᠡ ᠬᠡᠪᠴᠢᠶᠡᠨ ᠤ ᠬᠠᠨᠳᠤᠯᠭᠠᠲᠤ ᠴᠢᠨᠠᠷ ᠢᠶᠠᠷ ᠴᠢᠩᠭ᠎ᠠ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠪᠠ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠵᠦ᠂ ᠨᠢᠭᠡ ᠪᠦᠯᠦᠭ ᠢᠲᠡᠭᠡᠮᠵᠢᠲᠡᠢ ᠲᠤᠰᠬᠠᠢ | ᠮᠡᠷᠭᠡᠵᠢᠯ ᠤᠨ ᠪᠠᠶᠢᠭᠤᠯᠤᠮᠵᠢ ᠪᠠ ᠳᠠᠭᠤᠷᠢᠰᠬᠠᠯ ᠲᠠᠢ ᠦᠢᠯᠡᠴᠢᠯᠡᠭᠡᠨ ᠤ ᠨᠡᠷᠡᠲᠦ ᠲᠡᠮᠳᠡᠭ ᠢ ᠴᠣᠭᠴᠠᠯᠠᠨ᠎ᠠ᠃ | ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠬᠦ ᠶᠢ ᠴᠢᠬᠤᠯᠠᠴᠢᠯᠠᠵᠤ᠂ ᠨᠠᠰᠤᠲᠠᠶᠢᠴᠤᠳ ᠤᠨ ᠣᠯᠠᠨ | ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠨ ᠰᠠᠭᠤᠷᠢᠰᠢᠬᠤ | ᠨᠠᠰᠤᠵᠢᠯ ᠤᠨ ᠠᠰᠠᠷᠠᠮᠵᠢ᠂ ᠬᠤᠳᠠᠯᠳᠤᠭᠠᠨ ᠤ ᠨᠠᠰᠤᠵᠢᠯ ᠤᠨ ᠠᠰᠠᠷᠠᠮᠵᠢ᠂ ᠬᠠᠷᠢᠯᠴᠠᠨ ᠬᠠᠪᠰᠤᠷᠤᠯᠴᠠᠬᠤ | ᠨᠠᠰᠤᠵᠢᠯ ᠤᠨ ᠠᠰᠠᠷᠠᠮᠵᠢ᠂ ᠡᠮᠴᠢᠯᠡᠭᠡ ᠪᠠ ᠰᠤᠪᠢᠯᠠᠯᠲᠠ ᠶᠢᠨ ᠤᠶᠠᠯᠳᠤᠯ ᠵᠡᠷᠭᠡ ᠡᠵᠡᠩᠨᠡᠯᠲᠡ ᠶᠢᠨ ᠪᠠᠶᠢᠳᠠᠯ ᠢ | ᠪᠠᠶᠠᠯᠢᠭᠵᠢᠭᠤᠯᠵᠤ᠂ ᠨᠠᠰᠤᠲᠠᠶᠢᠴᠤᠳ ᠤᠨ ᠪᠤᠶᠠᠨ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ | ᠬᠡᠦᠬᠡᠳ ᠤᠨ ᠬᠡᠷᠡᠭᠯᠡᠭᠡ ᠶᠡᠷᠦ ᠠᠴᠠ ︽ᠨᠢᠭᠡ ᠯᠡ ᠬᠥᠮᠥᠨ ᠪᠦᠬᠦ ᠭᠡᠷ ᠤᠨ ᠬᠡᠷᠡᠭᠯᠡᠭᠡ ᠶᠢ ᠳᠠᠶᠢᠴᠢᠯᠠᠬᠤ︾ ᠶᠤᠮ᠂ | ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ᠂ ᠡᠴᠢᠭᠡ ᠡᠬᠡ ᠦᠷ᠎ᠡ ᠬᠡᠦᠬᠡᠳ ᠤᠨ ᠦᠢᠯᠡᠴᠢᠯᠡᠭᠡ᠂ ᠭᠤᠣᠯ | ᠰᠡᠳᠦᠪᠲᠦ ᠨᠠᠭᠠᠳᠤᠮ ᠲᠣᠭᠯᠠᠭᠠᠮ ᠵᠡᠷᠭᠡ ᠬᠡᠷᠡᠭᠯᠡᠭᠡ ᠶᠢᠨ ᠬᠠᠨᠳᠤᠰᠢ ᠳᠤ ᠨᠡᠶᠢᠴᠡᠭᠦᠯᠦᠨ᠂ ᠡᠵᠡᠩᠨᠡᠯᠲᠡ ᠶᠢᠨ ᠠᠬᠤᠢ | ᠪᠠᠶᠢᠳᠠᠯ ᠳᠤ ᠰᠢᠨ᠎ᠡ ᠶᠢ ᠡᠭᠦᠳᠴᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ᠃ | ᠤᠯᠤᠰ ᠤᠨ ᠳᠣᠲᠣᠭᠠᠳᠤ ᠶᠢᠨ ᠶᠡᠭᠡ ᠣᠷᠴᠢᠯ ᠠᠴᠠ ᠪᠣᠢ ᠪᠣᠯᠤᠭᠰᠠᠨ ᠠᠵᠠ ᠳᠣᠬᠢᠶᠠᠯ ᠢ ᠴᠢᠩᠭ᠎ᠠ ᠠᠳᠬᠤᠨ᠎ᠠ᠃ | ᠥᠪᠥᠷ ᠮᠣᠩᠭᠤᠯ ᠳᠤ ᠬᠥᠮᠥᠨ ᠠᠮᠠ ᠬᠠᠷᠢᠴᠠᠩᠭᠤᠢ ᠴᠥᠭᠡᠨ᠂ ᠬᠡᠷᠡᠭᠯᠡᠭᠡ ᠶᠢᠨ ᠴᠢᠳᠠᠪᠤᠷᠢ ᠬᠢᠵᠠᠭᠠᠷ ᠲᠠᠢ ᠪᠣᠯᠬᠤᠷ᠂ | ᠬᠡᠷᠡᠭᠯᠡᠭᠡ ᠶᠢ ᠠᠳᠬᠤᠬᠤ ᠳᠤ ᠪᠠᠨ ᠣᠷᠣᠨ ᠤ ᠳᠣᠲᠣᠭᠠᠳᠤ ᠳᠤ ᠪᠠᠨ ᠠᠩᠬᠠᠷᠤᠯ ᠢᠶᠠᠨ ᠬᠠᠨᠳᠤᠭᠤᠯᠬᠤ ᠪᠠᠷ ᠦᠯᠦ | ᠪᠠᠷᠠᠨ᠂ ᠣᠷᠣᠨ ᠤ ᠭᠠᠳᠠᠨᠠᠬᠢ ᠶᠢ ᠴᠦ ᠠᠩᠬᠠᠷᠬᠤ ᠬᠡᠷᠡᠭᠲᠡᠢ᠃ ᠮᠠᠨ ᠤ ᠣᠷᠣᠨ ᠤ 1100 ᠢᠯᠡᠭᠦᠦ ᠵᠦᠢᠯ ᠤᠨ ︽ | ᠥᠪᠥᠷ ᠮᠣᠩᠭᠤᠯ︾ ᠨᠡᠷᠡᠮᠵᠢᠲᠦ ᠰᠠᠶᠢᠨ ᠪᠦᠲᠦᠭᠡᠭᠳᠡᠬᠦᠨ ᠪᠦᠬᠦ ᠤᠯᠤᠰ ᠲᠤ ᠵᠠᠬ᠎ᠠ ᠳᠡᠯᠭᠡᠭᠦᠷ ᠲᠠᠢ ᠪᠥᠭᠡᠳ | ᠬᠡᠷᠡᠭᠴᠡᠭᠡ ᠱᠠᠭᠠᠷᠳᠠᠯᠭ᠎ᠠ ᠲᠠᠢ ᠶᠤᠮ᠂ ᠵᠠᠩᠭᠢᠯᠠᠭ᠎ᠠ ᠨᠢ ᠣᠳᠣ ᠦᠶ᠎ᠡ ᠶᠢᠨ ᠬᠡᠷᠡᠭᠯᠡᠭᠡ ᠶᠢᠨ ᠰᠢᠨ᠎ᠡ ᠬᠠᠨᠳᠤᠰᠢ ᠳᠤ | ᠵᠣᠬᠢᠴᠠᠭᠤᠯᠤᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠣᠬᠤᠷ ᠸᠢᠳᠢᠤ᠋ ᠪᠠᠷ ᠡᠵᠡᠩᠨᠡᠨ | ᠪᠣᠷᠣᠯᠠᠭᠤᠯᠬᠤ᠂ ᠠᠩᠬ᠎ᠠ ᠲᠠᠷᠬᠠᠭᠠᠬᠤ ᠲᠦᠷᠦᠭᠦᠴᠢ ᠳᠡᠯᠭᠡᠭᠦᠷ ᠨᠡᠭᠡᠭᠡᠬᠦ ᠵᠡᠷᠭᠡ ᠰᠢᠨ᠎ᠡ ᠬᠡᠪ ᠵᠠᠭᠪᠤᠷ ᠢ ᠰᠠᠶᠢᠲᠤᠷ | ᠬᠡᠷᠡᠭᠯᠡᠵᠦ᠂ ᠮᠠᠨ ᠤ ᠣᠷᠣᠨ ᠤ ᠪᠣᠬᠢᠷᠳᠤᠯ ᠦᠭᠡᠢ ᠪᠥᠭᠡᠳ ᠣᠨᠴᠠᠯᠢᠭ ᠲᠠᠢ ᠴᠢᠨᠠᠷ ᠰᠠᠶᠢᠲᠠᠢ ᠪᠦᠲᠦᠭᠡᠭᠳᠡᠬᠦᠨ ᠢᠶᠠᠨ | ᠪᠦᠬᠦ ᠤᠯᠤᠰ ᠲᠤ ᠭᠠᠷᠭᠠᠨ ᠪᠣᠷᠣᠯᠠᠭᠤᠯᠬᠤ ᠶᠠᠪᠤᠳᠠᠯ ᠪᠣᠯᠣᠨ᠎ᠠ᠃ ᠮᠠᠨ ᠤ ᠣᠷᠣᠨ ᠤ ᠵᠢᠯ ᠪᠦᠷᠢ ᠬᠦᠯᠢᠶᠡᠨ ᠠᠪᠬᠤ | ᠵᠢᠭᠤᠯᠴᠢᠯᠠᠭᠴᠢᠳ 3 ᠳ᠋ᠦᠩᠰᠢᠭᠤᠷ ᠰᠢᠬᠠᠮ ᠬᠥᠮᠥᠨ ᠤᠳᠠᠭ᠎ᠠ ᠳᠤ ᠬᠦᠷᠴᠦ᠂ ᠡᠨᠡ ᠬᠦ ᠡᠭᠦᠳᠡᠨ ᠳᠤ ᠰᠠᠭᠠᠲᠠᠭᠰᠠᠨ | ᠬᠡᠷᠡᠭᠯᠡᠭᠡ ᠳᠤ ᠪᠠᠰᠠ ᠮᠠᠰᠢ ᠶᠡᠭᠡ ᠳᠠᠯᠳᠠ ᠬᠦᠴᠦᠨ ᠨᠢᠭᠤᠭᠳᠠᠵᠤ ᠪᠠᠶᠢᠬᠤ ᠪᠣᠯᠬᠤᠷ ︽ᠥᠪᠥᠷ ᠮᠣᠩᠭᠤᠯ ᠤᠨ | ᠦᠨᠦᠷ ᠠᠮᠲᠠ︾ ᠲᠠᠢ ᠬᠤᠪᠴᠠᠰᠤ ᠬᠤᠨᠠᠷ ᠵᠠᠰᠠᠯ ᠴᠢᠮᠡᠭᠯᠡᠯ᠂ ᠭᠠᠷ ᠤᠷᠠᠯᠠᠯ ᠤᠨ ᠪᠦᠲᠦᠭᠡᠯ᠂ ᠰᠣᠶᠣᠯ ᠤᠨ | ᠪᠦᠲᠦᠭᠡᠯᠴᠢ ᠲᠠᠸᠠᠷ᠂ ᠪᠣᠬᠢᠷᠳᠤᠯ ᠦᠭᠡᠢ ᠠᠮᠲᠠᠲᠤ ᠢᠳᠡᠭᠡᠨ ᠢ ᠨᠡᠩ ᠣᠯᠠᠨ ᠨᠡᠭᠡᠭᠡᠨ ᠬᠥᠭᠵᠢᠭᠦᠯᠵᠦ᠂ | ᠵᠢᠭᠤᠯᠴᠢᠯᠠᠭᠴᠢᠳ ᠪᠦᠷᠢ ᠶᠢ ᠥᠪᠡᠷ ᠤᠨ ᠢᠶᠠᠨ ᠲᠠᠭᠠᠰᠢᠶᠠᠭᠰᠠᠨ ᠨᠢᠭᠡᠨ ᠬᠤᠪᠢ ︽ᠭᠠᠷ ᠪᠡᠯᠡᠭ︾ ᠲᠠᠢ ᠪᠤᠴᠠᠭᠠᠬᠤ | ᠪᠣᠯᠭᠠᠨ᠎ᠠ᠃ ᠡᠯ᠎ᠡ ᠭᠠᠵᠠᠷ ᠣᠷᠣᠨ ᠨᠢ ᠴᠥᠮ ᠬᠦᠴᠦ ᠵᠠᠷᠤᠴᠠᠭᠤᠯᠵᠤ ᠪᠠᠶᠢᠭᠠᠳ ᠡᠷᠬᠢᠨ ᠲᠣᠭᠤᠷᠢᠨ ᠤ ᠭᠠᠵᠠᠷ | ᠣᠷᠣᠨ ᠤ ᠨᠡᠩ ᠣᠯᠠᠨ ᠬᠥᠮᠥᠰ ᠢ ᠲᠠᠲᠠᠨ ᠠᠪᠴᠢᠷᠠᠵᠤ ᠮᠠᠨ ᠤ ᠣᠷᠣᠨ ᠳᠤ ᠲᠣᠭᠤᠷᠢᠨ ᠵᠤᠭᠠᠴᠠᠭᠤᠯᠵᠤ | ᠬᠡᠷᠡᠭᠯᠡᠭᠡ ᠳᠤ ᠣᠷᠣᠯᠴᠠᠭᠤᠯᠤᠨ᠂ ᠮᠠᠨ ᠤ ᠦᠢᠯᠡᠴᠢᠯᠡᠭᠡ ᠶᠢ ᠬᠦᠷᠲᠡᠭᠡᠨ᠂ ᠮᠠᠨ ᠤ ᠦᠢᠯᠡᠳᠬᠦᠨ ᠢ ᠬᠤᠳᠠᠯᠳᠤᠨ | ᠠᠪᠤᠭᠤᠯᠵᠤ᠂ ᠵᠤᠭᠠᠴᠠᠨ ᠺᠠᠷᠳ᠋ᠯᠠᠭᠤᠯᠬᠤ ᠮᠥᠷᠲᠡᠭᠡᠨ ᠺᠠᠷᠲ ᠵᠤᠷᠠᠭᠤᠯᠣᠨᠠ᠃ ᠦᠵᠡᠭᠦᠯᠭᠡ ᠶᠢᠨ ᠠᠵᠤ ᠠᠬᠤᠢ ᠶᠢ | ᠶᠡᠭᠡ ᠪᠠᠷ ᠬᠥᠭᠵᠢᠭᠦᠯᠵᠦ᠂ ᠦᠵᠡᠭᠦᠯᠭᠡ ᠪᠠᠷ ᠪᠣᠷᠤᠯᠠᠭᠤᠯᠭ᠎ᠠ ᠶᠢ ᠠᠬᠢᠭᠤᠯᠬᠤ᠂ ᠦᠵᠡᠭᠦᠯᠭᠡ ᠪᠠᠷ ᠬᠤᠳᠠᠯᠳᠤᠭ᠎ᠠ ᠶᠢ | ᠠᠬᠢᠭᠤᠯᠬᠤ᠂ ᠠᠵᠤ ᠦᠢᠯᠡᠰ ᠪᠠ ᠦᠵᠡᠭᠦᠯᠭᠡ ᠶᠢ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂ ᠬᠡᠷᠡᠭᠯᠡᠭᠡ ᠶᠢ | ᠨᠡᠩ ᠰᠠᠶᠢᠲᠤᠷ ᠲᠠᠶᠢᠴᠢᠯᠠᠨ᠂ ᠠᠵᠤ ᠦᠢᠯᠡᠰ ᠢ ᠨᠡᠩ ᠰᠠᠶᠢᠲᠤᠷ ᠪᠥᠭᠡᠮᠨᠡᠷᠡᠭᠦᠯᠦᠨᠡ᠃ | ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ | ᠦᠷᠭᠦᠯᠵᠢᠯᠡᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠶᠢᠵᠢᠭᠤᠯᠵᠤ | ᠬᠥᠭᠵᠢᠭᠦᠯᠦᠨ᠎ᠡ᠃ ᠰᠢᠨ᠎ᠡ ᠶᠢ ᠡᠭᠦᠳᠬᠦ ᠦᠭᠡᠢ ᠪᠣᠯ ᠭᠠᠷᠬᠤ ᠵᠠᠮ ᠦᠭᠡᠢ᠂ ᠨᠡᠩ ᠴᠦ ᠢᠷᠡᠭᠡᠳᠦᠢ ᠦᠭᠡᠢ ᠶᠤᠮ᠃ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ | ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ | ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠥᠬᠦᠷᠡᠰᠢ ᠦᠭᠡᠢ ᠤᠳᠠᠭᠠᠨ | ᠳᠠᠭᠠᠭᠠᠮᠠᠭᠠᠢ ᠪᠠᠷ ᠠᠵᠢᠯᠯᠠᠬᠤ ᠶᠢ ᠡᠷᠬᠢᠮᠯᠡᠨ᠎ᠡ᠃ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠷᠠᠯᠳᠤᠭᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠪᠠᠨ ᠨᠡᠮᠡᠭᠳᠡᠭᠦᠯᠦᠨ᠂ 20% ᠶᠢᠨ | ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠᠨ ᠴᠢᠩᠭᠠᠳᠬᠠᠬᠤ᠂ ᠵᠠᠷᠤᠳᠠᠯ ᠤᠨ ᠣᠷᠤᠭᠤᠯᠤᠯᠲᠠ ᠪᠠᠨ | ᠨᠡᠮᠡᠭᠳᠡᠭᠦᠯᠬᠦ ᠶᠢ ᠳᠠᠶᠢᠴᠢᠯᠠᠨ ᠳᠠᠭᠠᠭᠤᠯᠤᠨ᠎ᠠ᠃ ᠴᠡᠭ ᠪᠠᠶᠢᠷᠢᠯᠠᠯ ᠤᠨ ᠲᠣᠭᠤᠷᠢᠨ ᠳᠤ ︽ᠪᠦᠰᠡᠯᠡᠯᠲᠡ ᠰᠢᠪᠲᠤᠯᠬᠤ︾ | ᠶᠢ ᠠᠳᠬᠤᠨ᠎ᠠ᠂ ᠨᠢᠳᠤᠨᠤᠨ ᠤ ᠪᠠᠶᠢᠷᠢᠰᠢᠭᠤᠯᠤᠭᠰᠠᠨ 5 ᠴᠡᠭ ᠪᠠᠶᠢᠷᠢᠯᠠᠯ ᠤᠨ ᠰᠠᠭᠤᠷᠢᠨ ᠳᠡᠭᠡᠷ᠎ᠡ᠂ ᠡᠨᠡ ᠵᠢᠯ | ᠵᠣᠬᠢᠶᠠᠮᠠᠯ ᠤᠶᠤᠨ +᠂ ᠳᠣᠣᠷ᠎ᠠ ᠠᠭᠠᠷ ᠤᠨ ᠠᠵᠤ ᠠᠬᠤᠢ᠂ ᠠᠮᠢᠳᠤ ᠪᠣᠳᠠᠰ ᠤᠨ ᠮᠡᠷᠭᠡᠵᠢᠯ ᠵᠡᠷᠭᠡ ᠬᠦᠷᠢᠶ᠎ᠡ | ᠴᠠᠷᠠᠭᠠᠨ ᠳᠤ ᠪᠠᠰᠠ ᠨᠢᠭᠡ ᠪᠦᠯᠦᠭ ᠰᠢᠨ᠎ᠡ ᠴᠡᠭ ᠪᠠᠶᠢᠷᠢᠯᠠᠯ ᠢ ᠡᠬᠢᠯᠡᠭᠦᠯᠵᠦ᠂ ᠳᠠᠪᠠᠭᠤᠯᠢᠭ ᠡᠬᠢ ᠪᠠᠶᠠᠯᠢᠭ ᠢ | ᠲᠥᠪᠯᠡᠷᠡᠭᠦᠯᠦᠨ᠂ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠯᠠᠬᠤ ᠮᠡᠷᠭᠡᠵᠢᠯ ᠳᠤ ᠲᠦᠷᠭᠡᠬᠡᠨ | ᠰᠢᠪᠲᠤᠯᠤᠯᠲᠠ ᠭᠠᠷᠭᠠᠵᠤ᠂ ︽ᠡᠬᠢᠯᠡᠵᠦ ᠭᠦᠶᠦᠮᠡᠭᠴᠡ ᠲᠦᠷᠦᠭᠦᠯᠡᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠠᠵᠤ | ᠦᠢᠯᠡᠰ ᠤᠨ ᠳᠤᠲᠠᠭᠤᠳᠠᠯ ᠤᠨ ᠲᠣᠭᠤᠷᠢᠨ ᠳᠤ ᠰᠢᠨ᠎ᠡ ᠶᠢ ᠡᠭᠦᠳᠬᠦ ᠶᠢ ᠠᠳᠬᠤᠨ᠎ᠠ᠂ ᠠᠵᠤ ᠦᠢᠯᠡᠰ ᠤᠨ | ᠬᠥᠭᠵᠢᠯᠲᠡ ᠶᠢᠨ ᠪᠣᠭᠤᠮᠢ ᠬᠦᠯᠢᠶᠡᠰᠦᠯᠡᠯ ᠪᠣᠯ ᠰᠢᠨ᠎ᠡ ᠶᠢ ᠡᠭᠦᠳᠬᠦ ᠶᠢᠨ ᠬᠦᠴᠦᠯᠡᠬᠦ ᠴᠡᠭ ᠮᠥᠨ᠃ ᠮᠡᠷᠭᠡᠵᠢᠯ ᠤᠨ | ᠰᠢᠨ᠎ᠡ ᠡᠭᠦᠳᠦᠯᠲᠡ ᠪᠠᠷ ᠠᠵᠤ ᠦᠢᠯᠡᠰ ᠤᠨ ᠬᠡᠯᠬᠢᠶᠡᠨ ᠤ ᠲᠦᠭᠵᠢᠷᠡᠯ ᠲᠠᠰᠤᠷᠬᠠᠢ ᠴᠡᠭ ᠢ ᠨᠠᠪᠲᠠᠷᠡᠭᠦᠯᠵᠦ᠂ | ᠬᠥᠲᠥᠴᠢ ᠠᠵᠤ ᠠᠬᠤᠶᠢᠯᠠᠯ ᠢᠶᠠᠷ ᠲᠦᠷᠦᠭᠦᠯᠡᠭᠦᠯᠦᠭᠰᠡᠨ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶᠡᠨ ᠤ | ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠶᠢ ᠲᠦᠷᠭᠡᠳᠬᠡᠨ ᠵᠣᠬᠢᠶᠠᠨ ᠪᠠᠶᠢᠭᠤᠯᠵᠤ᠂ ᠰᠢᠨ᠎ᠡ ᠶᠢ ᠡᠭᠦᠳᠬᠦ | ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠠᠵᠤ ᠠᠬᠤᠶᠢᠯᠠᠯ᠂ | ︽ᠪᠢᠴᠢᠬᠠᠨ ᠠᠪᠤᠷᠭᠤ︾ ᠠᠵᠤ ᠠᠬᠤᠶᠢᠯᠠᠯ᠂ ᠭᠠᠭᠴᠠ ᠵᠦᠢᠯ ᠤᠨ ᠮᠠᠩᠯᠠᠢ ᠠᠵᠤ ᠠᠬᠤᠶᠢᠯᠠᠯ ᠢ ᠱᠠᠲᠤᠯᠠᠨ | ᠬᠥᠮᠥᠵᠢᠭᠦᠯᠬᠦ ᠲᠣᠭᠲᠠᠯᠴᠠᠭ᠎ᠠ ᠪᠠᠨ ᠪᠦᠷᠢᠨᠰᠢᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ | ᠠᠬᠤᠶᠢᠯᠠᠯ ᠳᠤ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠢᠨ ᠪᠦᠷᠬᠦᠭᠦᠯᠬᠦ ᠪᠠᠷ ᠬᠦᠴᠦᠯᠡᠨ ᠴᠢᠷᠮᠠᠶᠢᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠭᠦᠢᠴᠡᠳ ᠰᠠᠶᠢᠲᠤᠷ ᠠᠰᠢᠭᠯᠠᠨ᠎ᠠ᠂ | ︽ᠤᠯᠤᠰ ᠤᠨ ᠠᠩᠭᠢ︾ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠤᠸᠠᠢ ᠷᠧᠦ ᠶᠢᠨ ᠤᠯᠤᠰ ᠤᠨ | ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠭᠠᠵᠠᠷ᠂ ᠬᠦᠬᠡᠬᠤᠲᠠ ᠪᠤᠭᠤᠲᠤ ᠣᠷᠳᠣᠰ ᠤᠨ | ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠣᠷᠣᠨ᠂ ᠡᠪᠡᠰᠦᠨ ᠤ | ᠦᠢᠯᠡᠰ ᠤᠨ ᠮᠡᠷᠭᠡᠵᠢᠯ ᠤᠨ ᠤᠯᠤᠰ ᠤᠨ ᠰᠢᠨ᠎ᠡ ᠶᠢ ᠡᠭᠦᠳᠬᠦ ᠲᠥᠪ ᠵᠥᠪᠰᠢᠶᠡᠷᠡᠭᠳᠡᠵᠦ ᠰᠠᠭᠤᠷᠢᠰᠢᠬᠤ ᠶᠢ ᠪᠦᠬᠦ | ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠦᠨ᠎ᠡ︔ ︽ᠣᠷᠣᠨ ᠨᠤᠲᠤᠭ ᠤᠨ ᠠᠩᠭᠢ︾ ᠶᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ᠂ ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ᠂ ᠣᠷᠳᠣᠰ ᠤᠨ ᠲᠤᠷᠰᠢᠯᠲᠠ ᠶᠢᠨ | ᠲᠠᠰᠤᠭ ᠢ ᠰᠠᠶᠢᠲᠤᠷ ᠪᠦᠲᠦᠭᠡᠨ ᠪᠠᠶᠢᠭᠤᠯᠤᠨ᠂ ᠪᠤᠭᠤᠲᠤ ᠬᠤᠲᠠ ᠶᠢᠨ ᠲᠤᠷᠰᠢᠯᠲᠠ ᠶᠢᠨ ᠲᠠᠰᠤᠭ ᠢ ᠵᠣᠬᠢᠶᠠᠨ | ᠪᠠᠶᠢᠭᠤᠯᠵᠤ᠂ ᠣᠨᠴᠠᠭᠠᠶᠢᠯᠠᠨ ︽ᠮᠧᠩ ᠺᠧ ᠵᠢᠦᠢ︾ ᠶᠡᠷᠦᠩᠬᠡᠢ ᠲᠠᠪᠴᠠᠩ ᠶᠡᠷᠦᠩᠬᠡᠢ ᠬᠦᠢᠰᠦ ᠶᠢᠨ ᠦᠢᠯᠡᠳᠦᠯ ᠢ | ᠰᠠᠶᠢᠲᠤᠷ ᠪᠠᠳᠠᠷᠠᠭᠤᠯᠤᠨ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠭᠰᠠᠨ ᠲᠤᠭ᠎ᠠ ᠶᠢ ᠵᠠᠭᠤᠨ ᠳ᠋ᠦᠩᠰᠢᠭᠤᠷ ᠠᠴᠠ | ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠬᠥᠭᠵᠢᠭᠰᠡᠨ ᠮᠤᠵᠢ ᠣᠷᠣᠨ ᠤ ᠰᠤᠳᠤᠯᠤᠨ ᠨᠡᠭᠡᠭᠡᠬᠦ ᠴᠢᠳᠠᠪᠤᠷᠢ | ᠴᠢᠩᠭ᠎ᠠ᠂ ᠭᠡᠪᠡᠴᠦ ᠮᠠᠨ ᠤ ᠣᠷᠣᠨ ᠤ ᠬᠡᠷᠡᠭᠯᠡᠯᠲᠡ ᠶᠢᠨ ᠠᠬᠤᠢ ᠪᠠᠶᠢᠳᠠᠯ ᠣᠯᠠᠨ ᠶᠤᠮ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ | ᠪᠠᠶᠢᠷᠢᠯᠠᠭᠤᠯᠪᠠ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ | ᠬᠠᠮᠲᠤᠷᠠᠯᠴᠠᠭ᠎ᠠ ᠶᠢ ᠴᠢᠬᠤᠯᠠ ᠠᠭᠤᠯᠭ᠎ᠠ ᠪᠠᠨ ᠪᠣᠯᠭᠠᠵᠣ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠣᠰ ᠴᠢᠭᠯᠡᠯᠲᠦ ᠣᠭᠤᠷᠴᠤᠭ ᠬᠠᠷᠢᠶ᠎ᠠ ᠭᠠᠵᠠᠷ ᠢ ᠪᠦᠲᠦᠭᠡᠨ ᠪᠠᠶᠢᠭᠤᠯᠵᠤ᠂ | ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠶᠢᠵᠢᠭᠤᠯᠤᠨ᠂ ᠨᠡᠩ | ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠣᠷᠣᠨ ᠳᠤ ᠪᠠᠨ ᠤᠯᠠᠷᠢᠭᠤᠯᠤᠨ | ᠬᠡᠷᠡᠭᠯᠡᠭᠦᠯᠦᠨ᠎ᠡ᠃ | ᠴᠢᠳᠠᠪᠤᠷᠢᠲᠠᠨ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠦᠨᠳᠦᠰᠦ | ᠰᠠᠭᠤᠷᠢ ᠪᠣᠯᠣᠨ᠎ᠠ᠃ ︽ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢᠶᠠᠷ | ᠶᠡᠷᠦᠩᠬᠡᠢ ᠵᠢᠯᠣᠭᠤᠳᠤᠮᠵᠢ ᠪᠣᠯᠭᠠᠵᠤ᠂ ᠮᠠᠨ ᠤ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠳᠠᠪᠤᠷᠢᠲᠠᠨ ᠢ ᠰᠡᠳᠬᠢᠯ ᠲᠠᠯᠪᠢᠨ ᠤᠷᠢᠵᠤ᠂ ᠴᠢᠳᠠᠪᠤᠷᠢᠲᠠᠨ ᠢ ᠦᠨᠡᠨᠴᠢ ᠪᠠᠷ ᠦᠯᠡᠳᠡᠭᠡᠵᠦ᠂ | ᠴᠢᠳᠠᠪᠤᠷᠢᠲᠠᠨ ᠢ ᠨᠠᠨᠳᠢᠩᠨᠠᠨ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠳᠤᠯᠤᠯ ᠳᠤ ᠵᠠᠷᠤᠳᠠᠯ ᠤᠨ ᠳᠡᠮᠵᠢᠯᠭᠡ | ᠦᠵᠡᠭᠦᠯᠬᠦ᠂ ᠴᠢᠳᠠᠪᠤᠷᠢᠲᠠᠨ ᠤᠷᠢᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ᠂ ᠰᠠᠭᠠᠳ ᠦᠭᠡᠢ ᠨᠡᠪᠲᠡᠷᠡᠬᠦ ᠵᠠᠮ | ᠪᠠᠶᠢᠭᠤᠯᠬᠤ᠂ ᠬᠥᠯᠥᠰᠦ ᠣᠯᠭᠤᠮᠵᠢ ᠪᠠᠷ ᠤᠷᠮᠠᠰᠢᠭᠤᠯᠬᠤ ᠶᠢ ᠴᠢᠩᠭᠠᠷᠠᠭᠤᠯᠬᠤ᠂ ᠮᠡᠷᠭᠡᠵᠢᠯ ᠤᠨ ᠴᠣᠯᠠ | ᠲᠣᠭᠲᠠᠭᠠᠵᠤ ᠤᠷᠢᠬᠤ ᠳᠤ ᠬᠠᠷᠠᠭᠠᠯᠵᠠᠯ ᠦᠵᠡᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠨ ᠠᠷᠭ᠎ᠠ ᠪᠣᠳᠣᠯᠭ᠎ᠠ | ᠬᠡᠷᠡᠭᠵᠢᠭᠦᠯᠦᠨ᠂ ᠰᠠᠶᠢᠨ ᠲᠥᠷᠥ ᠶᠢᠨ ᠪᠣᠳᠣᠯᠭ᠎ᠠ ᠶᠢ ᠦᠨᠡᠨ ᠪᠣᠳᠠᠲᠠᠢ ᠪᠠᠷ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ᠃ ᠰᠤᠷᠭᠠᠨ ᠬᠥᠮᠦᠵᠢᠯ ᠪᠣᠯ ᠴᠢᠳᠠᠪᠤᠷᠢᠲᠠᠨ ᠬᠥᠮᠥᠵᠢᠭᠦᠯᠬᠦ ᠶᠢᠨ | ᠦᠨᠳᠦᠰᠦᠨ ᠠᠷᠭ᠎ᠠ ᠵᠠᠮ ᠪᠣᠯᠣᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠨᠢ ᠲᠡᠷᠢᠭᠦᠨ ᠳᠡᠰ ᠤᠨ ᠬᠢᠴᠢᠶᠡᠯ | ᠰᠢᠨᠵᠢᠯᠡᠭᠡᠨ ᠤ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ | ᠶᠡᠭᠡ ᠰᠤᠷᠭᠠᠭᠤᠯᠢ ᠶᠢᠨ ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ᠂ ᠰᠦ | ᠰᠠᠭᠠᠯᠢ ᠶᠢᠨ ᠦᠢᠯᠡᠰ᠂ ᠬᠤᠪᠣᠷ ᠰᠢᠷᠣᠢ᠂ ᠡᠨᠧᠷᠬᠢ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ | ᠳᠡᠭᠡᠳᠦ ᠵᠡᠷᠭᠡ ᠶᠢᠨ ᠰᠤᠳᠤᠯᠤᠯ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ︔ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠣᠷᠣᠨ ᠪᠦᠰᠡ ᠶᠢᠨ ᠬᠥᠭᠵᠢᠯᠲᠡ ᠲᠠᠢ ᠵᠣᠬᠢᠴᠠᠯᠳᠤᠭᠤᠯᠵᠤ᠂ ᠠᠵᠤ | ᠦᠢᠯᠡᠰ ᠤᠨ ᠪᠠᠶᠢᠷᠢᠰᠢᠭᠤᠯᠤᠯᠲᠠ ᠲᠠᠢ ᠵᠣᠯᠭᠠᠭᠤᠯᠤᠨ᠂ ᠬᠤᠲᠠ ᠶᠢᠨ ᠬᠡᠪᠴᠢᠶᠡᠨ ᠤ ᠠᠵᠤ ᠦᠢᠯᠡᠰ ᠰᠤᠷᠭᠠᠨ | ᠬᠥᠮᠦᠵᠢᠯ ᠤᠨ ᠬᠤᠯᠪᠣᠭᠠᠲᠤ ᠴᠣᠭᠴᠠ᠂ ᠠᠵᠢᠯ ᠲᠦᠷᠦᠯ ᠤᠨ ᠠᠵᠤ ᠦᠢᠯᠡᠰ ᠰᠤᠷᠭᠠᠨ ᠬᠥᠮᠦᠵᠢᠯ | ᠠᠭᠤᠰᠤᠯᠴᠠᠭᠰᠠᠨ ᠬᠠᠮᠲᠤ ᠶᠢᠨ ᠴᠣᠭᠴᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠥᠪᠥᠷ ᠮᠣᠩᠭᠤᠯ ᠤᠨ | ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠦᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢᠶᠠᠨ ᠨᠡᠶᠢᠳᠬᠡᠨ ᠠᠵᠢᠯ | ᠮᠡᠷᠭᠡᠵᠢᠯ ᠤᠨ ᠦᠨᠳᠦᠰᠦᠨ ᠠᠩᠭᠢ ᠪᠠᠶᠢᠭᠤᠯᠬᠤ ᠶᠢ ᠳᠡᠮᠵᠢᠨ᠎ᠡ᠃ | ︵ᠳᠥᠷᠪᠡ︶ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠳᠠᠪᠠᠭᠤᠯᠢᠭ | ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠮᠠᠨ ᠤ | ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠭᠠᠵᠠᠷ ᠠᠭᠤᠳᠠᠮ ᠬᠥᠮᠥᠨ ᠴᠥᠭᠡᠨ᠂ ᠦᠢᠯᠡᠳᠪᠦᠷᠢᠯᠡᠯ ᠤᠨ | ᠬᠦᠴᠦᠨ ᠵᠦᠢᠯ ᠬᠠᠷᠢᠴᠠᠩᠭᠤᠢ ᠲᠠᠷᠠᠬᠠᠢ ᠪᠤᠲᠠᠷᠬᠠᠢ ᠶᠤᠮ᠂ ᠠᠵᠤ ᠦᠢᠯᠡᠰ ᠢ ᠬᠥᠭᠵᠢᠭᠦᠯᠬᠦ ᠳᠤ ᠡᠷᠬᠡᠪᠰᠢ ᠠᠮᠢ | ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠭᠤᠶᠢᠪᠢᠰᠢ ᠦᠭᠡᠢ | ᠪᠠᠷᠢᠮᠲᠠᠯᠠᠵᠤ᠂ ᠣᠷᠣᠨ ᠳᠠᠶᠠᠭᠠᠷ ︽ᠨᠢᠭᠡ ᠬᠥᠯᠭᠡ ᠰᠢᠲᠠᠷ᠎ᠠ ᠰᠢᠭ᠋︾ ᠪᠠᠶᠢᠬᠤ ᠶᠢ ᠡᠷᠬᠡᠪᠰᠢ ᠪᠠᠷᠢᠮᠲᠠᠯᠠᠵᠤ᠂ ᠵᠠᠭᠤᠨ | ᠳ᠋ᠦᠩᠰᠢᠭᠤᠷ ᠤᠨ ᠠᠵᠤ ᠦᠢᠯᠡᠰ ᠤᠨ ᠰᠠᠭᠤᠷᠢ ᠮᠥᠩᠭᠦ ᠶᠢ ᠨᠡᠶᠢᠳᠬᠡᠨ ᠪᠠᠶᠢᠭᠤᠯᠵᠤ᠂ ᠠᠷᠪᠠᠨ ᠶᠡᠭᠡ ᠠᠵᠤ | ᠦᠢᠯᠡᠰ ᠤᠨ ᠪᠦᠯᠦᠭᠵᠢᠯ ᠢ ᠰᠡᠳᠬᠢᠯ ᠲᠠᠯᠪᠢᠨ ᠴᠣᠭᠴᠠᠯᠠᠵᠤ᠂ ᠥᠨᠳᠥᠷ ᠲᠦᠪᠰᠢᠨᠳᠣ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠪᠯᠡᠷᠡᠵᠦ ᠪᠥᠭᠡᠮᠨᠡᠷᠡᠨ | ᠡᠷᠴᠢᠮᠵᠢᠵᠦ ᠬᠥᠭᠵᠢᠬᠦ ᠶᠢ ᠠᠬᠢᠭᠤᠯᠤᠨ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠵᠢᠷᠤᠮᠵᠢᠭᠤᠨ ᠪᠥᠭᠡᠳ ᠡᠮᠬᠢ | ᠵᠢᠷᠤᠮ ᠲᠠᠢ᠂ ᠠᠮᠢᠵᠢᠷᠠᠯ ᠤᠨ ᠬᠦᠴᠦᠨ ᠪᠢᠯᠬᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠠᠶᠢᠭᠤᠯᠤᠨ᠎ᠠ᠃ | ᠪᠦᠬᠦ ᠤᠯᠤᠰ ᠤᠨ ᠲᠡᠷᠢᠭᠦᠨ ᠡᠩᠨᠡᠭᠡᠨ ᠳᠤ ᠪᠠᠶᠢᠭ᠎ᠠ ᠠᠵᠤ ᠦᠢᠯᠡᠰ ᠤᠨ ᠲᠦᠷᠦᠭᠦᠯᠡᠬᠦ ᠪᠠᠶᠢᠷᠢ ᠶᠢ ᠨᠢ | ᠪᠠᠲᠤᠯᠠᠵᠤ᠂ ᠰᠢᠨ᠎ᠡ ᠥᠨᠳᠦᠷᠯᠢᠭ ᠢ ᠵᠠᠪᠳᠤᠨ ᠡᠵᠡᠯᠡᠬᠦ ᠶᠢ ᠠᠬᠢᠭᠤᠯᠤᠨ᠎ᠠ᠃ ᠮᠠᠨ ᠤ ᠣᠷᠣᠨ ᠤ ᠰᠦ ᠰᠠᠭᠠᠯᠢ ᠶᠢᠨ | ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠨᠢ ᠨᠢᠭᠡᠨᠲᠡ ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ | ᠰᠣᠩᠭᠤᠭᠳᠠᠪᠠ᠂ ᠣᠳᠣ ᠳᠡᠯᠡᠬᠡᠢ ᠶᠢᠨ ᠳᠡᠰ ᠲᠤ ᠳᠠᠪᠰᠢᠨ ᠣᠷᠣᠬᠤ ᠪᠠᠷ ᠲᠦᠷᠭᠡᠨ ᠤᠷᠤᠭᠰᠢᠯᠠᠬᠤ ᠬᠡᠷᠡᠭᠲᠡᠢ᠃ | ᠰᠦ ᠰᠠᠭᠠᠯᠢ ᠶᠢᠨ ᠦᠢᠯᠡᠰ ᠤᠨ ᠲᠠᠯ᠎ᠠ ᠪᠠᠷ ᠳᠡᠯᠡᠬᠡᠢ ᠳᠠᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠢᠯᠢ | ᠂ ᠮᠧᠩ ᠨᠢᠦ ᠬᠤᠶᠠᠷ ᠲᠣᠮᠣ ᠰᠦ ᠰᠠᠭᠠᠯᠢ ᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ᠳᠡᠯᠡᠬᠡᠶᠢᠵᠢᠭᠦᠯᠬᠦ | ᠪᠠᠶᠢᠯᠳᠤᠬᠤ ᠪᠣᠳᠣᠯᠭ᠎ᠠ ᠶᠢ ᠨᠢ ᠠᠬᠢᠭᠤᠯᠵᠤ᠂ ᠣᠨᠴᠠᠭᠠᠶᠢᠯᠠᠨ ᠪᠦᠲᠦᠭᠡᠭᠳᠡᠬᠦᠨ ᠤ ᠪᠦᠲᠦᠴᠡ ᠶᠢ ᠬᠦᠴᠦᠯᠡᠨ | ᠰᠢᠯᠢᠳᠡᠭᠵᠢᠭᠦᠯᠵᠦ᠂ ᠪᠢᠰᠢᠯᠠᠭ᠂ ᠰᠢᠷᠠᠰᠤ᠂ ᠰᠦᠨ ᠤ ᠲᠡᠮᠦᠷᠲᠦ ᠤᠭᠤᠷᠠᠭ ᠵᠡᠷᠭᠡ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠠᠵᠤ ᠦᠢᠯᠡᠰ ᠢ ᠲᠦᠷᠭᠡᠳᠬᠡᠨ ᠪᠠᠶᠢᠷᠢᠰᠢᠭᠤᠯᠵᠤ᠂ ᠰᠦᠨ ᠲᠠᠯᠬ᠎ᠠ᠂ ᠲᠠᠷᠠᠭ᠂ ᠮᠥᠰᠥᠮᠡᠭ ᠤᠨ | ᠵᠠᠬ᠎ᠠ ᠳᠡᠯᠭᠡᠭᠦᠷ ᠤᠨ ᠬᠤᠪᠢᠳᠠᠴᠠ ᠶᠢ ᠥᠷᠭᠡᠳᠬᠡᠨ᠂ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ | ᠬᠡᠯᠬᠢᠶᠡᠨ ᠤ ᠦᠢᠯᠡᠳᠬᠦᠨ ᠤ ᠥᠷᠲᠡᠭ ᠢ 2500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠬᠤᠪᠣᠷ ᠰᠢᠷᠣᠢ ᠶᠢᠨ ᠲᠠᠯ᠎ᠠ ᠪᠠᠷ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠲᠠ ᠶᠢᠨ ᠬᠠᠷᠠᠯᠲᠠ ᠶᠢ ᠣᠨᠢᠯᠠᠨ᠂ ︽ᠠᠭᠤᠷᠬᠠᠢ ᠠᠴᠠ ᠬᠤᠪᠣᠷ ᠰᠢᠷᠣᠢ ᠢᠯᠡᠷᠡᠭᠦᠯᠬᠦ︾᠂ ︽ᠬᠤᠪᠣᠷ | ᠰᠢᠷᠣᠢ ᠠᠴᠠ ᠮᠠᠲ᠋ᠧᠷᠢᠶᠠᠯ ᠪᠣᠯᠭᠠᠬᠤ︾᠂ ︽ᠮᠠᠲ᠋ᠧᠷᠢᠶᠠᠯ ᠢ ᠬᠡᠷᠡᠭᠯᠡᠯᠲᠡ ᠳᠤ ᠣᠷᠣᠭᠤᠯᠬᠤ︾ ᠠᠵᠢᠯ ᠢ ᠰᠠᠶᠢᠲᠤᠷ | ᠬᠢᠵᠦ᠂ ᠪᠦᠬᠦ ᠬᠡᠯᠬᠢᠶᠡᠨ ᠤ ᠬᠤᠪᠣᠷ ᠰᠢᠷᠣᠢ ᠶᠢᠨ ᠠᠵᠤ ᠦᠢᠯᠡᠰ ᠤᠨ ᠬᠡᠮᠵᠢᠯᠲᠡ ᠶᠢᠨ ᠪᠠᠷᠢᠮᠵᠢᠶ᠎ᠠ ᠶᠢ ᠭᠡᠷᠡᠴᠢᠯᠡᠬᠦ | ᠲᠣᠭᠲᠠᠯᠴᠠᠭ᠎ᠠ ᠪᠠᠨ ᠲᠡᠭᠦᠯᠳᠡᠷᠵᠢᠭᠦᠯᠦᠨ᠂ ︽ᠬᠤᠪᠣᠷ ᠰᠢᠷᠣᠢ +︾ ᠠᠵᠤ ᠦᠢᠯᠡᠰ ᠤᠨ ᠡᠪᠴᠡᠯᠳᠦᠨ ᠬᠥᠭᠵᠢᠬᠦ | ᠣᠷᠣᠨ ᠵᠠᠢ ᠶᠢ ᠥᠷᠭᠡᠳᠬᠡᠵᠦ᠂ ᠪᠦᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ 1300 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠣᠳᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠬᠡᠯᠪᠡᠷᠢ ᠶᠢᠨ ᠨᠡᠶᠢᠯᠡᠯᠭᠡ | ᠮᠠᠲ᠋ᠧᠷᠢᠶᠠᠯ᠂ ᠲᠡᠷᠢᠭᠦᠨ ᠤ ᠨᠡᠭᠦᠷᠡᠰᠦᠳᠦ᠋ᠷᠦᠭᠴᠢ ᠮᠠᠲ᠋ᠧᠷᠢᠶᠠᠯ᠂ ᠵᠠᠳᠠᠷᠠᠬᠤᠶᠢᠴᠠ ᠮᠠᠲ᠋ᠧᠷᠢᠶᠠᠯ ᠵᠡᠷᠭᠡ ᠳᠡᠭᠡᠳᠦ | ᠲᠡᠰᠵᠢᠭᠰᠡᠨ ᠦᠢᠯᠡᠳᠬᠦᠨ ᠤ ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠲᠦᠷᠭᠡᠳᠬᠡᠨ᠂ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠬᠢᠭᠡᠳ ᠪᠣᠬᠢᠷᠳᠤᠯ ᠦᠭᠡᠢ ᠴᠠᠬᠢᠯᠭᠠᠨ᠂ ᠪᠣᠬᠢᠷᠳᠤᠯ ᠦᠭᠡᠢ ᠤᠰᠤᠳᠦ᠋ᠷᠦᠭᠴᠢ ᠵᠡᠷᠭᠡ ᠶᠢᠨ | ᠡᠪᠴᠡᠯᠳᠦᠨ ᠬᠥᠭᠵᠢᠬᠦ ᠶᠢ ᠠᠬᠢᠭᠤᠯᠵᠤ᠂ ᠣᠷᠳᠣᠰ ᠲᠠᠬᠢ ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠵᠤ᠂ | ᠤᠯᠤᠰ ᠤᠨ ᠡᠨᠧᠷᠬᠢ ᠶᠢᠨ ᠪᠦᠯᠦᠭᠯᠡᠯ ᠤᠨ ᠨᠡᠭᠦᠷᠡᠰᠦ ᠪᠠᠷ ᠲᠣᠰᠣ ᠦᠢᠯᠡᠳᠬᠦ᠂ ᠪᠤᠤ ᠹᠧᠩ ᠪᠦᠯᠦᠭᠯᠡᠯ ᠤᠨ | ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ᠂ ᠵᠢᠦ ᠲᠠᠢ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠭᠠᠷᠤᠢ ᠲᠥᠭᠦᠷᠢᠭ ᠲᠤ | ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃ ᠮᠠᠨ ᠤ ᠣᠷᠣᠨ ᠪᠣᠯ ᠤᠯᠤᠰ ᠤᠨ ᠨᠠᠢᠮᠠᠨ ᠶᠡᠭᠡ ᠪᠣᠳᠣᠬᠤ | ᠴᠢᠳᠠᠪᠤᠷᠢ ᠶᠢᠨ ᠬᠦᠢᠰᠦ ᠵᠠᠩᠭᠢᠯᠠᠭ᠎ᠠ ᠶᠢᠨ ᠴᠡᠭ ᠪᠠ ᠠᠷᠪᠠᠨ ᠶᠡᠭᠡ ᠳ᠋ᠠᠶᠢᠲ᠋ᠠ ᠶᠢᠨ ᠲᠥᠪ ᠤᠨ ᠪᠦᠯᠦᠭᠵᠢᠯ ᠤᠨ | ᠨᠢᠭᠡ ᠨᠢ ᠪᠣᠯᠣᠨ᠎ᠠ᠂ ︽ᠤᠯᠤᠰ ᠤᠨ ᠳᠣᠲᠣᠭᠠᠳᠤ ᠳᠤ ᠲᠦᠷᠦᠭᠦᠯᠡᠬᠦ︾ ᠬᠠᠷᠠᠯᠲᠠ ᠳᠤ ᠴᠢᠭᠯᠡᠭᠦᠯᠦᠨ᠂ ᠤᠯᠤᠰ ᠤᠨ | ᠪᠣᠳᠣᠬᠤ ᠴᠢᠳᠠᠪᠤᠷᠢ ᠬᠢᠭᠡᠳ ᠴᠠᠬᠢᠯᠭᠠᠨ ᠬᠦᠴᠦᠨ ᠤ ᠵᠣᠬᠢᠴᠠᠩᠭᠤᠢ ᠬᠥᠭᠵᠢᠯᠲᠡ ᠶᠢᠨ ᠲᠤᠷᠰᠢᠯᠲᠠ ᠶᠢᠨ ᠴᠡᠭ ᠤᠨ | ᠪᠠᠶᠢᠭᠤᠯᠤᠯᠲᠠ ᠶᠢ ᠠᠬᠢᠭᠤᠯᠵᠤ᠂ ᠳᠡᠭᠡᠳᠦ ᠬᠡᠯᠬᠢᠶᠡᠨ ᠤ IT ᠤᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ᠂ | ᠳᠤᠮᠳᠠ ᠬᠡᠯᠬᠢᠶᠡᠨ ᠤ ᠪᠣᠳᠣᠬᠤ ᠴᠢᠳᠠᠪᠤᠷᠢ ᠶᠢᠨ ᠰᠦᠯᠵᠢᠶ᠎ᠡ ᠵᠢᠴᠢ ᠲᠠᠪᠴᠠᠩ᠂ ᠳᠣᠣᠷᠠᠳᠤ ᠬᠡᠯᠬᠢᠶᠡᠨ ᠤ | ᠬᠡᠷᠡᠭᠯᠡᠯᠲᠡ ᠶᠢᠨ ᠠᠬᠤᠢ ᠪᠠᠶᠢᠳᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠲᠦᠷᠭᠡᠳᠬᠡᠨ᠂ | ᠬᠤᠸᠠ ᠸᠧᠢ᠂ ᠾᠥᠸᠧ ᠱᠠᠨ ᠬᠥᠳᠡᠯᠭᠡᠭᠦᠷ᠂ ᠱᠢ ᠵᠢᠢ ᠬᠤ᠋ ᠯᠢᠶᠠᠨ᠂ ᠵᠦᠩ ᠶᠢᠨ ᠳ᠋ᠠᠶᠢᠲ᠋ᠠ ᠵᠡᠷᠭᠡ ᠣᠶᠤᠨᠴᠢ | ᠪᠣᠳᠣᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠤᠯᠤᠰ ᠲᠤ ᠦᠢᠯᠡᠴᠢᠯᠡᠬᠦ | ᠪᠣᠬᠢᠷᠳᠤᠯ ᠦᠭᠡᠢ ᠪᠣᠳᠣᠬᠤ ᠴᠢᠳᠠᠪᠤᠷᠢ ᠶᠢᠨ ᠪᠠᠲᠤᠯᠠᠭ᠎ᠠ ᠶᠢᠨ ᠰᠠᠭᠤᠷᠢᠨ ᠭᠠᠵᠠᠷ᠂ ᠳ᠋ᠠᠶᠢᠲ᠋ᠠ ᠪᠣᠯᠪᠠᠰᠤᠷᠠᠭᠤᠯᠬᠤ | ᠰᠠᠭᠤᠷᠢᠨ ᠭᠠᠵᠠᠷ᠂ ᠲᠣᠮᠣ ᠵᠠᠭᠪᠤᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠴᠣᠭᠴᠠᠯᠠᠨ᠂ ᠪᠣᠳᠣᠬᠤ | ᠴᠢᠳᠠᠪᠤᠷᠢ ᠶᠢᠨ ᠬᠡᠪᠴᠢᠶᠡᠵᠢᠯ ᠢ 20 ᠲᠦᠮᠡᠨ P ᠠᠴᠠ ᠳᠠᠪᠠᠭᠤᠯᠵᠤ᠂ ᠣᠶᠤᠨᠴᠢ ᠪᠣᠳᠣᠬᠤ ᠴᠢᠳᠠᠪᠤᠷᠢ ᠶᠢᠨ ᠪᠦᠬᠦ | ᠤᠯᠤᠰ ᠲᠤ ᠲᠦᠷᠦᠭᠦᠯᠡᠭᠰᠡᠨ ᠪᠠᠶᠢᠷᠢ ᠶᠢ ᠪᠠᠲᠤᠯᠠᠨ᠂ ᠰᠢᠨ᠎ᠡ ᠪᠠᠷ ᠪᠠᠶᠢᠭᠤᠯᠬᠤ ᠳ᠋ᠠᠶᠢᠲ᠋ᠠ ᠶᠢᠨ ᠲᠥᠪ ᠤᠨ ᠪᠣᠬᠢᠷᠳᠤᠯ | ᠦᠭᠡᠢ ᠴᠠᠬᠢᠯᠭᠠᠨ ᠬᠦᠴᠦᠨ ᠤ ᠬᠠᠷᠢᠴᠠᠯ ᠢ 80% ᠠᠴᠠ ᠳᠣᠣᠷ᠎ᠠ ᠪᠠᠶᠢᠯᠭᠠᠬᠤ ᠦᠭᠡᠢ ᠪᠠᠷ ᠬᠦᠴᠦᠯᠡᠨ ᠴᠢᠷᠮᠠᠶᠢᠨ᠎ᠠ | ᠃ ᠠᠵᠤ ᠦᠢᠯᠡᠰ ᠤᠨ ᠳ᠋ᠢᠭᠢᠳ᠋ᠴᠢᠯᠠᠯᠳᠡ ᠶᠢ ᠶᠡᠭᠡ ᠪᠠᠷ ᠠᠬᠢᠭᠤᠯᠤᠨ᠂ ᠦᠢᠯᠡᠳᠬᠦ ᠦᠢᠯᠡᠰ ᠤᠨ ᠣᠶᠤᠨᠴᠢ ᠪᠠᠷ | ᠥᠭᠡᠷᠡᠴᠢᠯᠡᠨ ᠰᠢᠨᠡᠳᠬᠡᠵᠦ ᠳ᠋ᠢᠬᠢᠳ᠋ᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠳᠤ ᠳ᠋ᠢᠬᠢᠳ᠋ᠴᠢᠯᠡᠨ ᠥᠭᠡᠷᠡᠴᠢᠯᠡᠨ | ᠰᠢᠨᠡᠳᠬᠡᠬᠦ ᠶᠢ ᠪᠦᠷᠢᠨ ᠪᠦᠷᠬᠦᠭᠦᠯᠬᠦ ᠪᠠᠨ ᠪᠡᠶᠡᠯᠡᠭᠦᠯᠦᠨ᠎ᠡ᠃ | ᠣᠨᠴᠠᠯᠢᠭ ᠲᠠᠢ᠂ ᠳᠠᠪᠠᠭᠤᠯᠢᠭ ᠠᠵᠤ ᠦᠢᠯᠡᠰ ᠤᠨ ᠲᠦᠷᠭᠡᠬᠡᠨ ᠪᠤᠵᠠᠭᠠᠶᠢᠷᠠᠵᠤ ᠬᠦᠴᠦᠷᠬᠡᠭᠵᠢᠬᠦ ᠶᠢ | ᠠᠬᠢᠭᠤᠯᠵᠤ᠂ ᠨᠡᠮᠡᠭᠳᠡᠯ ᠤᠨ ᠰᠢᠨ᠎ᠡ ᠬᠥᠳᠡᠯᠭᠡᠭᠦᠷ ᠢ ᠪᠦᠷᠢᠯᠳᠦᠭᠦᠯᠦᠨ᠎ᠡ᠃ ᠰᠢᠨ᠎ᠡ ᠡᠨᠧᠷᠬᠢ ᠶᠢᠨ ᠠᠵᠤ ᠦᠢᠯᠡᠰ ᠤᠨ | ᠲᠡᠷᠢᠭᠦᠨ ᠤ ᠪᠠᠶᠢᠷᠢ ᠰᠠᠭᠤᠷᠢ ᠶᠢ ᠪᠠᠲᠤᠳᠬᠠᠨ᠎ᠠ᠃ ᠨᠢᠭᠡ ᠲᠠᠯ᠎ᠠ ᠪᠠᠷ ᠡᠯᠡᠰᠦᠨ ᠴᠦᠯ ᠭᠤᠪᠢ ᠴᠥᠯᠡᠷᠬᠡᠭ | ᠣᠷᠣᠨ ᠳᠠᠬᠢ ᠲᠣᠮᠣ ᠰᠠᠭᠤᠷᠢᠨ ᠭᠠᠵᠠᠷ ᠪᠠ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ | ᠾᠧᠪᠧᠢ ᠬᠦᠷᠬᠦ᠂ ᠬᠥᠪᠴᠢ ᠶᠢᠨ ᠡᠯᠡᠰᠦ ᠠᠴᠠ ᠱᠠᠩᠬᠠᠢ ᠬᠦᠷᠬᠦ᠂ ᠲᠡᠭᠷᠢ ᠡᠯᠡᠰᠦ ᠠᠴᠠ ᠵᠢᠶᠠᠩᠰᠢ ᠬᠦᠷᠬᠦ᠂ | ᠤᠯᠠᠭᠠᠨᠪᠤᠬ᠎ᠠ ᠶᠢᠨ ᠡᠯᠡᠰᠦ ᠠᠴᠠ ᠪᠡᠭᠡᠵᠢᠩ ᠲᠢᠶᠠᠨᠵᠢᠨ ᠾᠧᠪᠧᠢ ᠱᠠᠨᠳᠦ᠋ᠩ ᠬᠦᠷᠬᠦ ᠭᠠᠳᠠᠭᠰᠢ ᠳᠠᠮᠵᠢᠭᠤᠯᠬᠤ | ᠨᠡᠪᠲᠡᠷᠡᠯ ᠵᠠᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 4000 ᠲᠦᠮᠡᠨ ᠺᠢᠯᠣᠸᠠᠲ ᠰᠢᠨ᠎ᠡ ᠪᠠᠷ | ᠨᠡᠮᠡᠭᠳᠡᠭᠦᠯᠵᠦ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠦᠨ᠂ ᠴᠠᠬᠢᠯᠭᠠᠨ ᠭᠠᠷᠭᠠᠬᠤ ᠬᠡᠮᠵᠢᠶ᠎ᠡ ᠶᠢ 3000 | ᠳ᠋ᠦᠩᠰᠢᠭᠤᠷ ᠭᠷᠡᠳᠦ᠋ᠰ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠨᠦᠭᠦᠭᠡ ᠲᠠᠯ᠎ᠠ ᠪᠠᠷ ᠰᠤᠷᠪᠤᠯᠵᠢ ᠲᠣᠣᠷ | ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠪᠠᠭᠲᠠᠭᠠᠨ ᠰᠢᠩᠭᠡᠭᠡᠬᠦ ᠠᠬᠤᠢ ᠪᠠᠶᠢᠳᠠᠯ ᠤᠨ | ᠬᠡᠷᠡᠭᠯᠡᠯᠲᠡ ᠶᠢ ᠶᠡᠭᠡ ᠪᠠᠷ ᠠᠬᠢᠭᠤᠯᠤᠨ᠂ ᠰᠢᠨ᠎ᠡ ᠡᠨᠧᠷᠬᠢ ᠶᠢᠨ ᠠᠰᠢᠭᠯᠠᠮᠵᠢ ᠶᠢ 90% ᠠᠴᠠ ᠳᠡᠭᠡᠭᠰᠢ | ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠡᠭᠦᠨ ᠳᠤ ᠭᠤᠣᠯᠳᠠᠭᠤ ᠲᠠᠪᠤᠨ ᠠᠵᠢᠯ ᠶᠠᠪᠤᠳᠠᠯ ᠢ ᠰᠠᠶᠢᠲᠤᠷ ᠠᠳᠬᠤᠨ᠎ᠠ᠃ | ᠨᠢᠭᠡ ᠨᠢ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢ ᠲᠦᠷᠭᠡᠳᠬᠡᠨ ᠬᠥᠭᠵᠢᠭᠦᠯᠦᠨ᠎ᠡ᠂ ᠠᠯᠠᠱᠠ ᠶᠢᠨ ᠰᠢᠨ | ᠶᠤᠸᠠᠨ ᠵᠢᠩ ᠵᠡᠷᠭᠡ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠶᠢᠨ 35 ᠲᠦᠷᠦᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ ᠰᠢᠨ᠎ᠡ ᠪᠠᠷ ᠠᠵᠢᠯ ᠡᠬᠢᠯᠡᠭᠦᠯᠦᠨ᠂ | 600 ᠲᠦᠮᠡᠨ ᠺᠢᠯᠣᠸᠠᠲ ᠢ ᠰᠢᠨ᠎ᠡ ᠪᠠᠷ ᠠᠰᠢᠭᠯᠠᠯᠲᠠ ᠳᠤ ᠣᠷᠤᠭᠤᠯᠬᠤ ᠪᠠᠷ ᠬᠦᠴᠦᠯᠡᠨ ᠴᠢᠷᠮᠠᠶᠢᠨ᠎ᠠ᠃ | ᠬᠤᠶᠠᠷ ᠨᠢ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠᠨ ᠨᠡᠮᠡᠭᠳᠡᠭᠦᠯᠦᠨ᠎ᠡ᠂ ᠲᠡᠮᠦᠷ ᠤᠨ ᠬᠠᠶᠢᠯᠤᠰᠢ᠂ | ᠪᠣᠯᠣᠳ ᠲᠡᠮᠦᠷ᠂ ᠵᠡᠰ᠂ ᠬᠥᠩᠭᠡᠨᠴᠠᠭᠠᠨ᠂ ᠯᠢᠲ᠋ᠢ ᠵᠡᠷᠭᠡ ᠰᠢᠨ᠎ᠡ ᠬᠡᠯᠪᠡᠷᠢ ᠶᠢᠨ ᠬᠠᠶᠢᠯᠤᠰᠢ ᠶᠢᠨ | ᠮᠠᠲ᠋ᠧᠷᠢᠶᠠᠯ ᠤᠳ ᠤᠨ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠳᠠᠶᠢᠴᠢᠯᠠᠵᠤ᠂ ᠪᠦᠬᠦ ᠤᠯᠤᠰ ᠤᠨ ᠬᠠᠮᠤᠭ ᠤᠨ ᠲᠣᠮᠣ ᠪᠣᠬᠢᠷᠳᠤᠯ ᠦᠭᠡᠢ ᠥᠨᠳᠥᠷ ᠡᠨᠧᠷᠬᠢ ᠶᠢᠨ ᠳᠠᠭᠠᠭᠠᠴᠠᠳᠣ | ᠠᠵᠤ ᠦᠢᠯᠡᠰ ᠤᠨ ᠪᠥᠭᠡᠮᠨᠡᠷᠡᠯ ᠤᠨ ᠣᠷᠣᠨ ᠢ ᠪᠦᠲᠦᠭᠡᠨ ᠪᠠᠶᠢᠭᠤᠯᠤᠨ᠎ᠠ᠃ ᠭᠤᠷᠪᠠ ᠨᠢ ᠪᠣᠬᠢᠷᠳᠤᠯ ᠦᠭᠡᠢ | ᠴᠠᠬᠢᠯᠭᠠᠨ ᠢ ᠪᠣᠬᠢᠷᠳᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ ᠪᠣᠯᠭᠠᠨ ᠬᠤᠪᠢᠷᠠᠭᠤᠯᠬᠤ ᠶᠢ ᠲᠦᠷᠭᠡᠳᠬᠡᠨ | ᠠᠬᠢᠭᠤᠯᠵᠤ᠂ ᠤᠰᠤᠳᠦ᠋ᠷᠦᠭᠴᠢ ᠡᠨᠧᠷᠬᠢ ᠶᠢᠨ ᠠᠵᠤ ᠦᠢᠯᠡᠰ ᠤᠨ ᠬᠤᠰᠢᠭᠤᠴᠢ ᠣᠷᠣᠨ ᠢ ᠴᠣᠭᠴᠠᠯᠠᠨ᠂ | ᠤᠯᠠᠭᠠᠨᠴᠠᠪ ᠠᠴᠠ ᠶᠠᠨᠱᠠᠨ ᠤ ᠴᠢᠯᠠᠭᠤᠨ ᠲᠣᠰᠣ ᠬᠢᠮᠢ ᠶᠢᠨ ᠺᠤᠮᠫᠠᠨᠢ ᠬᠦᠷᠬᠦ ᠤᠰᠤᠳᠦ᠋ᠷᠦᠭᠴᠢ ᠳᠠᠮᠵᠢᠭᠤᠯᠬᠤ | ᠬᠤᠭᠤᠯᠠᠢ ᠭᠤᠤᠷᠰᠤ᠂ ᠤᠯᠠᠭᠠᠨᠬᠠᠳᠠ ᠠᠴᠠ ᠵᠢᠨᠵᠧᠦ ᠭᠠᠷᠠᠮ ᠢ ᠳᠠᠮᠵᠢᠨ ᠱᠠᠩᠬᠠᠢ ᠬᠦᠷᠬᠦ ᠪᠣᠬᠢᠷᠳᠤᠯ ᠦᠭᠡᠢ | ᠤᠰᠤᠳᠦ᠋ᠷᠦᠭᠴᠢ ᠶᠢᠨ ᠬᠤᠩᠭᠢᠯ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠰᠢᠯᠢ ᠶᠢᠨ ᠭᠤᠣᠯ ᠠᠴᠠ ᠼᠤᠤ | ᠹᠧᠢ ᠳ᠋ᠢᠶᠠᠨ ᠬᠦᠷᠬᠦ ᠤᠰᠤᠳᠦ᠋ᠷᠦᠭᠴᠢ ᠳᠠᠮᠵᠢᠭᠤᠯᠬᠤ ᠬᠤᠭᠤᠯᠠᠢ ᠭᠤᠤᠷᠰᠤ ᠶᠢᠨ ᠡᠮᠦᠨᠡᠬᠢ ᠬᠤᠭᠤᠴᠠᠭᠠᠨ ᠤ | ᠠᠵᠢᠯ ᠢ ᠥᠷᠨᠢᠭᠦᠯᠦᠨ᠂ ᠠᠶᠢᠮᠠᠭ ᠬᠤᠲᠠ ᠶᠢᠨ ᠬᠢᠨ ᠤ ᠪᠣᠬᠢᠷᠲᠤᠯ ᠦᠭᠡᠢ ᠤᠰᠤᠳᠦ᠋ᠷᠦᠭᠴᠢ ᠰᠢᠪᠲᠦᠷ ᠠᠯᠺᠤᠤᠯ᠂ | ᠤᠰᠤᠳᠦ᠋ᠷᠦᠭᠴᠢ ᠡᠨᠧᠷᠬᠢ ᠶᠢᠨ ᠬᠡᠷᠡᠭᠯᠡᠭᠡᠨ ᠤ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠶᠢ ᠳᠡᠮᠵᠢᠨ᠎ᠡ᠃ | ᠳᠥᠷᠪᠡ ᠨᠢ ᠰᠠᠯᠬᠢ ᠭᠡᠷᠡᠯ ᠤᠰᠤᠳᠦ᠋ᠷᠦᠭᠴᠢ ᠨᠥᠭᠡᠴᠡ ᠶᠢᠨ ᠪᠦᠬᠦ ᠬᠡᠯᠬᠢᠶᠡᠨ ᠤ ᠬᠥᠭᠵᠢᠯᠲᠡ ᠶᠢ ᠪᠠᠷᠢᠮᠲᠠᠯᠠᠨ᠂ | ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠦᠴᠦᠷᠬᠡᠭᠵᠢᠭᠦᠯᠵᠦ᠂ ᠴᠠᠬᠢᠯᠭᠠᠨ ᠡᠭᠦᠰᠭᠡᠭᠦᠷ | ᠂ ᠭᠦᠶᠦᠳᠡᠯ ᠬᠤᠪᠢᠷᠠᠭᠠᠭᠤᠷ᠂ ᠰᠥᠷᠭᠡᠦ ᠬᠤᠪᠢᠰᠬᠠᠭᠤᠷ᠂ ᠰᠢᠰᠲ᠋ᠧᠮ ᠤᠨ ᠴᠢᠩᠭᠡᠯᠢᠭ ᠵᠡᠷᠭᠡ ᠭᠤᠣᠯᠯᠠᠬᠤ ᠰᠡᠯᠪᠢᠭ | ᠲᠤᠨᠤᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ 113 ᠲᠦᠷᠦᠯ | ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠤᠨ ᠦᠢᠯᠡᠳᠬᠦᠨ ᠤ ᠥᠷᠲᠡᠭ ᠢ 2700 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ | ᠴᠢᠷᠮᠠᠶᠢᠨ᠎ᠠ᠃ ᠲᠠᠪᠤ ᠨᠢ ᠰᠢᠨ᠎ᠡ ᠡᠨᠧᠷᠬᠢ ᠶᠢᠨ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠦᠢᠯᠡᠰ ᠢ ᠰᠠᠶᠢᠲᠤᠷ | ᠬᠢᠵᠦ᠂ ᠮᠡᠷᠭᠡᠵᠢᠯ ᠤᠨ ᠯᠠᠪᠯᠠᠭ᠎ᠠ᠂ ᠣᠶᠤᠨᠴᠢ ᠬᠠᠮᠠᠭᠠᠯᠠᠯᠲᠠ᠂ ᠠᠦ᠋ᠲ᠋ᠣᠴᠢᠯᠠᠭᠰᠠᠨ ᠬᠢᠨᠠᠨ ᠰᠢᠨᠵᠢᠯᠲᠡ ᠣᠨᠣᠰᠢᠯᠠᠯᠲᠠ | ᠵᠡᠷᠭᠡ ᠲᠤᠬᠠᠶᠢᠯᠠᠭᠰᠠᠨ ᠠᠵᠢᠯ ᠢ ᠰᠢᠨ᠎ᠡ ᠶᠢ ᠡᠭᠦᠳᠦᠨ ᠬᠥᠭᠵᠢᠭᠦᠯᠵᠦ᠂ ᠠᠵᠢᠯᠯᠠᠭᠤᠯᠵᠤ ᠪᠠᠲᠤᠯᠠᠬᠤ ᠦᠷ᠎ᠡ | ᠪᠦᠲᠦᠮᠵᠢ ᠪᠠᠨ ᠳᠡᠭᠡᠭᠰᠢᠯᠡᠭᠦᠯᠦᠨ᠂ ᠳᠡᠭᠡᠳᠦ ᠲᠡᠰ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠴᠣᠭᠴᠠᠯᠠᠨ᠎ᠠ᠃ | ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠡᠳ᠋ᠰᠢᠭᠦᠯᠬᠦ | ᠦᠢᠯᠡᠰ ᠢ ᠰᠢᠯᠢᠳᠡᠭᠵᠢᠭᠦᠯᠦᠨ᠎ᠡ᠃ ᠦᠬᠡᠷ ᠬᠤᠨᠢᠨ ᠤ ᠮᠢᠬ᠎ᠠ᠂ ᠲᠥᠮᠥᠰᠥ᠂ ᠡᠷᠳᠡᠨᠢ ᠰᠢᠰᠢ᠂ ᠢᠮᠠᠭᠠᠨ ᠨᠣᠣᠯᠣᠭᠤᠷ | ᠂ ᠡᠪᠡᠰᠦᠨ ᠤ ᠦᠢᠯᠡᠰ ᠪᠣᠯ ᠪᠢᠳᠡᠨ ᠤ ᠣᠯᠠᠨ ᠵᠢᠯ ᠬᠥᠭᠵᠢᠭᠦᠯᠦᠭᠡᠳ ᠢᠷᠡᠭᠰᠡᠨ ᠣᠨᠴᠠᠯᠢᠭᠲᠤ ᠠᠵᠤ ᠦᠢᠯᠡᠰ | ᠪᠣᠯᠣᠨ᠎ᠠ᠂ ᠦᠷᠭᠦᠯᠵᠢᠯᠡᠨ ᠭᠦᠨᠵᠡᠭᠡᠶᠢᠷᠡᠭᠦᠯᠦᠨ ᠬᠥᠭᠵᠢᠭᠦᠯᠵᠦ᠂ ᠲᠠᠷᠢᠬᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ | ᠪᠦᠬᠦ ᠬᠡᠯᠬᠢᠶᠡᠨ ᠤ ᠬᠥᠭᠵᠢᠯᠲᠡ ᠶᠢ ᠠᠬᠢᠭᠤᠯᠵᠤ᠂ ᠠᠯᠠᠰᠢᠨ ᠬᠤᠨᠢ᠂ ᠡᠷᠳᠡᠨᠢ ᠰᠢᠰᠢ 2 ᠵᠦᠢᠯ ᠤᠨ ᠮᠢᠩᠭᠠᠨ | ᠳ᠋ᠦᠩᠰᠢᠭᠤᠷ ᠳᠡᠰ ᠤᠨ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠨ ᠦᠷ᠎ᠡ ᠠᠰᠢᠭ ᠢᠶᠠᠨ ᠨᠡᠮᠡᠭᠳᠡᠭᠦᠯᠬᠦ᠂ | ᠠᠯᠠᠰᠢᠨ ᠦᠬᠡᠷ᠂ ᠡᠪᠡᠰᠦᠨ ᠤ ᠦᠢᠯᠡᠰ 2 ᠵᠦᠢᠯ ᠤᠨ ᠠᠵᠤ ᠦᠢᠯᠡᠰ ᠤᠨ ᠬᠡᠯᠬᠢᠶᠡᠨ ᠤ ᠮᠢᠩᠭᠠᠨ ᠳ᠋ᠦᠩᠰᠢᠭᠤᠷ | ᠳᠡᠰ ᠢ ᠲᠦᠷᠭᠡᠬᠡᠨ ᠳᠠᠪᠠᠭ᠋ᠤ᠂ ᠲᠥᠮᠥᠰᠥ᠂ ᠢᠮᠠᠭᠠᠨ ᠨᠣᠣᠯᠣᠭᠤᠷ 2 ᠵᠦᠢᠯ ᠤᠨ ᠠᠵᠤ ᠦᠢᠯᠡᠰ ᠤᠨ ᠬᠡᠯᠬᠢᠶᠡᠨ ᠤ | ᠮᠢᠩᠭᠠᠨ ᠳ᠋ᠦᠩᠰᠢᠭᠤᠷ ᠳᠡᠰ ᠲᠤ ᠳᠠᠪᠰᠢᠨ ᠣᠷᠣᠬᠤ ᠶᠢ ᠨᠢ ᠠᠬᠢᠭᠤᠯᠤᠨ᠎ᠠ᠃ | ᠳᠠᠯᠳᠠ ᠬᠦᠴᠦᠨ ᠲᠠᠢ᠂ ᠨᠥᠬᠦᠴᠡᠯ ᠲᠠᠢ ᠠᠵᠤ ᠦᠢᠯᠡᠰ ᠢ ᠲᠦᠷᠭᠡᠳᠬᠡᠨ ᠪᠤᠶᠢᠵᠢᠭᠤᠯᠬᠤ ᠶᠢ ᠠᠬᠢᠭᠤᠯᠵᠤ᠂ | ᠰᠢᠨ᠎ᠡ ᠥᠷᠢᠰᠦᠯᠳᠦᠭᠡᠨ ᠤ ᠴᠠᠷᠠᠭ᠎ᠠ ᠰᠢᠨ᠎ᠡ ᠬᠥᠳᠡᠯᠭᠡᠭᠴᠢ ᠡᠨᠧᠷᠬᠢ ᠶᠢ ᠡᠷᠲᠡᠬᠡᠨ ᠪᠣᠢ ᠪᠣᠯᠭᠠᠬᠤ ᠪᠠᠷ ᠴᠢᠷᠮᠠᠶᠢᠨ᠎ᠠ᠃ | ᠳᠣᠣᠷ᠎ᠠ ᠠᠭᠠᠷ ᠤᠨ ᠠᠵᠤ ᠠᠬᠤᠢ ᠶᠢᠨ ᠲᠠᠯ᠎ᠠ ᠪᠠᠷ ᠳᠣᠣᠷ᠎ᠠ ᠠᠭᠠᠷ ᠤᠨ ᠨᠢᠰᠦᠭᠦᠷ ᠦᠢᠯᠡᠳᠬᠦ᠂ ᠳᠣᠣᠷ᠎ᠠ ᠠᠭᠠᠷ ᠤᠨ | ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ᠂ ᠳᠣᠣᠷ᠎ᠠ ᠠᠭᠠᠷ ᠤᠨ ᠣᠯᠠᠡ ᠡᠰᠢᠵᠢᠭᠰᠡᠨ ᠬᠡᠷᠡᠭᠯᠡᠯᠲᠡ ᠵᠡᠷᠭᠡ | ᠭᠤᠷᠪᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠠᠳᠬᠤᠨ᠂ ᠥᠪᠥᠷ ᠮᠣᠩᠭᠤᠯ ᠤᠨ ᠳᠣᠣᠷ᠎ᠠ ᠠᠭᠠᠷ ᠤᠨ ᠠᠵᠤ | ᠠᠬᠤᠢ ᠶᠢᠨ ᠰᠤᠳᠤᠯᠤᠯ ᠤᠨ ᠬᠦᠷᠢᠶᠡᠯᠡᠩ ᠢ ᠪᠡᠯᠡᠳᠬᠡᠨ ᠪᠠᠶᠢᠭᠤᠯᠵᠤ᠂ ᠳᠣᠣᠷ᠎ᠠ ᠠᠭᠠᠷ ᠤᠨ ᠨᠢᠰᠦᠭᠦᠷ ᠢ ᠲᠤᠷᠰᠢᠨ | ᠨᠢᠰᠬᠡᠵᠦ ᠬᠡᠮᠵᠢᠨ ᠰᠢᠯᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠳᠣᠣᠷ᠎ᠠ ᠠᠭᠠᠷ ᠤᠨ ᠲᠣᠨᠤᠭ | ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ ᠤᠷᠢᠬᠤ ᠠᠵᠢᠯ ᠤᠨ ᠵᠢᠷᠤᠭ ᠤᠨ ᠵᠢᠭᠰᠠᠯ ᠢ | ᠡᠮᠬᠢᠯᠡᠵᠦ ᠨᠡᠶᠢᠲᠡᠯᠡᠨ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠭᠠᠷ ᠠᠶᠠᠯᠠᠯ ᠤᠨ ᠪᠠᠶᠢᠴᠠᠭᠠᠯᠲᠠ ᠶᠢᠨ | ᠲᠥᠪ᠂ ᠠᠷᠠᠳ ᠤᠨ ᠠᠭᠠᠷ ᠠᠶᠠᠯᠠᠯ ᠤᠨ ᠵᠢᠯᠣᠭᠤᠴᠢ ᠦᠭᠡᠢ ᠨᠢᠰᠬᠡᠯ ᠤᠨ ᠰᠢᠯᠭᠠᠯᠲᠠ ᠶᠢᠨ ᠲᠥᠪ᠂ ᠳᠤᠮᠳᠠᠳᠤ | ᠤᠯᠤᠰ ᠤᠨ ᠷᠦᠩ ᠲᠦᠩ ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠯᠲᠠ ᠶᠢᠨ | ᠲᠥᠪ ᠵᠡᠷᠭᠡ ᠲᠥᠷᠥᠯ ᠵᠦᠢᠯ ᠤᠨ ᠪᠣᠳᠠᠲᠠᠶᠢᠵᠢᠬᠤ ᠶᠢ ᠠᠬᠢᠭᠤᠯᠤᠨ᠂ ᠳᠣᠣᠷ᠎ᠠ ᠠᠭᠠᠷ + ᠪᠠᠷᠠᠭᠠᠨ ᠤ ᠭᠦᠢᠯᠭᠡᠭᠡ᠂ | ᠰᠣᠶᠣᠯ ᠵᠢᠭᠤᠯᠴᠢᠯᠠᠯ᠂ ᠪᠠᠴᠢᠮ ᠪᠠᠶᠢᠳᠠᠯ ᠤᠨ ᠠᠷᠭᠠᠴᠠᠭᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠠᠬᠤᠢ ᠪᠠᠶᠢᠳᠠᠯ ᠤᠨ ᠬᠡᠷᠡᠭᠯᠡᠯᠲᠡ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠬᠦᠬᠡᠬᠤᠳᠠ ᠶᠢᠨ ᠰᠠᠨᠰᠠᠷ ᠠᠶᠠᠯᠠᠯ ᠤᠨ | ᠨᠡᠭᠡᠭᠡᠯᠲᠡ ᠶᠢᠨ ᠲᠣᠭᠤᠷᠢᠭ ᠢᠶᠠᠷ ᠬᠥᠲᠥᠯᠥᠮᠵᠢ ᠪᠣᠯᠭᠠᠵᠣ᠂ ᠬᠦᠬᠡᠬᠤᠲᠠ ᠪᠤᠭᠤᠲᠤ ᠣᠷᠳᠣᠰ ᠤᠨ ᠳᠣᠣᠷ᠎ᠠ | ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠣᠭᠤᠷᠢᠭ ᠢ ᠪᠤᠶᠢᠵᠢᠭᠤᠯᠵᠤ᠂ ᠤᠯᠠᠭᠠᠨᠬᠠᠳᠠ ᠲᠦᠩᠯᠢᠶᠣᠣ | ᠰᠢᠯᠢ ᠶᠢᠨ ᠭᠤᠣᠯ ᠤᠨ ᠳᠣᠣᠷ᠎ᠠ ᠠᠭᠠᠷ ᠤᠨ ᠬᠡᠷᠡᠭᠯᠡᠯᠲᠡ ᠶᠢᠨ ᠪᠥᠭᠡᠮᠨᠡᠷᠡᠯ ᠤᠨ ᠣᠷᠣᠨ ᠪᠠ ᠤᠯᠠᠭᠠᠨᠬᠤᠲᠠ ᠷᠠᠰᠢᠶᠠᠨ | ᠬᠠᠶᠢᠯᠠᠷ ᠮᠠᠨᠵᠤᠤᠷ᠂ ᠤᠯᠠᠭᠠᠨᠴᠠᠪ ᠤᠨ ᠳᠣᠣᠷ᠎ᠠ ᠠᠭᠠᠷ ᠤᠨ ᠵᠢᠭᠤᠯᠴᠢᠯᠠᠯ ᠤᠨ ᠪᠥᠭᠡᠮᠨᠡᠷᠡᠯ ᠤᠨ ᠣᠷᠣᠨ ᠢ | ᠴᠣᠭᠴᠠᠯᠠᠨ᠎ᠠ᠃ ᠵᠣᠬᠢᠶᠠᠮᠠᠯ ᠣᠶᠤᠨ ᠤ ᠲᠠᠯ᠎ᠠ ᠪᠠᠷ ᠰᠤᠳᠤᠯᠤᠨ ᠨᠡᠭᠡᠭᠡᠯᠲᠡ᠂ ᠦᠢᠯᠡᠳᠪᠦᠷᠢᠯᠡᠬᠦ ᠪᠠ ᠬᠡᠷᠡᠭᠯᠡᠯᠲᠡ ᠶᠢ | ᠰᠠᠶᠢᠲᠤᠷ ᠬᠢᠵᠦ᠂ ᠬᠦᠬᠡᠬᠤᠲᠠ ᠶᠢᠨ ᠣᠶᠤᠨᠴᠢ ᠡᠵᠡᠮᠰᠢᠭᠦᠷ᠂ ᠣᠶᠤᠨᠴᠢ ᠨᠥᠯᠥᠭᠡᠯᠡᠭᠦᠷ᠂ ᠣᠶᠤᠨᠴᠢ ᠵᠥᠭᠡᠯᠡᠨ | ᠬᠡᠷᠡᠭᠰᠡᠯ ᠵᠡᠷᠭᠡ ᠵᠠᠩᠭᠢᠯᠠᠭ᠎ᠠ ᠶᠢᠨ ᠵᠥᠭᠡᠯᠡᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠬᠥᠭᠵᠢᠭᠦᠯᠬᠦ ᠶᠢ ᠨᠢ | ᠲᠡᠮᠵᠢᠵᠤ᠂ ᠵᠣᠬᠢᠶᠠᠮᠠᠯ ᠣᠶᠣᠨ ᠤ ᠠᠵᠤ ᠦᠢᠯᠡᠰ ᠤᠨ ᠰᠠᠭᠤᠷᠢᠨ ᠭᠠᠵᠠᠷ ᠢ ᠴᠣᠭᠴᠠᠯᠠᠨ᠎ᠠ᠃ ᠣᠶᠤᠨᠲᠤ ᠠᠭᠤᠷᠬᠠᠢ᠂ | ᠣᠶᠤᠨᠲᠤ ᠴᠠᠬᠢᠯᠭᠠᠨ ᠬᠦᠴᠦᠨ᠂ ᠣᠶᠤᠨᠲᠤ ᠲᠠᠷᠢᠶᠠᠯᠠᠩ᠂ ᠣᠶᠤᠨᠲᠤ ᠰᠣᠶᠣᠯ ᠵᠢᠭᠤᠯᠴᠢᠯᠠᠯ᠂ ᠣᠶᠤᠨᠲᠤ | ᠡᠮᠴᠢᠯᠡᠭᠡ᠂ ᠣᠶᠤᠨᠲᠤ ᠰᠤᠷᠭᠠᠨ ᠬᠥᠮᠦᠵᠢᠯ᠂ ᠣᠶᠤᠨᠲᠤ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠴᠠᠷᠠᠭᠠᠨ ᠳᠠᠬᠢ | ᠬᠡᠷᠡᠭᠯᠡᠯᠲᠡ ᠶᠢᠨ ᠰᠢᠨ᠎ᠡ ᠡᠭᠦᠳᠦᠯᠲᠡ ᠶᠢ ᠲᠦᠷᠭᠡᠳᠬᠡᠨ᠎ᠡ᠃ ᠦᠢᠯᠡᠳᠪᠦᠷᠢᠯᠡᠯ ᠤᠨ ᠠᠬᠤᠢ ᠪᠠᠶᠢᠳᠠᠯ ᠤᠨ | ᠣᠶᠤᠨᠴᠢᠯᠠᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠵᠤ᠂ ᠲᠦᠭᠰᠢᠭᠦᠷᠢ ᠶᠡᠬᠡᠲᠡᠢ᠂ ᠬᠥᠳᠡᠯᠮᠦᠷᠢ ᠶᠢᠨ ᠬᠦᠴᠦᠯᠡᠴᠡ | ᠴᠢᠩᠭ᠎ᠠ ᠵᠢᠴᠢ ᠠᠵᠢᠯ ᠬᠢᠬᠦ ᠣᠷᠴᠢᠨ ᠨᠥᠬᠦᠴᠡᠯ ᠠᠨᠠᠢ ᠦᠢᠯᠡᠳᠪᠦᠷᠢᠯᠡᠯ ᠤᠨ ᠨᠢᠭᠡᠴᠢ ᠶᠢᠨ ︽ᠮᠠᠰᠢᠨ ᠢᠶᠠᠷ | ᠬᠥᠮᠥᠨ ᠢ ᠣᠷᠣᠯᠠᠭᠤᠯᠬᠤ︾ ᠶᠢ ᠲᠦᠷᠭᠡᠳᠬᠡᠨ᠎ᠡ᠃ ᠠᠮᠢᠳᠤ ᠪᠣᠳᠠᠰ ᠤᠨ ᠦᠢᠯᠡᠳᠬᠦ ᠦᠢᠯᠡᠰ ᠤᠨ ᠲᠠᠯ᠎ᠠ ᠪᠠᠷ | ᠠᠮᠢᠳᠤ ᠪᠣᠳᠠᠰ ᠤᠨ ᠡᠮ ᠡᠮᠨᠡᠯᠭᠡ ᠪᠠ ᠠᠮᠢᠳᠤ ᠪᠣᠳᠠᠰ ᠤᠨ ᠢᠰᠬᠡᠯᠲᠡ ᠬᠤᠶᠠᠷ ᠶᠡᠭᠡ ᠬᠦᠷᠢᠶ᠎ᠡ ᠴᠠᠷᠠᠭᠠᠨ ᠳᠤ | ᠠᠩᠬᠠᠷᠤᠯ ᠢᠶᠠᠨ ᠲᠥᠪᠯᠡᠷᠡᠭᠦᠯᠵᠦ᠂ ᠬᠦᠬᠡᠬᠤᠲᠠ ᠶᠢᠨ ᠪᠦᠬᠦ ᠪᠥᠮᠪᠥᠷᠴᠡᠭ ᠲᠤ ᠲᠦᠷᠦᠭᠦᠯᠡᠭᠰᠡᠨ ᠮᠠᠯ ᠳᠤ ᠬᠡᠷᠡᠭᠯᠡᠬᠦ | ᠸᠠᠺᠼᠢᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠰᠠᠭᠤᠷᠢᠨ ᠭᠠᠵᠠᠷ ᠢ ᠴᠣᠭᠴᠠᠯᠠᠨ᠂ ᠬᠦᠬᠡᠬᠤᠲᠠ᠂ ᠲᠦᠩᠯᠢᠶᠣᠣ | ᠂ ᠤᠯᠠᠭᠠᠨᠬᠠᠳᠠ᠂ ᠪᠠᠶᠠᠨᠨᠠᠭᠤᠷ ᠵᠡᠷᠭᠡ ᠭᠠᠵᠠᠷ ᠣᠷᠣᠨ ᠤ ᠲᠦᠭᠦᠬᠡᠢ ᠮᠠᠲ᠋ᠧᠷᠢᠶᠠᠯ ᠤᠨ ᠡᠮ ᠪᠠ ᠬᠢᠮᠢ ᠶᠢᠨ ᠡᠮ ᠤᠨ | ᠬᠥᠭᠵᠢᠯᠲᠡ ᠶᠢ ᠲᠦᠷᠭᠡᠳᠬᠡᠵᠦ᠂ ᠲᠦᠭᠦᠬᠡᠢ ᠮᠠᠲ᠋ᠧᠷᠢᠶᠠᠯ ᠤᠨ ᠡᠮ ᠢ ᠴᠢᠨᠠᠷ ᠴᠢᠨᠰᠠᠭ᠎ᠠ ᠲᠠᠢ ᠪᠦᠲᠦᠭᠡᠭᠳᠡᠬᠦᠨ ᠡᠮ | ᠪᠠ ᠨᠠᠶᠢᠷᠠᠯᠭ᠎ᠠ ᠲᠡᠶᠢᠰᠢ ᠬᠤᠪᠢᠷᠠᠭᠤᠯᠬᠤ ᠶᠢ ᠠᠬᠢᠭᠤᠯᠤᠨ᠂ ᠴᠢᠨᠠᠬᠤ ᠡᠮ᠂ ᠨᠠᠶᠢᠷᠠᠯᠭ᠎ᠠ᠂ ᠵᠣᠷ ᠤᠨ ᠮᠥᠬᠦᠯᠢᠭᠲᠦ | ᠡᠮ ᠤᠨ ᠣᠨᠴᠠᠯᠢᠭ ᠪᠦᠬᠦᠢ ᠬᠢᠲᠠᠳ ᠮᠣᠩᠭᠤᠯ ᠡᠮ ᠤᠨ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ᠎ᠠ᠃ | ᠴᠠᠷᠳᠠᠭᠤᠯ᠂ ᠣᠨᠴᠠᠭᠠᠢ ᠵᠦᠢᠯ ᠤᠨ ᠠᠮᠢᠨᠤ᠋ ᠬᠦᠴᠢᠯ᠂ ᠰᠦᠨ ᠬᠦᠴᠢᠯ ᠤᠨ ᠪᠠᠺᠲ᠋ᠧᠷᠢ ᠵᠢᠴᠢ ᠲᠡᠭᠦᠨ ᠤ ᠢᠰᠭᠡᠭᠰᠡᠨ | ᠪᠦᠲᠦᠭᠡᠭᠳᠡᠬᠦᠨ ᠤ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠬᠠᠶᠢᠯᠤᠰᠢ ᠶᠢᠨ | ᠮᠠᠲ᠋ᠧᠷᠢᠶᠠᠯ ᠤᠨ ᠲᠠᠯ᠎ᠠ ᠪᠠᠷ ᠲᠡᠮᠦᠷ ᠤᠨ ᠬᠠᠶᠢᠯᠤᠰᠢ᠂ ᠪᠣᠯᠣᠳ ᠲᠡᠮᠦᠷ᠂ ᠵᠡᠰ᠂ ᠬᠥᠩᠭᠡᠨᠴᠠᠭᠠᠨ᠂ ᠯᠢᠲ᠋ᠢ ᠵᠡᠷᠭᠡ ᠡᠬᠢ | ᠪᠠᠶᠠᠯᠢᠭ ᠪᠠ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂ ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ | ᠲᠡᠶᠢᠰᠢ ᠬᠡᠯᠬᠢᠶ᠎ᠡ ᠪᠠᠨ ᠤᠷᠲᠤᠳᠬᠠᠵᠤ ᠨᠥᠬᠦᠪᠦᠷᠢᠯᠡᠨ᠂ ᠵᠠᠮ ᠬᠠᠷᠢᠯᠴᠠᠭ᠎ᠠ᠂ ᠰᠠᠨᠰᠠᠷ ᠠᠶᠠᠯᠠᠯ ᠠᠭᠠᠷ ᠠᠶᠠᠯᠠᠯ᠂ | ᠲᠣᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶ᠎ᠡ ᠴᠠᠷᠠᠭᠠᠨ ᠳᠠᠬᠢ ᠬᠡᠷᠡᠭᠯᠡᠯᠲᠡ ᠪᠠᠨ ᠥᠷᠭᠡᠳᠬᠡᠨ᠎ᠡ᠃ | ︵ᠲᠠᠪᠤ︶ ᠲᠠᠷᠢᠶᠠᠯᠠᠩ ᠮᠠᠯ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ | ᠴᠣᠭᠴᠠᠯᠠᠬᠤ ᠪᠠᠷ ᠴᠢᠷᠮᠠᠶᠢᠵᠤ᠂ ᠣᠳᠣᠬᠢᠴᠢᠯᠠᠭᠰᠠᠨ ᠰᠢᠨ᠎ᠡ ᠬᠥᠳᠡᠭᠡ ᠲᠤᠰᠬᠤᠨ ᠰᠢᠨ᠎ᠡ ᠮᠠᠯᠵᠢᠬᠤ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠣᠨᠠᠯᠲᠠ ᠦᠢᠯᠡᠳᠪᠦᠷᠢᠯᠡᠬᠦ ᠴᠢᠳᠠᠮᠵᠢ᠂ ᠦᠢᠯᠡᠳᠪᠦᠷᠢᠯᠡᠯ ᠠᠮᠢ ᠠᠬᠤᠢ᠂ | ᠤᠨᠠᠯᠲᠠ ᠭᠠᠷᠤᠯᠲᠠ ᠪᠠ ᠣᠷᠣᠯᠭ᠎ᠠ ᠶᠢᠨ ᠨᠡᠮᠡᠭᠳᠡᠯ ᠢ ᠬᠠᠮᠲᠤ ᠳᠤ ᠨᠢ ᠠᠳᠬᠤᠬᠤ ᠶᠢ ᠪᠠᠷᠢᠮᠲᠠᠯᠠᠵᠤ᠂ ᠥᠩ ᠰᠢᠮᠡᠯᠢᠭ | ᠬᠥᠷᠥᠰᠥ ᠰᠢᠷᠣᠢ᠂ ᠥᠷᠭᠡᠨ ᠠᠭᠤᠳᠠᠮ ᠲᠠᠯ᠎ᠠ ᠨᠤᠲᠤᠭ᠂ ᠲᠤᠩᠭᠠᠯᠠᠭ ᠴᠡᠩᠭᠡᠭ ᠭᠤᠣᠯ ᠤᠨ ᠤᠰᠤ ᠶᠢ | ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠬᠥᠳᠡᠭᠡ ᠲᠤᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ᠨᠢᠭᠡᠴᠢ ᠤᠨᠠᠯᠲᠠ ᠶᠢ ᠲᠡᠬᠡᠭᠰᠢᠯᠡᠬᠦᠯᠬᠦ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠎ᠡ᠃ ᠲᠠᠷᠢᠶᠠᠯᠠᠬᠤ ᠭᠠᠵᠠᠷ ᠤᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ | ᠲᠣᠭᠲᠠᠪᠤᠷᠢᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ᠂ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 2500 ᠲᠦᠮᠡᠨ ᠮᠦ ᠰᠢᠨ᠎ᠡ ᠪᠠᠷ ᠪᠠᠶᠢᠭᠤᠯᠵᠤ᠂ | ᠪᠡᠯᠡᠳᠬᠡᠮᠵᠢᠲᠦ ᠲᠠᠷᠢᠶᠠᠯᠠᠩ ᠢ 25 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠭᠤᠣᠯ ᠪᠣᠯᠬᠤ ᠲᠠᠷᠢᠮᠠᠯ ᠤᠨ ᠨᠢᠭᠡᠴᠢ | ᠤᠨᠠᠯᠲᠠ ᠶᠢ ᠨᠢ ᠳᠡᠭᠡᠭᠰᠢᠯᠡᠭᠦᠯᠦᠭᠰᠡᠨ ᠵᠢᠱᠢᠶ᠎ᠡ ᠦᠵᠡᠬᠦᠯᠬᠦ ᠲᠣᠭᠤᠷᠢᠭ ᠢ 1000 ᠲᠦᠮᠡᠨ ᠮᠦ᠂ ︽ᠲᠤᠨ | ᠤᠨᠠᠯᠲᠠ ᠲᠠᠢ ᠲᠠᠷᠢᠶ᠎ᠡ︾ ᠶᠢ 900 ᠲᠦᠮᠡᠨ ᠮᠦ ᠴᠣᠭᠴᠠᠯᠠᠵᠤ᠂ ᠠᠮᠤ ᠪᠤᠳᠠᠭ᠎ᠠ ᠮᠢᠬ᠎ᠠ ᠰᠦᠨ ᠤ ᠭᠠᠷᠤᠯᠲᠠ ᠶᠢ | ᠲᠤᠰ ᠲᠤᠰ 800 ᠳ᠋ᠦᠩᠰᠢᠭᠤᠷ ᠵᠢᠩ᠂ 60 ᠳ᠋ᠦᠩᠰᠢᠭᠤᠷ ᠵᠢᠩ᠂ 160 ᠳ᠋ᠦᠩᠰᠢᠭᠤᠷ ᠵᠢᠩ ᠠᠴᠠ ᠳᠡᠭᠡᠭᠰᠢ ᠳᠤ | ᠲᠣᠭᠲᠠᠪᠤᠷᠢᠵᠢᠭᠤᠯᠤᠨ᠎ᠠ᠃ | ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠨᠢ ᠲᠦᠷᠭᠡᠳᠬᠡᠨ | ᠠᠬᠢᠭᠤᠯᠤᠨ᠎ᠠ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢᠨ | ᠵᠠᠩᠭᠢᠯᠠᠭ᠎ᠠ ᠨᠢ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠳᠤ ᠪᠠᠶᠢᠬᠤ ᠶᠤᠮ᠃ ᠲᠤᠷᠰᠢᠯᠲᠠ ᠶᠢᠨ | ᠴᠡᠭ ᠤᠨ ᠬᠤᠰᠢᠭᠤ ᠰᠢᠶᠠᠨ ᠤ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠬᠤᠰᠢᠭᠤ ᠰᠢᠶᠠᠨ ᠳᠤ | ᠪᠦᠭᠦ ᠲᠠᠯ᠎ᠠ ᠪᠠᠷ ᠳᠡᠯᠭᠡᠷᠡᠭᠦᠯᠦᠨ᠂ ᠪᠦᠬᠦᠯᠢ ᠪᠠᠶᠢᠭᠤᠯᠤᠮᠵᠢᠲᠤ ᠳᠦᠷᠢᠮ ᠪᠦᠬᠦᠢ ᠪᠡᠯᠴᠢᠭᠡᠷᠯᠡᠭᠦᠯᠬᠦ ᠶᠢ ᠵᠣᠭᠰᠤᠭᠠᠬᠤ | ᠲᠤᠷᠰᠢᠯᠲᠠ ᠶᠢᠨ ᠴᠡᠭ ᠤᠨ ᠠᠵᠢᠯ ᠢ ᠵᠡᠷᠭᠡ ᠳᠤ ᠨᠢ ᠥᠷᠨᠢᠭᠦᠯᠵᠦ᠂ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ | ᠲᠡᠵᠢᠭᠡᠬᠦ᠂ ᠨᠠᠶᠢᠳᠠᠨ ᠬᠠᠮᠢᠶᠠᠷᠤᠭᠤᠯᠬᠤ ᠪᠠ ᠣᠷᠣᠯᠠᠨ ᠲᠡᠵᠢᠭᠡᠬᠦ ᠵᠡᠷᠭᠡ ᠬᠡᠪ ᠵᠠᠭᠪᠤᠷ ᠢ ᠲᠤᠬᠠᠢ ᠶᠢᠨ ᠭᠠᠵᠠᠷ ᠲᠤ ᠨᠢ | ᠲᠣᠬᠢᠷᠠᠭᠤᠯᠵᠤ ᠳᠡᠯᠭᠡᠷᠡᠭᠦᠯᠦᠨ᠂ ᠮᠡᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ︽ᠤᠯᠠᠨ | ᠲᠡᠵᠢᠭᠡᠬᠦ︾ ᠠᠴᠠ ︽ᠨᠠᠷᠢᠯᠢᠭ ᠠᠷᠠᠴᠢᠯᠠᠬᠤ︾ ᠲᠡᠶᠢᠰᠢ ᠬᠤᠪᠢᠷᠠᠭᠤᠯᠬᠤ ᠶᠢ ᠨᠢ ᠠᠬᠢᠭᠤᠯᠵᠤ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ ᠪᠠᠶᠢᠭᠠᠳ ᠲᠠᠷᠢᠶᠠᠴᠢᠨ ᠮᠠᠯᠴᠢᠳ ᠤᠨ ︽ᠪᠡᠯᠴᠢᠭᠡᠷᠯᠡᠭᠦᠯᠬᠦ ᠶᠢ ᠨᠢ | ᠵᠣᠭᠰᠣᠭᠠᠭᠰᠠᠨ ᠴᠤ ᠣᠷᠣᠯᠭ᠎ᠠ ᠶᠢ ᠨᠢ ᠬᠠᠰᠤᠭᠳᠠᠭᠤᠯᠬᠤ ᠦᠭᠡᠢ︾ ᠪᠠᠶᠢᠬᠤ ᠳᠤ ᠪᠠᠲᠤᠯᠠᠭ᠎ᠠ ᠬᠠᠩᠭᠠᠵᠤ᠂ | ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 500 ᠲᠦᠮᠡ ᠺᠦᠸᠠᠳ᠋ ᠮᠧᠳ᠋ᠷ ᠠᠴᠠ ᠳᠡᠭᠡᠭᠰᠢ ᠰᠢᠨ᠎ᠡ ᠪᠠᠷ | ᠪᠠᠶᠢᠭᠤᠯᠤᠨ᠂ ᠪᠡᠯᠡᠳᠬᠡᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠢ 75% ᠳᠤ | ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ ᠪᠡᠯᠴᠢᠭᠡᠷ ᠢ ᠲᠡᠩᠴᠡᠭᠦᠷᠢᠲᠡᠢ | ᠪᠠᠶᠢᠯᠭᠠᠬᠤ ᠵᠢᠭᠠᠯᠲᠠ ᠲᠤᠭ᠎ᠠ ᠶᠢ ᠳᠣᠷᠣᠭᠰᠢᠯᠠᠭᠤᠯᠤᠭᠠᠳ 10% ᠬᠦᠷᠬᠦ ᠦᠭᠡᠢ ᠪᠣᠯᠭᠠᠨ᠎ᠠ᠃ | ᠮᠠᠨ ᠤ ᠣᠷᠣᠨ ᠤ ᠮᠠᠰᠢ ᠤᠯᠠᠨ ᠰᠠᠶᠢᠨ ᠵᠦᠢᠯ ᠦᠨ᠎ᠡ ᠭᠠᠷᠴᠤ ᠲᠡᠶᠢᠯᠬᠦ ᠦᠭᠡᠢ ᠪᠠᠶᠢᠭ᠎ᠠ ᠶᠢᠨ ᠵᠠᠩᠭᠢᠯᠠᠭ᠎ᠠ ᠨᠢ | ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠳᠤ ᠪᠠᠶᠢᠬᠤ ᠶᠤᠮ᠃ ᠨᠢᠭᠡ | ᠲᠠᠯ᠎ᠠ ᠪᠠᠷ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠠᠳᠬᠤᠵᠤ᠂ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢᠶᠠᠨ ᠪᠤᠶᠢᠵᠢᠭᠤᠯᠤᠨ ᠪᠤᠵᠠᠭᠠᠶᠢᠷᠠᠭᠤᠯᠬᠤ | ᠠᠵᠢᠯᠯᠠᠭᠠᠨ ᠢ ᠥᠷᠨᠢᠭᠦᠯᠦᠨ᠂ ᠴᠠᠭᠠᠨ ᠢᠳᠡᠭᠡ᠂ ᠦᠬᠡᠷ ᠬᠤᠨᠢᠨ ᠤ ᠮᠢᠬ᠎ᠠ ᠵᠡᠷᠭᠡ 10 ᠲᠦᠷᠦᠯ ᠢᠯᠭᠠᠯ ᠤᠨ | ᠲᠣᠭᠤᠷᠢᠨ ᠳᠤ᠂ ᠬᠡᠯᠬᠢᠶᠡᠨ ᠤ ᠭᠤᠣᠯ ᠪᠣᠯᠬᠤ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠢ ᠶᠡᠭᠡ ᠪᠠᠷ | ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠦᠢᠯᠡᠰ ᠤᠨ ᠬᠡᠯᠬᠢᠶᠡᠨ ᠤ ᠲᠡᠭᠦᠰᠬᠡᠯ ᠦᠵᠦᠭᠦᠷ ᠪᠠ | ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠠᠬᠢᠭᠤᠯᠤᠨ᠂ ᠭᠤᠣᠯ ᠪᠣᠯᠬᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠦ ᠤᠯᠠᠷᠢᠭᠤᠯᠬᠤ ᠨᠤᠷᠮ᠎ᠠ ᠶᠢ 75% ᠠᠴᠠ | ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠨᠦᠭᠦᠬᠡ ᠲᠠᠯ᠎ᠠ ᠪᠠᠷ ᠨᠡᠷᠡᠳᠦ ᠲᠡᠮᠳᠡᠭ ᠢ ᠡᠵᠡᠩᠨᠡᠨ | ᠪᠣᠷᠣᠯᠠᠭᠤᠯᠬᠤ ᠶᠢ ᠠᠳᠬᠤᠨ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠥᠷᠭᠡᠵᠢᠭᠦᠯᠵᠦ᠂ ᠰᠣᠳᠣᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷᠡᠲᠦ ᠲᠡᠮᠳᠡᠭ ᠪᠠ ᠠᠵᠤ ᠠᠬᠤᠶᠢᠯᠠᠯ ᠤᠨ ᠪᠦᠲᠦᠭᠡᠭᠳᠡᠬᠦᠨ ᠤ ᠨᠡᠷᠡᠲᠦ ᠲᠡᠮᠳᠡᠭ ᠢᠶᠠᠨ ᠦᠷᠭᠦᠯᠵᠢᠯᠡᠨ | ᠬᠦᠴᠦᠷᠬᠡᠭᠵᠢᠭᠦᠯᠵᠦ᠂ ᠨᠢᠭᠡ ᠪᠦᠯᠦᠭ ᠡᠵᠡᠩᠨᠡᠨ ᠪᠣᠷᠣᠯᠠᠭᠤᠯᠬᠤ ᠲᠥᠪ ᠪᠠ ᠤᠷᠢᠳᠠᠴᠢ ᠰᠠᠩ ᠢ ᠪᠦᠭᠦ ᠤᠯᠤᠰ ᠲᠤ | ᠬᠠᠨᠳᠤᠭᠤᠯᠵᠤ ᠪᠠᠶᠢᠷᠢᠰᠢᠭᠤᠯᠤᠨ᠂ ᠲᠠᠯ᠎ᠠ ᠨᠤᠲᠤᠭ ᠤᠨ ᠰᠠᠶᠢᠬᠠᠨ ᠦᠨᠦᠷ ᠠᠮᠲᠠ ᠶᠢ ᠪᠦᠭᠦ ᠤᠯᠤᠰ ᠲᠤ | ᠠᠩᠬᠢᠯᠤᠭᠤᠯᠤᠨᠠ᠃ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡ ᠦᠵᠦᠭᠦᠷ ᠨᠢ ᠬᠥᠭᠵᠢᠯᠲᠡ ᠶᠢᠨ ᠶᠡᠭᠡ | ᠲᠠᠯ᠎ᠠ ᠲᠠᠢ ᠬᠤᠯᠪᠣᠯᠳᠤᠵᠤ᠂ ᠨᠦᠭᠦᠬᠡ ᠦᠵᠦᠭᠦᠷ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ | ᠬᠤᠯᠪᠣᠯᠳᠤᠵᠤ ᠪᠠᠶᠢᠳᠠᠭ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ | ᠳ᠋ᠢᠬᠢᠲ ᠬᠥᠳᠡᠭᠡ ᠲᠤᠰᠬᠤᠨ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠲᠠᠷᠢᠶᠠᠴᠢᠳ ᠲᠤ ᠠᠰᠢᠭ ᠬᠦᠷᠲᠡᠭᠡᠬᠦ | ᠲᠠᠷᠢᠶᠠᠴᠢᠳ ᠢ ᠪᠠᠶᠠᠵᠢᠭᠤᠯᠬᠤ ᠲᠤᠰᠬᠠᠢ ᠠᠵᠢᠯᠯᠠᠭᠠᠨ ᠢ ᠬᠡᠷᠡᠭᠵᠢᠭᠦᠯᠦᠨ᠂ ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ | ᠠᠵᠢᠯ ᠣᠯᠭᠤᠯᠲᠠ ᠶᠢᠨ ᠰᠢᠪᠲᠤᠯᠤᠯᠲᠠ ᠶᠢᠨ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠴᠢᠨ ᠮᠠᠯᠴᠢᠳ ᠤᠨ ᠬᠥᠮᠥᠨ ᠳᠤᠮᠳᠠᠴᠢ ᠶᠢᠨ | ᠡᠵᠡᠮᠳᠡᠬᠦ᠋ᠢᠴᠡ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠭᠦ ᠣᠷᠣᠨ ᠪᠠ ᠪᠦᠭᠦ ᠤᠯᠤᠰ ᠤᠨ ᠳᠤᠮᠳᠠᠴᠢ | ᠬᠢᠷᠢ ᠲᠦᠪᠰᠢᠨ ᠠᠴᠠ ᠳᠣᠣᠷ᠎ᠠ ᠦᠭᠡᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ | ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ | ᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠠᠬᠢᠭᠤᠯᠵᠤ᠂ ᠣᠢ ᠰᠢᠭᠤᠢ᠂ | ᠲᠠᠷᠢᠶᠠᠯᠠᠩ ᠤᠨ ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ | ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠪᠠᠷ | ᠳᠠᠮᠵᠢᠭᠤᠯᠤᠨ ᠰᠢᠶᠠᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠤᠨ᠎ᠠ᠂ ᠬᠦᠷᠢᠶ᠎ᠡ ᠬᠠᠰᠢᠶᠠᠨ ᠤ ᠠᠵᠤ | ᠠᠬᠤᠢ᠂ ᠤᠢ ᠶᠢᠨ ᠬᠤᠷᠮᠣᠢ ᠶᠢᠨ ᠠᠵᠤ ᠠᠬᠤᠢ᠂ ᠠᠷᠠᠳ ᠤᠨ ᠭᠡᠷ ᠪᠠᠭᠤᠳᠠᠯ ᠤᠨ ᠠᠵᠤ ᠠᠬᠤᠢ ᠶᠢ ᠬᠥᠭᠵᠢᠭᠦᠯᠦᠨ | ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠬᠡᠪᠴᠢᠶ᠎ᠡ ᠶᠢ ᠥᠷᠭᠡᠳᠬᠡᠵᠦ᠂ ︽ᠭᠤᠷᠪᠠᠨ ᠤᠮᠠᠷᠠᠲᠤ︾ | ᠶᠢᠨ ᠢᠨᠵᠧᠨᠧᠷᠢᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠶᠢ ︽ | ᠠᠷᠠᠳ ᠢ ᠪᠠᠶᠠᠵᠢᠭᠤᠯᠬᠤ ᠢᠨᠵᠧᠨᠧᠷᠢᠩ︾ ᠪᠣᠯᠭᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠣᠶᠢᠷ᠎ᠠ ᠬᠠᠪᠢ ᠲᠤᠬᠠᠢ ᠶᠢᠨ ᠭᠠᠵᠠᠷ ᠲᠤ ᠨᠢ ᠠᠵᠢᠯᠴᠢᠨ ᠡᠯᠰᠡᠭᠦᠯᠵᠦ᠂ ᠣᠯᠠᠨ ᠲᠦᠮᠡᠨ ᠳᠤ ᠣᠯᠠᠨ ᠠᠷᠭ᠎ᠠ | ᠵᠠᠮ ᠢᠶᠠᠷ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠪᠠᠷ ᠴᠢᠷᠮᠠᠶᠢᠨ᠎ᠠ᠃ ᠰᠠᠭᠤᠷᠢ ᠪᠡᠯᠡᠳᠬᠡᠮᠵᠢ ᠶᠢ ᠬᠥᠳᠡᠭᠡ | ᠲᠤᠰᠬᠤᠨ ᠲᠡᠶᠢᠰᠢ ᠤᠷᠲᠤᠳᠬᠠᠬᠤ ᠶᠢ ᠠᠬᠢᠭᠤᠯᠤᠨ᠎ᠠ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠡᠷᠭᠡ | ᠨᠡᠪᠲᠡᠷᠡᠭᠦᠯᠬᠦ᠂ ᠰᠦᠯᠵᠢᠶ᠎ᠡ ᠨᠡᠪᠲᠡᠷᠡᠭᠦᠯᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ | ᠰᠠᠶᠢᠲᠤᠷ ᠠᠳᠬᠤᠵᠤ᠂ ᠬᠥᠳᠡᠭᠡ ᠲᠤᠰᠬᠤᠨ ᠤ ᠵᠠᠰᠠᠮᠠᠯ ᠵᠠᠮ ᠢ 5000 ᠺᠢᠯᠣᠮᠧᠳ᠋ᠷ ᠰᠢᠨ᠎ᠡ ᠪᠠᠷ ᠪᠦᠲᠦᠭᠡᠨ | ᠪᠠᠶᠢᠭᠤᠯᠵᠤ᠂ ︽ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠲᠠᠢ ᠪᠣᠯᠭᠠᠬᠤ︾ ᠨᠡᠪᠳᠡᠷᠡᠮᠵᠢ ᠶᠢ 97% ᠠᠴᠠ | ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠂ ᠨᠥᠬᠦᠴᠡᠯ ᠲᠠᠢ ᠭᠠᠵᠠᠷ ᠣᠷᠣᠨ ᠤ ᠣᠯᠠᠨ ᠨᠡᠶᠢᠲᠡ ᠶᠢᠨ | ᠴᠠᠬᠢᠯᠭᠠᠨ ᠴᠡᠨᠡᠭᠯᠡᠬᠦ ᠪᠠ ᠰᠣᠯᠢᠬᠤ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠬᠥᠳᠡᠭᠡ ᠲᠤᠰᠬᠤᠨ ᠤ | ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ᠂ | ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤᠨ ᠤ ᠵᠠᠰᠠᠯᠲᠠ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ | ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠤᠷᠮ᠎ᠠ ᠶᠢ 98% ᠠᠴᠠ ᠳᠡᠭᠡᠭᠰᠢ ᠳᠤ | ᠲᠣᠭᠲᠠᠪᠤᠷᠢᠵᠢᠭᠤᠯᠬᠤ᠂ ᠮᠠᠯ ᠵᠢᠭᠦᠷᠲᠡᠨ ᠤ ᠰᠢᠭᠡᠭ ᠰᠠᠩᠭᠠᠰᠤ ᠶᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ | 83% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠂ ᠤᠯᠤᠰ ᠤᠨ ᠳᠡᠰ ᠤᠨ ᠦᠵᠡᠰᠬᠦᠯᠡᠩᠲᠦ | ᠰᠡᠯᠡᠭᠦᠴᠡᠯ ᠤᠨ ᠬᠥᠳᠡᠭᠡ ᠲᠤᠰᠬᠤᠨ᠂ ᠨᠣᠭᠤᠭᠠᠷᠠᠭᠤᠯᠵᠤ ᠭᠤᠶᠣᠵᠢᠭᠤᠯᠤᠭᠰᠠᠨ ᠵᠢᠱᠢᠶ᠎ᠡ ᠦᠵᠡᠬᠦᠯᠬᠦ ᠭᠠᠴᠠᠭ᠎ᠠ | ᠲᠤᠰᠬᠤᠨ ᠢ ᠰᠠᠶᠢᠲᠤᠷ ᠡᠭᠦᠳᠦᠨ ᠪᠠᠶᠢᠭᠤᠯᠤᠨ᠎ᠠ᠃ | ︵ᠵᠢᠷᠭᠤᠭ᠎ᠠ︶ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠡᠬᠡᠭᠰᠢᠯᠡᠬᠦᠯᠬᠦ ᠠᠵᠢᠯᠯᠠᠭᠠᠨ ᠢᠶᠠᠷ | ᠬᠥᠲᠥᠯᠥᠨ ᠵᠢᠯᠣᠭᠤᠳᠤᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ | ᠴᠣᠭᠴᠠᠯᠠᠨ᠎ᠠ᠃ ᠤᠮᠠᠷᠠᠲᠤ ᠬᠢᠯᠢ ᠶᠢᠨ ᠰᠣᠶᠣᠯ ᠪᠣᠯ ︽ᠤᠶᠤᠨ ᠰᠠᠨᠠᠭᠠᠨ ᠤ ᠪᠠᠶᠠᠨ ᠠᠭᠤᠷᠬᠠᠢ︾ ᠶᠤᠮ᠂ | ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠲᠣᠳᠣᠷᠠᠭᠤᠯᠬᠤ ᠶᠢ ᠪᠠᠷᠢᠮᠲᠠᠯᠠᠵᠤ᠂ | ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠤᠷᠤᠯᠳᠤᠭᠠᠨ ᠤ ᠶᠠᠪᠤᠳᠠᠯ᠂ ᠤᠷᠠᠨ ᠲᠣᠨᠨᠯᠠᠯᠲᠠ᠂ ᠦᠵᠡᠭᠦᠯᠭᠡ᠂ | ᠬᠤᠳᠠᠯᠳᠤᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠦᠴᠦᠷᠬᠡᠭ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠤᠨ᠎ᠠ᠃ | ᠤᠮᠠᠷᠠᠲᠤ ᠬᠢᠯᠢ ᠶᠢᠨ ᠰᠣᠶᠣᠯ ᠳᠤ ᠥᠪᠥᠷ ᠮᠣᠩᠭᠤᠯ ᠤᠨ ᠲᠡᠦᠬᠡ ᠬᠥᠮᠥᠨ ᠰᠣᠶᠣᠯ ᠤᠨ ᠭᠤᠸ᠎ᠠ ᠰᠠᠶᠢᠬᠠᠨ᠂ | ᠦᠵᠡᠮᠵᠢ ᠵᠠᠩ ᠦᠢᠯᠡ ᠶᠢᠨ ᠭᠤᠸ᠎ᠠ ᠰᠠᠶᠢᠬᠠᠨ ᠠᠭᠤᠯᠤᠭᠳᠠᠵᠤ ᠪᠠᠶᠢᠳᠠᠭ᠂ ︽ᠤᠮᠠᠷᠠᠲᠤ ᠬᠢᠯᠢ ᠶᠢᠨ ᠰᠣᠶᠣᠯ ᠤᠨ | ᠡᠬᠡ ᠤᠯᠤᠰ ᠲᠠᠬᠢ ᠠᠶᠠᠯᠠᠯ︾ ᠤᠨ ᠠᠵᠢᠯᠯᠠᠭ᠎ᠠ ᠶᠢ ᠦᠷᠬᠦᠯᠵᠢᠯᠡᠨ ᠥᠷᠨᠢᠭᠦᠯᠵᠦ᠂ ᠤᠯᠠᠭᠠᠨᠮᠥ᠋ᠴᠢᠷ ᠵᠡᠷᠭᠡ | ᠤᠷᠠᠯᠢᠭ ᠤᠨ ᠪᠦᠯᠭᠦᠮ ᠤᠨ ᠪᠦᠬᠦ ᠤᠯᠤᠰ ᠴᠢᠨᠠᠭᠰᠢᠯᠠᠪᠠᠯ ᠭᠠᠳᠠᠭᠠᠳᠤ ᠳᠤ ᠭᠠᠷᠴᠤ ᠦᠵᠡᠭᠦᠯᠭᠡ ᠲᠣᠨᠨᠯᠠᠯᠲᠠ | ᠭᠠᠷᠭᠠᠬᠤ ᠶᠢ ᠳᠡᠮᠵᠢᠵᠦ᠂ ᠮᠠᠨ ᠤ ᠣᠷᠣᠨ ᠤ ᠡᠯᠪᠡᠭ ᠪᠠᠶᠠᠯᠢᠭ ᠲᠡᠦᠬᠡ ᠰᠣᠶᠣᠯ ᠤᠨ ᠥᠪ ᠪᠠ ᠬᠤᠪᠢᠰᠬᠠᠯ ᠤᠨ | ᠡᠬᠢ ᠪᠠᠶᠠᠯᠢᠭ ᠢ ᠥᠷᠭᠡᠨ ᠢᠶᠠᠷ ᠤᠬᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ | ᠭᠦᠢᠴᠡᠳ ᠢᠯᠡᠷᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠦᠯᠡᠳᠡᠭᠳᠡᠯ ᠪᠣᠯ ᠡᠪᠦᠭᠡ ᠳᠡᠭᠡᠳᠦᠰ ᠤᠨ | ᠥᠪᠯᠡᠵᠦ ᠦᠯᠡᠳᠡᠭᠡᠭᠰᠡᠨ ᠬᠤᠪᠣᠷ ᠨᠠᠨᠳᠢᠨ ᠥᠪ ᠬᠥᠷᠥᠩᠭᠡ ᠶᠤᠮ᠂ ᠡᠷᠬᠡᠪᠰᠢ ᠰᠠᠶᠢᠲᠤᠷ ᠬᠠᠮᠠᠭᠠᠯᠠᠵᠤ᠂ ᠰᠠᠶᠢᠲᠤᠷ | ᠵᠠᠯᠭᠠᠮᠵᠢᠯᠠᠵᠤ᠂ ᠰᠠᠶᠢᠲᠤᠷ ᠠᠰᠢᠭᠯᠠᠬᠤ ᠬᠡᠷᠡᠭᠲᠡᠢ᠂ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ ᠤᠷᠢᠳᠠᠴᠢ ᠬᠢᠨᠠᠨ | ᠪᠠᠶᠢᠴᠠᠭᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠭᠤᠴᠢᠨ ᠤ ᠰᠤᠳᠤᠯᠤᠯ ᠤᠨ ᠡᠷᠴᠢᠮ ᠢᠶᠠᠨ | ᠴᠢᠩᠳᠠᠯᠠᠵᠤ᠂ ᠬᠤᠩᠱᠠᠨ ᠰᠣᠶᠣᠯ ᠢ ᠥᠪ ᠢᠶᠠᠷ ᠬᠤᠯᠪᠤᠭᠠᠯᠠᠨ ᠭᠤᠶᠤᠴᠢᠯᠠᠬᠤ ᠶᠢ ᠠᠬᠢᠭᠤᠯᠤᠨ᠂ ᠲᠣᠮᠳᠠᠳᠣ ᠶᠢᠨ | ᠪᠣᠯᠪᠠᠰᠤᠨ ᠤ ᠡᠬᠢ ᠡᠭᠦᠰᠦᠯ ᠤᠨ ᠰᠦᠪᠡᠭᠴᠢᠯᠡᠯᠲᠡ ᠳᠤ ᠬᠤᠪᠢ ᠨᠡᠮᠡᠷᠢ ᠦᠵᠡᠭᠦᠯᠦᠨ᠎ᠡ᠃ ᠤᠳᠬ᠎ᠠ ᠤᠷᠠᠯᠢᠭ ᠤᠨ | ᠪᠦᠲᠦᠭᠡᠯ ᠪᠣᠯ ᠤᠮᠠᠷᠠᠲᠤ ᠬᠢᠯᠢ ᠶᠢᠨ ᠰᠣᠶᠣᠯ ᠤᠨ ᠬᠠᠮᠤᠭ ᠤᠨ ᠠᠮᠢᠳᠤᠯᠢᠭ ᠠᠴᠢᠶᠠᠯᠠᠪᠤᠷᠢ ᠪᠣᠯᠣᠨ᠎ᠠ᠂ ᠤᠯᠤᠰ ᠤᠨ | ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠪᠠ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠲᠦᠷᠦᠯ ᠵᠦᠢᠯ ᠪᠠ | ᠰᠣᠳᠣᠨ ᠪᠦᠲᠦᠭᠡᠯ ᠢ ᠲᠡᠳᠬᠦᠨ ᠳᠡᠮᠵᠢᠬᠦ᠂ ᠱᠠᠩᠨᠠᠨ ᠬᠥᠬᠢᠭᠦᠯᠬᠦ ᠡᠷᠴᠢᠮ ᠢᠶᠠᠨ ᠴᠢᠩᠳᠠᠯᠠᠵᠤ᠂ ᠤᠳᠬ᠎ᠠ | ᠤᠷᠠᠯᠢᠭ ᠤᠨ ᠠᠵᠢᠯᠲᠠᠳ ᠤᠨ ᠵᠣᠬᠢᠶᠠᠨ ᠪᠦᠲᠦᠭᠡᠬᠦ ᠤᠷᠮ᠎ᠠ ᠵᠣᠷᠢᠭ ᠢ ᠭᠦᠢᠴᠡᠳ ᠬᠥᠭᠵᠢᠭᠡᠵᠦ᠂ ᠨᠡᠩ ᠤᠯᠠᠨ | ᠰᠣᠳᠣᠨ ᠪᠦᠲᠦᠭᠡᠯ ᠳᠣᠷᠪᠢᠯᠢᠭ ᠵᠣᠬᠢᠶᠠᠯ ᠢ ᠪᠣᠢ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠩ ᠣᠯᠠᠨ | ᠲᠣᠮᠣ ᠱᠠᠩᠨᠠᠯ ᠢ ᠭᠦᠷᠲᠡᠬᠦ ᠪᠠᠷ ᠮᠡᠷᠡᠶᠢᠨ ᠴᠢᠷᠮᠠᠶᠢᠨ᠎ᠠ᠃ ᠣᠳᠣᠬᠠᠨ ᠳᠤ ᠰᠣᠶᠣᠯ ᠤᠨ ᠦᠵᠡᠰᠭᠦᠯᠡᠩ ᠤᠨ ᠬᠠᠯᠠᠭᠤᠷᠠᠯ | ᠂ ᠪᠣᠳᠠᠰ ᠤᠨ ᠪᠤᠰᠤ ᠰᠣᠶᠣᠯ ᠤᠨ ᠥᠪ ᠤᠨ ᠤᠷᠤᠰᠬᠠᠯ ᠨᠢ ᠴᠠᠭ ᠤᠨ ᠰᠢᠨ᠎ᠡ ᠥᠩᠭᠡ ᠪᠣᠯᠤᠭᠰᠠᠨ ᠪᠠᠶᠢᠨ᠎ᠠ᠂ | ᠡᠶᠢᠮᠦᠷᠬᠦᠦ ᠪᠠᠶᠢᠳᠠᠯ ᠬᠠᠨᠳᠤᠰᠢ ᠲᠠᠢ ᠵᠣᠬᠢᠴᠠᠭᠤᠯᠤᠨ᠂ ᠲᠣᠮᠣ ᠬᠡᠯᠪᠡᠷᠢ ᠶᠢᠨ ᠪᠠᠶᠠᠷ ᠳᠤᠷᠠᠰᠬᠠᠯ᠂ ᠡᠯ᠎ᠡ ᠲᠦᠷᠦᠯ ᠤᠨ | ᠳᠡᠯᠭᠡᠨ ᠦᠵᠡᠭᠦᠯᠭᠡ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠳᠤ ᠤᠮᠠᠷᠠᠲᠤ ᠬᠢᠯᠢ ᠶᠢᠨ ᠰᠣᠶᠣᠯ ᠤᠨ ᠡᠯᠧᠮᠧᠨ᠋ᠲ | ᠪᠠ ᠢᠯᠡᠷᠬᠡᠶᠢᠯᠡᠯᠲᠦ ᠲᠡᠮᠳᠡᠭ ᠢ ᠰᠢᠭᠢᠳᠬᠡᠵᠦ᠂ ᠪᠦᠲᠦᠭᠡᠯᠴᠢ ᠵᠢᠷᠤᠭ ᠲᠥᠯᠥᠪᠯᠡᠭᠡ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠬᠦᠴᠦᠨ ᠴᠢᠳᠠᠮᠵᠢ ᠶᠢ ᠡᠷᠴᠢᠮᠯᠡᠬᠦ ᠪᠠᠨ ᠴᠢᠩᠭᠠᠳᠬᠠᠨ᠂ ᠥᠪᠡᠷᠮᠢᠴᠡ ᠬᠡᠪ ᠨᠠᠮᠪᠠ ᠪᠦᠬᠦᠢ | ᠰᠣᠶᠣᠯ ᠤᠨ ︽ᠺᠠᠷᠳ᠋ᠯᠠᠬᠤ ᠭᠠᠵᠠᠷ︾ ᠢ ᠨᠡᠩ ᠤᠯᠠᠨ ᠴᠣᠭᠴᠠᠯᠠᠨ᠎ᠠ᠃ | ᠥᠪᠥᠷ ᠮᠣᠩᠭᠤᠯ ᠳᠤ ᠡᠯᠪᠡᠭ ᠳᠡᠯᠪᠡᠭ ᠵᠢᠭᠤᠯᠴᠢᠯᠠᠯ ᠤᠨ ᠡᠬᠢ ᠪᠠᠶᠠᠯᠢᠭ ᠲᠠᠢ᠂ ᠭᠡᠪᠡᠴᠦ ︽ᠰᠠᠷᠬᠤᠳ ᠤᠨ | ᠠᠩᠬᠢᠯᠤᠮ᠎ᠠ ᠦᠨᠦᠷ ᠭᠤᠳᠤᠮᠵᠢ ᠶᠢᠨ ᠭᠦᠨ ᠳᠤ ᠬᠠᠰᠢᠭᠳᠠᠵᠤ ᠮᠡᠳᠡᠨ᠎ᠡ︾᠂ ᠲᠠᠯ᠎ᠠ ᠨᠤᠲᠤᠭ ᠤᠢ ᠰᠢᠭᠤᠢ᠂ | ᠡᠯᠡᠰᠦᠨ ᠴᠦᠯ ᠭᠤᠪᠢ ᠪᠦᠷᠢᠳᠦ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ ᠵᠡᠷᠭᠡ ᠭᠤᠶᠢᠳᠠ ᠰᠠᠶᠢᠬᠠᠨ | ᠭᠠᠵᠠᠷ ᠢᠶᠠᠨ ᠰᠠᠶᠢᠲᠤᠷ ᠤᠬᠠᠭᠤᠯᠵᠤ᠂ ︽ᠣᠷᠳᠣ ᠴᠠᠭᠠᠨ ᠬᠡᠷᠡᠮ ᠤᠨ ᠡᠮᠦᠨ᠎ᠡ ᠤᠮᠠᠷ᠎ᠠ ᠨᠤᠲᠤᠭ︾᠂ ︽ | ᠦᠵᠡᠰᠬᠦᠯᠡᠩᠲᠦ ᠰᠠᠶᠢᠬᠠᠨ ᠮᠢᠨᠤ ᠨᠤᠲᠤᠭ︾ ᠵᠡᠷᠭᠡ ᠰᠠᠶᠢᠬᠠᠨ ᠦᠯᠢᠬᠡᠷ ᠢᠶᠠᠨ ᠰᠠᠶᠢᠲᠤᠷ ᠢᠯᠡᠷᠡᠭᠦᠯᠵᠦ᠂ ᠨᠡᠷᠡᠲᠦ | ᠲᠡᠮᠳᠡᠭ ᠢᠶᠠᠨ ᠬᠦᠴᠦᠷᠬᠡᠭᠵᠢᠭᠦᠯᠦᠨ᠂ ᠡᠵᠡᠩᠨᠡᠯᠲᠡ ᠶᠢᠨ ᠪᠠᠶᠢᠳᠠᠯ ᠢᠶᠠᠨ ᠨᠠᠷᠢᠯᠢᠭᠵᠢᠭᠤᠯᠵᠤ᠂ ᠨᠡᠩ ᠤᠯᠠᠨ ᠬᠥᠮᠥᠰ ᠢ | ᠥᠪᠥᠷ ᠮᠣᠩᠭᠤᠯ ᠳᠤ ᠲᠠᠲᠠᠨ ᠠᠪᠴᠢᠷᠠᠵᠤ᠂ ᠥᠪᠥᠷ ᠮᠣᠩᠭᠤᠯ ᠳᠤ ᠮᠠᠨᠢ ᠬᠠᠶᠢᠷᠠᠲᠠᠢ ᠪᠣᠯᠭᠠᠨ᠂ | ᠵᠢᠭᠤᠯᠴᠢᠯᠠᠭᠴᠢᠳ ᠤᠨ ᠲᠤᠭ᠎ᠠ ᠬᠡᠮᠵᠢᠶ᠎ᠡ ᠶᠢ 3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠭᠤᠯᠬᠤ ᠪᠠᠷ ᠬᠦᠴᠦᠯᠡᠨ | ᠴᠢᠷᠮᠠᠶᠢᠨ᠎ᠠ᠃ ᠵᠢᠭᠤᠯᠴᠢᠯᠠᠯ ᠤᠨ ᠷᠢᠳᠢ ᠰᠢᠳᠢ ᠨᠢ ᠪᠡᠶᠡᠴᠢᠯᠡᠨ ᠣᠶᠢᠯᠠᠭᠠᠬᠤ ᠲᠥᠷᠥᠭᠳᠡᠯ ᠰᠠᠶᠢᠨ᠂ ᠪᠠᠶᠠᠷ | ᠪᠠᠶᠠᠰᠤᠯ ᠲᠠᠢ ᠵᠤᠭᠠᠯᠠᠨ ᠨᠠᠭᠠᠳᠬᠤ ᠳᠤ ᠪᠣᠢ᠂ ᠵᠢᠭᠤᠯᠴᠢᠯᠠᠯ ᠤᠨ ︽ᠲᠦᠷᠪᠡᠨ ᠭᠠᠵᠠᠷ︾ ᠤᠨ IP ᠢ ᠲᠡᠰ | ᠳᠡᠪᠰᠢᠭᠦᠯᠦᠨ ᠴᠣᠭᠴᠠᠯᠠᠵᠤ᠂ ︽ᠲᠦᠷᠪᠡᠨ ᠤᠯᠠᠷᠢᠯ︾ ᠢᠶᠠᠷ ᠵᠤᠭᠠᠴᠠᠨ ᠲᠣᠭᠤᠷᠢᠬᠤ ᠨᠡᠷ᠎ᠡ ᠶᠢᠨ ᠬᠠᠭᠤᠳᠠᠰᠤ ᠶᠢ | ᠠᠯᠳᠠᠷᠰᠢᠭᠤᠯᠵᠤ᠂ ᠣᠳᠣ ᠦᠶ᠎ᠡ ᠶᠢᠨ ᠲᠠᠯ᠎ᠠ ᠨᠤᠲᠤᠭ ᠢ ᠢᠯᠡᠷᠡᠭᠦᠯᠬᠦ ᠠᠶᠠᠯᠠᠯ᠂ ᠠᠯᠳᠠᠨ ᠰᠢᠷᠭᠠᠯ ᠡᠯᠡᠰᠦᠨ ᠴᠥᠯ ᠢ | ᠲᠤᠭᠤᠯᠬᠤ ᠠᠶᠠᠯᠠᠯ᠂ ᠮᠥᠰᠥ ᠴᠠᠰᠤᠨ ᠤ ᠶᠢᠷᠲᠢᠨᠴᠦ ᠶᠢᠨ ᠳᠣᠮᠣᠭᠲᠤ ᠠᠶᠠᠯᠠᠯ ᠵᠡᠷᠭᠡ ᠵᠢᠭᠤᠯᠴᠢᠯᠠᠯ ᠤᠨ ᠵᠠᠮ | ᠱᠤᠭᠤᠮ ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠭᠦᠬᠡᠬᠤᠲᠡ ᠶᠢᠨ ᠳᠠᠭᠤᠤ ᠬᠥᠭᠵᠢᠮ ᠤᠨ ᠦᠳᠡᠰᠢᠯᠡᠭᠡ ᠪᠠ | ᠣᠨ ᠰᠣᠯᠢᠭᠳᠠᠬᠤ ᠰᠥᠨᠢ ᠶᠢᠨ ᠨᠠᠶᠢᠷ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠬᠥᠯᠥᠨ ᠪᠦᠢᠷ ᠤᠨ | ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ᠂ ᠤᠯᠠᠭᠠᠨᠴᠠᠪ ᠤᠨ ᠦᠳᠡᠰᠢ᠂ ᠣᠷᠳᠣᠰ ᠤᠨ ︽ᠲᠠᠯ᠎ᠠ | ᠨᠤᠲᠤᠭ ᠤᠨ ᠲᠣᠰᠬᠤᠨ ᠤ ᠠᠯᠠᠭᠠᠳᠠᠬᠤ ᠪᠥᠮᠪᠦᠭᠡ︾ ᠵᠡᠷᠭᠡ ᠨᠡᠷᠡᠲᠦ ᠲᠡᠮᠳᠡᠭ ᠢ ᠡᠷᠬᠢᠯᠡᠨ ᠶᠠᠪᠤᠭᠳᠠᠭᠤᠯᠬᠤ ᠲᠤᠰᠤᠮ | ᠴᠤᠤᠷᠢᠶᠠᠲᠤᠭᠤᠯᠤᠨ᠎ᠠ᠃ ᠣᠨᠴᠠᠭᠠᠶᠢᠯᠠᠨ ︽ᠮᠠᠰᠢᠨ ᠪᠠᠷᠢᠵᠤ ᠬᠥᠳᠡᠭᠡ ᠲᠠᠯ᠎ᠠ ᠪᠠᠷ ᠳᠠᠪᠬᠢᠭᠤᠯᠤᠨ᠂ ᠥᠪᠥᠷ | ᠮᠣᠩᠭᠤᠯ ᠳᠤ ᠵᠢᠭᠤᠯᠴᠢᠯᠠᠨ ᠰᠠᠭᠤᠷᠢᠰᠢᠵᠠᠭᠠᠶᠠ︾ ᠠᠵᠢᠯᠯᠠᠭ᠎ᠠ ᠶᠢ ᠨᠠᠷᠢᠯᠢᠭ ᠤᠬᠠᠭᠠᠯᠠᠨ ᠲᠥᠯᠥᠪᠯᠡᠵᠦ᠂ ᠲᠣᠮᠳᠠᠲᠣ | ᠤᠯᠤᠰ ᠤᠨ ᠬᠠᠮᠤᠭ ᠤᠨ ᠭᠤᠶᠤ ᠬᠢᠯᠢ ᠬᠢᠵᠠᠭᠠᠷ ᠤᠨ ᠵᠠᠮ 331 ᠶᠢ ᠴᠣᠭᠴᠠᠯᠠᠵᠤ᠂ ᠵᠠᠮ ᠳᠠᠭᠠᠤ ᠰᠠᠴᠤᠭᠳᠠᠭᠰᠠᠨ | ︽ᠰᠤᠪᠤᠳ︾ ᠢ ︽ᠰᠣᠨᠳᠣᠷ︾ ᠪᠣᠯᠭᠠᠨ ᠬᠡᠯᠬᠢᠵᠦ᠂ ᠮᠠᠰᠢᠨ ᠪᠠᠷᠢᠵᠤ ᠵᠢᠭᠤᠯᠴᠢᠯᠠᠬᠤ ᠪᠠ ᠵᠢᠭᠤᠯᠴᠢᠯᠠᠨ | ᠰᠠᠭᠤᠷᠢᠰᠢᠬᠤ ᠶᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠰᠢᠨ᠎ᠡ ᠬᠢᠯᠠᠰ ᠴᠡᠭ ᠪᠣᠯᠭᠠᠨ᠎ᠠ᠃ | ᠪᠤᠭᠤᠲᠤ ᠶᠢᠨ ᠲᠡᠦᠬᠡ ᠰᠣᠶᠣᠯ ᠤᠨ ᠴᠤᠤᠲᠤ ᠬᠤᠲᠠ᠂ ᠬᠢᠩᠭᠠᠨ ᠠᠶᠢᠮᠠᠭ ᠤᠨ ᠳᠡᠯᠡᠬᠡᠢ ᠶᠢᠨ ᠲᠡᠰ ᠤᠨ ᠵᠢᠭᠤᠯᠴᠢᠯᠠᠯ | ᠠᠮᠠᠷᠠᠯᠲᠠ ᠶᠢᠨ ᠣᠷᠣᠨ᠂ ᠪᠠᠳᠠᠢ ᠶᠢᠨ ᠵᠢᠷᠠᠨ ᠤ ᠳᠡᠯᠡᠬᠡᠢ ᠶᠢᠨ ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ | ᠤᠯᠠᠭᠠᠢ ᠣᠯᠠᠨ ᠲᠣᠬᠤᠢ ᠶᠢ 5A ᠲᠡᠰ ᠤᠨ ᠦᠵᠡᠮᠵᠢ ᠶᠢᠨ ᠣᠷᠣᠨ ᠢᠶᠠᠷ ᠲᠦᠷᠭᠡᠳᠬᠡᠨ ᠡᠭᠦᠳᠦᠨ ᠪᠠᠶᠢᠭᠤᠯᠵᠤ᠂ | ᠯᠣᠣ ᠨᠢᠦ ᠸᠠᠨ ᠬᠠᠲᠤᠨ ᠭᠤᠣᠯ ᠤᠨ ᠶᠡᠭᠡ ᠬᠠᠪᠴᠢᠯ ᠢ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ | ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠮᠥᠰᠥ ᠴᠠᠰᠤᠨ ᠤ ᠠᠵᠤ ᠠᠬᠤᠢ ᠪᠣᠯ ᠲᠦᠮᠡᠨ ᠳ᠋ᠦᠩᠰᠢᠭᠤᠷ ᠤᠨ | ᠳᠡᠰ ᠤᠨ ᠰᠢᠨ᠎ᠡ ᠥᠷᠢᠰᠦᠯᠳᠦᠭᠡᠨ ᠤ ᠴᠠᠷᠠᠭ᠎ᠠ ᠪᠣᠯᠣᠨ᠎ᠠ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ | ᠴᠠᠰᠤᠨ ᠤ ᠰᠣᠶᠣᠯ᠂ ᠮᠥᠰᠥ ᠴᠠᠰᠤᠨ ᠤ ᠲᠣᠨᠣᠭᠯᠠᠯ᠂ ᠮᠥᠰᠥ ᠴᠠᠰᠤᠨ ᠤ ᠵᠢᠭᠤᠯᠴᠢᠯᠠᠯ ᠵᠡᠷᠭᠡ ᠪᠦᠬᠦ | ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠯᠠᠨ ᠲᠦᠮᠡᠨᠴᠢ | ᠴᠢᠨᠠᠷᠲᠠᠢ᠂ ᠲᠣᠭᠯᠠᠯᠲᠠ ᠶᠢᠨ ᠴᠢᠨᠠᠷᠲᠠᠢ᠂ ᠤᠷᠤᠯᠳᠤᠭᠠᠨ ᠤ ᠴᠢᠨᠠᠷᠲᠠᠢ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠎ᠡ᠃ ᠳᠠᠩ ᠬᠠᠪᠲᠠᠰᠤᠨ ᠤ ᠴᠠᠨᠠᠯᠠᠯᠲᠠ ᠶᠢᠨ ᠵᠡᠷᠭᠡᠴᠡᠭᠡ ᠶᠡᠭᠡ | ᠡᠷᠭᠢᠯᠲᠡ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ ᠪᠠ ᠪᠦᠬᠦ ᠤᠯᠤᠰ ᠤᠨ ᠴᠢᠯᠦᠭᠡᠲᠦ ᠴᠡᠨᠡᠯᠡᠯᠲᠡ᠂ ᠣᠶᠢᠷ᠎ᠠ | ᠵᠠᠢ ᠶᠢᠨ ᠲᠦᠷᠭᠡᠨ ᠲᠡᠰᠢᠯᠲᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠮᠥᠰᠥ ᠴᠠᠰᠤᠨ ᠤ | ᠤᠷᠤᠯᠳᠤᠭᠠᠨ ᠤ ᠶᠠᠪᠤᠳᠠᠯ ᠢ ᠰᠡᠳᠬᠢᠯ ᠲᠠᠯᠪᠢᠨ ᠡᠷᠬᠢᠯᠡᠵᠦ᠂ ᠲᠤᠮᠳᠠᠳᠤ ᠤᠯᠤᠰ ᠤᠨ ᠬᠦᠢᠲᠡᠨ ᠤ ᠲᠦᠢᠯ ᠤᠨ | ᠮᠠᠷᠠᠰᠤᠨ ᠤᠷᠤᠯᠳᠤᠭᠠᠨ᠂ ᠪᠦᠭᠦ ᠤᠯᠤᠰ ᠤᠨ ᠪᠦᠢᠺᠦ ᠪᠥᠮᠪᠥᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠦᠭᠦ | ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠲᠠᠮᠢᠷ ᠤᠨ ᠴᠤᠭᠯᠠᠭᠠᠨ᠂ ᠰᠢᠯᠢ ᠶᠢᠨ ᠭᠤᠣᠯ ᠤᠨ | ᠮᠣᠩᠭᠤᠯ ᠮᠣᠷᠢᠨ ᠤ ᠬᠡᠳᠦ ᠳᠡᠰ ᠤᠨ ᠬᠤᠯᠪᠣᠭᠠᠲᠤ ᠤᠷᠤᠯᠳᠤᠭᠠᠨ ᠵᠡᠷᠭᠡ ᠣᠨᠴᠠᠯᠢᠭᠲᠤ ᠤᠷᠤᠯᠳᠤᠭᠠᠨ ᠤ ᠶᠠᠪᠤᠳᠠᠯ ᠢ | ᠰᠠᠶᠢᠲᠤᠷ ᠡᠷᠬᠢᠯᠡᠵᠦ᠂ ᠨᠡᠩ ᠣᠯᠠᠨ ᠬᠥᠮᠥᠰ ᠢ ᠤᠷᠤᠯᠳᠤᠭᠠᠨ ᠤ ᠲᠠᠰᠢᠷᠠᠮ ᠢᠶᠠᠷ ᠵᠢᠭᠤᠯᠴᠢᠯᠠᠷᠠ ᠢᠷᠡᠭᠦᠯᠦᠨ᠎ᠡ᠃ | ︵ᠳᠣᠯᠤᠭ᠎ᠠ︶ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠬᠦᠴᠦᠯᠡᠨ ᠠᠳᠬᠤᠵᠤ᠂ ᠠᠵᠤ | ᠠᠬᠤᠶᠢᠯᠠᠯ ᠤᠨ ᠬᠦᠴᠢᠷ ᠠᠰᠠᠭᠤᠳᠠᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ ᠥᠭᠭᠦᠨ᠎ᠡ᠃ ᠨᠢᠭᠡ ᠭᠠᠵᠠᠷ | ᠣᠷᠣᠨ ᠤ ᠠᠵᠤ ᠠᠬᠤᠢ ᠶᠢᠨ ᠬᠥᠭᠵᠢᠯᠲᠡ ᠨᠢ ᠡᠴᠦᠰ ᠤᠨ ᠡᠴᠦᠰ ᠲᠤ ᠪᠠᠨ ᠠᠵᠤ ᠠᠬᠤᠶᠢᠯᠠᠯ ᠳᠤ ᠲᠦᠰᠢᠭᠯᠡᠳᠡᠭ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠯᠢ ᠨᠢ ᠴᠦ | ᠭᠡᠰᠡᠨ ᠦᠭᠡᠢ ᠪᠦᠷ ᠵᠠᠰᠠᠭ ᠤᠨ ᠣᠷᠳᠣᠨ ᠤ ᠦᠢᠯᠡᠴᠢᠯᠡᠬᠦ ᠡᠲᠡᠭᠡᠳ ᠮᠥᠨ᠂ ᠠᠵᠤ ᠠᠬᠤᠶᠢᠯᠠᠯ ᠳᠤ ᠲᠤᠰᠠᠯᠠᠬᠤ | ᠠᠵᠢᠯᠯᠠᠭᠠᠨ ᠪᠣᠯ ᠳᠠᠷᠤᠢ ᠠᠵᠤ ᠠᠬᠤᠶᠢᠯᠠᠯᠲᠠᠳ ᠢ ᠭᠡᠷ ᠤᠨ ᠢᠶᠠᠨ ᠬᠥᠮᠥᠨ ᠠᠳᠠᠯᠢ ᠦᠵᠡᠵᠦ᠂ ᠠᠵᠤ | ᠠᠬᠤᠶᠢᠯᠠᠯ ᠤᠨ ᠠᠵᠢᠯ ᠶᠠᠪᠤᠳᠠᠯ ᠢ ᠭᠡᠷ ᠤᠨ ᠢᠶᠠᠨ ᠠᠵᠢᠯ ᠶᠠᠪᠤᠳᠠᠯ ᠪᠣᠯᠭᠠᠨ᠂ ᠵᠠᠰᠠᠭ ᠤᠨ ᠣᠷᠳᠣᠨ ᠪᠠ ᠠᠵᠤ | ᠠᠬᠤᠶᠢᠯᠠᠯ ᠭᠠᠷ ᠬᠤᠯᠪᠣᠯᠴᠠᠨ ᠬᠠᠮᠲᠤ ᠪᠠᠷ ᠬᠥᠭᠵᠢᠯᠲᠡ ᠶᠢ ᠡᠷᠢᠯᠬᠢᠯᠡᠬᠦ ᠶᠠᠪᠤᠳᠠᠯ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ | ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠵᠤ᠂ ᠴᠢᠨᠠᠷ ᠢᠶᠠᠨ ᠳᠡᠭᠡᠭᠰᠢᠯᠡᠭᠦᠯᠦᠨ ᠦᠷ᠎ᠡ | ᠪᠦᠲᠦᠮᠵᠢ ᠪᠠᠨ ᠨᠡᠮᠡᠭᠳᠡᠭᠦᠯᠦᠨ᠎ᠡ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ | ᠠᠷᠭ᠎ᠠ ᠬᠡᠮᠵᠢᠶ᠎ᠡ ᠲᠣᠭᠲᠠᠭᠠᠨ᠂ ᠠᠷᠭ᠎ᠠ ᠪᠣᠳᠣᠯᠭ᠎ᠠ ᠠᠪᠴᠤ᠂ ᠪᠣᠳᠠᠲᠤ ᠠᠮᠵᠢᠯᠲᠠ ᠣᠯᠬᠤ ᠶᠢ ᠴᠢᠩᠭ᠎ᠠ ᠠᠩᠬᠠᠷᠬᠤ | ᠬᠡᠷᠡᠭᠲᠡᠢ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠦᠬᠦ ᠬᠦᠴᠦᠨ ᠢᠶᠠᠷ ᠢᠶᠠᠨ ᠪᠦᠰᠡᠯᠡᠯᠲᠡ ᠰᠢᠪᠲᠤᠯᠵᠤ᠂ | ᠡᠵᠡᠩᠨᠡᠯᠲᠡ ᠶᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠦᠷ᠎ᠡ ᠠᠰᠢᠭ ᠢᠶᠠᠨ ᠳᠡᠭᠡᠭᠰᠢᠯᠡᠭᠦᠯᠬᠦ | ᠲᠠᠯ᠎ᠠ ᠳᠤ ᠬᠦᠴᠦ ᠲᠠᠯᠪᠢᠨ᠂ ᠡᠵᠡᠩᠨᠡᠯᠲᠡ ᠶᠢᠨ ᠣᠷᠣᠯᠭ᠎ᠠ ᠶᠢ 1200 ᠳ᠋ᠦᠩᠰᠢᠭᠤᠷ ᠲᠥᠭᠦᠷᠢᠭ ᠲᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠤᠮᠠᠷᠠᠲᠤ ᠶᠢᠨ ᠬᠤᠪᠣᠷ ᠰᠢᠷᠣᠢ ᠶᠢᠨ ᠪᠦᠯᠦᠭᠯᠡᠯ ︽ᠬᠤᠪᠣᠷ | ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ | ᠦᠢᠯᠡᠳᠬᠦᠨ ᠤ ᠦᠷᠲᠡᠭ ᠵᠠᠬ᠎ᠠ ᠳᠡᠯᠭᠡᠭᠦᠷ ᠤᠨ ᠦᠷᠲᠡᠭ᠂ ᠡᠵᠡᠩᠨᠡᠯᠲᠡ ᠶᠢᠨ ᠠᠰᠢᠭ ᠣᠷᠣᠯᠭ᠎ᠠ ᠪᠠᠷ ᠢᠶᠠᠨ ᠠᠵᠢᠯ | ᠲᠥᠷᠥᠯ ᠤᠨ ᠲᠡᠷᠢᠭᠦᠨ ᠪᠠᠶᠢᠷᠢ ᠪᠠᠨ ᠪᠠᠲᠤᠯᠠᠨ᠎ᠠ᠃ ᠴᠠᠬᠢᠯᠭᠠᠨ ᠬᠦᠴᠦᠨ ᠤ ᠪᠦᠯᠦᠭᠯᠡᠯ ︽ᠴᠠᠬᠢᠯᠭᠠᠨ ᠬᠦᠴᠦᠨ ᠤ | ᠲᠣᠣᠷ ᠢ ᠬᠦᠴᠦᠷᠬᠡᠭᠵᠢᠭᠦᠯᠬᠦ︾ ᠠᠵᠢᠯᠯᠠᠭᠠᠨ ᠢ ᠰᠠᠶᠢᠲᠤᠷ ᠬᠡᠷᠡᠭᠵᠢᠭᠦᠯᠵᠦ᠂ ︽ᠳᠦᠷᠪᠡᠨ ᠬᠥᠨᠳᠡᠯᠡᠨ ᠵᠢᠷᠭᠤᠭᠠᠨ | ᠭᠤᠯᠳᠤ︾ 500 ᠺᠢᠯᠣᠸᠣᠯᠲ ᠤᠨ ᠭᠤᠣᠯ ᠴᠠᠬᠢᠯᠭᠠᠨ ᠬᠦᠴᠦᠨ ᠤ ᠲᠣᠣᠷ ᠤᠨ ᠵᠢᠶᠠᠰᠠ ᠶᠢ ᠪᠦᠬᠦ ᠲᠠᠯ᠎ᠠ ᠪᠠᠷ | ᠪᠠᠶᠢᠭᠤᠯᠤᠨ ᠳᠠᠭᠤᠰᠬᠠᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ | ᠲᠦᠷᠭᠡᠳᠬᠡᠵᠦ᠂ ᠪᠦᠬᠦ ᠣᠷᠣᠨ ᠤ ᠪᠣᠬᠢᠷᠲᠤᠯ ᠦᠭᠡᠢ ᠬᠥᠭᠵᠢᠯᠲᠡ ᠳᠤ ᠨᠡᠩ ᠢᠯᠡᠭᠦᠦ ᠬᠤᠪᠢ ᠨᠡᠮᠡᠷᠢ ᠦᠵᠡᠭᠦᠯᠦᠨ᠎ᠡ | ᠃ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠮᠠᠨ ᠤ ᠣᠷᠣᠨ ᠤ ᠡᠨᠧᠷᠬᠢ ᠶᠢᠨ ᠠᠵᠤ ᠠᠬᠤᠶᠢᠯᠠᠯ ᠤᠨ ᠰᠠᠶᠢᠨ | ︽ᠨᠢᠷᠤᠭᠤ ᠲᠤᠯᠭᠠᠭᠤᠷᠢ︾ ᠪᠣᠯᠵᠤ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠪᠠᠨ 4500 | ᠲᠦᠮᠡᠨ ᠺᠢᠯᠣᠸᠠᠲ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠵᠤ᠂ ᠡᠳ᠋ ᠬᠥᠷᠥᠩᠭᠡ ᠪᠠ ᠡᠵᠡᠩᠨᠡᠯᠲᠡ ᠶᠢᠨ | ᠣᠷᠣᠯᠭ᠎ᠠ ᠶᠢᠨ ︽ᠬᠤᠣᠰ ᠮᠢᠩᠭᠠᠨ ᠳ᠋ᠦᠩᠰᠢᠭᠤᠷ︾ ᠤᠨ ᠬᠠᠷᠠᠯᠲᠠ ᠲᠡᠶᠢᠰᠢ ᠲᠦᠷᠭᠡᠬᠡᠨ ᠤᠷᠤᠭᠰᠢᠯᠠᠨ᠎ᠠ᠃ ᠵᠠᠮ | ᠬᠠᠷᠢᠯᠴᠠᠭᠠᠨ ᠤ ᠪᠦᠯᠦᠭᠯᠡᠯ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ ᠪᠠᠷᠢᠮᠵᠢᠶᠠᠯᠠᠨ | ᠬᠠᠷᠭᠤᠭᠤᠯᠵᠤ᠂ ᠬᠢᠷᠢ ᠭᠡᠮ ᠵᠡᠷᠭᠡ ᠳᠡᠰ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠤ ᠳᠣᠲᠣᠭᠠᠳᠤ | ᠭᠠᠳᠠᠭᠠᠳᠤ ᠶᠢᠨ ᠵᠠᠬ᠎ᠠ ᠳᠡᠯᠭᠡᠭᠦᠷ ᠢ ᠴᠢᠷᠮᠠᠶᠢᠨ ᠥᠷᠭᠡᠳᠬᠡᠵᠦ᠂ ᠳᠤᠮᠳᠠᠳᠤ ᠤᠯᠤᠰ ᠤᠨ 500 ᠬᠦᠴᠦᠷᠬᠡᠭ ᠠᠵᠤ | ᠠᠬᠤᠶᠢᠯᠠᠯ ᠳᠤ ᠲᠠᠪᠰᠢᠨ ᠣᠷᠣᠬᠤ ᠪᠠᠷ ᠬᠦᠴᠦᠯᠡᠨ ᠴᠢᠷᠮᠠᠶᠢᠨ᠎ᠠ᠃ ᠤᠢ ᠰᠢᠭᠤᠢ ᠶᠢᠨ ᠠᠵᠤ ᠦᠢᠯᠡᠳᠪᠦᠷᠢ ᠶᠢᠨ | ᠪᠦᠯᠦᠭᠯᠡᠯ᠂ ᠰᠣᠶᠣᠯ ᠵᠢᠭᠤᠯᠴᠢᠯᠠᠯ ᠤᠨ ᠪᠦᠯᠦᠭᠯᠡᠯ᠂ ᠣᠯᠠᠨ ᠤᠯᠤᠰ ᠤᠨ ᠠᠷᠠᠯᠵᠢᠶᠠᠨ ᠤ ᠪᠦᠯᠦᠭᠯᠡᠯ᠂ ᠣᠢ ᠰᠢᠭᠤᠢ | ᠨᠤᠲᠤᠭ ᠪᠡᠯᠴᠢᠭᠡᠷ ᠤᠨ ᠠᠮᠢ ᠠᠬᠤᠢ ᠶᠢᠨ ᠺᠤᠮᠫᠠᠨᠢ ᠵᠡᠷᠭᠡ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ | ᠤᠯᠤᠰ ᠤᠨ ᠥᠮᠴᠢᠯᠡᠯᠲᠦ ᠠᠵᠤ ᠠᠬᠤᠶᠢᠯᠠᠯ ᠴᠥᠮ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠡᠷᠴᠢᠮ ᠢᠶᠠᠨ | ᠴᠢᠩᠭᠠᠷᠠᠭᠤᠯᠤᠨ᠂ ᠲᠡᠷᠢᠭᠦᠨ ᠳᠡᠰ ᠲᠠᠢ ᠪᠠᠷᠢᠮᠵᠢᠶᠠᠯᠠᠨ ᠬᠠᠷᠭᠤᠭᠤᠯᠵᠤ᠂ ᠲᠡᠷᠢᠭᠦᠨ ᠠᠴᠠ ᠲᠠᠭᠠᠨ ᠰᠤᠷᠤᠯᠴᠠᠵᠦ᠂ | ᠡᠵᠡᠩᠨᠡᠯᠲᠡ ᠶᠢᠨ ᠠᠵᠢᠯ ᠤᠨ ᠠᠮᠵᠢᠯᠲᠠ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠦᠨ᠂ | ᠲᠦᠷᠭᠡᠬᠡᠨ ᠪᠤᠵᠠᠭᠠᠶᠢᠷᠠᠨ ᠬᠦᠴᠦᠷᠬᠡᠭᠵᠢᠭᠦᠯᠬᠦ ᠬᠡᠷᠡᠭᠲᠡᠢ᠃ | ᠣᠳᠣᠬᠠᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠥᠭᠵᠢᠬᠦ ᠳᠤ ᠲᠤᠩ ᠬᠢᠯᠪᠠᠷ ᠪᠤᠰᠤ ᠪᠠᠶᠢᠵᠤ᠂ | ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠨᠢ ᠣᠯᠠᠨ ᠬᠦᠴᠢᠷ ᠲᠦᠪᠡᠭ ᠪᠠ ᠠᠰᠠᠭᠤᠳᠠᠯ ᠲᠤᠯᠭᠠᠷᠠᠵᠤ ᠪᠠᠶᠢᠨ᠎ᠠ | ᠂ ᠲᠥᠷᠥᠯ ᠵᠦᠢᠯ ᠢ ᠪᠣᠳᠠᠲᠠᠶᠢᠵᠢᠭᠤᠯᠬᠤ᠂ ᠲᠦᠷᠦ ᠶᠢᠨ ᠪᠣᠳᠣᠯᠭ᠎ᠠ ᠪᠠᠷ ᠳᠡᠮᠵᠢᠯᠭᠡ ᠦᠵᠡᠭᠦᠯᠬᠦ᠂ ᠪᠡᠯᠡ | ᠲᠣᠬᠢᠷᠠᠭᠤᠯᠤᠨ ᠵᠢᠭᠡᠯᠡᠯᠭᠡ ᠲᠠᠯᠪᠢᠬᠤ ᠵᠡᠷᠭᠡ ᠲᠠᠯ᠎ᠠ ᠪᠠᠷ ᠬᠠᠪᠰᠤᠷᠤᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ | ᠢᠯᠠᠩᠭᠤᠶ᠎ᠠ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ | ᠠᠪᠬᠤ ᠬᠤᠪᠢᠳᠠᠴᠠ ᠶᠢ ᠤᠷᠢᠳᠴᠢᠯᠠᠨ ᠦᠯᠡᠳᠡᠭᠡᠵᠦ ᠥᠭᠬᠦ ᠲᠤᠬᠠᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠢᠯ ᠶᠠᠪᠤᠳᠠᠯ ᠭᠦᠢᠴᠡᠳᠬᠡᠬᠦ ᠨᠢ ᠤᠳᠠᠭᠠᠨ᠂ ᠪᠠᠶᠢᠴᠠᠭᠠᠯᠲᠠ ᠣᠯᠠᠨᠲᠠᠢ᠂ | ᠪᠡᠯᠡ ᠲᠣᠬᠢᠷᠠᠭᠤᠯᠬᠤ ᠳᠤ ᠬᠦᠴᠢᠷ ᠪᠠᠶᠢᠬᠤ ᠪᠣᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠣᠨᠴᠠᠭᠠᠶᠢᠯᠠᠨ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ︽ᠰᠡᠳᠬᠢᠯ ᠤᠨ ᠡᠪᠡᠳᠴᠢᠨ︾ ᠪᠠᠶᠢᠵᠤ᠂ ᠵᠠᠬᠢᠳᠠᠯ ᠰᠤᠷᠪᠤᠯᠵᠢᠯᠠᠯ ᠢ | ᠣᠷᠣᠯᠠᠨ ᠭᠦᠢᠴᠡᠳᠬᠡᠵᠦ ᠪᠠᠶᠢᠭ᠎ᠠ ᠮᠡᠲᠦ ᠪᠠᠷ ᠠᠵᠤ ᠠᠬᠤᠶᠢᠯᠠᠯ ᠳᠤ ᠦᠢᠯᠡᠴᠢᠯᠡᠨ᠂ ᠬᠢᠨᠠᠨ ᠵᠥᠪᠰᠢᠶᠡᠷᠡᠵᠦ ᠠᠵᠢᠯ | ᠶᠠᠪᠤᠳᠠᠯ ᠭᠦᠢᠴᠡᠳᠬᠡᠬᠦ ᠶᠢᠨ ᠬᠤᠷᠳᠤ ᠶᠢ ᠳᠠᠬᠢᠨᠲᠠ ᠠᠬᠢᠭᠤᠯᠤᠨ ᠲᠦᠷᠭᠡᠳᠬᠡᠵᠦ᠂ ᠬᠤᠭᠤᠴᠠᠭ᠎ᠠ ᠬᠢᠵᠠᠭᠠᠷᠯᠠᠨ ᠬᠢᠨᠠᠨ | ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ︔ ᠠᠵᠤ ᠠᠬᠤᠶᠢᠯᠠᠯ ᠳᠤ ᠬᠤᠯᠪᠣᠭᠳᠠᠬᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠰᠠᠶᠢᠲᠤᠷ ᠠᠳᠬᠤᠵᠤ᠂ ᠪᠡᠶ᠎ᠡ ᠶᠢᠨ ᠪᠠᠶᠢᠴᠠᠭᠠᠯᠲᠠ | ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ ᠶᠢ | ᠬᠡᠷᠡᠭᠵᠢᠭᠦᠯᠦᠨ᠂ ᠠᠵᠤ ᠠᠬᠤᠶᠢᠯᠠᠯ ᠳᠤ ᠰᠠᠭᠠᠳ ᠠᠪᠴᠢᠷᠠᠬᠤ ᠮᠥᠷᠲᠡᠭᠡᠨ ᠦᠢᠯᠡᠳᠦᠯ ᠭᠠᠷᠬᠤ ᠦᠭᠡᠢ ᠠᠯᠪᠠ ᠶᠢᠨ | ᠲᠡᠳᠦᠢ ᠬᠠᠤᠯᠢ ᠬᠡᠷᠡᠭᠵᠢᠭᠦᠯᠦᠯᠲᠡ ᠶᠢ ᠦᠯᠦ ᠬᠢᠵᠦ᠂ ᠳᠤᠷ᠎ᠠ ᠪᠠᠷ ᠰᠦᠢᠳᠬᠡᠯ ᠬᠤᠷᠢᠶᠠᠬᠤ᠂ ᠳᠤᠷ᠎ᠠ ᠪᠠᠷ ᠵᠣᠭᠤᠰ | ᠲᠣᠷᠭᠠᠬᠤ᠂ ᠳᠤᠷ᠎ᠠ ᠪᠠᠷ ᠪᠠᠶᠢᠴᠠᠭᠠᠬᠤ᠂ ᠳᠤᠷ᠎ᠠ ᠪᠠᠷ ᠪᠢᠲᠡᠭᠦᠮᠵᠢᠯᠡᠬᠦ ᠶᠢ ᠡᠷᠡᠰ ᠴᠡᠭᠴᠡᠯᠡᠨ ᠵᠠᠰᠠᠵᠤ᠂ ᠠᠰᠢᠭ | ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠨᠢᠭᠡ ᠢᠯᠡᠷᠡᠭᠦᠯᠪᠡᠯ ᠨᠢᠭᠡ ᠶᠢ ᠴᠢᠩᠭ᠎ᠠ ᠪᠠᠶᠢᠴᠠᠭᠠᠨ᠎ᠠ︔ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠢ ᠵᠢᠭᠡᠯᠡᠯᠭᠡ ᠲᠠᠯᠪᠢᠬᠤ ᠨᠥᠬᠦᠴᠡᠯ ᠪᠠ ᠬᠦᠦ ᠮᠥᠩᠭᠦᠨ ᠤ ᠬᠢᠷᠢ ᠬᠡᠮᠵᠢᠶᠡᠨ ᠤ | ᠲᠠᠯ᠎ᠠ ᠳᠤ ︽ᠠᠳᠠᠯᠢ ᠪᠠᠷ ᠦᠵᠡᠨ ᠲᠡᠭᠰᠢ ᠪᠠᠷ ᠬᠠᠨᠳᠤᠵᠤ︾᠂ ᠡᠬᠡ ᠮᠥᠩᠭᠦ ᠲᠥᠯᠥᠬᠦ ᠦᠭᠡᠢ ᠪᠠᠷ ᠥᠷᠭᠦᠯᠵᠢᠯᠡᠨ | ᠵᠢᠭᠡᠯᠡᠯᠭᠡ ᠠᠪᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ ᠳᠠᠩᠰᠠᠨ ᠳᠠᠬᠢ ᠥᠷᠢᠲᠦᠵᠦ ᠪᠠᠶᠢᠭ᠎ᠠ ᠵᠣᠭᠤᠰ ᠢ ᠨᠢ ᠢᠯᠭᠠᠷᠠᠭᠤᠯᠬᠤ ᠪᠣᠯ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠮᠤᠭ ᠠᠴᠠ ᠬᠠᠯᠠᠮᠵᠢᠯᠠᠨ ᠠᠩᠬᠠᠷᠴᠤ ᠪᠠᠶᠢᠭ᠎ᠠ ᠤᠴᠢᠷ ᠪᠣᠯᠣᠨ᠎ᠠ | ᠂ ᠪᠠᠶᠢᠳᠠᠯ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠥᠷᠨᠢᠭᠦᠯᠵᠦ᠂ ᠦᠨᠳᠦᠰᠦᠨ ᠪᠠᠶᠢᠳᠠᠯ ᠢ | ᠲᠣᠳᠣᠷᠬᠠᠢ ᠣᠶᠢᠯᠠᠭᠠᠬᠤ ᠪᠠᠨ ᠦᠨᠡᠨ ᠬᠦ ᠪᠠᠲᠤᠯᠠᠨ᠂ ᠥᠷᠢᠲᠦᠵᠦ ᠪᠠᠶᠢᠭ᠎ᠠ ᠵᠣᠭᠤᠰ ᠢ ᠨᠢ ᠬᠠᠤᠯᠢ ᠲᠣᠭᠲᠠᠭᠠᠯ | ᠶᠣᠰᠣᠭᠠᠷ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠲᠥᠯᠥᠬᠦ ᠶᠣᠰᠣᠲᠠᠢ ᠶᠢ ᠨᠢ ᠲᠦᠷᠭᠡᠨ ᠲᠥᠯᠥᠵᠦ᠂ | ᠲᠥᠯᠥᠬᠦ ᠴᠢᠬᠤᠯᠠᠲᠠᠢ ᠶᠢ ᠨᠢ ᠪᠦᠬᠦᠨ ᠢ ᠲᠥᠯᠥᠬᠦ︾ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ | ᠣᠷᠳᠣᠨ ᠣᠨᠴᠠᠭᠠᠶᠢᠯᠠᠨ ᠤᠳᠤᠷᠢᠳᠬᠤ ᠺᠠᠳ᠋ᠷᠴᠤᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠦᠨᠡᠨᠴᠢ | ᠰᠢᠯᠤᠭᠤᠨ ᠢᠶᠠᠷ ᠬᠠᠷᠢᠯᠴᠠᠵᠤ᠂ ᠢᠯᠠᠩᠭᠤᠶ᠎ᠠ ᠠᠵᠤ ᠠᠬᠤᠶᠢᠯᠠᠯ ᠬᠦᠴᠢᠷ ᠪᠡᠷᠬᠡ ᠲᠤᠯᠭᠠᠷᠠᠬᠤ ᠶᠢᠨ ᠦᠶ᠎ᠡ ᠳᠤ᠂ | ᠤᠯᠠᠮ ᠢᠯᠡᠭᠦᠦ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠨ᠂ ᠴᠢᠩ ᠰᠡᠳᠬᠢᠯ ᠠᠴᠠ ᠪᠠᠨ | ᠦᠢᠯᠡᠴᠢᠯᠡᠬᠦ ᠬᠡᠷᠡᠭᠲᠡᠢ᠃ | ᠮᠠᠨ ᠤ ᠣᠷᠣᠨ ᠲᠥᠪ ᠤᠨ ᠡᠯ᠎ᠡ ᠲᠣᠮᠣ ᠠᠵᠤ ᠠᠬᠤᠶᠢᠯᠠᠯ ᠯᠤᠭ᠎ᠠ ᠪᠠᠲᠤ ᠪᠠᠬᠢ ᠬᠠᠮᠲᠤᠷᠠᠯᠴᠠᠭᠠᠨ ᠤ | ᠰᠠᠭᠤᠷᠢ ᠲᠠᠢ ᠶᠤᠮ᠂ ᠨᠢᠳᠤᠨᠤᠨ ᠲᠥᠪ ᠤᠨ ᠠᠵᠤ ᠠᠬᠤᠶᠢᠯᠠᠯ ᠤᠨ ᠮᠠᠨ ᠤ ᠣᠷᠣᠨ ᠳᠠᠬᠢ ᠪᠡᠯᠡ ᠣᠷᠣᠭᠤᠯᠤᠯᠲᠠ | ᠵᠣᠬᠢᠬᠤ ᠬᠡᠮᠵᠢᠶ᠎ᠡ ᠪᠠᠷ ᠳᠣᠷᠣᠭᠰᠢᠯᠠᠭᠰᠠᠨ ᠠᠴᠠ ᠡᠨᠡ ᠵᠢᠯ ᠡᠷᠬᠡᠪᠰᠢ ᠨᠡᠬᠡᠨ ᠭᠦᠢᠴᠡᠵᠦ ᠨᠡᠮᠡᠭᠳᠡᠯ ᠲᠠᠢ ᠪᠣᠯᠭᠠᠨ᠎ᠠ᠃ | ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠢᠭᠡ | ᠨᠢᠭᠡ ᠠᠵᠤ ᠠᠬᠤᠶᠢᠯᠠᠯ ᠢᠶᠠᠷ ᠵᠣᠯᠭᠠᠭᠤᠯᠤᠨ᠂ ᠨᠢᠭᠡ ᠨᠢᠭᠡ ᠲᠥᠷᠥᠯ ᠵᠦᠢᠯ ᠢᠶᠠᠷ ᠪᠣᠳᠠᠲᠠᠶᠢᠵᠢᠭᠤᠯᠬᠤ ᠶᠢ ᠠᠳᠬᠤᠨ᠂ | ᠮᠠᠨ ᠤ ᠣᠷᠣᠨ ᠤ ᠡᠬᠢ ᠪᠠᠶᠠᠯᠢᠭ᠂ ᠠᠵᠤ ᠦᠢᠯᠡᠰ ᠤᠨ ᠳᠠᠪᠠᠭᠤᠯᠢᠭ ᠢᠶᠠᠷ ᠢᠶᠠᠨ ᠲᠥᠪ ᠤᠨ ᠠᠵᠤ ᠠᠬᠤᠶᠢᠯᠠᠯ ᠤᠨ | ᠬᠦᠴᠦᠷᠬᠡᠭ ᠪᠣᠳᠠᠲᠤ ᠬᠦᠴᠦᠨ᠂ ᠲᠡᠷᠢᠭᠦᠨ ᠤ ᠮᠡᠷᠭᠡᠵᠢᠯ ᠯᠦᠭᠡ ︽ᠬᠤᠣᠰ ᠴᠢᠭᠯᠡᠯ ᠤᠨ ᠬᠠᠮᠲᠤᠷᠠᠯᠴᠠᠭ᠎ᠠ︾ | ᠥᠷᠨᠢᠭᠦᠯᠵᠦ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠲᠡᠬᠦ ᠶᠢ | ᠪᠡᠶᠡᠯᠡᠭᠦᠯᠬᠦ ᠬᠡᠷᠡᠭᠲᠡᠢ᠃ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠩᠭᠢᠯᠠᠭ᠎ᠠ ᠨᠢ ᠪᠠᠶᠢᠩᠭᠤᠰᠢᠭᠤᠯᠤᠨ ᠵᠠᠰᠠᠵᠤ ᠤᠷᠲᠤ | ᠬᠤᠭᠤᠴᠠᠭ᠎ᠠ ᠪᠦᠲᠦᠮᠵᠢᠲᠡᠢ ᠪᠠᠶᠢᠯᠭᠠᠬᠤ ᠳᠤ ᠪᠠᠶᠢᠨ᠎ᠠ᠂ ᠡᠨᠡ ᠵᠢᠯ ᠳᠠᠬᠢᠨᠲᠠ ︽ᠥᠨᠳᠥᠷ ᠪᠦᠲᠦᠮᠵᠢᠲᠡᠢ ᠪᠠᠷ ᠨᠢᠭᠡ | ᠠᠵᠢᠯ ᠶᠠᠪᠤᠳᠠᠯ ᠢ ᠭᠦᠢᠴᠡᠳᠬᠡᠬᠦ︾ 30 ᠵᠦᠢᠯ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ 150 | ᠵᠦᠢᠯᠡᠰ ᠢ ᠭᠠᠷᠭᠠᠵᠤ᠂ ︽ᠠᠮᠠᠯᠠᠬᠤ ᠳᠦᠷᠢᠮ + ᠪᠦᠬᠦᠨ ᠢ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠬᠡᠪ | ᠵᠠᠭᠪᠤᠷ ᠢ ᠳᠡᠯᠭᠡᠷᠡᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠦᠷᠢᠶ᠎ᠡ ᠴᠠᠷᠠᠭᠠᠨ ᠳᠠᠬᠢ | ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠢᠵᠠᠭᠠᠷᠯᠠᠯ ᠬᠦᠯᠢᠶᠡᠰᠦᠯᠡᠯ ᠨᠢ ᠳᠡᠩᠳᠡᠭᠦᠦ | ᠤᠯᠠᠨ᠂ ᠠᠵᠢᠯ ᠶᠠᠪᠤᠳᠠᠯ ᠭᠦᠢᠴᠡᠳᠬᠡᠬᠦ ᠳᠤ ᠶᠠᠷᠰᠢᠭ ᠲᠦᠪᠡᠭᠲᠡᠢ᠂ ᠠᠮᠠᠯᠠᠭᠰᠠᠨ ᠢᠶᠠᠨ ᠭᠦᠢᠴᠡᠳᠬᠡᠬᠦ ᠦᠭᠡᠢ᠂ | ᠰᠢᠨ᠎ᠡ ᠲᠤᠰᠢᠶᠠᠯᠲᠠᠨ ᠨᠢ ᠬᠠᠭᠤᠴᠢᠨ ᠳᠠᠩᠰᠠ ᠶᠢ ᠬᠠᠮᠢᠶᠠᠷᠬᠤ ᠦᠭᠡᠢ ᠵᠡᠷᠭᠡ ᠠᠰᠠᠭᠤᠳᠠᠯ ᠤᠳ ᠢ ᠦᠨᠡᠨ ᠪᠣᠳᠠᠲᠠᠢ | ᠰᠢᠢᠳᠪᠦᠷᠢᠯᠡᠵᠦ᠂ ᠦᠨᠡᠨᠴᠢ ᠢᠲᠡᠭᠡᠮᠵᠢᠲᠡᠢ ᠪᠠᠶᠢᠬᠤ ᠶᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ | ᠭᠤᠣᠯᠯᠠᠬᠤ ᠥᠷᠢᠰᠦᠯᠳᠦᠭᠡᠨ ᠤ ᠬᠦᠴᠦᠨ ᠪᠣᠯᠭᠠᠵᠤ᠂ ᠺᠠᠳ᠋ᠷ ᠪᠦᠬᠦᠨ ᠢ ᠦᠨᠡᠨᠴᠢ ᠢᠲᠡᠭᠡᠮᠵᠢ ᠶᠢ ᠡᠷᠬᠢᠮᠯᠡᠭᠰᠡᠨ ︽ | ᠣᠷᠣᠯᠠᠨ ᠥᠭᠦᠯᠡᠭᠴᠢ︾ ᠪᠣᠯᠭᠠᠨ᠎ᠠ᠃ | ︵ᠨᠠᠢᠮᠠ︶ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠰᠠᠶᠢᠲᠤᠷ ᠠᠳᠬᠤᠨ᠂ | ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠨ᠎ᠡ᠃ ᠭᠠᠳᠠᠭᠰᠢ ᠨᠡᠭᠡᠭᠡᠯᠲᠡ ᠬᠢᠭᠰᠡᠨ ᠴᠤ ᠲᠡᠷᠡ᠂ | ᠳᠣᠲᠣᠭᠠᠳᠤ ᠨᠡᠭᠡᠭᠡᠯᠲᠡ ᠬᠢᠭᠰᠡᠨ ᠴᠤ ᠲᠡᠷᠡ᠂ ᠴᠥᠮ ᠬᠤᠣᠰ ᠴᠢᠭᠯᠡᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠷᠠᠭᠤᠯᠵᠤ᠂ ᠮᠠᠨ ᠤ ᠣᠷᠣᠨ ᠤ ᠬᠠᠷᠢᠴᠠᠩᠭᠤᠢ ᠲᠤᠲᠠᠭᠳᠠᠵᠤ ᠪᠠᠶᠢᠭ᠎ᠠ ᠮᠡᠷᠭᠡᠵᠢᠯ᠂ ᠴᠢᠳᠠᠪᠤᠷᠢᠲᠠᠨ᠂ ᠪᠡᠯᠡ | ᠮᠥᠩᠭᠦ᠂ ᠠᠵᠤ ᠦᠢᠯᠡᠰ ᠢ ᠣᠷᠣᠭᠤᠯᠵᠤ ᠠᠪᠴᠢᠷᠠᠬᠤ ᠪᠠᠷ ᠪᠠᠷᠠᠬᠤ ᠦᠭᠡᠢ᠂ ᠮᠠᠨ ᠤ ᠣᠷᠣᠨ ᠤ ᠳᠠᠪᠠᠭᠤᠯᠢᠭ | ᠪᠣᠯᠬᠤ ᠪᠣᠬᠢᠷᠳᠤᠯ ᠦᠭᠡᠢ ᠴᠠᠬᠢᠯᠭᠠᠨ᠂ ᠪᠣᠬᠢᠷᠳᠤᠯ ᠦᠭᠡᠢ ᠪᠣᠳᠣᠬᠤ ᠴᠢᠳᠠᠪᠤᠷᠢ᠂ ᠪᠣᠬᠢᠷᠲᠤᠯ ᠦᠭᠡᠢ ᠢᠳᠡᠭᠡᠨ | ᠵᠢᠴᠢ ᠥᠪᠡᠷᠮᠢᠴᠡ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠢᠶᠠᠨ ᠭᠠᠳᠠᠭᠰᠢ ᠭᠠᠷᠭᠠᠨ᠎ᠠ᠃ | ᠭᠠᠳᠠᠭᠰᠢ ᠪᠠᠨ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠨ᠎ᠡ᠃ ᠣᠷᠣᠰ ᠮᠣᠩᠭᠤᠯ ᠳᠤ | ᠰᠠᠭᠤᠷᠢᠯᠠᠬᠤ ᠪᠣᠯᠪᠠᠴᠤ ᠣᠷᠣᠰ ᠮᠣᠩᠭᠤᠯ ᠳᠤ ᠯᠡ ᠬᠢᠵᠠᠭᠠᠷᠯᠠᠭᠳᠠᠬᠤ ᠦᠭᠡᠢ ᠪᠠᠶᠢᠵᠤ᠂ ᠴᠢᠯᠦᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠠᠵᠠ ᠳᠣᠬᠢᠶᠠᠯ ᠢ ᠠᠳᠬᠤᠨ᠂ ᠨᠡᠩ ᠥᠨᠳᠥᠷ ᠪᠠᠷᠢᠮᠵᠢᠶ᠎ᠠ ᠲᠠᠢ ᠳᠦᠷᠢᠮ ᠤᠨ | ᠬᠡᠯᠪᠡᠷᠢ ᠪᠦᠬᠦᠢ ᠨᠡᠭᠡᠭᠡᠯᠲᠡ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ | ᠨᠡᠩ ᠭᠦᠨᠵᠡᠭᠡᠢ ᠣᠷᠣᠯᠴᠠᠨ᠂ ᠵᠡᠭᠦᠨ ᠬᠤᠶᠢᠲᠤ ᠠᠽᠢᠶ᠎ᠠ᠂ ᠲᠥᠪ ᠠᠽᠢᠶ᠎ᠠ᠂ ᠡᠸᠦ᠋ᠷᠦᠫᠡ ᠲᠢᠪ ᠠᠮᠧᠷᠢᠺᠠ ᠲᠢᠪ᠂ | ᠠᠦ᠋ᠰᠳ᠋ᠷᠠᠯᠢᠶ᠎ᠠ ᠰᠢᠨ᠎ᠡ ᠽᠢᠯᠠᠨᠳ᠋ ᠪᠠ ᠰᠢᠨ᠎ᠡ ᠪᠠᠷ ᠪᠣᠢ ᠪᠣᠯᠤᠭᠰᠠᠨ ᠠᠵᠤ ᠠᠬᠤᠢ ᠶᠢᠨ ᠴᠣᠭᠴᠠ ᠯᠤᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠢ | ᠪᠤᠵᠠᠭᠠᠶᠢᠷᠠᠭᠤᠯᠵᠤ᠂ ᠭᠠᠷ ᠳᠠᠮᠵᠢᠭᠰᠠᠨ ᠮᠠᠰᠢᠨ ᠲᠡᠷᠭᠡ᠂ ︽ᠰᠢᠨ᠎ᠡ ᠭᠤᠷᠪᠠᠨ ᠵᠦᠢᠯ︾᠂ ᠵᠠᠪᠰᠠᠷ ᠤᠨ | ᠪᠦᠲᠦᠭᠡᠭᠳᠡᠬᠦᠨ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠬᠡᠪᠴᠢᠶ᠎ᠡ ᠶᠢ | ᠥᠷᠭᠡᠳᠬᠡᠨ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠪᠠ ᠠᠵᠤ ᠦᠢᠯᠡᠰ ᠤᠨ | ᠬᠦᠷᠢᠶᠡᠯᠡᠩ ᠢ ᠨᠢᠭᠡ ᠪᠦᠯᠦᠭ ᠪᠤᠶᠢᠵᠢᠭᠤᠯᠵᠤ᠂ ᠭᠤᠣᠯᠳᠠᠯᠭ᠎ᠠ ᠪᠣᠯᠬᠤ ᠠᠷᠠᠯᠵᠢᠶᠠᠨ ᠤ ᠬᠠᠨᠢᠲᠠᠨ ᠤ ᠭᠠᠳᠠᠭᠠᠳᠤ | ᠬᠥᠮᠥᠷᠭᠡ ᠶᠢ ᠨᠢᠭᠡ ᠪᠦᠯᠦᠭ ᠪᠠᠶᠢᠷᠢᠰᠢᠭᠤᠯᠤᠨ᠂ ᠬᠦᠬᠡᠬᠤᠲᠠ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ | ᠡᠭᠡᠯᠵᠢ ᠶᠢᠨ ᠴᠤᠪᠤᠭ᠎ᠠ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠵᠤ᠂ ᠡᠭᠡᠯᠵᠢ ᠶᠢᠨ ᠴᠤᠪᠤᠭ᠎ᠠ ᠲᠡᠷᠭᠡᠨ ᠤ ᠪᠠᠷᠠᠭᠠᠨ ᠤ ᠢᠷᠡᠯᠲᠡ ᠶᠢᠨ ᠲᠥᠪᠯᠡᠷᠡᠭᠦᠯᠵᠦ | ᠬᠤᠪᠢᠶᠠᠷᠢᠯᠠᠬᠤ ᠴᠢᠳᠠᠪᠤᠷᠢ ᠪᠠ ᠪᠤᠴᠠᠬᠤ ᠳᠤ ᠪᠠᠨ ᠳᠦᠭᠦᠷᠡᠩ ᠠᠴᠢᠶᠠᠯᠠᠬᠤ ᠨᠤᠷᠮ᠎ᠠ ᠶᠢ ᠨᠢ ᠳᠡᠭᠡᠭᠰᠢᠯᠡᠭᠦᠯᠦᠨ᠂ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠢᠷᠡᠵᠦ ᠶᠠᠪᠤᠭᠰᠠᠨ ᠴᠤᠪᠤᠭ᠎ᠠ ᠲᠡᠷᠭᠡᠨ ᠤ ᠲᠤᠭ᠎ᠠ ᠶᠢ 500 ᠠᠴᠠ | ᠳᠠᠪᠠᠭᠤᠯᠵᠤ᠂ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1.3 ᠳ᠋ᠦᠩᠰᠢᠭᠤᠷ | ᠲᠣᠨ ᠠᠴᠠ ᠳᠠᠪᠠᠭᠤᠯᠵᠤ᠂ ᠭᠠᠳᠠᠭᠠᠳᠤ ᠠᠷᠠᠯᠵᠢᠶᠠᠨ ᠤ ᠣᠷᠣᠭᠤᠯᠵᠤ ᠭᠠᠷᠭᠠᠬᠤ ᠶᠡᠷᠦᠩᠬᠡᠢ ᠥᠷᠲᠡᠭ ᠢ 2200 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠮᠠᠨ ᠤ ᠣᠷᠣᠨ ᠳᠤ ᠭᠠᠳᠠᠭᠠᠳᠤ | ᠨᠡᠭᠡᠭᠡᠯᠲᠡ ᠶᠢᠨ ᠬᠢᠯᠢ ᠶᠢᠨ ᠪᠣᠭᠤᠮᠲᠠ 20 ᠪᠠᠶᠢᠨ᠎ᠠ᠂ ᠬᠢᠯᠢ ᠶᠢᠨ ᠪᠣᠭᠤᠮᠲᠠ ᠶᠢᠨ ᠴᠢᠳᠠᠮᠵᠢ ᠶᠢ ᠬᠦᠴᠦᠯᠡᠨ | ᠳᠡᠭᠡᠭᠰᠢᠯᠡᠭᠦᠯᠵᠦ᠂ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠮᠠᠨᠵᠤᠤᠷ ᠲᠡᠮᠦᠷ ᠵᠠᠮ ᠤᠨ ᠬᠢᠯᠢ ᠶᠢᠨ | ᠪᠣᠭᠤᠮᠲᠠ ᠶᠢᠨ ᠨᠡᠮᠡᠨ ᠪᠠᠶᠢᠭᠤᠯᠬᠤ ᠪᠠᠷᠢᠮᠵᠢᠶᠠᠲᠤ ᠵᠠᠶᠢᠲᠠᠢ ᠲᠡᠮᠦᠷ ᠵᠠᠮ ᠤᠨ ᠬᠤᠶᠠᠳᠤᠭᠠᠷ ᠱᠤᠭᠤᠮ᠂ ᠡᠷᠢᠶᠡᠨ | ᠬᠤᠲᠠ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠬᠤᠶᠠᠳᠤᠭᠠᠷ ᠨᠡᠪᠲᠡᠷᠡᠯ ᠵᠠᠮ᠂ ᠮᠠᠨᠳᠤᠯ ᠬᠢᠯᠢ ᠶᠢᠨ | ᠪᠣᠭᠤᠮᠲᠠ ᠶᠢᠨ ᠨᠡᠪᠲᠡᠷᠡᠯ ᠵᠠᠮ ᠢ ᠥᠷᠭᠡᠳᠬᠡᠨ ᠪᠠᠶᠢᠭᠤᠯᠬᠤ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠬᠢᠯᠢ | ᠠᠯᠤᠰᠯᠠᠭᠰᠠᠨ ᠲᠡᠮᠦᠷ ᠵᠠᠮ ᠤᠨ ᠶᠡᠭᠡ ᠬᠥᠭᠦᠷᠭᠡ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ ᠰᠠᠶᠢᠲᠤᠷ | ᠬᠡᠷᠡᠭᠵᠢᠭᠦᠯᠦᠨ᠂ ᠮᠠᠨᠵᠤᠤᠷ᠂ ᠡᠷᠢᠶᠡᠨ ᠬᠤᠲᠠ ᠶᠢᠨ ᠣᠶᠤᠨᠲᠤ ᠬᠢᠯᠢ ᠶᠢᠨ ᠪᠣᠭᠤᠮᠲᠠ ᠶᠢᠨ ᠲᠤᠷᠰᠢᠯᠲᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠢᠯᠢ ᠶᠢᠨ ᠪᠣᠭᠤᠮᠲᠠ ᠪᠠ ᠳᠣᠲᠣᠷ᠎ᠠ ᠭᠠᠵᠠᠷ | ᠬᠤᠯᠪᠤᠭᠠᠯᠠᠨ ᠬᠥᠳᠡᠯᠦᠯᠴᠡᠬᠦ᠂ ᠪᠣᠳᠠᠲᠠᠶᠢᠵᠢᠭᠤᠯᠤᠨ ᠤᠯᠠᠷᠢᠭᠤᠯᠬᠤ ᠪᠠᠨ ᠴᠢᠩᠭᠠᠷᠠᠭᠤᠯᠵᠤ᠂ ᠭᠠᠳᠠᠭᠠᠳᠤ ᠳᠤ | ᠭᠠᠷᠭᠠᠬᠤ ᠲᠠᠸᠠᠷ ᠤᠨ ᠳᠡᠭᠡᠳᠦ ᠬᠡᠯᠬᠢᠶᠡᠨ ᠤ ᠢᠷᠡᠯᠲᠡ ᠪᠠ ᠭᠠᠳᠠᠭᠠᠳᠤ ᠠᠴᠠ ᠣᠷᠣᠭᠤᠯᠬᠤ ᠲᠠᠸᠠᠷ ᠤᠨ ᠳᠣᠣᠷᠠᠳᠤ | ᠬᠡᠯᠬᠢᠶᠡᠨ ᠤ ᠬᠠᠨᠳᠤᠰᠢ ᠶᠢ ᠭᠦᠨᠵᠡᠭᠡᠢ ᠰᠤᠳᠤᠯᠤᠨ᠂ ᠬᠡᠦᠷᠡᠰᠦᠨ ᠨᠡᠭᠦᠷᠡᠰᠦ᠂ ᠲᠡᠮᠦᠷ ᠤᠨ ᠬᠦᠳᠡᠷ᠂ ᠠᠮᠤ ᠲᠣᠰᠣ᠂ | ᠺᠠᠯᠢᠲᠤ ᠪᠣᠷᠳᠣᠭᠤᠷ᠂ ᠮᠣᠳᠣᠨ ᠮᠠᠲ᠋ᠧᠷᠢᠶᠠᠯ᠂ ᠬᠠᠶᠢᠯᠤᠭᠤᠷ ᠵᠤᠩᠰᠢ᠂ ᠢᠮᠠᠭᠠᠨ ᠨᠣᠣᠯᠣᠭᠤᠷ ᠵᠡᠷᠭᠡ ᠶᠢ | ᠪᠣᠳᠠᠲᠠᠶᠢᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ︽ᠭᠠᠷ | ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠡᠯ᠎ᠡ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠨᠢ ᠲᠤᠰ ᠪᠡᠶ᠎ᠡ ᠶᠢᠨ ᠢᠶᠠᠨ ᠳᠤᠲᠠᠭᠤᠳᠠᠯ ᠢ ᠣᠨᠣᠪᠴᠢᠲᠠᠢ ᠡᠷᠢᠵᠦ᠂ ᠬᠠᠨᠳᠤᠯᠭᠠᠲᠤ | ᠴᠢᠨᠠᠷᠲᠠᠢ ᠳᠡᠭᠡᠭᠰᠢᠯᠡᠭᠦᠯᠬᠦ ᠲᠥᠰᠥᠯ ᠢ ᠲᠣᠭᠲᠠᠭᠠᠨ᠂ ᠪᠠᠶᠢᠷᠢ ᠪᠠᠨ ᠳᠡᠭᠡᠭᠰᠢᠯᠡᠭᠦᠯᠦᠨ ᠳᠡᠰ ᠳᠡᠪᠰᠢᠬᠦ ᠪᠠᠨ | ᠲᠦᠷᠭᠡᠳᠬᠡᠨ᠎ᠡ᠃ | ᠳᠣᠲᠣᠭᠠᠳᠤ ᠳᠤ ᠪᠠᠨ ᠣᠷᠣᠨ ᠪᠦᠰᠡ ᠶᠢᠨ ᠬᠤᠭᠤᠷᠤᠨᠳᠤᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠪᠡᠭᠡᠵᠢᠩ ᠲᠢᠶᠠᠨᠵᠢᠨ ᠾᠧᠪᠧᠢ᠂ ᠬᠦᠬᠡᠮᠦᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠲᠣᠮᠣ ᠪᠣᠯᠣᠩ ᠤᠨ ᠣᠷᠣᠨ ᠪᠠ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠭᠠᠵᠠᠷ ᠣᠷᠣᠨ ᠲᠠᠢ | ᠬᠠᠮᠲᠤᠷᠠᠯᠴᠠᠬᠤ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ | ᠳᠠᠭᠠᠭᠠᠨ ᠵᠠᠯᠭᠠᠭᠤᠯᠵᠤ᠂ ᠡᠨᠧᠷᠬᠢ᠂ ᠡᠬᠢ ᠪᠠᠶᠠᠯᠢᠭ᠂ ᠪᠣᠳᠣᠬᠤ ᠴᠢᠳᠠᠪᠤᠷᠢ ᠵᠡᠷᠭᠡ ᠲᠠᠯ᠎ᠠ ᠪᠠᠷ ᠠᠵᠤ ᠠᠬᠤᠢ ᠶᠢᠨ | ᠲᠣᠮᠣ ᠮᠤᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠣᠨᠴᠠᠭᠠᠶᠢᠯᠠᠨ ᠬᠥᠭᠵᠢᠭᠰᠡᠨ ᠭᠠᠵᠠᠷ ᠣᠷᠣᠨ ᠤ | ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢᠶᠠᠨ ᠤᠯᠠᠷᠢᠭᠤᠯᠬᠤ ᠳᠤ ᠡᠯᠪᠡᠭ ᠳᠡᠯᠪᠡᠭ | ᠬᠡᠷᠡᠭᠯᠡᠯᠲᠡ ᠶᠢᠨ ᠠᠬᠤᠢ ᠪᠠᠶᠢᠳᠠᠯ ᠬᠠᠩᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠪᠦᠬᠦ | ᠲᠠᠯ᠎ᠠ ᠪᠠᠷ ᠥᠷᠭᠡᠳᠬᠡᠨ᠎ᠡ᠂ ︽ᠵᠢᠷᠭᠤᠭ᠎ᠠ ᠶᠢ ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ︽ᠳᠦᠷᠪᠡᠨ | ᠵᠦᠢᠯ ᠤᠨ ᠠᠵᠢᠯᠯᠠᠭᠠᠨ︾ ᠢ ᠥᠷᠭᠦᠯᠵᠢᠯᠡᠨ ᠥᠷᠨᠢᠭᠦᠯᠵᠦ᠂ ᠰᠢᠨ᠎ᠡ ᠬᠡᠯᠪᠡᠷᠢ ᠶᠢᠨ ᠡᠨᠧᠷᠬᠢ ᠨᠥᠭᠡᠴᠡᠯᠡᠬᠦ᠂ | ᠪᠣᠬᠢᠷᠲᠤᠯ ᠦᠭᠡᠢ ᠤᠰᠤᠳᠦ᠋ᠷᠦᠭᠴᠢ ᠪᠣᠬᠢᠷᠲᠤᠯ ᠦᠭᠡᠢ ᠰᠢᠪᠲᠦᠷ᠂ ᠪᠣᠬᠢᠷᠲᠤᠯ ᠦᠭᠡᠢ ᠪᠣᠳᠣᠬᠤ ᠴᠢᠳᠠᠪᠤᠷᠢ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠵᠡᠷᠭᠡ | ᠲᠠᠯ᠎ᠠ ᠳᠤ ᠨᠢᠭᠡ ᠪᠦᠯᠦᠭ ᠰᠢᠨ᠎ᠡ ᠦᠷ᠎ᠡ ᠪᠦᠲᠦᠭᠡᠯ ᠭᠠᠷᠭᠠᠨ᠎ᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠳᠤ ᠪᠠᠨ ᠵᠥᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ | ᠪᠠᠷᠢᠮᠲᠠᠯᠠᠨ᠎ᠠ᠃ ᠵᠡᠭᠦᠨ ᠬᠡᠰᠡᠭ ᠤᠨ ᠲᠠᠪᠤᠨ ᠠᠶᠢᠮᠠᠭ ᠬᠤᠲᠠ ︽ᠰᠦᠷ ᠵᠢᠪᠬᠤᠭ᠎ᠠ ᠪᠠᠨ ᠳᠠᠬᠢᠨ ᠪᠠᠳᠠᠷᠠᠭᠤᠯᠬᠤ︾ | ᠠᠤᠭ᠎ᠠ ᠵᠣᠷᠢᠭ ᠢ ᠬᠥᠪᠴᠢᠯᠡᠵᠦ᠂ ᠰᠢᠨ᠎ᠡ ᠬᠥᠭᠵᠢᠯᠲᠡ ᠶᠢᠨ ᠳᠠᠪᠠᠭᠤᠯᠢᠭ ᠢ ᠬᠤᠯᠪᠤᠭᠠᠯᠠᠨ ᠴᠣᠭᠴᠠᠯᠠᠨ᠎ᠠ᠃ | ᠤᠯᠠᠭᠠᠨᠬᠠᠳᠠ᠂ ᠲᠦᠩᠯᠢᠶᠣᠣ ᠬᠤᠰᠢᠭᠤᠷᠠᠨ ᠠᠵᠢᠯᠯᠠᠵᠤ ᠪᠠᠶᠢᠭᠠᠳ ᠬᠥᠭᠵᠢᠨ ᠮᠠᠨᠳᠤᠯᠲᠠ ᠳᠤ ᠪᠠᠨ ᠬᠤᠷᠳᠤ ᠨᠡᠮᠡᠵᠦ | ᠲᠦᠷᠦᠭᠦᠯᠡᠨ ᠤᠷᠤᠭᠰᠢᠯᠠᠨ᠎ᠠ᠃ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠪᠦᠬᠦ ᠣᠷᠣᠨ ᠤ ᠴᠢᠨᠠᠷ ᠰᠠᠶᠢᠲᠠᠢ | ᠬᠥᠭᠵᠢᠯᠲᠡ ᠶᠢᠨ ᠭᠤᠣᠯ ᠡᠭᠦᠷᠭᠡ ᠶᠢ ᠡᠭᠦᠷᠭᠡᠯᠡᠵᠦ᠂ ᠬᠤᠪᠢ ᠨᠡᠮᠡᠷᠢ ᠦᠵᠡᠭᠦᠯᠭᠦ ᠮᠥᠷᠲᠡᠭᠡᠨ ᠣᠯᠠᠨ ᠲᠦᠮᠡᠨ ᠤ | ᠴᠢᠨᠠᠷ ᠴᠢᠨᠰᠠᠭ᠎ᠠ ᠲᠠᠢ ᠠᠮᠢᠳᠤᠷᠠᠯ ᠪᠠ ᠨᠡᠶᠢᠭᠡᠮ ᠤᠨ ᠥᠨᠳᠥᠷ ᠬᠢᠷᠢ ᠲᠦᠪᠰᠢᠨ ᠪᠦᠬᠦᠢ ᠵᠠᠰᠠᠯᠲᠠ ᠶᠢᠨ ᠲᠠᠯ᠎ᠠ ᠪᠠᠷ | ᠲᠦᠷᠦᠭᠦᠨ ᠳᠤ ᠨᠢ ᠬᠤᠰᠢᠭᠤᠷᠠᠵᠤ ᠦᠯᠢᠭᠡᠷ ᠳᠠᠭᠤᠷᠢᠶᠠᠯ ᠪᠣᠯᠵᠤ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ | ᠨᠢᠭᠡ ᠬᠤᠲᠠᠵᠢᠭᠤᠯᠬᠤ ᠪᠠᠷ ᠳᠠᠮᠵᠢᠭᠤᠯᠤᠨ ᠪᠦᠬᠦ ᠣᠷᠣᠨ ᠤ ᠬᠥᠭᠵᠢᠯᠲᠡ ᠶᠢ ᠬᠥᠲᠥᠯᠥᠨ ᠳᠠᠶᠢᠴᠢᠯᠠᠬᠤ ᠭᠤᠣᠯ | ᠬᠥᠳᠡᠯᠭᠡᠭᠦᠷ ᠢ ᠬᠦᠴᠦᠨ ᠬᠠᠮᠲᠤᠳᠬᠠᠨ ᠴᠣᠭᠴᠠᠯᠠᠨ᠎ᠠ᠃ ᠪᠠᠷᠠᠭᠤᠨ ᠬᠡᠰᠡᠭ ᠤᠨ ᠭᠤᠷᠪᠠᠨ ᠠᠶᠢᠮᠠᠭ ᠬᠤᠲᠠ ᠠᠮᠢ | ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠪᠠᠨ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ ᠪᠠᠨ ᠲᠦᠷᠭᠡᠳᠬᠡᠵᠦ᠂ ᠵᠠᠯᠭᠠᠨ ᠠᠪᠴᠤ ᠣᠷᠣᠯᠠᠭᠤᠯᠵᠤ ᠪᠣᠯᠬᠤ ᠠᠵᠤ | ᠦᠢᠯᠡᠰ ᠢ ᠬᠠᠮᠲᠤ ᠪᠠᠷ ᠪᠤᠶᠢᠵᠢᠭᠤᠯᠤᠨ᠎ᠠ᠃ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠠᠭᠠᠷ ᠮᠠᠨᠳᠠᠯ ᠤᠨ | ᠪᠣᠬᠢᠷᠲᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠪᠠᠨ ᠴᠢᠩᠭᠠᠷᠠᠭᠤᠯᠵᠤ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠂ | ᠬᠥᠭᠵᠢᠯᠲᠡ ᠶᠢᠨ ᠪᠦᠬᠦᠯᠢ ᠴᠣᠭᠴᠠ ᠶᠢᠨ ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠠᠶᠠᠨᠨᠠᠭᠤᠷ ᠨᠢ | ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ | ᠲᠣᠭᠤᠷᠢᠭ ᠤᠨ ᠲᠠᠪᠴᠠᠩ ᠢ ᠰᠠᠶᠢᠲᠤᠷ ᠠᠰᠢᠭᠯᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠨᠡᠷ᠎ᠡ | ᠨᠢᠳᠡᠷ ᠲᠤ ᠪᠠᠨ ᠲᠡᠩᠴᠡᠭᠰᠡᠨ ︽ᠪᠣᠭᠤᠮᠲᠠ ᠶᠢᠨ ᠭᠠᠳᠠᠨᠠᠬᠢ ᠠᠮᠤ ᠶᠢᠨ ᠰᠠᠩ︾ ᠪᠣᠯᠭᠠᠨ ᠪᠠᠶᠢᠭᠤᠯᠵᠤ᠂ ᠣᠳᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠥᠨᠳᠦᠷᠯᠢᠭ ᠢ ᠴᠣᠭᠴᠠᠯᠠᠨ᠎ᠠ᠃ | ︵ᠶᠢᠰᠦ︶ ᠡᠯᠡᠰᠦ ᠶᠢ ᠵᠠᠰᠠᠬᠤ ᠪᠠ ᠤᠰᠤ ᠠᠷᠪᠢᠯᠠᠬᠤ ᠪᠠᠷ ᠬᠥᠲᠥᠯᠥᠮᠵᠢ ᠪᠣᠯᠭᠠᠨ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠣᠯ | ᠪᠢᠳᠡᠨ ᠤ ᠪᠠᠲᠤ ᠴᠡᠭᠡᠵᠢᠯᠡᠭᠦᠰᠢᠲᠡᠢ ︽ᠤᠯᠤᠰ ᠤᠨ ᠶᠡᠭᠡ ᠶᠠᠪᠤᠳᠠᠯ︾ ᠪᠣᠯᠣᠨ᠎ᠠ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ᠂ ᠪᠦᠬᠦ ᠬᠦᠴᠦᠨ ᠵᠦᠢᠯ ᠪᠦᠬᠦ | ᠲᠠᠯ᠎ᠠ ᠶᠢᠨ ᠵᠠᠰᠠᠯᠲᠠ ᠶᠢᠨ ᠪᠠᠶᠢᠷᠢᠰᠢᠯ ᠢ ᠴᠣᠭᠴᠠᠯᠠᠵᠤ᠂ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠪᠠᠷ | ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠨ᠎ᠠ᠃ | ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠭᠦᠯᠵᠢᠯᠡᠨ | ᠰᠠᠶᠢᠲᠤᠷ ᠬᠢᠨ᠎ᠡ᠃ ᠬᠠᠲᠤᠨ ᠭᠤᠣᠯ ᠤᠨ ︽ᠶᠡᠭᠡ ᠲᠣᠬᠤᠢ︾ ᠶᠢᠨ ᠡᠷᠭᠢ ᠳᠠᠭᠠᠤ ᠶᠢᠨ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦ ᠶᠢ ᠴᠢᠳᠦᠷᠯᠡᠬᠦ ᠤᠢ ᠶᠢᠨ ᠪᠦᠰᠡ ᠶᠢ ᠪᠦᠬᠦ ᠱᠤᠭᠤᠮ ᠢᠶᠠᠷ ᠨᠡᠪᠲᠡᠷᠡᠭᠦᠯᠬᠦ ᠶᠢ ᠠᠬᠢᠭᠤᠯᠤᠨ᠂ | ᠪᠠᠳᠠᠢ ᠶᠢᠨ ᠵᠢᠷᠠᠨ᠂ ᠲᠡᠭᠷᠢ ᠡᠯᠡᠰᠦ ᠶᠢᠨ ᠵᠠᠬ᠎ᠠ ᠶᠢ ᠴᠢᠳᠦᠷᠯᠡᠬᠦ ᠣᠢ ᠶᠢᠨ ᠪᠦᠰᠡ ᠶᠢᠨ ︽ᠠᠮᠠ ᠰᠡᠭᠡᠷ ᠵᠣᠯᠭᠠᠬᠤ︾ | ᠶᠢ ᠪᠡᠶᠡᠯᠡᠭᠦᠯᠵᠦ᠂ 2000 ᠭᠠᠷᠤᠢ ᠲᠦᠮᠡᠨ ᠮᠦ ᠡᠯᠡᠰᠦ ᠶᠢ ᠵᠠᠰᠠᠵᠤ᠂ ᠡᠯᠡᠰᠦᠨ ᠴᠦᠯ ᠢ ᠰᠤᠨᠳᠠᠯᠠᠭᠰᠠᠨ ᠵᠠᠰᠠᠮᠠᠯ | ᠵᠠᠮ ᠢ 2500 ᠺᠢᠯᠣᠮᠧᠳ᠋ᠷ ᠪᠦᠲᠦᠭᠡᠨ ᠪᠠᠶᠢᠭᠤᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ | ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ ᠥᠷᠭᠦᠯᠵᠢᠯᠡᠨ | ᠠᠬᠢᠭᠤᠯᠵᠤ᠂ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢ 1500 ᠲᠦᠮᠡᠨ ᠺᠢᠯᠣᠸᠠᠲ ᠰᠢᠨ᠎ᠡ ᠪᠠᠷ | ᠪᠠᠶᠢᠭᠤᠯᠤᠨ᠂ 140 ᠲᠦᠮᠡᠨ ᠮᠦ ᠡᠯᠡᠰᠦ ᠶᠢ ᠵᠠᠰᠠᠵᠤ᠂ ︽ᠭᠡᠷᠡᠯᠴᠢ ᠴᠡᠨᠡᠭ ᠤᠨ ᠤᠷᠲᠤ ᠴᠠᠭᠠᠨ ᠬᠡᠷᠡᠮ︾ ᠤᠨ | ᠪᠦᠲᠦᠭᠡᠨ ᠪᠠᠶᠢᠭᠤᠯᠤᠯᠲᠠ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ | ᠤᠰᠤ ᠠᠷᠪᠢᠯᠠᠬᠤ ᠠᠵᠢᠯᠯᠠᠭᠠᠨ ᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠮᠠᠨ ᠤ ᠣᠷᠣᠨ ᠨᠢᠭᠡ ᠲᠠᠯ᠎ᠠ ᠪᠠᠷ | ᠤᠰᠤ ᠲᠤᠲᠠᠭᠳᠠᠵᠤ᠂ ᠨᠦᠬᠦᠬᠡ ᠲᠠᠯ᠎ᠠ ᠪᠠᠷ ᠤᠰᠤ ᠬᠡᠷᠡᠭᠯᠡᠬᠦ ᠠᠷᠭ᠎ᠠ ᠮᠠᠶ᠋ᠢᠭ ᠪᠦᠳᠦᠭᠦᠯᠢᠭ ᠪᠠᠶᠢᠳᠠᠭ ᠠᠴᠠ ᠤᠰᠤ | ᠠᠷᠪᠢᠯᠠᠬᠤ ᠶᠢ ᠰᠠᠶᠢᠲᠤᠷ ᠠᠳᠬᠤᠬᠤ ᠠᠵᠢᠯ ᠢ ᠣᠨᠨᠲᠤ ᠠᠯᠭᠤᠷᠯᠠᠵᠤ ᠪᠣᠯᠬᠤ ᠦᠭᠡᠢ᠃ ᠲᠠᠷᠢᠶᠠᠯᠠᠩ ᠤᠨ ᠬᠦᠷᠢᠶ᠎ᠡ | ᠴᠠᠷᠠᠭᠠᠨ ᠳᠠᠬᠢ ᠵᠠᠩᠭᠢᠯᠠᠭ᠎ᠠ ᠪᠣᠯ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢ ᠰᠠᠶᠢᠲᠤᠷ ᠠᠳᠬᠤᠬᠤ | ᠶᠠᠪᠤᠳᠠᠯ ᠪᠣᠯᠣᠨ᠎ᠠ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 200 ᠲᠦᠮᠡᠨ | ᠮᠦ ᠰᠢᠨ᠎ᠡ ᠪᠠᠷ ᠨᠡᠮᠡᠭᠳᠡᠭᠦᠯᠵᠦ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠪᠠᠨ ᠨᠡᠮᠡᠭᠳᠡᠭᠦᠯᠬᠦ ᠶᠢ ᠠᠬᠢᠭᠤᠯᠬᠤ | ᠰᠢᠶᠠᠨ ᠢ 20 ᠡᠭᠦᠳᠦᠨ ᠪᠠᠶᠢᠭᠤᠯᠵᠤ᠂ ᠤᠰᠤ ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠺᠦᠪ ᠮᠧᠳ᠋ᠷ ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠤ | ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠣᠪᠦ᠋ᠢᠯᠭᠠᠨᠠ᠂ ᠨᠡᠭᠡᠭᠡᠯᠲᠡ ᠶᠢᠨ ᠲᠣᠭᠤᠷᠢᠭ ᠪᠦᠬᠦᠨ ᠳᠤ | ᠲᠡᠷᠢᠭᠦᠨ ᠤ ᠤᠰᠤ ᠠᠷᠪᠢᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠂ ᠰᠢᠨ᠎ᠡ ᠪᠠᠷ ᠲᠣᠬᠢᠷᠠᠭᠤᠯᠤᠭᠰᠠᠨ ᠲᠥᠷᠥᠯ | ᠵᠦᠢᠯ ᠤᠨ ᠣᠰᠣᠨ ᠤ ᠠᠰᠢᠭᠯᠠᠮᠵᠢ ᠶᠢ ᠤᠯᠤᠰ ᠤᠨ ᠠᠵᠢᠯ ᠲᠥᠷᠥᠯ ᠤᠨ ᠤᠰᠤ ᠬᠡᠷᠡᠭᠯᠡᠬᠦ ᠲᠡᠷᠢᠭᠦᠨ ᠤ | ᠬᠡᠮᠵᠢᠭᠳᠡᠯ ᠠᠴᠠ ᠳᠣᠣᠷ᠎ᠠ ᠦᠭᠡᠢ ᠪᠠᠶᠢᠯᠭᠠᠵᠤ᠂ ᠲᠦᠮᠡᠨ ᠲᠥᠭᠦᠷᠢᠭ ᠤᠨ GDP ᠲᠤ ᠬᠡᠷᠡᠭᠯᠡᠬᠦ ᠣᠰᠣᠨ ᠤ | ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠲᠤ ᠬᠡᠷᠡᠭᠯᠡᠬᠦ ᠤᠰᠤᠨ ᠤ | ᠬᠡᠮᠵᠢᠶᠡᠨ ᠤ ᠲᠠᠯ᠎ᠠ ᠪᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠠᠬᠢ ᠬᠢᠵᠠᠭᠠᠷᠯᠠᠬᠤ | ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠠᠮᠢᠳᠤᠷᠠᠯ ᠳᠤ ᠬᠡᠷᠡᠭᠯᠡᠬᠦ ᠤᠰᠤ ᠶᠢ ᠠᠷᠪᠢᠯᠠᠬᠤ ᠳᠤ ᠨᠠᠷᠢᠨ | ᠨᠢᠮᠪᠠᠢ ᠪᠣᠳᠣᠵᠦ ᠲᠥᠯᠥᠪᠯᠡᠨ᠎ᠡ᠂ ᠬᠤᠲᠠ ᠶᠢᠨ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ | ᠥᠷᠨᠢᠭᠦᠯᠵᠦ᠂ ᠨᠢᠭᠡ ᠪᠦᠯᠦᠭ ᠤᠰᠤ ᠠᠷᠪᠢᠯᠠᠬᠤ ᠪᠡᠯᠡᠳᠬᠡᠮᠵᠢ ᠶᠢ ᠥᠭᠡᠷᠡᠴᠢᠯᠡᠨ ᠰᠢᠨᠡᠳᠬᠡᠵᠦ ᠪᠠᠶᠢᠭᠤᠯᠤᠨ᠂ ᠤᠰᠤ | ᠠᠷᠪᠢᠯᠠᠬᠤ ᠬᠠᠮᠢᠶᠠᠷᠤᠯᠲᠠ ᠶᠢᠨ ᠣᠶᠤᠨᠴᠢ ᠲᠠᠪᠴᠠᠩ ᠢ ᠴᠣᠭᠴᠠᠯᠠᠵᠤ᠂ ᠬᠤᠲᠠ ᠶᠢᠨ ᠣᠯᠠᠨ ᠨᠡᠶᠢᠲᠡ ᠶᠢᠨ ᠤᠰᠤ | ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠨᠤᠷᠮ᠎ᠠ ᠶᠢ ᠲᠦᠷᠭᠡᠬᠡᠨ ᠳᠣᠷᠣᠭᠰᠢᠯᠠᠭᠤᠯᠵᠤ᠂ | ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠬᠡᠮᠵᠢᠶᠡᠯᠡᠨ ᠪᠣᠳᠣᠬᠤ ᠨᠤᠷᠮ᠎ᠠ ᠶᠢ | ᠲᠦᠷᠭᠡᠬᠡᠨ ᠳᠡᠭᠡᠭᠰᠢᠯᠡᠭᠦᠯᠦᠨ᠎ᠡ᠃ ᠪᠠᠶᠢᠩᠭᠤ ᠶᠢᠨ ᠪᠤᠰᠤ ᠤᠰᠤ ᠶᠢ ᠰᠠᠶᠢᠲᠤᠷ ᠠᠰᠢᠭᠯᠠᠬᠤ ᠨᠢ ᠴᠦ ᠤᠰᠤ | ᠠᠷᠪᠢᠯᠠᠵᠤ ᠪᠠᠶᠢᠭ᠎ᠠ ᠶᠠᠪᠤᠳᠠᠯ ᠪᠣᠯᠣᠨ᠎ᠠ᠂ ᠳᠠᠬᠢᠯᠲᠠ ᠤᠰᠤ ᠶᠢ ᠠᠰᠢᠭᠯᠠᠬᠤ ᠠᠵᠢᠯᠯᠠᠭᠠᠨ ᠢ ᠬᠡᠷᠡᠭᠵᠢᠭᠦᠯᠵᠦ᠂ | ᠬᠠᠲᠤᠨ ᠭᠤᠣᠯ ᠤᠨ ᠰᠠᠪᠠ ᠭᠠᠵᠠᠷ ᠤᠨ ᠳᠠᠬᠢᠯᠲᠠ ᠤᠰᠤᠨ ᠤ ᠠᠰᠢᠭᠯᠠᠮᠵᠢ ᠶᠢ 60% ᠠᠴᠠ ᠳᠡᠭᠡᠭᠰᠢ ᠳᠤ | ᠬᠦᠷᠦᠭᠦᠯᠵᠦ᠂ ᠠᠭᠤᠷᠬᠠᠢ ᠶᠢᠨ ᠬᠤᠳᠳᠤᠭ ᠤᠨ ᠰᠢᠪᠬᠠᠷᠤᠤ ᠶᠢᠨ ᠠᠰᠢᠭᠯᠠᠮᠵᠢ ᠶᠢ 70% ᠠᠴᠠ ᠳᠡᠭᠡᠭᠰᠢ ᠳᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ | ᠴᠡᠯᠮᠡᠭ ᠲᠡᠭᠷᠢ ᠲᠤᠩᠭᠠᠯᠠᠭ ᠤᠰᠤ ᠴᠡᠪᠡᠷ ᠬᠥᠷᠥᠰᠥᠨ ᠤ ᠬᠠᠮᠠᠭᠠᠯᠠᠯᠲᠠ ᠶᠢᠨ ᠳᠠᠶᠢᠯᠠᠯᠳᠤᠭᠠᠨ ᠢ ᠨᠢᠭᠡᠳᠦᠯᠲᠡᠢ | ᠲᠥᠯᠥᠪᠯᠡᠨ ᠰᠠᠶᠢᠲᠤᠷ ᠬᠢᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ᠥᠪᠡᠷᠲᠡᠭᠡᠨ ᠵᠠᠰᠠᠬᠤ ᠣᠷᠣᠨ ᠤ ᠬᠠᠲᠤᠨ | ᠭᠤᠣᠯ ᠤᠨ ᠰᠠᠪᠠ ᠭᠠᠵᠠᠷ ᠤᠨ ᠲᠤᠰᠬᠠᠢ ᠰᠢᠮᠳᠠᠭᠤᠯᠤᠨ ᠪᠠᠶᠢᠴᠠᠭᠠᠯᠲᠠ ᠶᠢ ᠰᠤᠯᠠᠷᠠᠭᠤᠯᠤᠯ ᠦᠭᠡᠢ ᠴᠢᠩᠭ᠎ᠠ | ᠠᠩᠬᠠᠷᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠥᠷᠭᠦᠯᠵᠢᠯᠡᠨ ᠬᠦᠴᠦᠯᠡᠨ ᠠᠳᠬᠤᠵᠤ᠂ ᠠᠳᠠᠯᠢ | ᠲᠥᠷᠥᠯ ᠤᠨ ᠠᠰᠠᠭᠤᠳᠠᠯ ᠳᠠᠪᠲᠠᠨ ᠢᠯᠡᠷᠡᠬᠦ ᠶᠢ ᠡᠷᠡᠰ ᠬᠤᠷᠢᠭᠯᠠᠨ᠎ᠠ᠃ ᠬᠦᠬᠡᠬᠤᠲᠠ ᠪᠤᠭᠤᠲᠤ ᠣᠷᠳᠣᠰ᠂ ᠦᠬᠠᠢ | ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠶᠠᠨ | ᠭᠦᠨᠵᠡᠭᠡᠶᠢᠷᠡᠭᠦᠯᠵᠦ᠂ ᠬᠦᠨᠳᠦ ᠪᠣᠬᠢᠷᠲᠤᠭᠰᠠᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ᠂ ᠭᠤᠣᠯᠳᠠᠯᠭ᠎ᠠ ᠪᠣᠯᠬᠤ ᠠᠵᠢᠯ ᠲᠥᠷᠥᠯ ᠤᠨ ᠪᠣᠬᠢᠷᠲᠤᠯ ᠤᠨ | ᠭᠦᠨᠵᠡᠭᠡᠢ ᠵᠠᠰᠠᠯᠲᠠ ᠶᠢ ᠠᠬᠢᠭᠤᠯᠤᠨ᠎ᠠ᠃ ᠭᠤᠣᠯ ᠮᠥᠷᠡᠨ ᠨᠠᠭᠤᠷ ᠪᠦᠷᠢᠳᠦ ᠤᠰᠤᠨ ᠴᠦᠬᠦᠷᠦᠮ ᠤᠨ ︽ᠳᠤᠷ᠎ᠠ ᠪᠠᠷ | ᠦᠢᠯᠡᠳᠬᠦ ᠳᠥᠷᠪᠡ ᠶᠢ ᠴᠡᠪᠡᠷᠯᠡᠬᠦ︾ ᠦᠷ᠎ᠡ ᠪᠦᠲᠦᠭᠡᠯ ᠢ ᠪᠠᠬᠢᠵᠢᠭᠦᠯᠦᠨ᠂ ︽ᠬᠥᠯᠥᠨ ᠨᠠᠭᠤᠷ ᠲᠠᠭ᠎ᠠ ᠶᠢᠨ ᠨᠠᠭᠤᠷ | ᠤᠯᠠᠭᠠᠨᠰᠤᠬᠠᠢ ᠨᠠᠭᠤᠷ︾ ᠵᠢᠴᠢ ᠴᠠᠭᠠᠨᠨᠠᠭᠤᠷ ᠤᠨ ᠬᠠᠮᠠᠭᠠᠯᠠᠯᠲᠠ ᠵᠠᠰᠠᠯᠲᠠ ᠪᠠᠨ ᠴᠢᠩᠭᠠᠳᠬᠠᠵᠤ᠂ ᠬᠠᠲᠤᠨ | ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠤᠨ ᠵᠠᠰᠠᠯᠲᠠ ᠶᠢᠨ ᠢᠨᠵᠧᠨᠧᠷᠢᠩ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ᠂ ᠦᠬᠠᠢ ᠨᠠᠭᠤᠷ ᠤᠨ ᠴᠦᠬᠦᠷᠦᠮ ᠤᠨ ᠣᠷᠣᠨ ᠤ ᠨᠥᠯᠥᠮᠡᠯ ᠰᠢᠪᠠᠷ ᠢ | ᠠᠷᠢᠯᠭᠠᠨ ᠴᠡᠪᠡᠷᠯᠡᠬᠦ ᠵᠢᠴᠢ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠶᠢ ᠨᠢᠭᠡ ᠴᠣᠭᠴᠠᠵᠢᠭᠤᠯᠤᠨ | ᠵᠠᠰᠠᠬᠤ ᠠᠵᠢᠯ ᠢ ᠲᠤᠷᠰᠢᠨ ᠠᠬᠢᠭᠤᠯᠵᠤ᠂ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠰᠡᠷᠭᠦᠯᠲᠡ ᠶᠢ ᠠᠬᠢᠭᠤᠯᠤᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠭᠤᠣᠯᠳᠠᠯᠭᠠᠲᠤ ᠨᠢᠭᠡᠴᠢ ᠶᠢᠨ | ᠬᠥᠷᠥᠰᠥ ᠰᠢᠷᠣᠢ ᠶᠢᠨ ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ | ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ᠂ ᠬᠤᠵᠢᠷᠯᠢᠭ | ᠭᠠᠵᠠᠷ ᠢ ᠰᠠᠶᠢᠵᠢᠷᠠᠭᠤᠯᠤᠨ ᠠᠰᠢᠭᠯᠠᠬᠤ ᠪᠠᠨ ᠴᠢᠩᠭᠠᠳᠬᠠᠨ᠎ᠠ᠃ | ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ ᠦᠭᠡᠢ | ᠬᠥᠭᠵᠢᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠠᠬᠢ ᠡᠨᠧᠷᠬᠢ ᠠᠷᠪᠢᠯᠠᠬᠤ ᠮᠡᠷᠭᠡᠵᠢᠯ ᠢ | ᠳᠡᠯᠭᠡᠷᠡᠭᠦᠯᠵᠦ ᠬᠡᠷᠡᠭᠯᠡᠬᠦ ᠪᠠᠨ ᠲᠦᠷᠭᠡᠳᠬᠡᠵᠦ᠂ ᠪᠦᠬᠦ ᠤᠯᠤᠰ ᠤᠨ ᠨᠡᠭᠦᠷᠡᠰᠦᠳᠦ᠋ᠷᠦᠭᠴᠢ ᠶᠢᠨ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢᠨ ︽ᠬᠤᠶᠠᠷ ᠢ ᠬᠢᠵᠠᠭᠠᠷᠯᠠᠬᠤ︾ ᠳᠤ ᠵᠣᠬᠢᠴᠠᠭᠰᠠᠨ ᠲᠦᠷᠦ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠪᠠᠶᠢᠭᠤᠯᠤᠨ᠂ 2.0 ᠪᠠᠷᠯᠠᠯ ᠤᠨ ᠳᠡᠭ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠣᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠶᠢᠨ | ᠬᠤᠷᠠᠮᠠᠯ ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠬᠡᠪᠴᠢᠶᠡᠵᠢᠯ ᠢ ᠥᠷᠭᠡᠳᠬᠡᠨ᠎ᠡ᠃ ᠡᠬᠢ ᠪᠠᠶᠠᠯᠢᠭ ᠢ | ᠣᠷᠴᠢᠯᠳᠤᠭᠤᠯᠤᠨ ᠠᠰᠢᠭᠯᠠᠬᠤ ᠪᠠᠨ ᠴᠢᠩᠭᠠᠳᠬᠠᠨ᠎ᠠ᠂ ᠮᠠᠨ ᠤ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯᠴᠢ | ᠴᠡᠨᠡᠭ ᠤᠨ ᠲᠥᠬᠦᠭᠡᠷᠦᠮᠵᠢ ᠤᠳᠠᠯ ᠦᠭᠡᠢ ︽ᠬᠡᠷᠡᠭᠴᠡᠭᠡᠨ ᠠᠴᠠ ᠭᠠᠷᠬᠤ ᠥᠷᠨᠢᠯ︾ ᠢ ᠤᠭᠲᠤᠬᠤ ᠪᠣᠯᠣᠨ᠎ᠠ᠂ | ᠡᠭᠡᠭᠦᠯᠦᠨ ᠬᠤᠷᠢᠶᠠᠵᠤ ᠠᠰᠢᠭᠯᠠᠬᠤ ᠠᠵᠢᠯ ᠢ ᠥᠨᠳᠥᠷ ᠪᠦᠲᠦᠮᠵᠢᠲᠡᠢ ᠰᠠᠶᠢᠲᠤᠷ ᠬᠢᠵᠦ᠂ ᠪᠤᠭᠤᠲᠤ ᠶᠢᠨ ᠰᠠᠯᠬᠢᠨ | ᠬᠦᠴᠦᠨ ᠤ ᠴᠠᠬᠢᠯᠭᠠᠨ ᠤ ᠬᠡᠷᠡᠭᠴᠡᠭᠡᠨ ᠠᠴᠠ ᠭᠠᠷᠤᠭᠰᠠᠨ ᠲᠣᠨᠤᠭ ᠲᠥᠬᠦᠭᠡᠷᠦᠮᠵᠢ ᠶᠢ ᠡᠬᠢ ᠪᠠᠶᠠᠯᠢᠭᠵᠢᠭᠤᠯᠤᠨ | ᠳᠠᠬᠢᠨᠲᠠ ᠠᠰᠢᠭᠯᠠᠬᠤ ᠵᠢᠱᠢᠶ᠎ᠡ ᠦᠵᠡᠭᠦᠯᠬᠦ ᠲᠣᠭᠤᠷᠢᠭ᠂ ᠣᠷᠳᠣᠰ ᠤᠨ ᠳᠡᠭᠡᠳᠦ ᠬᠥᠩᠭᠡᠨᠴᠠᠭᠠᠨᠲᠤ ᠨᠤᠨᠳᠠᠭ | ᠨᠡᠭᠦᠷᠡᠰᠦᠨ ᠤ ᠦᠨᠡᠰᠦ ᠪᠠ ᠳᠠᠬᠢᠯᠲᠠ ᠬᠥᠩᠭᠡᠨᠴᠠᠭᠠᠨ ᠤ ᠡᠬᠢ ᠪᠠᠶᠠᠯᠢᠭ ᠢ ᠠᠰᠢᠭᠯᠠᠬᠤ ᠰᠠᠭᠤᠷᠢᠨ ᠭᠠᠵᠠᠷ᠂ | ᠰᠢᠯᠢ ᠶᠢᠨ ᠭᠤᠣᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠣᠯᠠᠨ ᠬᠦᠷᠢᠶ᠎ᠡ ᠴᠠᠷᠠᠭᠠᠨ ᠳᠤ ︽ᠬᠠᠶᠠᠭᠳᠠᠮᠠᠯ ᠢ | ᠬᠤᠪᠣᠷ ᠡᠷᠳᠡᠨᠢ ᠪᠤᠯᠭᠠᠬᠤ︾ ᠶᠢ ᠪᠡᠶᠡᠯᠡᠭᠦᠯᠦᠨ᠎ᠡ᠃ | ︵ᠠᠷᠪᠠ︶ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠨᠢᠳᠤᠨᠤᠨ ᠮᠠᠨ ᠤ ᠣᠷᠣᠨ ᠤ ᠠᠷᠠᠳ ᠤᠨ | ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ | ᠬᠦᠷᠦᠭᠰᠡᠨ ᠪᠤᠶᠤ ᠲᠡᠭᠦᠨ ᠠᠴᠠ ᠳᠠᠪᠠᠵᠤ᠂ ᠡᠨᠡ ᠵᠢᠯ ᠬᠡᠳᠦᠢ ᠬᠦᠴᠢᠷ ᠪᠠᠶᠢᠭᠰᠠᠨ ᠴᠦ ᠪᠠᠷᠢᠮᠵᠢᠶᠠᠨ ᠠᠴᠠ ᠥᠯᠥ | ᠪᠠᠭᠤᠷᠠᠭᠤᠯᠤᠨ᠂ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠵᠤ᠂ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠰᠠᠭᠤᠷᠢ ᠱᠤᠭᠤᠮ ᠢ ᠪᠠᠲᠤ ᠰᠠᠬᠢᠵᠤ᠂ ᠠᠵᠢᠯ ᠣᠯᠭᠤᠯᠲᠠ᠂ | ᠰᠤᠷᠭᠠᠨ ᠬᠥᠮᠦᠵᠢᠯ᠂ ᠡᠮᠴᠢᠯᠡᠭᠡ ᠵᠡᠷᠭᠡ ᠤᠯᠠᠨ ᠨᠡᠶᠢᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ | ᠰᠢᠯᠢᠳᠡᠭᠵᠢᠭᠦᠯᠦᠨ᠎ᠡ᠃ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠪᠣᠯᠣᠨ᠎ᠠ᠂ ᠣᠯᠠᠨ ᠠᠷᠭ᠎ᠠ ᠬᠡᠮᠵᠢᠶ᠎ᠡ ᠶᠢ | ᠵᠡᠷᠭᠡ ᠳᠤ ᠨᠢ ᠬᠡᠷᠡᠭᠯᠡᠨ ᠠᠵᠤ ᠦᠢᠯᠡᠰ ᠪᠠ ᠠᠵᠢᠯ ᠣᠯᠭᠤᠯᠲᠠ ᠶᠢᠨ ᠬᠠᠷᠢᠯᠴᠠᠨ ᠠᠬᠢᠭᠤᠯᠵᠤ ᠬᠠᠮᠲᠤ ᠪᠠᠷ | ᠳᠠᠪᠰᠢᠬᠤ ᠶᠢ ᠠᠬᠢᠭᠤᠯᠤᠨ᠎ᠠ᠃ ᠮᠠᠨ ᠤ ᠣᠷᠣᠨ ᠤ ᠲᠦᠮᠡᠨ ᠳ᠋ᠦᠩᠰᠢᠭᠤᠷ ᠲᠥᠭᠦᠷᠢᠭ ᠰᠢᠬᠠᠮ ᠤᠨ ᠴᠢᠬᠤᠯᠠ ᠶᠡᠭᠡ | ᠲᠦᠷᠦᠯ ᠵᠦᠢᠯ ᠤᠨ ᠪᠡᠯᠡ ᠣᠷᠣᠭᠤᠯᠤᠯᠲᠠ ᠳᠤ ᠠᠵᠤ ᠦᠢᠯᠡᠰ ᠤᠨ ᠪᠡᠯᠡ ᠣᠷᠣᠭᠤᠯᠤᠯᠲᠠ ᠪᠠᠷᠤᠭ ᠠᠷᠪᠠᠨ ᠤ | ᠳᠣᠯᠣᠭᠠᠨ ᠬᠤᠪᠢ ᠶᠢ ᠡᠵᠡᠯᠡᠭᠰᠡᠨ ᠪᠣᠯᠪᠠᠴᠤ ᠲᠤᠰ ᠭᠠᠵᠠᠷ ᠤᠨ ᠢᠶᠠᠨ ᠠᠵᠢᠯ ᠣᠯᠭᠤᠯᠲᠠ ᠶᠢ ᠳᠠᠶᠢᠴᠢᠯᠠᠭᠰᠠᠨ ᠢᠶᠠᠷ | ᠪᠠᠷᠤᠭᠲᠠᠢ ᠪᠠᠶᠢᠵᠤ᠂ ︽ᠬᠥᠮᠥᠨ ᠪᠠᠶᠢᠭᠠᠳ ᠬᠢᠬᠦ ᠠᠵᠢᠯ ᠦᠭᠡᠢ︾ ᠮᠥᠷᠲᠡᠭᠡᠨ ︽ᠠᠵᠢᠯ ᠪᠠᠶᠢᠭᠠᠳ ᠬᠢᠬᠦ ᠬᠥᠮᠥᠨ | ᠦᠭᠡᠢ︾ ᠪᠠᠶᠢᠳᠠᠯ ᠣᠷᠣᠰᠢᠵᠤ ᠪᠠᠶᠢᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ | ᠠᠬᠢᠭᠤᠯᠬᠤ ᠠᠵᠢᠯᠯᠠᠭᠠᠨ ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠠᠳᠬᠤᠬᠤ᠂ ᠠᠵᠤ ᠦᠢᠯᠡᠰ ᠢ ᠪᠣᠳᠠᠲᠠᠶᠢᠵᠢᠭᠤᠯᠬᠤ ᠶᠢ ᠠᠳᠬᠤᠬᠤ ᠳᠤ ᠪᠠᠨ ᠲᠤᠰ | ᠭᠠᠵᠠᠷ ᠤᠨ ᠢᠶᠠᠨ ᠠᠵᠢᠯ ᠣᠯᠭᠤᠯᠲᠠ ᠶᠢ ᠬᠡᠷᠬᠢᠨ ᠨᠡᠩ ᠣᠯᠠᠨ ᠳᠠᠶᠢᠴᠢᠯᠠᠬᠤ ᠶᠢ ᠵᠡᠷᠭᠡ ᠳᠤ ᠨᠢ ᠪᠣᠳᠣᠯᠬᠢᠯᠠᠨ᠂ | ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ | ᠰᠤᠳᠤᠯᠬᠤ ᠳᠤ ᠪᠠᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠡᠷᠭᠡ ᠳᠤ ᠨᠢ ᠰᠤᠳᠤᠯᠤᠨ᠂ ᠤᠷ᠎ᠠ | ᠮᠡᠷᠭᠡᠰᠢᠯ ᠤᠨ ᠪᠣᠯᠪᠠᠰᠤᠷᠠᠯ᠂ ᠠᠵᠢᠯ ᠣᠯᠭᠤᠬᠤ ᠵᠢᠯᠣᠭᠤᠳᠤᠯᠭ᠎ᠠ ᠶᠢ ᠤᠷᠢᠳᠴᠢᠯᠠᠨ ᠰᠠᠶᠢᠲᠤᠷ ᠬᠢᠵᠦ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠠᠵᠤ ᠠᠬᠤᠶᠢᠯᠠᠯ ᠳᠤ ᠴᠢᠳᠠᠪᠤᠷᠢᠲᠠᠨ ᠬᠠᠩᠭᠠᠬᠤ ᠶᠢ ᠵᠡᠷᠭᠡ ᠳᠤ ᠨᠢ | ᠠᠬᠢᠭᠤᠯᠤᠨ᠂ ᠵᠠᠪᠰᠠᠷ ᠦᠭᠡᠢ ᠵᠣᠯᠭᠠᠭᠤᠯᠬᠤ ᠬᠡᠷᠡᠭᠲᠡᠢ᠃ ᠡᠯ᠎ᠡ ᠶᠡᠭᠡ ᠳᠡᠭᠡᠳᠦ ᠰᠤᠷᠭᠠᠭᠤᠯᠢ ᠨᠢ ᠠᠵᠢᠯ | ᠣᠯᠭᠤᠯᠲᠠ ᠪᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠᠨ | ᠨᠠᠷᠢᠯᠢᠭ ᠣᠨᠣᠪᠴᠢᠲᠠᠢ ᠲᠣᠬᠢᠷᠠᠭᠤᠯᠤᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠲᠤ ᠶᠠᠮᠠᠷ ᠴᠢᠳᠠᠪᠤᠷᠢᠲᠠᠨ | ᠴᠢᠬᠤᠯᠠᠲᠠᠢ ᠪᠣᠯ ᠲᠡᠶᠢᠨ ᠬᠦ ᠴᠢᠳᠠᠪᠤᠷᠢᠲᠠᠨ ᠢ ᠬᠥᠮᠥᠵᠢᠭᠦᠯᠵᠦ ᠬᠠᠩᠭᠠᠨ᠎ᠠ᠃ ᠣᠨᠴᠠᠭᠠᠢ ᠬᠥᠮᠥᠰ ᠲᠤ ᠠᠵᠢᠯ | ᠣᠯᠭᠤᠬᠤ ᠶᠢ ᠣᠨᠴᠠᠭᠠᠶᠢᠯᠠᠨ ᠠᠩᠬᠠᠷᠴᠤ᠂ ᠭᠤᠣᠯᠳᠠᠯᠭ᠎ᠠ ᠲᠠᠢ ᠪᠠᠲᠤᠯᠠᠵᠤ᠂ ᠨᠠᠰᠤ ᠠᠬᠢᠭᠰᠠᠨ᠂ ᠵᠡᠮᠳᠡᠭ ᠵᠡᠷᠡᠮᠳᠡᠭ᠂ | ᠠᠵᠢᠯ ᠠᠯᠳᠠᠭᠠᠳ ᠨᠡᠯᠢᠶᠡᠳ ᠤᠷᠲᠤ ᠬᠤᠭᠤᠴᠠᠭ᠎ᠠ ᠪᠣᠯᠤᠭᠰᠠᠨ ᠵᠡᠷᠭᠡ ᠠᠵᠢᠯ ᠣᠯᠬᠤ ᠳᠤ ᠬᠦᠴᠢᠷᠳᠡᠯᠲᠡᠢ | ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ | ᠡᠮᠡᠭᠲᠡᠶᠢᠴᠦᠳ ᠵᠡᠷᠭᠡ ᠬᠥᠮᠥᠰ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ︽ᠨᠢᠭᠡ | ᠬᠥᠮᠥᠨ ᠨᠢ ᠴᠦ ᠠᠵᠢᠯ ᠣᠯᠣᠭᠰᠠᠨ ᠦᠭᠡᠢ ᠭᠡᠷ ᠪᠦᠯᠢ︾ ᠶᠢ ᠬᠥᠳᠡᠯᠦᠩᠭᠦᠢ ᠪᠠᠷ ᠠᠷᠢᠯᠭᠠᠬᠤ ᠶᠢ ᠦᠨᠡᠨ ᠬᠦ | ᠪᠠᠲᠤᠯᠠᠨ᠎ᠠ᠃ | ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ | ᠪᠣᠯᠣᠨ᠎ᠠ᠂ ᠰᠠᠶᠢᠨ ᠰᠤᠷᠭᠠᠨ ᠬᠥᠮᠦᠵᠢᠯ ᠪᠠᠶᠢᠬᠤ ᠦᠭᠡᠢ ᠪᠣᠯ ᠴᠢᠳᠠᠪᠤᠷᠢᠲᠠᠳ ᠢ ᠦᠯᠡᠳᠡᠭᠡᠵᠦ ᠴᠢᠳᠠᠬᠤ ᠦᠭᠡᠢ | ᠮᠥᠷᠲᠡᠭᠡᠨ ᠬᠥᠮᠥᠨ ᠠᠮᠠ ᠶᠢ ᠴᠦ ᠬᠤᠴᠣᠷᠭᠠᠨ ᠠᠪᠴᠤ ᠴᠢᠳᠠᠬᠤ ᠦᠭᠡᠢ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠳᠤ ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠶᠢ ᠭᠤᠣᠯᠳᠠᠯᠭ᠎ᠠ ᠲᠠᠢ ᠠᠳᠬᠤᠨ᠂ | ᠨᠠᠶᠢᠳᠠᠵᠤ ᠰᠠᠭᠠᠲᠠᠭᠤᠯᠬᠤ ᠦᠢᠯᠡᠴᠢᠯᠡᠭᠡ ᠶᠢ ᠴᠦ ᠰᠠᠶᠢᠲᠤᠷ ᠬᠢᠵᠦ᠂ ᠵᠠᠯᠠᠭᠤᠴᠤᠳ ᠤᠨ ᠰᠠᠨᠠᠭᠠᠰᠢᠷᠠᠨ ᠵᠣᠪᠠᠨᠢᠵᠤ | ᠪᠠᠶᠢᠭ᠎ᠠ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ ᠥᠭᠭᠦᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠠᠩᠭᠢᠯᠠᠭ᠎ᠠ ᠨᠢ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠭᠦᠯᠦᠨ᠂ ᠲᠡᠩᠴᠡᠭᠦᠷᠢ ᠦᠭᠡᠢ | ᠠᠰᠠᠭᠤᠳᠠᠯ ᠢ ᠰᠢᠢᠳᠪᠦᠷᠢᠯᠡᠬᠦ ᠳᠤ ᠪᠠᠶᠢᠨ᠎ᠠ᠂ ᠴᠢᠨᠠᠷᠵᠢᠭᠤᠨ ᠰᠤᠷᠭᠠᠭᠤᠯᠢ ᠨᠢ ᠠᠨᠠᠶᠢᠬᠠᠨ ᠰᠤᠷᠭᠠᠭᠤᠯᠢ ᠪᠠᠨ | ᠳᠠᠭᠠᠭᠤᠯᠬᠤ᠂ ᠬᠤᠲᠠ ᠬᠥᠳᠡᠭᠡ ᠰᠢᠰᠲ᠋ᠧᠮ ᠢᠶᠠᠷ ᠢᠶᠠᠨ ᠲᠤᠰᠠᠯᠠᠬᠤ᠂ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ | ᠵᠡᠷᠭᠡ ᠲᠣᠭᠲᠠᠴᠠ ᠪᠠᠷ ᠳᠠᠮᠵᠢᠭᠤᠯᠤᠨ᠂ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠤ᠂ | ᠪᠦᠯᠬᠦᠮ ᠨᠡᠶᠢᠲᠡ ᠶᠢᠨ ᠰᠤᠷᠭᠠᠨ ᠬᠥᠮᠦᠵᠢᠯ ᠤᠨ ᠬᠤᠭᠤᠷᠤᠨᠳᠤᠬᠢ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ | ᠃ ᠢᠯᠠᠩᠭᠤᠶ᠎ᠠ ᠤᠤᠯ ᠨᠢ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠨᠤᠭᠤᠳ ᠢ | ᠴᠢᠨᠠᠷᠯᠢᠭ ᠡᠩ ᠤᠨ ᠰᠤᠷᠭᠠᠭᠤᠯᠢ ᠨᠤᠭᠤᠳ ᠯᠤᠭ᠎ᠠ ᠬᠤᠣᠰᠯᠠᠯ ᠪᠣᠯᠭᠠᠵᠤ ᠬᠠᠮᠲᠤ ᠪᠠᠷ ᠪᠦᠲᠦᠭᠡᠨ ᠪᠠᠶᠢᠭᠤᠯᠬᠤ ᠪᠠᠨ | ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠠᠶᠢᠴᠢᠯᠠᠨ ᠲᠡᠬᠡᠭᠰᠢᠯᠡᠬᠦᠯᠦᠨ᠎ᠡ᠃ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠨᠢ ᠣᠨᠴᠠᠯᠢᠬᠵᠢᠭᠤᠯᠤᠨ ᠣᠯᠠᠨ | ᠶᠠᠩᠵᠤᠴᠢᠯᠠᠨ ᠰᠤᠷᠭᠠᠭᠤᠯᠢ ᠡᠷᠬᠢᠯᠡᠬᠦ ᠶᠢ ᠳᠣᠪᠦ᠋ᠢᠯᠭᠠᠵᠤ᠂ ᠥᠪᠡᠷᠲᠡᠭᠡᠨ ᠵᠠᠰᠠᠬᠤ ᠣᠷᠣᠨ ᠤ ᠨᠢᠭᠡ ᠪᠦᠯᠦᠭ ᠵᠢᠱᠢᠶ᠎ᠡ | ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠰᠢᠶᠠᠨ ᠤ ᠬᠡᠪᠴᠢᠶᠡᠨ ᠤ ᠨᠢᠭᠡ ᠪᠦᠯᠦᠭ ᠴᠢᠨᠠᠷᠯᠢᠭ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡ ᠪᠦᠯᠦᠭ ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢ ᠲᠦᠷᠦᠯ ᠬᠤᠪᠢᠶᠠᠨ ᠪᠦᠲᠦᠭᠡᠨ ᠪᠠᠶᠢᠭᠤᠯᠵᠤ᠂ ᠰᠤᠷᠤᠭᠴᠢᠳ ᠤᠨ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠤᠨ᠎ᠠ᠃ ᠰᠠᠭᠠᠳ ᠦᠭᠡᠢ ᠨᠡᠪᠲᠡᠷᠡᠬᠦ ᠵᠠᠮ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠯᠡᠵᠦ᠂ | ᠨᠡᠩ ᠣᠯᠠᠨ ᠰᠠᠶᠢᠨ ᠪᠠᠭᠰᠢ᠂ ᠰᠠᠶᠢᠨ ᠵᠠᠬᠢᠷᠤᠯ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠵᠦ᠂ ᠣᠨᠴᠠᠭᠠᠶᠢᠯᠠᠨ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ ᠪᠠᠶᠢᠭᠠᠳ ᠨᠡᠩ ᠣᠯᠠᠨ | ᠪᠡᠭᠡᠵᠢᠩ ᠤᠨ ᠪᠠᠭᠰᠢ ᠨᠠᠷ ᠢ ᠲᠠᠲᠠᠵᠤ ᠥᠪᠥᠷ ᠮᠣᠩᠭᠤᠯ ᠳᠤ ᠢᠷᠡᠵᠦ ᠠᠵᠢᠯᠯᠠᠭᠤᠯᠤᠨ᠎ᠠ᠃ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠶᠣᠰᠣ ᠮᠣᠷᠠᠯ ᠣᠶᠤᠨ | ᠮᠡᠳᠡᠯᠭᠡ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠳᠤ ᠬᠦᠴᠦᠨ | ᠨᠡᠮᠡᠷᠢᠯᠡᠨ᠎ᠡ᠃ | ᠣᠯᠠᠨ ᠲᠦᠮᠡᠨ ᠢ ᠭᠡᠷ ᠤᠨ ᠢᠶᠠᠨ ᠣᠶᠢᠷ᠎ᠠ ᠬᠠᠪᠢ ᠳᠤ ᠡᠪᠡᠳᠴᠢᠨ ᠡᠮᠭᠡᠭ ᠢᠶᠠᠨ ᠰᠠᠶᠢᠲᠤᠷ ᠡᠮᠨᠡᠭᠦᠯᠵᠦ ᠳᠡᠶᠢᠯᠬᠦ | ᠪᠣᠯᠭᠠᠨ᠎ᠠ᠃ ᠴᠢᠨᠠᠷᠯᠢᠭ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠨᠢ ᠥᠷᠭᠡᠵᠢᠭᠦᠯᠦᠨ ᠦᠨᠳᠦᠰᠦᠨ | ᠱᠠᠲᠤᠨ ᠳᠤ ᠪᠠᠭᠤᠯᠭᠠᠬᠤ ᠶᠢ ᠠᠬᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ | ᠬᠤᠷᠢᠶ᠎ᠠ᠂ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠰᠢᠤᠸᠠᠨ ᠦ᠋ ᠡᠮᠨᠡᠯᠭᠡ ᠶᠢᠨ ᠬᠤᠷᠢᠶ᠎ᠠ᠂ | ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠳᠠᠬᠢ ᠡᠮᠨᠡᠯᠬᠡ ᠶᠢᠨ ᠬᠤᠷᠢᠶ᠎ᠠ ᠵᠡᠷᠭᠡ | ᠤᠯᠤᠰ ᠤᠨ ᠣᠷᠣᠨ ᠪᠦᠰᠡ ᠶᠢᠨ 4 ᠡᠮᠴᠢᠯᠡᠭᠡᠨ ᠤ ᠲᠥᠪ ᠢ ᠰᠠᠶᠢᠲᠤᠷ ᠪᠦᠲᠦᠭᠡᠨ ᠪᠠᠶᠢᠭᠤᠯᠤᠨ ᠰᠠᠶᠢᠲᠤᠷ ᠡᠵᠡᠩᠨᠡᠨ | ᠠᠵᠢᠯᠯᠠᠭᠤᠯᠵᠤ᠂ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠪᠠ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠨᠢᠭᠡ ᠪᠦᠯᠦᠭ ᠣᠨᠴᠠᠯᠢᠭ ᠲᠠᠢ | ᠭᠤᠣᠯᠳᠠᠯᠭ᠎ᠠ ᠪᠣᠯᠬᠤ ᠲᠤᠰᠬᠠᠢ ᠰᠠᠯᠠᠭ᠎ᠠ ᠶᠢ ᠴᠣᠭᠴᠠᠯᠠᠨ᠎ᠠ᠃ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ | ᠡᠮᠨᠡᠯᠭᠡ ᠶᠢᠨ ᠵᠣᠬᠢᠴᠠᠯᠳᠤᠭᠰᠠᠨ ᠬᠥᠭᠵᠢᠯᠲᠡ ᠪᠠ ᠵᠠᠰᠠᠯᠲᠠ ᠶᠢ ᠠᠬᠢᠭᠤᠯᠵᠤ᠂ ᠦᠨᠳᠦᠰᠦᠨ ᠡᠮᠴᠢᠯᠡᠭᠡᠨ ᠤ | ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠲᠥᠯᠥᠪᠯᠡᠬᠦ ᠶᠢ ᠯᠠᠪᠳᠠᠭᠤᠨ ᠠᠬᠢᠭᠤᠯᠤᠨ᠂ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠳᠤ ᠪᠠᠶᠢᠩᠭᠤᠰᠢᠭᠰᠠᠨ ᠬᠢᠨᠠᠯᠲᠠ ᠬᠠᠮᠢᠶᠠᠷᠤᠯᠲᠠ | ᠬᠢᠬᠦ ᠪᠠᠨ ᠴᠢᠩᠭᠠᠷᠠᠭᠤᠯᠵᠤ᠂ ᠠᠷᠠᠳ ᠲᠦᠮᠡᠨ ᠤ ᠡᠮᠨᠡᠭᠦᠯᠵᠦ ᠵᠠᠰᠠᠭᠤᠯᠬᠤ ᠵᠣᠭᠤᠰ ᠢ ᠨᠢ ᠰᠠᠶᠢᠲᠤᠷ ᠬᠠᠮᠠᠭᠠᠯᠠᠨ᠎ᠠ᠃ | ᠬᠢᠲᠠᠳ ᠮᠣᠩᠭᠤᠯ ᠡᠮ ᠡᠮᠨᠡᠯᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠠᠷᠠᠳ ᠲᠤ ᠳᠦᠭᠦᠮ | ᠦᠵᠡᠭᠦᠯᠬᠦ ᠨᠡᠩ ᠣᠯᠠᠨ ᠬᠢᠲᠠᠳ ᠡᠮᠨᠡᠯᠭᠡ ᠶᠢᠨ ᠣᠷᠳᠣᠨ᠂ ᠮᠣᠩᠭᠤᠯ ᠡᠮᠨᠡᠯᠭᠡ ᠶᠢᠨ ᠣᠷᠳᠣᠨ ᠢ ᠪᠠᠶᠢᠭᠤᠯᠤᠨ᠂ | ᠣᠯᠠᠨ ᠲᠦᠮᠡᠨ ᠤ ᠡᠮᠨᠡᠭᠦᠯᠵᠦ ᠰᠤᠪᠢᠯᠠᠭᠤᠯᠬᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ︵ᠠᠷᠪᠠᠨ ᠨᠢᠭᠡ︶ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠡᠷᠡᠰ ᠪᠠᠬᠢᠵᠢᠭᠦᠯᠦᠨ᠎ᠡ᠃ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠪᠣᠯ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠪᠢᠳᠡ | ᠡᠭᠦᠷᠭᠡ ᠬᠠᠷᠢᠭᠤᠴᠠᠯᠭ᠎ᠠ ᠳᠤ ᠪᠠᠨ ᠣᠰᠣᠯᠳᠠᠬᠤ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠢ᠃ | ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠰᠡᠷᠭᠡᠶᠢᠯᠡᠯᠲᠡ ᠶᠢ | ᠴᠢᠬᠤᠯᠠᠴᠢᠯᠠᠬᠤ᠂ ᠰᠠᠭᠤᠷᠢ ᠶᠢ ᠪᠠᠬᠢᠵᠢᠭᠦᠯᠬᠦ᠂ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ᠂ ᠴᠢᠳᠠᠪᠤᠷᠢ ᠶᠢ | ᠳᠡᠭᠡᠭᠰᠢᠯᠡᠭᠦᠯᠬᠦ ᠳᠦᠷᠪᠡᠨ ᠵᠠᠩᠭᠢᠯᠠᠭ᠎ᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠨ᠂ ᠠᠶᠤᠯ ᠦᠭᠡᠢ | ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭᠠᠨ ᠢ ᠭᠦᠨᠵᠡᠭᠡᠶᠢᠷᠡᠭᠦᠯᠵᠦ᠂ | ᠠᠶᠤᠯ ᠦᠭᠡᠢ ᠦᠢᠯᠡᠳᠪᠦᠷᠢᠯᠡᠯ ᠪᠠ ᠪᠠᠶᠢᠭᠠᠯᠢ ᠶᠢᠨ ᠭᠠᠢ ᠭᠠᠮᠰᠢᠭ ᠤᠨ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ | ᠬᠤᠲᠠ ᠪᠠᠯᠭᠠᠰᠤᠨ ᠤ ᠰᠢᠲᠠᠮᠠᠬᠠᠢ ᠬᠡᠢ᠂ ᠴᠠᠬᠢᠯᠭᠠᠨ ᠬᠦᠳᠡᠯᠭᠡᠭᠦᠷᠲᠦ ᠳᠤᠭᠤᠢ ᠲᠡᠷᠭᠡ ᠵᠡᠷᠭᠡ ᠭᠤᠣᠯᠳᠠᠯᠭ᠎ᠠ ᠪᠣᠯᠬᠤ | ᠬᠦᠷᠢᠶ᠎ᠡ ᠴᠠᠷᠠᠭᠠᠨ ᠳᠠᠬᠢ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠦᠨᠳᠦ ᠶᠡᠭᠡ | ᠠᠳᠡᠯ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠵᠤ᠂ ᠠᠮᠤᠷ ᠲᠦᠪᠰᠢᠨ ᠤ ᠬᠦᠨᠳᠦ ᠶᠡᠭᠡ ᠠᠳᠡᠯ ᠡᠭᠦᠰᠬᠦ ᠶᠢ | ᠬᠠᠮᠤᠭ ᠤᠨ ᠶᠡᠭᠡ ᠪᠠᠷ ᠴᠢᠷᠮᠠᠶᠢᠵᠤ ᠰᠡᠷᠭᠡᠶᠢᠯᠡᠨ᠎ᠡ᠃ ᠶᠡᠭᠡ ᠬᠢᠩᠭᠠᠨ ᠳᠠᠪᠠᠭᠠᠨ ᠤ ᠣᠢ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ | ᠪᠠᠶᠢᠭᠤᠯᠤᠨ᠎ᠠ᠃ ᠢᠳᠡᠭᠡᠨ ᠪᠠ ᠡᠮ ᠤᠨ ᠵᠦᠢᠯ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠪᠠᠲᠤᠯᠠᠨ᠎ᠠ᠃ | ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠯᠡ ᠬᠦᠨᠳᠦ ᠨᠦᠰᠡᠷ ᠪᠠᠶᠢᠵᠤ᠂ ᠡᠨᠡ | ᠵᠢᠯ ᠤᠨ ᠬᠠᠷᠠᠯᠲᠠ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠦᠨ᠂ ᠳᠠᠯᠳᠠ ᠥᠷᠢ ᠥᠭᠴᠡᠭᠡ ᠶᠢ ᠰᠢᠨ᠎ᠡ ᠪᠠᠷ | ᠨᠡᠮᠡᠭᠳᠡᠭᠦᠯᠵᠦ ᠣᠭᠲᠤ ᠪᠣᠯᠬᠤ ᠦᠭᠡᠢ᠃ ᠵᠢᠭᠡᠯᠡᠯᠭᠡ ᠶᠢᠨ ᠲᠡᠮᠳᠡᠭᠲᠦ ᠰᠣᠯᠢᠬᠤ ᠲᠦᠷᠦ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠵᠦ᠂ ︽ᠳᠦᠷᠪᠡᠨ ᠨᠢᠭᠡ ᠪᠦᠯᠦᠭ︾ ᠠᠷᠭ᠎ᠠ ᠪᠠᠷᠢᠯ ᠢᠶᠠᠨ ᠦᠷᠭᠦᠯᠵᠢᠯᠡᠨ ᠰᠢᠯᠢᠳᠡᠭᠵᠢᠭᠦᠯᠵᠦ ᠦᠨᠳᠦᠰᠦᠨ | ᠱᠠᠲᠤᠨ ᠤ ᠥᠷᠢ ᠥᠭᠴᠡᠭᠡ ᠶᠢ ᠠᠷᠢᠯᠭᠠᠬᠤ ᠳᠤ ᠳᠡᠮᠵᠢᠯᠭᠡ ᠦᠵᠡᠭᠦᠯᠵᠦ᠂ ᠣᠷᠣᠨ ᠨᠤᠲᠤᠭ ᠤᠨ ᠵᠠᠰᠠᠭ ᠤᠨ | ᠣᠷᠳᠣᠨ ᠤ ᠪᠡᠯᠡ ᠲᠣᠬᠢᠷᠠᠭᠤᠯᠬᠤ ᠲᠠᠪᠴᠠᠩ ᠤᠨ ᠲᠤᠭ᠎ᠠ ᠬᠡᠮᠵᠢᠶ᠎ᠡ ᠶᠢ ᠬᠠᠰᠤᠵᠤ ᠪᠠᠭᠤᠷᠠᠭᠤᠯᠤᠨ᠂ ᠦᠨᠳᠦᠰᠦᠨ | ᠱᠠᠲᠤᠨ ᠤ ︽ᠭᠤᠷᠪᠠ ᠶᠢ ᠪᠠᠲᠤᠯᠠᠬᠤ︾ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ | ᠡᠳ᠋ ᠤᠨ ᠵᠠᠰᠠᠭ ᠤᠨ ᠲᠣᠭᠲᠠᠭᠤᠨ ᠠᠵᠢᠯᠯᠠᠭᠠᠨ ᠢ ᠪᠠᠲᠤᠯᠠᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠯᠠᠪᠳᠠᠭᠤᠨ ᠰᠢᠢᠳᠪᠦᠷᠢᠯᠡᠵᠦ᠂ ᠣᠷᠣᠨ ᠨᠤᠲᠤᠭ ᠤᠨ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠦᠭᠰᠢᠭᠦᠷᠢ ᠶᠡᠬᠡᠲᠡᠢ ᠵᠡᠷᠭᠡ ᠲᠡᠰ ᠠᠴᠠ ᠪᠤᠴᠠᠵᠤ ᠭᠠᠷᠬᠤ ᠶᠢ ᠨᠢ ᠠᠬᠢᠭᠤᠯᠤᠨ᠂ ︽ᠳᠡᠯᠪᠡᠷᠡᠭᠡᠨ | ᠬᠡᠷᠡᠭ︾ ᠡᠭᠦᠰᠬᠦ ᠠᠴᠠ ᠡᠷᠡᠰ ᠰᠡᠷᠭᠡᠶᠢᠯᠡᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠪᠠᠭᠤᠷᠠᠯᠲᠠ ᠶᠢ ᠵᠣᠭᠰᠣᠭᠠᠨ ᠲᠣᠭᠲᠠᠭᠤᠨ ᠪᠣᠯᠭᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ᠂ | ᠴᠠᠭ ᠲᠤ ᠪᠠᠨ ᠪᠠᠲᠤᠯᠠᠨ ᠲᠤᠰᠢᠶᠠᠬᠤ ᠠᠰᠠᠷ᠂ ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ | ᠡᠭᠦᠷᠭᠡ ᠪᠠᠨ ᠰᠠᠶᠢᠲᠤᠷ ᠪᠡᠶᠡᠯᠡᠭᠦᠯᠦᠨ᠎ᠡ᠃ | ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠰᠢᠨ᠎ᠡ ᠴᠠᠭ ᠦᠶ᠎ᠡ ᠶᠢᠨ ︽ᠹᠧᠩ | ᠴᠢᠶᠤᠣ ᠶᠢᠨ ᠲᠤᠷᠰᠢᠯᠭ᠎ᠠ︾ ᠶᠢ ᠪᠠᠷᠢᠮᠲᠠᠯᠠᠬᠤ ᠪᠠ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ | ᠬᠠᠤᠯᠢ ᠪᠠᠷ ᠵᠠᠰᠠᠵᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ᠂ | ᠲᠠᠪᠤᠨ ᠱᠠᠲᠤ ᠶᠢ ᠨᠡᠪᠲᠡᠷᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ | ᠪᠦᠷᠢᠨᠰᠢᠭᠦᠯᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠠᠯᠠᠮᠰᠢᠯ ᠤᠲᠠᠰᠤ 12345 ᠪᠠᠷ ᠶᠠᠷᠰᠢᠭ | ᠲᠦᠪᠡᠭᠲᠡᠢ ᠠᠵᠢᠯ ᠤᠨ ᠲᠣᠳᠣᠷᠬᠠᠢ ᠬᠠᠭᠤᠳᠠᠰᠤ ᠶᠢᠨ ᠰᠢᠮᠳᠠᠭᠤᠯᠤᠨ ᠭᠦᠢᠴᠡᠳᠬᠡᠯᠭᠡᠬᠦ ᠪᠠ ᠪᠤᠴᠠᠵᠤ ᠪᠠᠶᠢᠴᠠᠭᠠᠬᠤ | ᠲᠣᠭᠲᠠᠴᠠ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠵᠥᠷᠢᠴᠡᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ ᠲᠤᠰᠬᠠᠢ ᠠᠵᠢᠯᠯᠠᠭᠠᠨ ᠢ ᠥᠷᠨᠢᠭᠦᠯᠦᠨ᠂ ᠣᠯᠠᠨ ᠲᠦᠮᠡᠨ ᠤ ᠭᠤᠮᠣᠳᠠᠯ | ᠲᠣᠭᠠᠴᠢᠯᠲᠠ ᠶᠢ ᠴᠠᠭ ᠲᠤᠬᠠᠢ ᠳᠤ ᠨᠢ ᠰᠢᠢᠳᠪᠦᠷᠢᠯᠡᠵᠦ᠂ ᠡᠯ᠎ᠡ ᠵᠦᠢᠯ ᠤᠨ ᠲᠣᠭᠲᠠᠩᠭᠤᠢ ᠪᠤᠰᠤ ᠬᠦᠴᠦᠨ ᠵᠦᠢᠯ ᠢ | ᠡᠬᠢ ᠡᠭᠦᠰᠦᠯ ᠳᠤ ᠨᠢ ᠠᠷᠢᠯᠭᠠᠵᠤ᠂ ᠬᠤᠪᠢ ᠬᠥᠮᠥᠨ ᠤ ᠬᠡᠲᠦᠷᠡᠮᠡᠬᠡᠢ ᠬᠡᠷᠡᠭ᠂ ᠪᠦᠯᠦᠭᠴᠢ ᠬᠡᠷᠡᠭ ᠡᠭᠦᠰᠬᠦ ᠠᠴᠠ | ᠴᠢᠩᠭ᠎ᠠ ᠰᠡᠷᠭᠡᠶᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠲᠠᠢ | ᠠᠬᠢᠭᠤᠯᠵᠤ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠦᠨᠡᠨ ᠬᠦ ᠬᠠᠮᠠᠭᠠᠯᠠᠨ᠎ᠠ᠃ | ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯ ᠶᠡᠷᠦ ᠠᠴᠠ ᠪᠠᠨ ᠨᠠᠮ ᠤᠨ ᠲᠥᠪ ᠬᠤᠷᠢᠶᠠᠨ ᠤ | ᠬᠠᠯᠠᠮᠵᠢᠯᠠᠨ ᠰᠠᠨᠠᠭᠠᠰᠢᠷᠠᠭᠰᠠᠭᠠᠷ ᠢᠷᠡᠭᠰᠡᠨ ᠭᠠᠵᠠᠷ ᠶᠤᠮ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ | ᠬᠥᠭᠵᠢᠭᠦᠯᠦᠨ ᠬᠢᠯᠢ ᠶᠢᠨ ᠠᠷᠠᠳ ᠢ ᠪᠠᠶᠠᠵᠢᠭᠤᠯᠬᠤ ᠠᠵᠢᠯᠯᠠᠭᠠᠨ ᠢ ᠭᠦᠨᠵᠡᠭᠡᠢ ᠠᠬᠢᠭᠤᠯᠤᠨ᠂ ᠬᠢᠯᠢ ᠬᠢᠵᠠᠭᠠᠷ ᠤᠨ | ᠲᠥᠪ ᠪᠠᠯᠭᠠᠰᠤ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠤᠰᠤ ᠴᠠᠬᠢᠯᠭᠠᠨ | ᠬᠡᠷᠡᠭᠯᠡᠬᠦ᠂ ᠴᠡᠪᠡᠷ ᠡᠨᠧᠷᠭᠢ ᠠᠰᠢᠭᠯᠠᠬᠤ᠂ ᠲᠤᠰᠬᠤᠨ ᠤ ᠳᠦᠷᠢ ᠲᠥᠷᠬᠦ ᠶᠢ ᠰᠠᠶᠢᠵᠢᠷᠠᠭᠤᠯᠬᠤ ᠵᠡᠷᠭᠡ ᠬᠦᠷᠢᠶ᠎ᠡ | ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ | ᠲᠦᠷᠭᠡᠳᠬᠡᠨ ᠨᠥᠬᠦᠪᠦᠷᠢᠯᠡᠵᠦ᠂ ᠬᠢᠯᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ ᠤᠯᠠᠮ | ᠨᠢᠭᠡ ᠠᠯᠬᠤᠮ ᠰᠠᠶᠢᠵᠢᠷᠠᠭᠤᠯᠵᠤ᠂ ᠬᠢᠯᠢ ᠬᠢᠵᠠᠭᠠᠷ ᠤᠨ ᠠᠷᠠᠳ ᠲᠦᠮᠡᠨ ᠢ ᠠᠮᠤᠷ ᠠᠮᠤᠭᠤᠯᠠᠩ ᠠᠵᠤ ᠲᠦᠷᠦᠭᠦᠯᠵᠥ | ᠂ ᠬᠢᠯᠢ ᠬᠢᠵᠠᠭᠠᠷ ᠢᠶᠠᠨ ᠰᠡᠳᠬᠢᠯ ᠲᠣᠭᠲᠠᠭᠤᠨ ᠰᠠᠬᠢᠨ ᠬᠠᠮᠠᠭᠠᠯᠠᠭᠤᠯᠤᠨ᠎ᠠ᠃ ᠰᠢᠨ᠎ᠡ ᠴᠠᠭ ᠦᠶ᠎ᠡ ᠶᠢᠨ ᠴᠡᠷᠢᠭ | ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ | ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠵᠦ᠂ ᠤᠯᠤᠰ ᠢᠶᠠᠨ ᠬᠠᠮᠠᠭᠠᠯᠠᠵᠤ | ᠬᠢᠯᠢ ᠬᠢᠵᠠᠭᠠᠷ ᠢᠶᠠᠨ ᠬᠠᠮᠠᠭᠠᠯᠠᠬᠤ ᠪᠦᠬᠦᠯᠢ ᠴᠣᠭᠴᠠ ᠶᠢᠨ ᠴᠢᠳᠠᠪᠤᠷᠢ ᠪᠠᠨ ᠲᠡᠬᠡᠭᠰᠢᠯᠡᠬᠦᠯᠦᠨ᠎ᠡ᠃ | ᠲᠥᠯᠥᠭᠡᠯᠡᠭᠴᠢᠳ ᠠ᠋︕ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠵᠠᠰᠠᠭ ᠤᠨ ᠣᠷᠳᠣᠨ ᠤ ᠠᠵᠢᠯ ᠳᠤ | ᠰᠢᠨ᠎ᠡ ᠠᠬᠢᠯᠲᠠ ᠲᠠᠪᠰᠢᠯᠲᠠ ᠲᠠᠢ ᠪᠣᠯᠭᠠᠵᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠡᠷᠢᠭᠦᠨ | ᠴᠢᠬᠤᠯᠠ ᠨᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠠᠪᠤᠳᠠᠯ ᠪᠣᠯᠣᠨ᠎ᠠ᠂ ᠢᠮᠠᠭᠲᠠ | ᠨᠠᠮ ᠳᠤ ᠪᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠵᠤ᠂ ︽ᠬᠤᠶᠠᠷ ᠢ ᠲᠣᠭᠲᠠᠭᠠᠭᠰᠠᠨ︾ ᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠨᠠᠮ ᠤᠨ ᠲᠥᠪ ᠬᠤᠷᠢᠶᠠᠨ ᠤ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠢᠭᠡ ᠰᠡᠳᠬᠢᠯ ᠨᠢᠭᠡ | ᠵᠣᠷᠢᠭ ᠢᠶᠠᠷ ᠬᠥᠭᠵᠢᠯᠲᠡ ᠶᠢ ᠡᠷᠢᠯᠬᠢᠯᠡᠨ᠎ᠡ᠂ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠳᠠᠪᠰᠢᠬᠤ | ᠬᠠᠷᠠᠯᠲᠠ ᠪᠠᠨ ᠣᠨᠢᠯᠠᠵᠤ᠂ ᠡᠷᠴᠢ ᠵᠣᠷᠢᠭ ᠢᠶᠠᠨ ᠬᠥᠪᠴᠢᠯᠡᠨ ᠲᠡᠷᠢᠭᠦᠨ ᠤ ᠬᠢ ᠪᠣᠯᠬᠤ ᠪᠠᠷ ᠡᠷᠡᠯᠬᠡᠭᠯᠡᠨ ᠲᠡᠮᠡᠴᠡᠵᠦ᠂ | ᠮᠠᠨ ᠤ ᠣᠷᠣᠨ ᠤ ᠬᠢᠯᠪᠠᠷ ᠪᠤᠰᠤ ᠪᠠᠷ ᠴᠢᠷᠮᠠᠶᠢᠨ ᠣᠯᠣᠭᠰᠠᠨ ᠰᠠᠶᠢᠨ ᠪᠠᠶᠢᠳᠠᠯ ᠬᠠᠨᠳᠤᠰᠢ ᠪᠠᠨ ᠪᠠᠲᠤᠯᠠᠨ᠎ᠠ᠃ ᠴᠢᠩ | ᠦᠨᠡᠨ ᠰᠡᠳᠬᠢᠯ ᠠᠴᠠ ᠪᠠᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠂ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠲᠤ ᠭᠦᠨᠵᠡᠭᠡᠶᠢᠷᠡᠵᠦ ᠪᠠᠶᠢᠳᠠᠯ ᠢ ᠪᠣᠳᠠᠲᠠᠢ ᠣᠶᠢᠯᠠᠭᠠᠨ᠂ ᠠᠰᠠᠭᠤᠳᠠᠯ ᠢ ᠲᠣᠳᠣᠷᠬᠠᠢ ᠣᠶᠢᠯᠠᠭᠠᠵᠤ᠂ | ᠪᠣᠳᠠᠲᠠᠢ ᠪᠥᠭᠡᠳ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠤ ᠵᠣᠪᠠᠨᠢᠵᠤ ᠪᠠᠶᠢᠭ᠎ᠠ ᠶᠠᠪᠤᠳᠠᠯ᠂ | ᠠᠵᠤ ᠠᠬᠤᠶᠢᠯᠠᠯ ᠤᠨ ᠬᠦᠰᠡᠵᠦ ᠪᠠᠶᠢᠭ᠎ᠠ ᠶᠠᠪᠤᠳᠠᠯ᠂ ᠦᠨᠳᠦᠰᠦᠨ ᠱᠠᠲᠤᠨ ᠤ ᠬᠦᠴᠢᠷᠳᠡᠵᠦ ᠪᠠᠶᠢᠭ᠎ᠠ ᠶᠠᠪᠤᠳᠠᠯ ᠢ | ᠰᠠᠶᠢᠲᠤᠷ ᠰᠢᠢᠳᠪᠦᠷᠢᠯᠡᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠪᠠᠷᠠᠬᠤ ᠦᠭᠡᠢ ᠪᠠᠰᠠ ᠴᠢᠩᠭ᠎ᠠ | ᠠᠳᠬᠤᠨ ᠲᠦᠷᠭᠡᠨ ᠭᠦᠢᠴᠡᠳᠬᠡᠨ᠎ᠡ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠢ ᠣᠭᠲᠤ ᠬᠢᠬᠦ ᠦᠭᠡᠢ᠂ ᠬᠠᠤᠯᠢ | ᠲᠣᠭᠲᠠᠭᠠᠯ ᠳᠤ ᠨᠡᠶᠢᠴᠡᠭᠰᠡᠨ ᠤᠷᠢᠳᠠᠯ ᠳᠣᠣᠷ᠎ᠠ ᠵᠠᠰᠠᠭ ᠶᠠᠪᠤᠭᠤᠯᠬᠤ ᠴᠤᠪᠤᠷᠠᠯ ᠢᠶᠠᠨ ᠰᠢᠯᠢᠳᠡᠭᠵᠢᠭᠦᠯᠵᠦ᠂ ᠠᠵᠢᠯ | ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠷᠯᠥᠭᠡ ᠦᠳᠡᠰᠢ ᠦᠭᠡᠢ ᠴᠢᠷᠮᠠᠶᠢᠵᠤ ᠡᠯ᠎ᠡ | ᠵᠦᠢᠯ ᠤᠨ ᠠᠵᠢᠯ ᠢᠶᠠᠨ ᠰᠠᠶᠢᠲᠤᠷ ᠬᠢᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠵᠡᠷᠭᠡ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ | ᠂ ᠲᠥᠪ ᠤᠨ ᠲᠣᠭᠤᠷᠢᠨ ᠪᠠᠶᠢᠴᠠᠭᠠᠯᠲᠠ᠂ ᠬᠠᠷᠢᠭᠤᠴᠠᠯᠭ᠎ᠠ ᠶᠢᠨ ᠬᠢᠨᠠᠨ ᠪᠣᠳᠣᠯᠲᠠ ᠵᠢᠴᠢ ᠡᠯ᠎ᠡ ᠲᠦᠷᠦᠯ ᠤᠨ | ᠬᠢᠨᠠᠯᠲᠠ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ | ᠶᠣᠰᠣᠭᠠᠷ ᠨᠢ ᠰᠠᠶᠢᠲᠤᠷ ᠠᠳᠬᠤᠨ᠎ᠠ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠣᠯ ᠵᠠᠰᠠᠭ ᠤᠨ | ᠣᠷᠳᠣᠨ ᠤ ᠠᠵᠢᠯᠲᠠᠨ ᠨᠢᠭᠡᠪᠦᠷᠢ ᠶᠢᠨ ᠡᠷᠬᠡᠪᠰᠢ ᠪᠠᠲᠤ ᠰᠠᠬᠢᠬᠤ ᠬᠤᠷᠢᠭ᠎ᠠ ᠱᠤᠭᠤᠮ ᠪᠣᠯᠣᠨ᠎ᠠ᠂ ᠨᠠᠮ ᠤᠨ ᠡᠯ᠎ᠡ | ᠵᠦᠢᠯ ᠤᠨ ᠰᠠᠬᠢᠯᠭ᠎ᠠ ᠪᠠᠲᠤ ᠲᠣᠭᠲᠠᠭᠠᠯ ᠳᠦᠷᠢᠮ ᠢ ᠴᠢᠩᠭ᠎ᠠ ᠰᠠᠬᠢᠨ᠂ ᠵᠥᠪ ᠣᠨᠣᠪᠴᠢᠲᠠᠢ ᠡᠷᠬᠡ ᠶᠢᠨ ᠦᠵᠡᠯᠲᠡ᠂ | ᠵᠠᠰᠠᠭ ᠤᠨ ᠪᠦᠳᠣᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠪᠠᠨ ᠪᠠᠲᠤ ᠪᠣᠯᠭᠠᠵᠤ᠂ ᠳᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢᠨ ᠳᠠᠭᠠᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠯᠠᠨ ᠲᠦᠮᠡᠨ ᠤ ᠢᠲᠡᠭᠡᠯ ᠢ ᠶᠠᠭᠠᠬᠢᠭᠰᠠᠨ ᠴᠦ | ᠬᠥᠰᠡᠷᠳᠡᠭᠦᠯᠬᠦ ᠦᠭᠡᠢ᠂ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠦ | ᠬᠥᠰᠡᠷᠳᠡᠭᠦᠯᠵᠦ ᠪᠤᠯᠬᠤ ᠦᠭᠡᠢ᠃ | ᠲᠥᠯᠥᠭᠡᠯᠡᠭᠴᠢᠳ ᠠ᠋︕ ᠥᠪᠥᠷ ᠮᠣᠩᠭᠤᠯ ᠪᠣᠯ ᠡᠷᠲᠡᠨ ᠠᠴᠠ ᠪᠠᠨ ᠠᠪᠤᠭᠠᠳ ᠣᠯᠠᠨ ᠦᠨᠳᠦᠰᠦᠲᠡᠨ | ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ᠂ ᠠᠳᠡ ᠠᠮᠢᠳᠤᠷᠠᠵᠤ ᠪᠠᠶᠢᠭ᠎ᠠ ᠬᠥᠮᠥᠰ ᠴᠡᠴᠡᠭᠡᠢ ᠪᠠᠨ | ᠬᠠᠶᠢᠷᠠᠯᠠᠬᠤ ᠰᠢᠭ᠋ ᠢᠶᠠᠷ ᠦᠨᠳᠦᠰᠦᠲᠡᠨ ᠤ ᠪᠦᠯᠬᠦᠮᠳᠡᠯ ᠢ ᠬᠠᠶᠢᠷᠠᠯᠠᠵᠤ᠂ ᠠᠮᠢ ᠨᠠᠰᠤ ᠪᠠᠨ ᠨᠠᠨᠳᠢᠩᠨᠠᠬᠤ ᠰᠢᠭ᠋ ᠢᠶᠠᠷ | ᠦᠨᠳᠦᠰᠦᠲᠡᠨ ᠤ ᠪᠦᠯᠬᠦᠮᠳᠡᠯ ᠢ ᠨᠠᠨᠳᠢᠩᠨᠠᠳᠠᠭ ᠶᠤᠮ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ | ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ | ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ | ᠲᠦᠮᠡᠨᠴᠢ ᠬᠥᠮᠦᠵᠢᠯ ᠢ ᠪᠠᠶᠢᠩᠭᠤᠰᠢᠭᠤᠯᠤᠨ ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡᠨ ᠤ ᠪᠣᠳᠠᠲᠤ | ᠶᠠᠪᠤᠳᠠᠯ ᠪᠠ ᠶᠣᠰᠣ ᠤᠴᠢᠷ︾ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠬᠤ ᠬᠡᠷᠡᠭᠲᠡᠢ᠃ ᠪᠢᠳᠡ | ᠶᠡᠷᠦᠩᠬᠡᠢ ᠱᠦᠵᠢ ᠰᠢ ᠶᠢᠨ ᠫᠢᠩ ᠤᠨ ᠵᠢᠭᠠᠨ ᠵᠢᠯᠣᠭᠤᠳᠤᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠦᠨᠡᠨ | ᠪᠣᠳᠠᠲᠠᠢ ᠰᠢᠷᠭᠠᠭᠤ ᠠᠵᠢᠯᠯᠠᠳᠠᠭ ᠯᠠ ᠶᠤᠮ ᠪᠣᠯ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ | ᠰᠢᠭ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠳᠡᠭ ᠯᠠ | ᠶᠤᠮ ᠪᠣᠯ᠂ ᠯᠠᠪᠲᠠᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠡᠨᠡ ᠬᠦ ᠲᠤᠭ ᠤᠨ ᠥᠩᠭᠡ ᠭᠢᠯᠪᠠᠭ᠎ᠠ ᠶᠢ | ᠤᠯᠠᠮ ᠭᠢᠯᠠᠯᠵᠠᠭᠤᠯᠤᠨ ᠰᠠᠴᠤᠷᠠᠭᠤᠯᠤᠨ᠎ᠠ ᠭᠡᠳᠡᠭ ᠲᠤ ᠪᠠᠲᠤ ᠢᠲᠡᠭᠡᠯ ᠲᠠᠢ ᠪᠠᠶᠢᠨ᠎ᠠ︕ | ᠲᠥᠯᠥᠭᠡᠯᠡᠭᠴᠢᠳ ᠠ᠋︕ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠣᠯ ᠡᠷᠡᠮᠡᠬᠡᠶᠢᠯᠡᠨ ᠲᠡᠮᠡᠦᠯᠵᠦ ᠪᠠᠶᠢᠭᠠᠳ | ᠡᠷᠴᠢᠯᠡᠳᠡᠭ ᠶᠤᠮ᠂ ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ ᠶᠢ ᠪᠣᠯ ᠭᠠᠪᠰᠢᠭᠠᠶᠢᠯᠠᠨ ᠲᠡᠮᠡᠴᠡᠵᠦ ᠪᠠᠶᠢᠭᠠᠳ | ᠬᠥᠪᠴᠢᠯᠡᠳᠡᠭ ᠶᠤᠮ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠣᠯ ᠰᠢᠭᠤᠷᠬᠠᠶᠢᠯᠠᠨ ᠠᠵᠢᠯᠯᠠᠵᠤ ᠪᠠᠶᠢᠭᠠᠳ | ᠪᠠᠶᠢᠭᠤᠯᠳᠠᠭ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠶᠡᠭᠡ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠠᠭᠠᠭᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠬᠦ ᠴᠢᠷᠮᠠᠶᠢᠨ ᠪᠣᠳᠠᠲᠠᠢ ᠠᠵᠢᠯᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠵᠡᠭᠡᠶ᠎ᠡ︕ | ᠳᠠᠭᠠᠯᠳᠤᠭᠤᠯᠤᠯ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ | ᠵᠢᠷᠭᠤᠭᠠᠨ ᠠᠵᠢᠯᠯᠠᠭᠠᠨ᠄ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ᠂ ᠠᠵᠤ | ᠠᠬᠤᠶᠢᠯᠠᠯ ᠢ ᠲᠤᠰᠠᠯᠠᠬᠤ ᠠᠵᠢᠯᠯᠠᠭᠠᠨ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ᠂ ᠤᠰᠤ ᠠᠷᠪᠢᠯᠠᠬᠤ | ᠠᠵᠢᠯᠯᠠᠭᠠᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ᠃ | ᠠᠷᠪᠠᠨ ᠶᠡᠭᠡ ᠠᠵᠤ ᠦᠢᠯᠡᠰ ᠤᠨ ᠪᠦᠯᠦᠭᠵᠢᠯ᠄ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠠᠮᠢᠳᠤ ᠪᠣᠳᠠᠰ ᠤᠨ | ᠦᠢᠯᠡᠳᠬᠦ ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ᠂ ᠳ᠋ᠢᠭᠢᠲ ᠠᠵᠤ ᠠᠬᠤᠢ᠂ ᠵᠣᠬᠢᠶᠠᠮᠠᠯ ᠣᠶᠤᠨ | ᠂ ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠪᠦᠯᠦᠭᠵᠢᠯ᠃ ᠰᠦ ᠰᠠᠭᠠᠯᠢ ᠤᠯᠠᠭᠠᠨ ᠢᠳᠡᠭᠡ | ᠲᠥᠮᠥᠰᠥ ᠨᠣᠣᠯᠣᠭᠤᠷ ᠵᠡᠷᠭᠡ ᠭᠤᠣᠯᠳᠠᠯᠭ᠎ᠠ ᠪᠤᠯᠬᠤ 7 ᠠᠵᠤ ᠦᠢᠯᠡᠰ ᠤᠨ ᠬᠡᠯᠬᠢᠶ᠎ᠡ᠄ ᠰᠦ ᠰᠠᠭᠠᠯᠢ ᠶᠢᠨ ᠦᠢᠯᠡᠰ᠂ | ᠦᠬᠡᠷ ᠤᠨ ᠮᠢᠬ᠎ᠠ᠂ ᠬᠤᠨᠢᠨ ᠤ ᠮᠢᠬ᠎ᠠ᠂ ᠲᠥᠮᠥᠰᠥ᠂ ᠢᠮᠠᠭᠠᠨ ᠨᠣᠣᠯᠣᠭᠤᠷ᠂ ᠡᠷᠳᠡᠨᠢ ᠰᠢᠰᠢ᠂ ᠡᠪᠡᠰᠦᠨ ᠤ | ᠦᠢᠯᠡᠰ ᠤᠨ ᠠᠵᠤ ᠦᠢᠯᠡᠰ ᠤᠨ ᠬᠡᠯᠬᠢᠶ᠎ᠡ᠃ | ᠵᠢᠭᠤᠯᠴᠢᠯᠠᠯ ᠤᠨ ︽ᠳᠥᠷᠪᠡᠨ ᠭᠠᠵᠠᠷ︾᠄ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠲᠡᠷᠢᠭᠦᠨ | ᠰᠣᠩᠭᠤᠯᠲᠠ ᠶᠢᠨ ᠭᠠᠵᠠᠷ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶᠢᠬᠠᠨ ᠭᠠᠵᠠᠷ᠂ ᠠᠮᠠᠷᠠᠯᠲᠠ ᠪᠠᠷ ᠵᠠᠪᠠᠯ | ᠵᠢᠭᠤᠯᠴᠢᠯᠠᠬᠤ ᠭᠠᠵᠠᠷ᠂ ᠡᠷᠡᠭᠦᠯᠵᠢᠯᠡᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ᠃ | ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ | ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠠᠵᠤ ᠦᠢᠯᠡᠰ ᠤᠨ | ᠬᠠᠮᠲᠤᠷᠠᠯᠴᠠᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠃ ᠳᠥᠷᠪᠡᠨ ᠵᠦᠢᠯ ᠤᠨ ᠠᠵᠢᠯᠯᠠᠭᠠᠨ᠄ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠣᠨᠴᠠᠯᠢᠭᠲᠤ ᠠᠵᠤ ᠦᠢᠯᠡᠰ ᠢ ᠳᠡᠭᠡᠭᠰᠢᠯᠡᠭᠦᠯᠬᠦ ᠠᠵᠢᠯᠯᠠᠭᠠᠨ᠂ ᠠᠵᠤ | ᠦᠢᠯᠡᠰ ᠤᠨ ᠪᠦᠯᠦᠭᠵᠢᠯ ᠢ ᠴᠣᠭᠴᠠᠯᠠᠬᠤ ᠠᠵᠢᠯᠯᠠᠭᠠᠨ᠂ ᠬᠡᠷᠡᠭᠯᠡᠭᠡ ᠶᠢᠨ ᠬᠠᠪᠰᠤᠷᠤᠨ ᠲᠡᠳᠬᠦᠵᠦ ᠣᠷᠣᠯᠭ᠎ᠠ | ᠨᠡᠮᠡᠭᠳᠡᠭᠦᠯᠬᠦ ᠠᠵᠢᠯᠯᠠᠭᠠᠨ᠂ ᠬᠥᠳᠡᠯᠮᠦᠷᠢ ᠬᠦᠴᠦᠨ ᠤ ᠬᠠᠮᠵᠢᠯᠴᠠᠭᠠᠨ ᠤ ᠴᠢᠨᠠᠷ ᠢ ᠨᠢ ᠳᠡᠭᠡᠭᠰᠢᠯᠡᠭᠦᠯᠬᠦ ᠠᠵᠢᠯᠯᠠᠭᠠᠨ᠃ | ᠲᠦᠷᠪᠡᠨ ᠨᠢᠭᠡ ᠪᠦᠯᠦᠭ᠄ ᠥᠪᠡᠷᠲᠡᠭᠡᠨ ᠵᠠᠰᠠᠬᠤ ᠣᠷᠣᠨ ᠠᠴᠠ ᠨᠢᠭᠡ ᠪᠦᠯᠦᠭ ᠲᠠᠮ ᠬᠦᠦ ᠮᠥᠩᠭᠦ ᠥᠭᠬᠦ᠂ | ᠨᠢᠭᠡ ᠪᠦᠯᠦᠭ ᠥᠷᠢ ᠥᠭᠴᠡᠭᠡ ᠶᠢ ᠠᠷᠢᠯᠭᠠᠬᠤ᠂ ᠨᠢᠭᠡ ᠪᠦᠯᠦᠭ ᠢ ᠨᠢ ᠤᠯᠠᠪᠤᠷ ᠥᠩᠭᠡ ᠶᠢᠨ ᠵᠡᠷᠭᠡ ᠲᠡᠰ ᠠᠴᠠ | ᠪᠤᠴᠠᠭᠠᠨ ᠭᠠᠷᠭᠠᠬᠤ᠂ ᠨᠢᠭᠡ ᠪᠦᠯᠦᠭ ᠬᠦᠴᠢᠷᠳᠡᠯ ᠢ ᠨᠢ ᠲᠠᠶᠢᠯᠬᠤ ᠠᠷᠭ᠎ᠠ ᠬᠡᠮᠵᠢᠶ᠎ᠡ ᠠᠪᠴᠤ᠂ ᠦᠨᠳᠦᠰᠦᠨ | ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠨᠢ ᠬᠠᠪᠰᠤᠷᠤᠨ᠎ᠠ᠃ |