2024 ᠣᠨ᠄ ᠪᠡᠶ᠎ᠡ ᠶᠢᠨ ᠲᠠᠮᠢᠷ ᠤᠨ ᠦᠢᠯᠡᠰ ᠤᠨ ᠭᠢᠯᠠᠯᠵᠠᠮ᠎ᠠ ᠰᠢᠨ᠎ᠡ ᠬᠠᠭᠤᠳᠠᠰᠤ ᠶᠢ ᠪᠢᠴᠢᠭᠯᠡᠯ᠎ᠡ
ᠨᠡᠶᠢᠲᠡᠯᠡᠭᠰᠡᠨ ᠴᠠᠭ᠄
2025/1/8
     ᠪᠡᠶ᠎ᠡ ᠶᠢᠨ ᠲᠠᠮᠢᠷ ᠨᠢ ᠤᠯᠤᠰ ᠣᠷᠣᠨ ᠤ ᠬᠦᠴᠦᠷᠬᠡᠭᠵᠢᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠠᠴᠢᠶᠠᠯᠠᠵᠤ ᠪᠠᠶᠢᠳᠠᠭ᠃ ᠮᠠᠨ ᠤ ᠣᠷᠣᠨ 2024 ᠣᠨ ᠳᠤ ᠪᠡᠶ᠎ᠡ ᠶᠢᠨ ᠲᠠᠮᠢᠷ ᠤᠨ ᠠᠵᠢᠯ ᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠤ ᠠᠭᠤᠰᠤᠯᠴᠠᠭᠤᠯᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠥᠷᠢᠰᠦᠯᠳᠦᠭᠡᠨᠲᠦ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ ᠵᠡᠷᠭᠡ ᠡᠯ᠎ᠡ ᠬᠦᠷᠢᠶᠡᠨ ᠤ ᠠᠵᠢᠯ ᠢ ᠰᠢᠰᠲ᠋ᠧᠮ ᠲᠠᠢ ᠲᠥᠯᠥᠪᠵᠢᠭᠦᠯᠦᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠪᠠ᠃ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠲᠡᠷᠢᠭᠦᠨ ᠤ ᠦᠷ᠎ᠡ ᠪᠦᠲᠦᠭᠡᠯ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠲᠣᠯᠢᠯᠠᠵᠤ᠂ ᠡᠭᠦᠷᠭᠡ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠪᠡᠶ᠎ᠡ ᠶᠢᠨ ᠲᠠᠮᠢᠷ ᠤᠨ ᠲᠣᠮᠣ ᠣᠷᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃
    ᠪᠡᠶ᠎ᠡ ᠶᠢᠨ ᠲᠠᠮᠢᠷ ᠤᠨ ᠲᠠᠯᠠᠪᠤᠷ ᠤᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ 2024 ᠣᠨ ᠳᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠲᠥᠬᠦᠭᠡᠷᠦᠮᠵᠢ ᠶᠢᠨ ᠬᠠᠩᠭᠠᠯᠭ᠎ᠠ ᠶᠢ ᠥᠷᠭᠡᠳᠬᠡᠨ᠂ ᠨᠡᠶᠢᠭᠡᠮ ᠤᠨ ᠬᠦᠴᠦᠨ ᠤ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠠᠬᠢᠭᠤᠯᠪᠠ᠃ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠴᠡᠴᠡᠷᠯᠢᠭ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠣᠯᠠᠨ ᠴᠢᠳᠠᠮᠵᠢᠲᠤ ᠲᠠᠮᠢᠷ ᠤᠨ ᠲᠠᠯᠠᠪᠤᠷ ᠵᠡᠷᠭᠡ ᠶᠢ ᠪᠠᠶᠢᠭᠤᠯᠵᠤ᠂ ᠬᠤᠲᠠ ᠶᠢᠨ ᠨᠡᠶᠢᠭᠡᠮ ᠲᠣᠭᠤᠷᠢᠭ ᠤᠨ ︽15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠡᠭᠦᠨ ᠳᠤ ᠪᠡᠶ᠎ᠡ ᠶᠢᠨ ᠲᠠᠮᠢᠷ ᠤᠨ ᠲᠠᠯᠠᠪᠤᠷ 7.05 ᠲᠦᠮᠡ ᠪᠣᠯᠵᠤ᠂ ᠬᠥᠮᠥᠨ ᠳᠤᠮᠳᠠᠴᠢ ᠳᠤ ᠨᠣᠭᠳᠠᠬᠤ ᠪᠡᠶ᠎ᠡ ᠶᠢᠨ ᠲᠠᠮᠢᠷ ᠤᠨ ᠲᠠᠯᠠᠪᠤᠷ 2.81 ᠲᠡᠭᠰᠢ ᠳᠥᠷᠪᠡᠯᠵᠢᠨ ᠮᠧᠲᠷ ᠲᠤ ᠭᠦᠷᠪᠡ᠃ 144 ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠦᠨ᠎ᠡ ᠲᠥᠯᠥᠪᠦᠷᠢ ᠦᠭᠡᠢ ᠪᠤᠶᠤ ᠰᠦᠢᠳᠬᠡᠯ ᠪᠠᠭ᠎ᠠ ᠬᠤᠷᠢᠶᠠᠵᠤ ᠴᠢᠯᠦᠭᠡᠲᠡᠢ ᠨᠡᠭᠡᠭᠡᠵᠦ᠂ 70% ᠠᠴᠠ ᠳᠡᠭᠡᠭᠰᠢᠬᠢ ᠬᠤᠰᠢᠭᠤ ᠰᠢᠶᠠᠨ ︵ᠬᠤᠲᠠ᠂ ᠲᠣᠭᠤᠷᠢᠭ︶ ᠢ ᠬᠠᠮᠤᠷᠴᠤ᠂ ᠵᠢᠯ ᠳᠤ 2000 ᠲᠦᠮᠡ ᠭᠠᠷᠤᠢ ᠤᠯᠠᠨ ᠲᠦᠮᠡᠨ ᠢ ᠭᠥᠯᠢᠶᠡᠨ ᠠᠪᠴᠠᠢ᠃     ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠪᠠᠶᠠᠯᠢᠭᠵᠢᠭᠤᠯᠪᠠ᠃ ᠪᠦᠭᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ᠂ ︽ᠪᠠᠶᠠᠰᠬᠤᠯᠠᠩᠲᠤ ᠲᠠᠯ᠎ᠠ ᠨᠤᠲᠤᠭ ᠡᠷᠡᠭᠦᠯ ᠡᠩᠬᠡ ᠥᠪᠥᠷ ᠮᠣᠩᠭᠤᠯ︾ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠤ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠠᠯᠬᠤᠮ ᠠᠯᠬᠤᠮ ᠢᠶᠠᠷ ᠥᠷᠭᠡᠳᠬᠡᠵᠦ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠮᠣᠩᠭᠤᠯ ᠮᠣᠷᠢᠨ ᠤ ᠲᠠᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠵᠡᠷᠭᠡ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠡᠳᠦᠷ ᠢᠷᠡᠬᠦᠶ᠎ᠡ ᠪᠠᠶᠠᠯᠢᠭᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠦᠭᠦ ᠠᠷᠠᠳ ᠤᠨ ᠡᠷᠡᠭᠦᠯ ᠮᠡᠨᠳᠦ ᠶᠢᠨ ᠠᠭᠤᠰᠤᠯᠴᠠᠨ ᠬᠥᠭᠵᠢᠬᠦ ᠶᠢ ᠪᠦᠲᠦᠮᠵᠢᠲᠡᠶ ᠠᠬᠢᠭᠤᠯᠪᠠ᠃ 2024 ᠣᠨ ᠳᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ 3000 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠠᠳᠠᠯᠢ ᠬᠤᠭᠤᠴᠠᠭᠠᠨ ᠤ ᠬᠢ ᠠᠴᠠ 50% ᠪᠠᠷ ᠨᠡᠮᠡᠭᠳᠡᠭᠦᠯᠵᠦ᠂ 700 ᠲᠦᠮᠡ ᠭᠠᠷᠤᠢ ᠬᠥᠮᠥᠨ ᠤᠳᠠᠭ᠎ᠠ ᠶᠢ ᠳᠠᠶᠢᠴᠢᠯᠠᠨ ᠣᠷᠣᠯᠴᠠᠭᠤᠯᠪᠠ᠃
    ᠥᠷᠢᠰᠦᠯᠳᠦᠭᠡᠨᠲᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠣᠨᠴᠠᠯᠢᠭ ᠪᠦᠬᠦᠢ ᠥᠷᠢᠰᠦᠯᠳᠦᠭᠡᠨᠲᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ ᠮᠠᠨ ᠤ ᠣᠷᠣᠨ18 ᠠᠯᠲᠠᠨ ᠮᠧᠳᠠᠯ᠂ 17 ᠮᠥᠩᠭᠦᠨ ᠮᠧᠳᠠᠯ᠂ 24 ᠬᠦᠷᠡᠯ ᠮᠧᠳᠠᠯ ᠣᠯᠵᠤ᠂ ᠠᠯᠲᠠᠨ ᠮᠧᠳᠠᠯ ᠤᠨ ᠲᠤᠭ᠎ᠠ ᠪᠠᠷ ᠳᠣᠯᠣᠳᠤᠭᠠᠷ ᠲᠤ ᠵᠢᠭᠰᠠᠭᠠᠭᠳᠠᠵᠤ᠂ ︽ᠤᠷᠤᠯᠳᠤᠭᠠᠨ ᠢ ᠭᠤᠶᠢᠳᠠ ᠰᠠᠶᠢᠬᠠᠨ ᠡᠷᠭᠢᠯᠡᠭᠦ᠂ ᠤᠷᠤᠯᠳᠤᠭᠠᠨ ᠳᠤ ᠣᠷᠣᠯᠴᠠᠵᠤ ᠰᠢᠯᠢᠳᠡᠭ ᠬᠢᠷᠢ ᠪᠦᠲᠦᠮᠵᠢ ᠶᠢ ᠡᠭᠦᠳᠬᠦ᠂ ᠦᠢᠯᠡᠴᠢᠯᠡᠭᠡ ᠤᠯᠠᠨ ᠲᠦᠮᠡᠨ ᠳᠤ ᠲᠠᠭᠠᠰᠢᠶᠠᠭᠳᠠᠬᠤ᠂ ᠣᠯᠠᠨ ᠲᠦᠮᠡᠨ ᠢᠳᠡᠪᠬᠢᠲᠡᠢ ᠣᠷᠤᠯᠴᠠᠬᠤ᠂ ᠬᠥᠭᠵᠢᠯᠲᠡ ᠳᠤ ᠥᠩᠭᠡ ᠭᠡᠷᠡᠯ ᠨᠡᠮᠡᠷᠢᠯᠡᠬᠦ︾ᠬᠠᠷᠠᠯᠲᠠ ᠶᠢ ᠪᠡᠶᠡᠯᠡᠭᠦᠯᠪᠡ᠃ ᠫᠠᠷᠢᠰ ᠤᠨ ᠣᠯᠢᠮᠫᠢᠺ ᠤᠨ ᠴᠤᠭᠯᠠᠭᠠᠨ ᠳᠡᠭᠡᠷ᠎ᠡ ᠮᠠᠨ ᠤ ᠣᠷᠣᠨ ᠤ 3 ᠲᠠᠮᠢᠷᠴᠢᠨ 1 ᠠᠯᠲᠠᠨ ᠮᠧᠳᠠᠯ᠂ 1 ᠮᠥᠩᠭᠦᠨ ᠮᠧᠳᠠᠯ᠂ 1 ᠳᠥᠷᠪᠡᠳᠦᠭᠡᠷ ᠲᠤ ᠣᠷᠣᠭᠰᠠᠨ ᠬᠢᠷᠢ ᠪᠦᠲᠦᠮᠵᠢ ᠶᠢ ᠣᠯᠵᠤ᠂ ᠮᠠᠨ ᠤ ᠣᠷᠣᠨ ᠤ ᠣᠯᠢᠮᠫᠢᠺ ᠤᠨ ᠴᠤᠭᠯᠠᠭᠠᠨ ᠳᠤ ᠣᠷᠣᠯᠴᠠᠬᠰᠠᠨ ᠠᠴᠠ ᠨᠠᠭᠠᠰᠢᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠴᠡᠢ᠃ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠠᠵᠠ ᠲᠤᠭᠢᠶᠠᠯ ᠢ ᠭᠦᠢᠴᠡᠳ ᠠᠰᠢᠭᠯᠠᠵᠤ᠂ ᠮᠥᠰᠥ ᠴᠠᠰᠤᠨ ᠤ ᠲᠠᠯᠠᠪᠤᠷ ᠣᠷᠳᠣᠨ ᠢ ᠦᠷᠭᠦᠯᠵᠢᠯᠡᠨ ᠠᠰᠢᠭᠯᠠᠬᠤ ᠶᠢ ᠭᠦᠨᠵᠡᠭᠡᠢ ᠠᠬᠢᠭᠤᠯᠵᠤ᠂ ᠮᠥᠰᠥ ᠴᠠᠰᠤᠨ ᠤ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠠᠢ᠃ ᠮᠥᠰᠥ ᠴᠠᠰᠤᠨ ᠤ ᠨᠠᠭᠠᠳᠤᠮ᠂ ᠴᠠᠰᠤᠨ ᠳᠡᠭᠡᠷᠡᠬᠢ ᠬᠥᠯ ᠪᠥᠮᠪᠦᠭᠡ᠂ ᠮᠥᠰᠥᠨ ᠳᠡᠭᠡᠷᠡᠬᠢ ᠯᠤᠤᠲᠤ ᠣᠩᠭᠤᠴᠠ᠂ ᠬᠦᠢᠲᠡᠨ ᠤ ᠲᠤᠶᠢᠯ ᠤᠨ ᠮᠠᠷᠠᠽᠤᠨ ᠵᠡᠷᠭᠡ ᠣᠨᠴᠠᠯᠢᠭᠲᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠮᠤᠷᠬᠤ ᠬᠡᠪᠴᠢᠶ᠎ᠡ ᠪᠠ ᠣᠷᠤᠯᠴᠠᠬᠤ ᠬᠡᠮᠵᠢᠶ᠎ᠡ ᠶᠢ ᠦᠷᠭᠦᠯᠵᠢᠯᠡᠨ ᠥᠷᠭᠡᠳᠬᠡᠪᠡ᠃     ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠭᠠᠨ ᠵᠢᠯᠤᠭᠤᠳᠬᠤ ᠦᠢᠯᠡᠴᠢᠯᠡᠭᠡ ᠶᠢ ᠴᠢᠩᠭᠠᠳᠬᠠᠪᠠ᠃ ︽ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠡᠷᠡᠭᠦᠯ ᠡᠩᠬᠡ ᠶᠢᠨ ᠪᠠᠶᠢᠭᠤᠯᠤᠯᠲᠠ ᠶᠢ ᠠᠬᠢᠭᠤᠯᠤᠶ᠎ᠠ︾᠂ ︽ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠬᠠᠮᠲᠤ ᠪᠠᠷ ᠣᠷᠣᠯᠴᠠᠨᠠᠮ︾ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 800 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠳᠤ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠵᠦ᠂ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠬᠠᠩᠭᠠᠵᠤ᠂ 35 ᠲᠦᠮᠡ ᠭᠠᠷᠤᠢ ᠬᠥᠮᠥᠨ ᠤᠳᠠᠭ᠎ᠠ ᠳᠤ ᠠᠰᠢᠭ ᠬᠦᠷᠲᠡᠭᠡᠵᠡᠢ᠃ ᠨᠡᠶᠢᠭᠡᠮ ᠤᠨ ᠪᠡᠶ᠎ᠡ ᠶᠢᠨ ᠲᠠᠮᠢᠷ ᠤᠨ ᠲᠦᠮᠡ ᠰᠢᠬᠠᠮ ᠵᠢᠭᠠᠨ ᠵᠢᠯᠣᠭᠤᠳᠤᠭᠴᠢ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠵᠤ᠂ 5 ᠠᠶᠢᠮᠠᠭ ᠬᠤᠲᠠ ᠳᠤ ᠪᠡᠶ᠎ᠡ ᠴᠢᠭᠢᠷᠠᠭᠵᠢᠭᠤᠯᠬᠤ ᠵᠢᠭᠠᠨ ᠵᠢᠯᠤᠭᠤᠳᠬᠤ ᠥᠷᠲᠡᠭᠡ ᠶᠢ 200 ᠲᠤᠷᠰᠢᠨ ᠪᠠᠶᠢᠭᠤᠯᠪᠠ᠃ ᠤᠯᠤᠰ ᠠᠷᠠᠳ ᠤᠨ ᠪᠡᠶ᠎ᠡ ᠮᠠᠬᠠᠪᠤᠳ ᠢ ᠬᠢᠨᠠᠨ ᠰᠢᠯᠭᠠᠬᠤ ᠠᠵᠢᠯᠯᠠᠭ᠎ᠠ ᠶᠢ 100 ᠭᠠᠷᠤᠢ ᠲᠠᠯᠠᠪᠠᠶ ᠥᠷᠨᠢᠭᠦᠯᠵᠦ᠂ 3.5 ᠲᠦᠮᠡ ᠭᠠᠷᠤᠢ ᠬᠥᠮᠥᠨ ᠳᠤ ᠬᠢᠨᠠᠨ ᠰᠢᠯᠭᠠᠯᠲᠠ ᠬᠢᠵᠦ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠳᠤ ᠬᠦᠷᠭᠡᠬᠦ ᠰᠢᠯᠭᠠᠯᠲᠠ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠤᠬᠠᠢ ᠪᠠᠶᠢᠴᠠᠭᠠᠯᠲᠠ ᠵᠡᠷᠭᠡ ᠶᠢ 40 ᠭᠠᠷᠤᠢ ᠲᠠᠯᠠᠪᠠᠶ ᠥᠷᠨᠢᠭᠦᠯᠵᠦ᠂ 2.1 ᠲᠦᠮᠡ ᠭᠠᠷᠤᠢ ᠤᠯᠠᠨ ᠲᠦᠮᠡᠨ ᠳᠤ ᠦᠢᠯᠡᠴᠢᠯᠡᠪᠡ᠃
    ᠪᠤᠶᠢᠺᠤ ᠪᠥᠮᠪᠦᠭᠡ᠂ ᠲᠦᠷᠭᠡᠨ ᠲᠡᠰᠢᠯᠲᠡ᠂ ᠮᠥᠰᠥᠨ ᠪᠥᠮᠪᠦᠭᠡ ᠵᠡᠷᠭᠡ ᠲᠥᠷᠥᠯ ᠵᠦᠢᠯ ᠤᠨ ᠬᠥᠭᠵᠢᠯᠲᠡ ᠶᠢ ᠰᠤᠳᠤᠯᠤᠨ ᠲᠥᠯᠥᠪᠯᠡᠵᠦ᠂ ᠪᠤᠶᠢᠺᠤ ᠪᠥᠮᠪᠦᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠰᠠᠨᠠᠯ ᠢ ᠲᠤᠰᠬᠠᠶᠢᠯᠠᠨ ᠨᠡᠶᠢᠲᠡᠯᠡᠪᠡ᠃ ᠮᠠᠨ ᠤ ᠣᠷᠣᠨ ᠳᠤ ᠣᠳᠣᠬᠠᠨ ᠳᠤ ᠪᠤᠺᠰ᠂ ᠪᠦᠭᠡ᠂ ᠰᠤᠷ ᠬᠠᠷᠪᠤᠯᠲᠠ᠂ ᠮᠣᠷᠢᠨ ᠮᠡᠷᠭᠡᠵᠢᠯ᠂ ᠪᠤᠶᠢᠺᠤ ᠪᠥᠮᠪᠦᠭᠡ ᠵᠡᠷᠭᠡ 24 ᠰᠢᠯᠢᠳᠡᠭ ᠲᠠᠮᠢᠷ ᠤᠨ ᠠᠩᠭᠢ ᠲᠠᠢ ᠪᠠᠶᠢᠵᠤ᠂ ᠲᠠᠮᠢᠷᠴᠢᠳ ᠤᠨ ᠳᠣᠲᠣᠷ᠎ᠠ ᠣᠯᠠᠨ ᠤᠯᠤᠰ ᠤᠨ ᠠᠪᠤᠷᠭᠤ ᠲᠠᠮᠢᠷᠴᠢᠨ 15 ᠬᠥᠮᠥᠨ᠂ ᠤᠯᠤᠰ ᠤᠨ ᠠᠪᠤᠷᠭᠤ ᠲᠠᠮᠢᠷᠴᠢᠨ 148 ᠬᠥᠮᠥᠨ ᠪᠠᠶᠢᠵᠤ᠂ ᠰᠢᠯᠢᠳᠡᠭ ᠲᠠᠮᠢᠷ ᠤᠨ ᠠᠩᠭᠢ ᠶᠢᠨ ᠴᠢᠳᠠᠪᠤᠷᠢᠲᠠᠨ ᠤ ᠪᠦᠲᠦᠴᠡ ᠨᠠᠩ ᠵᠦᠢ ᠵᠣᠬᠢᠰᠲᠠᠢ ᠪᠣᠯᠵᠤ᠂ ᠤᠷᠤᠯᠳᠤᠭᠠᠨ ᠤ ᠬᠢᠷᠢ ᠪᠦᠲᠦᠮᠵᠢ ᠢᠯᠡᠳᠲᠡ ᠳᠡᠭᠡᠭᠰᠢᠯᠡᠪᠡ᠃ ᠥᠷᠢᠰᠦᠯᠳᠦᠭᠡᠨᠲᠦ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠪᠠ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠠᠵᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠢ ᠪᠠᠶᠢᠩᠭᠤᠵᠢᠭᠤᠯᠵᠤ᠂ ︽ᠶᠣᠰᠣ ᠮᠣᠷᠠᠯ ᠤᠨ ᠠᠯᠲᠠᠨ ᠮᠧᠳᠠᠯ᠂ ᠬᠡᠪ ᠰᠤᠷᠲᠠᠯ ᠤᠨ ᠠᠯᠲᠠᠨ ᠮᠧᠳᠠᠯ᠂ ᠠᠷᠢᠭᠤᠨ ᠴᠡᠪᠡᠷ ᠠᠯᠲᠠᠨ ᠮᠧᠳᠠᠯ︾ ᠣᠯᠬᠤ ᠦᠵᠡᠯ ᠤᠬᠠᠮᠰᠠᠷ ᠢ ᠪᠦᠭᠦ ᠲᠠᠯ᠎ᠠ ᠪᠠᠷ ᠴᠢᠩᠭᠠᠷᠠᠭᠤᠯᠪᠠ᠃ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠪᠠᠶᠠᠯᠢᠭᠵᠢᠭᠤᠯᠤᠨ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠦᠷᠭᠦᠯᠵᠢᠯᠠᠨ ᠬᠥᠭᠵᠢᠭᠦᠯᠪᠡ᠃     2024ᠣᠨ ᠪᠣᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠮᠠᠨ ᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠦᠭᠦ ᠠᠷᠠᠳ ᠤᠨ ᠡᠷᠡᠭᠦᠯ ᠴᠢᠭᠢᠷᠠᠭ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠢᠳᠡᠪᠬᠢᠲᠡᠢ ᠲᠥᠯᠥᠪᠵᠢᠭᠦᠯᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠤᠨ ᠭᠢᠯᠠᠯᠵᠠᠮ᠎ᠠ ᠰᠢᠨ᠎ᠡ ᠬᠠᠭᠤᠳᠠᠰᠤ ᠶᠢ ᠪᠢᠴᠢᠭᠯᠡᠵᠡᠢ᠃     ︵ᠭᠡᠷᠡᠯ ᠵᠢᠷᠤᠭ ᠤᠳ ᠢ ᠰᠦᠯᠵᠢᠶᠡᠨ ᠠᠴᠠ ᠠᠪᠤᠪᠠ︶
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号