1 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ︽ᠵᠢᠷᠭᠤᠭᠠᠨ ᠠᠵᠢᠯᠯᠠᠭ᠎ᠠ︾ ᠶᠢᠨ ᠠᠵᠢᠯ ᠢ | ᠬᠢᠨᠠᠮᠠᠭᠠᠶ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠶ ᠬᠤᠷᠠᠯ ᠢ ᠡᠷᠭᠢᠯᠡᠪᠡ᠃ | ᠬᠤᠷᠠᠯ ᠠᠴᠠ ᠴᠢᠩᠭᠠᠳᠬᠠᠭᠰᠠᠨ ᠨᠢ᠂ ︽ᠵᠢᠷᠭᠤᠭᠠᠨ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠣᠳᠣᠬᠠᠨ ᠤ ᠪᠠᠶᠢᠳᠠᠯ ᠢ ᠭᠦᠨᠵᠡᠭᠡᠢ ᠵᠠᠳᠠᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠳᠤᠷᠠᠳᠤᠭᠰᠠᠨ ᠴᠢᠬᠤᠯᠠ ᠡᠭᠦᠷᠭᠡ ᠪᠣᠯᠤᠨ᠎ᠠ᠂ ᠲᠦᠢᠯ ᠤᠨ | ᠬᠠᠨᠳᠤᠯᠭᠠᠲᠤ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠬᠦᠴᠦᠨ ᠢᠶᠠᠨ ᠲᠥᠪᠯᠡᠷᠡᠭᠦᠯᠦᠨ | ᠶᠡᠭᠡ ᠶᠠᠪᠤᠳᠠᠯ ᠢ ᠪᠦᠲᠦᠭᠡᠬᠦ᠂ ᠬᠦᠴᠢᠷ ᠶᠠᠪᠤᠳᠠᠯ ᠢ ᠰᠢᠢᠳᠪᠦᠷᠢᠯᠡᠬᠦ᠂ ᠵᠠᠩᠭᠢᠯᠠᠭ᠎ᠠ ᠶᠢᠨ ᠶᠠᠪᠤᠳᠠᠯ ᠢ ᠰᠢᠢᠳᠪᠦᠷᠢᠯᠡᠬᠦ | ᠢᠯᠡ ᠲᠣᠳᠣ ᠤᠳᠤᠷᠢᠳᠤᠮᠵᠢ ᠶᠢ ᠢᠯᠡᠷᠡᠭᠦᠯᠪᠡ᠃ ᠲᠣᠪᠴᠢᠶ᠎ᠠ ᠶᠢᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠳ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ︽ᠵᠢᠷᠭᠤᠭᠠᠨ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ | ᠳᠡᠭᠡᠷ᠎ᠡ ᠨᠢᠭᠡᠳᠬᠡᠵᠦ᠂ ᠪᠡᠶ᠎ᠡ ᠶᠢᠨ ᠲᠠᠮᠢᠷ ᠤᠨ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠤᠨ᠂ ᠡᠭᠦᠷᠭᠡ ᠪᠠᠨ | ᠰᠠᠨᠠᠭᠠᠴᠢᠯᠠᠭ᠎ᠠ ᠠᠴᠠ ᠪᠠᠨ ᠲᠠᠨᠢᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠴᠠᠭ ᠤᠨ | ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠥᠷᠯᠥᠭᠡ ᠦᠳᠡᠰᠢ ᠶᠢ | ᠲᠡᠮᠡᠴᠡᠬᠦ᠂ ᠴᠢᠩᠭ᠎ᠠ ᠠᠳᠬᠤᠨ ᠲᠦᠷᠭᠡᠨ ᠠᠵᠢᠯᠯᠠᠬᠤ ᠢᠲᠡᠭᠡᠯ ᠵᠣᠷᠢᠭ ᠢ ᠢᠯᠡᠷᠡᠭᠦᠯᠵᠦ᠂ ᠡᠯ᠎ᠡ ᠵᠦᠢᠯ ᠤᠨ ᠠᠵᠢᠯ ᠢ | ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠷ ᠯᠠᠪᠯᠠᠯᠲᠠ | ᠪᠣᠯᠭᠠᠵᠤ᠂ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ | ᠪᠡᠶ᠎ᠡ ᠶᠢᠨ ᠲᠠᠮᠢᠷ ᠤᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠳᠠᠭᠠᠭᠠᠴᠢᠯᠠᠯᠲᠠ | ᠵᠠᠷᠯᠠᠬᠤ ᠲᠠᠰ ᠳᠠᠷᠠᠭᠠᠯᠠᠯ ᠢ ᠵᠢᠷᠤᠮᠵᠢᠭᠤᠯᠤᠨ᠂ ᠨᠡᠶᠢᠭᠡᠮ ᠤᠨ ᠬᠦᠴᠦᠨ ᠤ ᠪᠡᠶ᠎ᠡ ᠶᠢᠨ ᠲᠠᠮᠢᠷ ᠡᠷᠭᠢᠯᠡᠬᠦ ᠶᠢ | ᠵᠣᠷᠢᠭᠵᠢᠭᠤᠯᠬᠤ ᠬᠡᠷᠡᠭᠲᠡᠶ︔ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠲᠠᠮᠢᠷᠴᠢᠨ᠂ ᠰᠤᠷᠤᠭᠴᠢ ᠪᠠ | ᠪᠡᠶ᠎ᠡ ᠶᠢᠨ ᠲᠠᠮᠢᠷ ᠤᠨ ᠴᠢᠳᠠᠪᠤᠷᠢᠲᠠᠨ ᠳᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠨᠠᠩ ᠥᠷᠭᠡᠨ | ᠠᠭᠤᠳᠠᠮ ᠲᠣᠬᠢᠶᠠᠯ ᠬᠠᠩᠭᠠᠬᠤ ᠬᠡᠷᠡᠭᠲᠡᠶ︔ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠵᠤ᠂ ᠤᠰᠤ | ᠠᠷᠪᠢᠯᠠᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠶᠢᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ︔ ᠤᠷᠤᠯᠳᠤᠭᠠᠨ ᠤ ᠲᠠᠯ᠎ᠠ ᠪᠠᠷ ᠬᠠᠮᠲᠤᠷᠠᠨ ᠬᠥᠳᠡᠯᠦᠯᠴᠡᠬᠦ ᠶᠢ | ᠴᠢᠩᠭᠠᠳᠬᠠᠵᠤ᠂ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠳᠤᠮᠳᠠ ᠵᠡᠭᠦᠨ ᠪᠠᠷᠠᠭᠤᠨ ᠣᠷᠣᠨ ᠤ ᠪᠡᠶ᠎ᠡ ᠶᠢᠨ ᠲᠠᠮᠢᠷ ᠤᠨ ᠬᠦᠷᠢᠶᠡᠨ ᠤ ᠵᠣᠬᠢᠴᠠᠩᠭᠤᠶ ᠬᠥᠭᠵᠢᠯᠲᠡ ᠶᠢ | ᠠᠬᠢᠭᠤᠯᠬᠤ ᠬᠡᠷᠡᠭᠲᠡᠶ︔ ᠪᠡᠶ᠎ᠡ ᠶᠢᠨ ᠲᠠᠮᠢᠷ ᠤᠨ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ ᠪᠡᠶ᠎ᠡ ᠶᠢᠨ | ᠲᠠᠮᠢᠷ ᠤᠨ ᠤᠬᠠᠭᠤᠯᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠳᠤ ᠣᠷᠣᠯᠴᠠᠬᠤ | ᠬᠡᠮᠵᠢᠶ᠎ᠡ᠂ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ | ᠨᠡᠩ ᠬᠠᠩᠭᠢᠨᠠᠭᠤᠯᠵᠤ᠂ ᠨᠡᠩ ᠴᠤᠤᠷᠢᠶᠠᠲᠤᠭᠤᠯᠬᠤ ᠬᠡᠷᠡᠭᠲᠡᠶ᠃ | ᠬᠤᠷᠠᠯ ᠠᠴᠠ ᠪᠠᠰᠠ ︽ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ︿ | ᠵᠢᠷᠭᠤᠭᠠᠨ ᠠᠵᠢᠯᠯᠠᠭ᠎ᠠ﹀ 2025 ᠣᠨ ᠤ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ᠂ ᠡᠭᠦᠷᠭᠡ ᠶᠢᠨ | ᠨᠠᠷᠢᠨ ᠲᠠᠩᠰᠠ ᠶᠢᠨ ᠵᠢᠷᠭᠤᠭᠠᠨ ᠬᠡᠰᠡᠭ ᠨᠡᠶᠢᠲᠡ 25 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢᠨ ᠲᠤᠬᠠᠶ ᠵᠦᠢᠯ | ᠳᠠᠷᠠᠭᠠᠯᠠᠨ ᠰᠤᠳᠤᠯᠪᠠ᠃ |