ᠲᠣᠣᠷ ᠪᠥᠮᠪᠦᠭᠡ ᠶᠢᠨ ᠪᠡᠶ᠎ᠡ ᠶᠢᠨ ᠲᠠᠮᠢᠷ ᠢ ᠳᠡᠯᠭᠡᠷᠡᠭᠦᠯᠦᠨ ᠲᠦᠭᠡᠮᠡᠯᠵᠢᠭᠦᠯᠬᠦ ᠦᠷ᠎ᠡ ᠪᠦᠲᠦᠮᠵᠢ ᠶᠢ | ᠭᠦᠨᠵᠡᠭᠡᠢᠷᠡᠭᠦᠯᠬᠦ ᠶᠢᠨ ᠲᠤᠰᠠᠳᠠ᠂ 4 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠥᠪᠡᠷᠲᠡᠭᠡᠨ | ᠵᠠᠰᠠᠬᠤ ᠣᠷᠣᠨ ᠤ ᠨᠡᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ ᠠᠴᠠ ᠭᠤᠣᠯᠯᠠᠨ ᠡᠷᠬᠢᠯᠡᠵᠦ᠂ | ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠲᠠᠭᠠᠭᠠᠴᠢᠯᠠᠨᠡᠷᠬᠢᠯᠡᠵᠦ᠂ ᠬᠥᠬᠡᠬᠤᠲᠠ ᠶᠢᠨ ᠪᠢᠩ ᠱᠠᠩ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠢᠭᠡᠮᠯᠢᠭ ᠤᠨ ᠬᠠᠮᠵᠢᠯᠴᠠᠨ ᠡᠷᠬᠢᠯᠡᠭᠰᠡᠨ 2025 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠤᠭᠴᠢ ︵ᠲᠣᠣᠷ | ᠪᠥᠮᠪᠦᠭᠡ ᠶᠢᠨ ᠲᠥᠷᠥᠯ ᠵᠦᠢᠯ︶ ᠤᠨ ᠮᠡᠷᠭᠡᠵᠢᠯ ᠴᠢᠳᠠᠪᠤᠷᠢ ᠶᠢ ᠳᠡᠭᠡᠭᠱᠢᠯᠡᠭᠦᠯᠬᠦ ᠪᠣᠯᠪᠠᠰᠤᠷᠠᠯ ᠬᠥᠬᠡᠬᠤᠲᠠ ᠳᠤ | ᠶᠠᠪᠤᠭᠳᠠᠪᠠ᠃ ᠪᠦᠬᠦ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ ᠲᠣᠤᠷ ᠪᠥᠮᠪᠥᠭᠡᠨ ᠳᠤ ᠪᠠᠭ᠋ᠠᠲᠠᠶ 90 | ᠭᠠᠷᠤᠶ ᠬᠥᠮᠦᠰ᠂ ᠪᠡᠶ᠎ᠡ ᠶᠢᠨ ᠲᠠᠮᠢᠷ ᠤᠨ ᠪᠠᠭᠰᠢ ᠵᠢᠴᠢ ᠺᠯᠦ᠋ᠪ ᠤᠨ ᠰᠤᠷᠭᠠᠭᠴᠢ ᠣᠷᠣᠯᠴᠠᠪᠠ᠃ | | ᠲᠣᠰ ᠤᠳᠠᠭᠠᠨ ᠤ ᠪᠤᠯᠪᠠᠰᠤᠷᠠᠯ ᠨᠢ ᠲᠤᠰᠬᠠᠶᠢᠵᠢᠭᠰᠠᠨ ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠤᠨ ᠨᠢᠭᠡᠳᠦᠭᠡᠷ ᠳᠡᠰ ᠤᠨ ᠰᠤᠷᠭᠠᠭᠴᠢ ᠯᠢᠦ ᠶᠢᠨ ᠸᠧᠶ ᠶᠢ ᠲᠤᠰᠬᠠᠶᠢᠯᠠᠨ ᠤᠷᠢᠵᠤ | ᠬᠢᠴᠢᠶᠡᠯᠯᠡᠬᠦᠯᠪᠡ᠃ ᠬᠢᠴᠢᠶᠡᠯ ᠳᠤ ᠲᠣᠤᠷ ᠪᠥᠮᠪᠦᠭᠡ ᠶᠢᠨ ᠬᠢᠨᠠᠭᠴᠢ ᠶᠢᠨ ᠲᠦᠷᠢᠮ ᠤᠨ ᠵᠠᠳᠠᠯᠤᠯᠲᠠ᠂ | ᠬᠥᠳᠡᠯᠭᠡᠭᠡᠨ ᠤ ᠭᠡᠮᠲᠦᠯ ᠤᠨ ᠰᠡᠷᠭᠡᠶᠢᠯᠡᠯᠲᠡ ᠶᠢᠨ ᠭᠤᠤᠯᠳᠠᠯᠭ᠎ᠠ᠂ ᠣᠯᠠᠨ ᠬᠡᠮᠵᠢᠯᠳᠦ ᠵᠢᠭᠠᠨ ᠰᠤᠷᠭᠠᠯᠲᠠ ᠶᠢᠨ | ᠠᠷᠭ᠎ᠠ ᠶᠢᠨ ᠦᠢᠯᠡᠳᠦᠯᠭᠡ ᠶᠢ ᠬᠠᠮᠤᠷᠬᠤ ᠶᠢᠨ ᠬᠠᠮᠲᠤ ᠳᠤᠭᠤᠶᠢᠯᠠᠩ ᠬᠤᠪᠢᠶᠠᠨ ᠰᠣᠷᠢᠯᠲᠠ ᠪᠠᠷ ᠪᠠᠳᠤᠵᠢᠭᠤᠯᠪᠠ᠃ | | ᠲᠣᠰ ᠤᠳᠠᠭᠠᠨ ᠤ ᠪᠤᠯᠪᠠᠰᠤᠷᠠᠯ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠭᠠᠨ ᠵᠢᠯᠣᠭᠤᠳᠣᠭᠴᠢ ᠶᠢᠨ ᠲᠤᠰᠬᠠᠶᠢᠵᠢᠭᠰᠠᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠰᠢᠨ᠎ᠡ ᠱᠠᠲᠤᠨ ᠳᠤ ᠣᠷᠣᠬᠤ ᠶᠢ ᠠᠬᠢᠭᠤᠯᠵᠤ᠂ ᠪᠠᠷᠢᠮᠵᠢᠶᠠᠵᠢᠭᠤᠯᠤᠭᠰᠠᠨ ᠪᠤᠯᠪᠠᠰᠤᠷᠠᠯ ᠤᠨ | ᠰᠢᠰᠲ᠋ᠧᠮ ᠢ ᠪᠠᠶᠢᠭᠤᠯᠬᠤ᠂ ᠰᠢᠨᠵᠢᠯᠡᠬᠦ ᠤᠬᠠᠭᠠᠨᠴᠢ ᠰᠢᠨ᠎ᠡ ᠶᠢ ᠡᠭᠦᠳᠬᠦ ᠠᠷᠭ᠎ᠠ ᠪᠠᠷᠢᠯ ᠢᠶᠠᠷ ᠳᠠᠮᠵᠢᠭᠤᠯᠤᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ | ᠦᠷᠭᠦᠯᠵᠢᠯᠡᠨ ᠠᠬᠢᠭᠤᠯᠬᠤ ᠶᠢᠨ ᠲᠥᠯᠥᠭᠡ ᠶᠤᠮ᠃ |