ᠵᠠᠩ ᡁᠢ
ᠨᠡᠶᠢᠲᠡᠯᠡᠭᠰᠡᠨ ᠴᠠᠭ᠄
2025/4/29
      ᠬᠤᠪᠢᠳᠠᠨ ᠬᠠᠮᠢᠶᠠᠷᠬᠤ ᠠᠵᠢᠯ᠄ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ᠂ ᠦᠵᠡᠯ ᠤᠬᠠᠮᠰᠠᠷ ᠤᠨ ᠬᠡᠯᠪᠡᠷᠢ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠪᠡᠶ᠎ᠡ ᠶᠢᠨ ᠲᠠᠮᠢᠷ ᠤᠨ ᠠᠵᠤ ᠠᠬᠤᠢ ᠪᠠ ᠠᠵᠤ ᠦᠢᠯᠡᠰ᠂ ᠰᠣᠶᠣᠯ ᠤᠨ ᠤᠬᠠᠭᠤᠯᠭ᠎ᠠ᠂ ᠠᠶᠤᠯ ᠦᠭᠡᠢ ᠦᠢᠯᠡᠳᠪᠦᠷᠢᠯᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠠᠯᠪᠠᠨ ᠭᠡᠷ᠂ ᠪᠡᠶ᠎ᠡ ᠶᠢᠨ ᠲᠠᠮᠢᠷ ᠤᠨ ᠠᠵᠤ ᠠᠬᠤᠢ ᠶᠢᠨ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠢ ᠬᠤᠪᠢᠳᠠᠨ ᠬᠠᠮᠢᠶᠠᠷᠴᠤ᠂ ᠳ᠋ᠦ᠋ ᠪᠥᠸᠧ ᠵᠢᠶᠦ᠋ᠨ ᠨᠥᠬᠦᠷ ᠢ ᠬᠠᠮᠵᠢᠨ ᠪᠡᠶ᠎ᠡ ᠶᠢᠨ ᠲᠠᠮᠢᠷ ᠤᠨ ᠶᠡᠷᠦᠩᠬᠡᠢ ᠨᠡᠶᠢᠭᠡᠮᠯᠢᠭ ᠤᠨ ᠨᠠᠷᠢᠨ ᠪᠢᠴᠢᠭ ᠤᠨ ᠭᠠᠵᠠᠷ ᠢ ᠬᠤᠪᠢᠳᠠᠨ ᠬᠠᠮᠢᠶᠠᠷᠴᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢᠬᠠᠷᠢᠯᠴᠠᠨ᠎ᠠ᠃      ᠲᠣᠪᠴᠢ ᠨᠠᠮᠲᠠᠷ᠄ ᠵᠠᠩ ᡁᠢ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 8 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠢᠩᠴᠧᠩ ᠰᠢᠶᠠᠨ ᠤ ᠬᠥᠮᠥᠨ᠂ 1994 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ 1996 ᠣᠨ ᠤ 8 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃      ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠤᠪᠴᠢᠶ᠎ᠠ ᠶᠢᠨ ᠳᠡᠳ᠋ ᠳᠠᠷᠤᠭ᠎ᠠ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号