ᠬᠤᠪᠢᠳᠠᠨ ᠬᠠᠮᠢᠶᠠᠷᠬᠤ ᠠᠵᠢᠯ᠄ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠬᠢᠨᠠᠨ ᠲᠣᠭᠲᠠᠭᠠᠯᠲᠠ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ᠂ ᠬᠥᠭᠡᠷᠦᠭᠦᠯᠬᠦ ᠡᠮ ᠢ ᠡᠰᠡᠷᠭᠦᠴᠡᠬᠦ᠂ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ᠂ | ︽ᠭᠤᠷᠪᠠᠨ ᠲᠣᠮᠣ ᠪᠥᠮᠪᠦᠭᠡ︾ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠡᠷᠭᠡ ᠲᠠᠯ᠎ᠠ ᠶᠢᠨ | ᠠᠵᠢᠯ ᠢ ᠬᠠᠷᠢᠭᠤᠴᠠᠨ᠎ᠠ᠃ ᠠᠵᠢᠯᠲᠠᠨ ᠤ ᠶᠠᠪᠤᠳᠠᠯ ᠤᠨ ᠭᠠᠵᠠᠷ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠭᠠᠵᠠᠷ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ᠂ ᠤᠷᠤᠯᠳᠤᠭᠠᠨ ᠤ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠲᠥᠪ ︽ᠮᠣᠷᠢᠨ ᠮᠡᠷᠭᠡᠵᠢᠯ ᠤᠨ ᠬᠥᠳᠡᠯᠭᠡᠭᠡᠨ ᠤ ᠲᠥᠪ ︵ᠬᠠᠷᠪᠤᠯᠲᠠ ᠰᠤᠷ ᠬᠠᠷᠪᠤᠯᠲᠠ ᠶᠢᠨ | ᠬᠥᠳᠡᠯᠭᠡᠭᠡᠨ ᠤ ᠲᠥᠪ︶᠂ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠤᠰᠤᠨ ᠳᠡᠭᠡᠷᠡᠬᠢ | ᠬᠥᠳᠡᠯᠭᠡᠭᠡᠨ ᠤ ᠲᠥᠪ ︵ᠳᠤᠭᠤᠢ ᠲᠡᠷᠭᠡᠨ ᠤ ᠬᠥᠳᠡᠯᠭᠡᠭᠡᠨ ᠤ ᠲᠥᠪ︶᠂ ᠬᠦᠨᠳᠦ ᠤᠷᠤᠯᠳᠤᠭᠠᠨ ᠤ ᠬᠥᠳᠡᠯᠭᠡᠭᠡᠨ ᠤ | ᠲᠥᠪ᠂ ᠡᠪᠦᠯ ᠤᠨ ᠤᠯᠠᠷᠢᠯ ᠤᠨ ᠤᠷᠤᠯᠳᠤᠭᠠᠨ ᠤ ᠵᠦᠢᠯ ᠤᠨ ᠬᠥᠳᠡᠯᠭᠡᠭᠡᠨ ᠤ ᠲᠥᠪ᠂ ᠪᠥᠮᠪᠥᠭᠡᠨ ᠤ ᠲᠥᠷᠥᠯ ᠤᠨ | ᠬᠥᠳᠡᠯᠭᠡᠭᠡᠨ ᠤ ᠲᠥᠪ︾᠂ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ︵ᠬᠥᠭᠡᠷᠦᠭᠦᠯᠬᠦ | ᠡᠮ ᠢ ᠡᠰᠡᠷᠭᠦᠴᠡᠬᠦ ᠮᠡᠷᠭᠡᠵᠢᠯ ᠤᠨ ᠦᠢᠯᠡᠴᠢᠯᠡᠭᠡᠨ ᠤ ᠲᠥᠪ︶᠂ ᠪᠡᠶ᠎ᠡ ᠶᠢᠨ ᠲᠠᠮᠢᠷ ᠤᠨ ᠡᠮᠨᠡᠯᠭᠡ ᠶᠢᠨ ᠬᠤᠷᠢᠶ᠎ᠠ ᠶᠢ | ᠬᠤᠪᠢᠳᠠᠨ ᠬᠠᠮᠢᠶᠠᠷᠴᠤ᠂ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ᠂ ᠥᠪᠥᠷ ᠮᠣᠩᠭᠤᠯ ᠤᠨ ᠰᠠᠭᠰᠤᠨ | ᠪᠥᠮᠪᠦᠭᠡ ᠶᠢᠨ ᠨᠡᠶᠢᠭᠡᠮᠯᠢᠭ᠂ ᠥᠪᠥᠷ ᠮᠣᠩᠭᠤᠯ ᠤᠨ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠲᠠᠢ ᠬᠠᠷᠢᠯᠴᠠᠨ᠎ᠠ᠃ | ᠲᠣᠪᠴᠢ ᠨᠠᠮᠲᠠᠷ᠄ ᠯᠢᠦ ᠬᠤ᠋ ᠴᠧᠩ᠂ ᠡᠷᠡᠭᠲᠡᠢ᠂ 1977 ᠣᠨ ᠤ 2 ᠰᠠᠷ᠎ᠠ ᠳᠤ ᠳᠦᠷᠦᠵᠡᠶ᠂ ᠥᠪᠥᠷ | ᠮᠣᠩᠭᠤᠯ ᠤᠨ ᠵᠠᠯᠠᠶᠢᠳ ᠬᠤᠰᠢᠭᠤᠨ ᠤ ᠬᠥᠮᠥᠨ᠂ 2001 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ | 1999 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠥᠪᠥᠷ ᠮᠣᠩᠭᠤᠯ ᠤᠨ | ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠮᠠᠰᠲ᠋ᠧᠷ᠃ | ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠤᠪᠴᠢᠶ᠎ᠠ ᠶᠢᠨ ᠳᠡᠳ᠋ ᠳᠠᠷᠤᠭ᠎ᠠ᠃ |