12 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 15 ᠤ ᠡᠳᠦᠷ ᠤᠨ ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ

12 ᠳ᠋ᠤᠭᠠᠷ ᠰᠠᠷ᠎ᠠ ᠶᠢᠨ 1 ᠤ ᠡᠳᠦᠷ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠣᠷᠣᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠲᠡᠭᠦᠨ ᠤ ᠲᠠᠭᠠᠭᠠᠴᠢᠯᠠᠨ ᠬᠠᠷᠢᠯᠴᠠᠵᠦ ᠪᠠᠶᠢᠭ᠎ᠠ ᠶᠠᠳᠠᠭᠤ ᠭᠦᠴᠢᠷᠳᠡᠯᠳᠡᠢ ᠬᠤᠰᠢᠭᠤ ᠰᠢᠶᠠᠨ ᠪᠣᠯᠬᠤ ᠲᠦᠷᠪᠡᠳ ᠬᠤᠰᠢᠭᠤᠨ ᠳᠤ ᠭᠦᠨᠵᠡᠬᠡᠶᠢᠷᠡᠵᠦ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠵᠦ ᠰᠢᠮᠳᠠᠭᠤᠯᠣᠨ ᠵᠢᠯᠤᠭᠤᠳᠬᠤ ᠳᠤ ᠪᠠᠨ᠂ ᠬᠠᠮᠤᠭ ᠤᠨ ᠰᠡᠭᠦᠯᠴᠢ ᠶᠢᠨ ᠰᠢᠪᠳᠤᠯᠤᠯᠳᠠ ᠬᠢᠬᠦ ᠬᠠᠷᠢᠭᠤᠴᠠᠯᠭ᠎ᠠ ᠶᠢ ᠴᠢᠩᠳᠠᠯᠠᠨ ᠪᠣᠳᠠᠳᠠᠶᠢᠵᠢᠭᠤᠯᠵᠦ᠂ ᠴᠠᠭ ᠮᠦᠴᠡ ᠶᠢ ᠠᠯᠳᠠᠯ ᠦᠬᠡᠢ ᠠᠳᠬᠤᠨ᠂ ᠯᠠᠪᠳᠠᠭᠤᠨ ᠪᠠᠳᠣᠳᠠᠢ ᠠᠵᠢᠯᠯᠠᠵᠦ᠂ ᠡᠯ᠎ᠡ ᠵᠦᠢᠯ ᠤᠨ ᠠᠵᠢᠯ ᠢᠶᠠᠨ ᠭᠦᠨᠵᠡᠬᠡᠢ ᠨᠠᠷᠢᠯᠢᠭ ᠰᠠᠶᠢᠳᠣᠷ ᠬᠢᠵᠦ᠂ ᠨᠢᠭᠡ ᠯᠡ ᠠᠮᠢᠰᠬᠤᠭ᠎ᠠ ᠪᠠᠷ ᠭᠦᠴᠦᠯᠡᠨ ᠴᠢᠷᠮᠠᠶᠢᠵᠦ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠰᠡᠭᠦᠯᠴᠢ ᠶᠢᠨ ᠱᠠᠳᠤᠨ ᠤ ᠲᠠᠶᠢᠯᠠᠯᠳᠤᠭᠠᠨ ᠤ ᠢᠯᠡᠯᠳᠡ ᠶᠢ ᠣᠯᠬᠤ ᠬᠡᠷᠡᠭᠳᠡᠢ ᠬᠡᠵᠥ ᠴᠢᠬᠤᠯᠠᠴᠢᠯᠠᠪᠠ᠃ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠠᠬᠤ ᠣᠷᠣᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠡᠩ ᠱᠣᠣ ᠴᠦᠨ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠣᠰ ᠠᠵᠢᠯᠯᠠᠭ᠎ᠠ ᠳᠤ ᠤᠷᠤᠯᠴᠠᠪᠠ᠃

ᠦᠪᠡᠷᠳᠡᠬᠡᠨ ᠵᠠᠰᠠᠬᠤ ᠣᠷᠣᠨ ᠤ ᠲᠡᠳ᠋ ᠲᠡᠷᠢᠭᠦᠯᠡᠭᠴᠢ ᠵᠧᠡᠭ ᠬᠤᠩ ᠹᠠᠨ ᠭᠦᠬᠡᠬᠤᠳᠠ ᠳᠤ ᠲᠤᠮᠳᠠᠳᠣ ᠣᠯᠣᠰ ᠤᠨ ᠡᠮᠡᠭᠳᠡᠢ ᠶᠢᠨ ᠰᠬᠠᠰᠣᠨ ᠪᠦᠮᠪᠦᠭᠡ ᠶᠢᠨ ᠬᠤᠯᠪᠣᠭᠠᠳᠣ ᠣᠷᠣᠯᠳᠣᠭᠠᠨ ᠤ ᠭᠦᠬᠡᠬᠤᠳᠠ ᠳᠠᠬᠢ ᠣᠷᠣᠯᠳᠤᠭᠠᠨ ᠤ ᠡᠬᠢᠯᠡᠬᠦ ᠶᠣᠰᠣᠯᠠᠯ ᠳᠤ ᠣᠷᠣᠯᠴᠠᠬᠤ ᠪᠠᠷ ᠢᠷᠡᠭᠰᠡᠨ ᠲᠣᠮᠳᠠᠳᠣ ᠣᠯᠣᠰ ᠤᠨ ᠰᠬᠠᠰᠣᠨ ᠪᠦᠮᠪᠦᠭᠡ ᠶᠢᠨ ᠨᠡᠶᠢᠬᠡᠮᠯᠢᠭ ᠤᠨ ᠲᠡᠷᠢᠭᠦᠯᠡᠭᠴᠢ ᠶᠣᠣ ᠮᠢᠩ ᠲᠠᠢ ᠠᠭᠤᠯᠵᠠᠪᠠ᠃

ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2020 ᠣᠨ ᠤ ᠪᠦᠭᠦ ᠣᠷᠣᠨ ᠤ ᠮᠦᠩᠭᠦᠨ ᠭᠦᠢᠯᠬᠡᠬᠡᠨ ᠤ ᠠᠵᠢᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠢ ᠬᠤᠷᠠᠯᠳᠣᠭᠤᠯᠪᠠ᠃ ᠦᠪᠡᠷᠳᠡᠬᠡᠨ ᠵᠠᠰᠠᠬᠤ ᠣᠷᠣᠨ ᠤ ᠲᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠰ ᠰᠣᠨᠢᠨ ᠮᠡᠳᠡᠭᠡ ᠨᠡᠶᠢᠳᠡᠯᠡᠬᠦ ᠬᠤᠷᠠᠯ ᠳᠤ ᠣᠷᠣᠯᠴᠬᠠᠰᠠᠨ ᠪᠦᠬᠡᠳ ᠭᠤᠤᠯ ᠰᠡᠳᠦᠪᠳᠦ ᠨᠡᠶᠢᠳᠡᠯᠡᠯ ᠬᠢᠪᠡ᠃ ᠦᠪᠡᠷᠳᠡᠬᠡᠨ ᠵᠠᠰᠠᠬᠤ ᠣᠷᠣᠨ ᠤ ᠣᠷᠣᠨ ᠨᠣᠳᠤᠭ ᠤᠨ ᠮᠦᠩᠭᠦᠨ ᠭᠦᠢᠯᠬᠡᠬᠡᠨ ᠤ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠂ ᠦᠪᠦᠷ ᠮᠤᠩᠭᠤᠯ ᠤᠨ ᠪᠠᠩᠬᠢ ᠲᠠᠭᠠᠳᠬᠠᠯ ᠤᠨ ᠬᠢᠨᠠᠯᠳᠠ ᠬᠠᠮᠢᠶᠠᠷᠣᠯᠳᠠ ᠶᠢᠨ ᠲᠤᠪᠴᠢᠶ᠎ᠠ᠂ ᠦᠪᠦᠷ ᠮᠤᠩᠭᠤᠯ ᠤᠨ ᠲᠡᠮᠳᠡᠭᠳᠦ ᠶᠢᠨ ᠬᠢᠨᠠᠯᠳᠠ ᠬᠠᠮᠢᠶᠠᠷᠣᠯᠳᠠ ᠶᠢᠨ ᠲᠤᠪᠴᠢᠶ᠎ᠠ᠂ ᠲᠤᠮᠳᠠᠳᠣ ᠣᠯᠣᠰ ᠤᠨ ᠠᠷᠠᠳ ᠤᠨ ᠪᠠᠩᠬᠢ ᠶᠢᠨ ᠭᠦᠬᠡᠬᠤᠳᠠ ᠲᠦᠪ ᠰᠠᠯᠪᠣᠷᠢ ᠪᠠᠩᠬᠢ ᠶᠢᠨ ᠬᠤᠯᠪᠤᠨᠨᠳᠠᠯ ᠪᠦᠭᠦᠢ ᠬᠠᠷᠢᠭᠤᠴᠠᠯᠭᠠᠳᠠᠳ ᠰᠣᠷᠪᠣᠯᠵᠢᠯᠬᠠᠴᠢ ᠶᠢᠨ ᠠᠰᠠᠭᠤᠯᠳᠠ ᠶᠢ ᠬᠠᠷᠢᠭᠤᠯᠪᠠ᠃

12 ᠳ᠋ᠤᠭᠠᠷ ᠰᠠᠷ᠎ᠠ ᠶᠢᠨ 2 ᠤᠨ ᠡᠳᠦᠷ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠬᠠᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠠᠵᠦ ᠠᠬᠤᠶᠢᠯᠠᠯᠳᠠᠳ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠦᠪᠡᠷᠳᠡᠬᠡᠨ ᠵᠠᠰᠠᠬᠤ ᠣᠷᠣᠨ ᠤ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠶᠢ ᠵᠤᠬᠢᠶᠠᠬᠤ ᠲᠠᠯ᠎ᠠ ᠪᠠᠷ ᠬᠢ ᠠᠵᠦ ᠠᠬᠤᠶᠢᠯᠠᠯᠳᠠᠳ ᠤᠨ ᠲᠦᠯᠦᠬᠡᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠠᠬᠤ ᠣᠷᠣᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠡᠩ ᠱᠣᠣ ᠴᠦᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠯᠢ ᠪᠢᠩ ᠷᠦᠩ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠣᠰ ᠰᠣᠨᠢᠨ ᠮᠡᠳᠡᠭᠡ ᠨᠡᠶᠢᠳᠡᠯᠡᠬᠦ ᠬᠤᠷᠠᠯ ᠳᠤ ᠣᠷᠣᠯᠴᠠᠪᠠ᠃

ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠦᠪᠡᠷᠳᠡᠬᠡᠨ ᠵᠠᠰᠠᠬᠤ ᠣᠷᠣᠨ ᠤ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠶᠢ ᠵᠤᠬᠢᠶᠠᠬᠤ ᠲᠠᠯ᠎ᠠ ᠪᠠᠷ ᠬᠢ ᠠᠵᠦ ᠠᠬᠤᠢ ᠨᠡᠶᠢᠬᠡᠮ ᠤᠨ ᠭᠦᠷᠢᠶᠡᠨ ᠤ ᠲᠤᠰᠬᠠᠢ ᠮᠡᠷᠬᠡᠵᠢᠯᠳᠡᠳ ᠡᠷᠳᠡᠮᠳᠡᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠠᠬᠤ ᠣᠷᠣᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠡᠩ ᠱᠣᠣ ᠴᠦᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠯᠢ ᠪᠢᠩ ᠷᠦᠩ᠂ ᠵᠧᠡᠭ ᠬᠤᠩ ᠹᠠᠨ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠣᠰ ᠰᠣᠨᠢᠨ ᠮᠡᠳᠡᠭᠡ ᠨᠡᠶᠢᠳᠡᠯᠡᠬᠦ ᠬᠤᠷᠠᠯ ᠳᠤ ᠣᠷᠣᠯᠴᠠᠪᠠ᠃

ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠱᠠᠩᠬᠠᠢ ᠶᠢᠨ ᠦᠨᠡᠲᠦ ᠲᠡᠮᠳᠡᠭᠳᠦ ᠶᠢᠨ ᠠᠷᠠᠯᠵᠢᠶᠠᠨ ᠤ ᠭᠠᠵᠠᠷ ᠲᠠᠢ ᠱᠠᠩᠬᠠᠢ ᠳᠤ ᠪᠠᠶᠢᠯᠳᠣᠬᠤ ᠪᠣᠳᠣᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠬᠡᠷ ᠲᠤᠬᠢᠷᠠᠯᠴᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ᠂ ᠱᠠᠩᠬᠠᠢ ᠶᠢᠨ ᠦᠨᠡᠲᠦ ᠲᠡᠮᠳᠡᠭᠳᠦ ᠶᠢᠨ ᠠᠷᠠᠯᠵᠢᠶᠠᠨ ᠤ ᠭᠠᠵᠠᠷ ᠤᠨ ᠬᠡᠷᠡᠭ ᠡᠷᠬᠢᠯᠡᠭᠴᠢᠳ ᠤᠨ ᠲᠠᠷᠤᠭ᠎ᠠ ᠬᠤᠸᠠᠩ ᠬᠤᠩ ᠶᠤᠸᠠᠨ ᠲᠠᠢ ᠬᠤᠶᠠᠷ ᠲᠠᠯ᠎ᠠ ᠶᠢᠨ ᠬᠠᠮᠳᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠭᠦᠷᠦᠩᠬᠡ ᠶᠢᠨ ᠵᠠᠬ᠎ᠠ ᠲᠡᠯᠬᠡᠭᠦᠷ ᠪᠠ ᠪᠤᠳᠠᠳᠤ ᠴᠤᠨᠨᠴᠠ ᠶᠢᠨ ᠠᠵᠦ ᠠᠬᠤᠢ ᠶᠢᠨ ᠭᠦᠨᠵᠡᠬᠡᠢ ᠠᠭᠤᠰᠤᠯᠴᠠᠭᠤᠯᠬᠤ ᠶᠢ ᠠᠬᠢᠭᠤᠯᠬᠤ ᠲᠤᠬᠠᠢ ᠬᠡᠯᠡᠯᠴᠡᠭᠡ ᠬᠢᠭᠰᠡᠨ ᠤ ᠬᠠᠮᠳᠤ᠂ ᠭᠠᠷ ᠤᠨ ᠦᠰᠦᠭ ᠵᠢᠷᠤᠬᠤ ᠶᠢ ᠬᠠᠮᠳᠤ ᠪᠠᠷ ᠬᠡᠷᠡᠴᠢᠯᠡᠪᠡ᠃ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠬᠤᠸᠠᠩ ᡁᠢ ᠴᠢᠶᠠᠩ᠂ ᠱᠠᠩᠬᠠᠢ ᠶᠢᠨ ᠦᠨᠡᠲᠦ ᠲᠡᠮᠳᠡᠭᠳᠦ ᠶᠢᠨ ᠠᠷᠠᠯᠵᠢᠶᠠᠨ ᠤ ᠭᠠᠵᠠᠷ ᠤᠨ ᠲᠡᠳ᠋ ᠶᠡᠷᠦᠩᠬᠡᠢ ᠲᠠᠭᠠᠭᠠᠮᠠᠯ ᠯᠢᠤ ᠱᠣᠣ ᠲᠥᠩ ᠲᠤᠰ ᠲᠤᠰ ᠬᠤᠶᠠᠷ ᠲᠠᠯ᠎ᠠ ᠶᠢ ᠲᠦᠯᠦᠬᠡᠯᠡᠨ ᠵᠦᠪᠯᠡᠯᠴᠡᠬᠡᠷ ᠲᠤ ᠭᠠᠷ ᠤᠨ ᠦᠰᠦᠭ ᠵᠢᠷᠤᠪᠠ᠃ ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠤᠰ ᠠᠵᠢᠯᠯᠠᠭ᠎ᠠ ᠳᠤ ᠤᠷᠤᠯᠴᠠᠪᠠ᠃

12 ᠳ᠋ᠤᠭᠠᠷ ᠰᠠᠷ᠎ᠠ ᠶᠢᠨ 3 ᠤ ᠡᠳᠦᠷ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠦ ᠠᠬᠤᠢ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠦ ᠠᠬᠤᠢ ᠶᠢᠨ ᠬᠤᠷᠢᠶᠠᠨ ᠤ ᠲᠦᠷᠪᠡᠳᠦᠬᠡᠷ ᠤᠳᠠᠭᠠᠨ ᠤ ᠬᠤᠷᠠᠯ ᠬᠢᠬᠡᠳ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠰᠠᠨᠠᠭᠤᠯᠭ᠎ᠠ ᠶᠢ ᠲᠤᠭᠤᠷᠪᠢᠵᠦ ᠪᠠᠶᠢᠭ᠎ᠠ ᠪᠠᠶᠢᠳᠠᠯ ᠪᠠ ᠦᠪᠡᠷᠳᠡᠬᠡᠨ ᠵᠠᠰᠠᠬᠤ ᠤᠷᠤᠨ ᠤ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠭᠦᠳᠦᠯᠪᠦᠷᠢ ᠶᠢ ᠨᠠᠶᠢᠷᠠᠭᠤᠯᠤᠨ ᠵᠤᠬᠢᠶᠠᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠬᠠᠮᠢᠶ᠎ᠠ ᠪᠦᠭᠦᠢ ᠠᠵᠢᠯ ᠢ ᠲᠤᠬᠢᠷᠠᠭᠤᠯᠣᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠦ ᠠᠬᠤᠢ ᠶᠢᠨ ᠬᠤᠷᠢᠶᠠᠨ ᠤ ᠲᠡᠳ᠋ ᠡᠷᠬᠢᠯᠡᠭᠴᠢ ᠪᠥ᠋ ᠰᠢᠶᠥᠥ ᠯᠢᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠦ ᠠᠬᠤᠢ ᠶᠢᠨ ᠬᠤᠷᠢᠶᠠᠨ ᠤ ᠬᠡᠰᠢᠬᠦᠨ ᠯᠢᠨ ᠱᠤᠤ ᠴᠥᠨ᠂ ᠵᠠᠩ ᠱᠣᠣ ᠴᠥᠨ᠂ ᠠᠢ ᠯᠢ ᠬᠤᠸᠠ᠂ ᠯᠢ ᠪᠢᠩ ᠷᠦᠩ᠂ ᠵᠧᠡᠭ ᠬᠤᠩ ᠹᠠᠨ᠂ ᠬᠤᠸᠠᠩ ᡁᠢ ᠴᠢᠶᠠᠩ᠂ ᠾᠧᠡᠭ ᠰᠢᠶᠤᠤ ᠹᠠᠨ ᠬᠤᠷᠠᠯ ᠳᠤ ᠤᠷᠤᠯᠴᠠᠪᠠ᠃ ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠤᠷᠤᠯᠴᠠᠪᠠ᠃

ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠦᠪᠡᠷᠳᠡᠬᠡᠨ ᠵᠠᠰᠬᠠᠤ ᠤᠷᠤᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠶᠠᠨ ᠤ ᠨᠢᠬᠡᠳᠦᠬᠡᠷ ᠤᠳᠠᠭᠠᠨ ᠤ ᠬᠤᠷᠠᠯ ᠬᠢᠬᠡᠳ ᠲᠦᠪ ᠤᠨ ᠣᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠳᠠ ᠳᠤ ᠬᠠᠷᠢᠭᠤ ᠲᠤᠰᠬᠠᠨᠨᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠲᠦᠪ ᠤᠨ ᠣᠷᠴᠢᠨ ᠲᠤᠭᠤᠷᠢᠨ ᠤ ᠰᠢᠮᠳᠠᠭᠤᠯᠤᠨ ᠪᠠᠶᠢᠴᠠᠭᠠᠯᠳᠠ ᠵᠢᠴᠢ ︽ᠪᠤᠴᠠᠵᠦ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠨᠨᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠤᠨᠨᠰᠠᠨ ᠪᠠᠶᠢᠳᠠᠯ ᠪᠠ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠨᠨᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠣᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠪᠠ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠦᠪᠡᠷᠳᠡᠬᠡᠨ ᠵᠠᠰᠬᠠᠤ ᠤᠷᠤᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠶᠠᠨ ᠤ ᠡᠷᠬᠢᠯᠡᠭᠴᠢ ᠪᠥ᠋ ᠰᠢᠶᠤᠤ ᠯᠢᠨ᠂ ᠦᠪᠡᠷᠳᠡᠬᠡᠨ ᠵᠠᠰᠬᠠᠤ ᠤᠷᠤᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠶᠠᠨ ᠤ ᠲᠡᠳ᠋ ᠡᠷᠬᠢᠯᠡᠭᠴᠢ ᠯᠢᠨ ᠱᠤᠤ ᠴᠥᠨ᠂ ᠵᠠᠩ ᠱᠣᠣ ᠴᠥᠨ᠂ ᠠᠢ ᠯᠢ ᠬᠤᠸᠠ᠂ ᠯᠢ ᠪᠢᠩ ᠷᠦᠩ᠂ ᠾᠧᠡᠭ ᠰᠢᠶᠤᠤ ᠹᠠᠨ᠂ ᠦᠪᠡᠷᠳᠡᠬᠡᠨ ᠵᠠᠰᠬᠠᠤ ᠤᠷᠤᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠶᠠᠨ ᠤ ᠬᠡᠰᠢᠬᠦᠳ ᠬᠤᠷᠠᠯ ᠳᠤ ᠣᠷᠣᠯᠴᠠᠪᠠ᠃ ᠬᠤᠷᠠᠯ ᠠᠴᠠ ︽ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠶᠠᠨ ᠤ ᠠᠵᠢᠯ ᠤᠨ ᠲᠦᠷᠢᠮ︾ ᠢ ᠬᠢᠨᠠᠨ ᠵᠦᠪᠯᠡᠵᠦ ᠪᠠᠳᠣᠯᠠᠨ᠂ ︽ᠲᠠᠯ᠎ᠠ ᠨᠣᠳᠤᠭ ᠳᠡᠭᠡᠷᠡᠬᠢ ᠶᠠᠷ᠎ᠠ ᠰᠣᠷᠪᠢ︾ ᠬᠡᠭᠦ ᠲᠤᠰᠬᠠᠢ ᠰᠡᠳᠦᠪᠳᠦ ᠪᠠᠷᠢᠮᠳᠠᠳᠤ ᠹᠢᠯᠢᠮ ᠢ ᠵᠣᠬᠢᠶᠠᠨ ᠪᠠᠶᠢᠭᠤᠯᠵᠦ ᠦᠵᠡᠬᠦᠯᠪᠡ᠃

12 ᠳ᠋ᠤᠭᠠᠷ ᠰᠠᠷ᠎ᠠ ᠶᠢᠨ 4 ᠤ ᠡᠳᠦᠷ ᠠᠮᠣᠭᠤᠯᠠᠩᠳᠣ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠦ᠂ ᠠᠮᠤᠭᠤᠯᠠᠩᠳᠤ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠣᠨ᠂ ᠳᠠᠷᠠᠭᠠᠴᠢ ᠶᠢᠨ ᠠᠵᠢᠯ ᠢᠶᠠᠨ ᠰᠣᠳᠣᠯᠣᠨ ᠪᠠᠶᠢᠷᠢᠯᠠᠭᠤᠯᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠬᠠᠤ ᠣᠷᠣᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠠᠮᠤᠭᠤᠯᠠᠩᠳᠤ ᠦᠪᠦᠷ ᠮᠣᠩᠭᠤᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠤᠨ ᠲᠠᠷᠤᠭ᠎ᠠ ᠱᠢ ᠲᠠᠢ ᠹᠧᠡᠭ ᠬᠤᠷᠠᠯ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃ ᠠᠮᠤᠭᠤᠯᠠᠩᠳᠤ ᠦᠪᠦᠷ ᠮᠣᠩᠭᠤᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠤᠨ ᠲᠡᠳ᠋ ᠲᠠᠷᠤᠭ᠎ᠠ ᠯᠢᠨ ᠱᠤᠤ ᠴᠥᠨ᠂ ᠾᠧᠡᠭ ᠰᠢᠶᠤᠤ ᠹᠠᠨ᠂ ᠶᠠᠩ ᠽᠦᠩ ᠷᠧᠨ᠂ ᠯᠢ ᠴᠢ ᠯᠢᠨ᠂ ᠠᠮᠤᠭᠤᠯᠠᠩᠳᠤ ᠦᠪᠦᠷ ᠮᠣᠩᠭᠤᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ ᠤᠨ ᠪᠦᠷᠢᠯᠳᠦᠬᠦᠨ ᠬᠤᠷᠠᠯ ᠳᠤ ᠤᠷᠤᠯᠴᠠᠪᠠ᠃ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠰᠤᠯᠠ ᠤᠷᠤᠯᠴᠠᠪᠠ᠃ ᠬᠤᠷᠠᠯ ᠠᠴᠠ ︽ᠨᠡᠩ ᠦᠨᠳᠦᠷ ᠲᠦᠪᠰᠢᠨ ᠪᠦᠭᠦᠢ ᠠᠮᠣᠭᠤᠯᠠᠩᠳᠦ ᠦᠪᠦᠷ ᠮᠤᠩᠭᠤᠯ ᠢ ᠪᠦᠳᠦᠬᠡᠨ ᠪᠠᠶᠢᠭᠤᠯᠬᠤ ᠠᠵᠢᠯ ᠤᠨ ᠡᠭᠦᠷᠬᠡ ᠬᠤᠪᠢᠶᠠᠷᠢᠯᠠᠯ ᠤᠨ ᠲᠦᠰᠦᠯ︾ ᠵᠡᠷᠬᠡ ᠪᠢᠴᠢᠭ ᠮᠠᠲ᠋ᠧᠷᠢᠶᠠᠯ ᠢ ᠬᠢᠨᠠᠨ ᠵᠦᠪᠯᠡᠵᠦ ᠪᠠᠳᠤᠯᠠᠨ᠂ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠨᠢᠭᠡᠴᠢ ᠶᠢ ᠨᠦᠭᠦᠪᠦᠷᠢᠯᠡᠪᠡ᠃

ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰᠢᠶᠠᠯ ᠳᠤ ᠲᠤᠮᠢᠯᠬᠠᠰᠠᠨ ᠤᠯᠤᠰ ᠤᠨ ᠠᠵᠢᠯᠳᠠᠳ ᠤᠨ ᠦᠨᠳᠦᠰᠦᠨ ᠬᠠᠤᠯᠢ ᠳᠤ ᠲᠠᠩᠭᠠᠷᠢᠨᠨᠯᠠᠬᠤ ᠶᠣᠰᠣᠯᠠᠯ ᠦᠪᠡᠷᠳᠡᠬᠡᠨ ᠵᠠᠰᠬᠠᠤ ᠤᠷᠤᠨ ᠤ ᠨᠠᠮ ᠵᠠᠰᠠᠭ ᠤᠨ ᠠᠯᠪᠠᠯᠠᠬᠤ ᠲᠤᠭᠤᠷᠢᠭ ᠤᠨ ᠬᠤᠷᠠᠯ ᠤᠨ ᠲᠦᠪ ᠲᠤ ᠶᠠᠪᠤᠨᠨᠳᠠᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠭᠦᠯᠡᠭᠴᠢ ᠪᠥ᠋ ᠰᠢᠶᠣᠣ ᠯᠢᠨ ᠲᠠᠩᠭᠠᠷᠢᠨᠨᠯᠠᠬᠤ ᠶᠢ ᠬᠢᠨ᠋ᠬᠠᠰᠠᠨ ᠪᠦᠬᠡᠳ ᠶᠠᠷᠢᠶ᠎ᠠ ᠲᠠᠯᠪᠢᠪᠠ᠃ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠪᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠦᠰᠦᠨ ᠬᠠᠣᠯᠢ ᠳᠤ ᠲᠠᠩᠭᠠᠷᠢᠨᠨᠯᠠᠬᠤ ᠶᠤᠰᠤᠯᠠᠯ ᠢ ᠵᠤᠬᠢᠶᠠᠨ ᠪᠠᠶᠢᠭᠤᠯᠵᠦ ᠬᠡᠷᠡᠭᠵᠢᠬᠦᠯᠬᠦ ᠲᠦᠷᠢᠮ ᠤᠨ ᠠᠷᠭ᠎ᠠ︾ ᠶᠢᠨ ᠲᠤᠨᠨᠳᠠᠭᠠᠯ ᠢ ᠦᠨᠳᠦᠰᠦᠯᠡᠵᠦ᠂ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰᠢᠶᠠᠯ ᠳᠤ ᠲᠣᠮᠢᠯᠬᠠᠰᠠᠨ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠦᠴᠢᠷ᠂ ᠲᠣᠰᠬᠠᠢ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠲᠡᠳ᠋ ᠲᠢᠩᠬᠢᠮ ᠤᠨ ᠲᠡᠰ ᠠᠴᠠ ᠲᠡᠬᠡᠭᠰᠢᠬᠢ ᠤᠯᠤᠰ ᠤᠨ ᠠᠵᠢᠯᠳᠠᠳ ᠬᠠᠤᠯᠢ ᠶᠤᠰᠤᠭᠠᠷ ᠦᠨᠳᠦᠰᠦᠨ ᠬᠠᠤᠯᠢ ᠳᠤ ᠲᠠᠩᠭᠠᠷᠢᠨᠨᠯᠠᠪᠠ᠃ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠠᠬᠤ ᠣᠷᠣᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠡᠩ ᠱᠣᠣ ᠴᠦᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ᠂ ᠯᠢ ᠪᠢᠩ ᠷᠦᠩ᠂ ᠵᠧᠡᠭ ᠬᠤᠩ ᠹᠠᠨ᠂ ᠬᠤᠸᠠᠩ ᡁᠢ ᠴᠢᠶᠠᠩ᠂ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠦᠴᠢᠷ᠂ ᠲᠣᠰᠬᠠᠢ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠳᠠᠳ ᠪᠠ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠤᠯᠪᠤᠨᠨᠳᠠᠯ ᠪᠦᠬᠦᠢ ᠬᠠᠷᠢᠭᠤᠴᠠᠯᠭᠠᠳᠠᠳ ᠦᠨᠳᠦᠰᠦᠨ ᠬᠠᠤᠯᠢ ᠳᠤ ᠲᠠᠩᠭᠠᠷᠢᠨᠨᠯᠬᠠᠰᠠᠨ ᠢ ᠬᠡᠷᠡᠴᠢᠯᠡᠪᠡ᠃

ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠡᠭᠦᠷᠬᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠵᠤᠬᠢᠴᠠᠭᠤᠯᠬᠤ ᠲᠤᠭᠤᠶᠢᠯᠠᠩ ᠪᠦᠭᠦᠳᠡ ᠬᠤᠷᠠᠯ ᠬᠤᠷᠠᠯᠳᠤᠭᠤᠯᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠬᠠᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ᠂ ᠦᠪᠡᠷᠳᠡᠬᠡᠨ ᠵᠠᠰᠬᠠᠤ ᠤᠷᠤᠨ ᠤ ᠵᠠᠰᠠᠭ ᠤᠨ ᠣᠷᠳᠣᠨ ᠤ ᠡᠭᠦᠷᠬᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠵᠤᠬᠢᠴᠠᠭᠤᠯᠬᠤ ᠲᠤᠭᠤᠶᠢᠯᠠᠩ ᠤᠨ ᠲᠠᠷᠤᠭ᠎ᠠ ᠵᠠᠩ ᠱᠤᠤ ᠴᠦᠨ ᠲᠤᠰ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃

12 ᠳ᠋ᠤᠭᠠᠷ ᠰᠠᠷ᠎ᠠ ᠶᠢᠨ 5 ᠤ ᠡᠳᠦᠷ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ ᠣᠷᠳᠣᠰ ᠬᠤᠳᠠ ᠳᠤ ᠭᠦᠨᠵᠡᠬᠡᠶᠢᠷᠡᠨ᠂ ᠦᠪᠡᠰᠦᠪᠠᠨ ᠰᠢᠢᠳᠪᠦᠷᠢᠯᠡᠬᠦᠯᠬᠦ ᠶᠢ ᠬᠠᠷᠢᠭᠤᠴᠬᠠᠰᠠᠨ ᠤ ᠬᠠᠮᠳᠤ ᠨᠠᠮᠳᠠᠭᠠᠨ ᠰᠢᠢᠳᠪᠦᠷᠢᠯᠡᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ 3 ᠵᠦᠢᠯᠡᠰ ᠢ ᠲᠠᠬᠢᠨᠳᠠ ᠪᠠᠶᠢᠴᠠᠭᠠᠪᠠ᠃

ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ ᠣᠷᠳᠣᠰ ᠬᠤᠳᠠ ᠶᠢᠨ ᠤᠳᠤᠭ ᠬᠤᠰᠢᠭᠤᠨ ᠳᠤ ᠭᠦᠨᠵᠡᠬᠡᠶᠢᠷᠡᠨ᠂ ᠠᠷᠵᠠᠢ ᠠᠭᠤᠢ ᠶᠢᠨ ᠬᠠᠮᠠᠭᠠᠯᠠᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠤᠰ ᠪᠠᠶᠢᠴᠠᠭᠠᠨ ᠰᠤᠳᠤᠯᠤᠯᠳᠠ ᠳᠤ ᠣᠷᠣᠯᠴᠠᠪᠠ᠃

12 ᠳ᠋ᠤᠭᠠᠷ ᠰᠠᠷ᠎ᠠ ᠶᠢᠨ 7 ᠤ ᠡᠳᠦᠷ ᠪᠦᠭᠦ ᠤᠷᠤᠨ ᠤ ᠤᠳᠤᠷᠢᠳᠬᠤ ᠺᠠᠳ᠋ᠷ ᠤᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠠᠩᠭᠢ ᠦᠪᠦᠷ ᠮᠤᠩᠭᠤᠯ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠬᠢᠴᠢᠶᠡᠯ ᠡᠬᠢᠯᠡᠬᠦ ᠶᠤᠰᠤᠯᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠬᠤ ᠳᠤ ᠪᠠᠨ᠂ ᠦᠨᠳᠦᠰᠦᠳᠡᠨ ᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠭᠦᠯᠡᠯᠳᠡ ᠲᠠᠢ ᠪᠦᠭᠦ ᠲᠠᠯ᠎ᠠ ᠪᠠᠷ ᠬᠠᠷᠭᠤᠭᠤᠯᠤᠨ ᠪᠠᠷᠢᠮᠵᠢᠶᠠᠯᠠᠵᠦ᠂ ᠮᠠᠨ ᠤ ᠤᠷᠤᠨ ᠳᠤ ᠣᠯᠣᠰ ᠤᠨ ᠨᠢᠬᠡᠳᠦᠯᠳᠡᠢ ᠨᠠᠶᠢᠷᠠᠭᠤᠯᠤᠨᠨᠰᠠᠨ ᠵᠢᠭᠠᠬᠤ ᠮᠠᠲ᠋ᠧᠷᠢᠶᠠᠯ ᠬᠡᠷᠡᠭᠯᠡᠬᠦ ᠶᠢ ᠠᠬᠢᠭᠤᠯᠬᠤ ᠳᠤ ᠭᠠᠷᠤᠨᠨᠰᠠᠨ ᠠᠰᠠᠭᠤᠳᠠᠯ ᠪᠠ ᠰᠤᠷᠭᠠᠮᠵᠢ ᠶᠢ ᠭᠦᠨᠵᠡᠬᠡᠢ ᠲᠤᠩᠭᠠᠨ ᠪᠤᠳᠤᠯᠬᠢᠯᠠᠵᠦ᠂ ᠪᠠᠯᠠᠷᠬᠠᠢ ᠲᠠᠨᠢᠯᠲᠠ ᠪᠠᠨ ᠤᠯᠠᠮ ᠨᠢᠭᠡ ᠠᠯᠬᠤᠮ ᠲᠤᠳᠤᠷᠬᠠᠢ ᠪᠣᠯᠭᠠᠨ᠂ ᠪᠤᠷᠤᠭᠤ ᠲᠠᠨᠢᠯᠲᠠ ᠪᠠᠨ ᠵᠠᠯᠠᠷᠠᠭᠤᠯᠵᠦ᠂ ᠦᠵᠡᠯ ᠰᠠᠨᠠᠭᠠᠨ ᠤ ᠲᠠᠨᠢᠯᠲᠠ ᠪᠠᠨ ᠨᠢᠬᠡᠳᠬᠡᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠨᠨᠴᠠ ᠶᠢᠨ ᠦᠵᠡᠯ ᠤᠬᠠᠮᠰᠠᠷ ᠢ ᠪᠠᠳᠣ ᠴᠣᠨᠨᠴᠠᠯᠠᠬᠤ ᠪᠠᠷ ᠭᠤᠤᠯ ᠰᠢᠵᠢᠮ ᠪᠣᠯᠭᠠᠨ ᠰᠢᠨ᠎ᠡ ᠴᠠᠭ ᠦᠶ᠎ᠡ ᠶᠢᠨ ᠦᠪᠦᠷ ᠮᠤᠩᠭᠤᠯ ᠤᠨ ᠦᠨᠳᠦᠰᠦᠳᠡᠨ ᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠡᠢ ᠭᠡᠵᠦ ᠴᠢᠬᠤᠯᠠᠴᠢᠯᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ ᠬᠢᠴᠢᠶᠡᠯ ᠡᠬᠢᠯᠡᠬᠦ ᠶᠤᠰᠤᠯᠠᠯ ᠢ ᠡᠷᠬᠢᠯᠡᠪᠡ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠡ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠦᠪᠯᠡᠯᠬᠡᠨ ᠤ ᠤᠳᠤᠷᠢᠳᠬᠤ ᠨᠦᠭᠦᠳ ᠪᠠ ᠰᠢᠬᠦᠬᠦ ᠬᠤᠷᠢᠶ᠎ᠡ ᠪᠠᠶᠢᠴᠠᠭᠠᠬᠤ ᠬᠤᠷᠢᠶᠠᠨ ᠤ ᠲᠠᠷᠤᠭ᠎ᠠ ᠬᠢᠴᠢᠶᠡᠯ ᠡᠬᠢᠯᠡᠬᠦ ᠶᠤᠰᠤᠯᠠᠯ ᠳᠤ ᠤᠷᠤᠯᠴᠠᠪᠠ᠃ ᠡᠯ᠎ᠡ ᠠᠶᠢᠮᠠᠭ ᠬᠤᠳᠠ ᠶᠢᠨ ᠨᠠᠮ ᠤᠨ ᠬᠤᠷᠢᠶᠠᠨ ᠤ ᠱᠦᠵᠢ᠂ ᠠᠶᠢᠮᠠᠭ ᠬᠤᠳᠠ ᠶᠢᠨ ᠲᠠᠷᠤᠭ᠎ᠠ᠂ ᠦᠪᠡᠷᠳᠡᠬᠡᠨ ᠵᠠᠰᠬᠠᠤ ᠤᠷᠤᠨ ᠤ ᠡᠯ᠎ᠡ ᠰᠠᠯᠠᠭ᠎ᠠ ᠮᠦᠴᠢᠷ ᠤᠨ ᠨᠠᠮ ᠤᠨ ᠤᠳᠤᠷᠢᠳᠬᠤ ᠲᠤᠭᠤᠶᠢᠯᠠᠩ ︵ᠨᠠᠮ ᠤᠨ ᠬᠤᠷᠢᠶ᠎ᠡ︶ ᠤᠨ ᠭᠤᠤᠯ ᠬᠠᠷᠢᠭᠤᠴᠠᠯᠭᠠᠳᠠᠳ᠂ ᠦᠪᠡᠷᠳᠡᠬᠡᠨ ᠵᠠᠰᠠᠬᠤ ᠤᠷᠤᠨ ᠤ ᠡᠯ᠎ᠡ ᠶᠡᠭᠡ ᠲᠡᠬᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠰᠤᠳᠤᠯᠤᠨ ᠶᠠᠷᠢᠯᠴᠠᠬᠤ ᠠᠩᠭᠢ ᠳᠤ ᠤᠷᠤᠯᠴᠠᠪᠠ᠃

ᠦᠪᠡᠷᠳᠡᠬᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠧᠯᠸᠢᠰ ᠤᠳᠠᠰᠤᠳᠤ ᠬᠤᠷᠠᠯ ᠬᠤᠷᠠᠯᠳᠤᠭᠤᠯᠵᠦ᠂ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠦ ᠪᠠᠶᠢᠭ᠎ᠠ ᠠᠵᠢᠯ ᠤᠨ ᠪᠠᠶᠢᠳᠠᠯ ᠢ ᠨᠡᠪᠳᠡᠷᠡᠭᠦᠯᠦᠨ ᠮᠡᠳᠡᠬᠡᠯᠡᠵᠦ᠂ ᠭᠤᠣᠯᠳᠠᠯᠭ᠎ᠠ ᠲᠠᠢ ᠠᠵᠢᠯ ᠡᠭᠦᠷᠬᠡ ᠶᠢ ᠲᠣᠬᠢᠷᠠᠭᠤᠯᠣᠨ ᠪᠠᠶᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ᠂ ᠦᠪᠡᠷᠳᠡᠬᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠡᠳ᠋ ᠶᠡᠷᠦᠩᠬᠡᠢ ᠵᠢᠯᠤᠭᠤᠳᠤᠨᠨᠴᠢ ᠵᠠᠩ ᠱᠤᠤ ᠴᠦᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃ ᠦᠪᠡᠷᠳᠡᠬᠡᠨ ᠵᠠᠰᠠᠬᠤ ᠤᠷᠤᠨ ᠤ ᠲᠡᠳ᠋ ᠲᠠᠷᠢᠭᠦᠯᠡᠭᠴᠢ᠂ ᠦᠪᠡᠷᠳᠡᠬᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠡᠳ᠋ ᠶᠡᠷᠦᠩᠬᠡᠢ ᠵᠢᠯᠤᠭᠤᠳᠤᠨᠨᠴᠢ ᠡᠸᠣ ᠶᠠᠩ ᠰᠢᠶᠤᠤ ᠬᠤᠢ ᠬᠤᠷᠠᠯ ᠳᠤ ᠣᠷᠣᠯᠴᠬᠠᠰᠠᠨ ᠪᠦᠬᠡᠳ ᠶᠠᠷᠢᠶ᠎ᠠ ᠲᠠᠯᠪᠢᠪᠠ᠃

12 ᠳ᠋ᠤᠭᠠᠷ ᠰᠠᠷ᠎ᠠ ᠶᠢᠨ 8 ᠤ ᠡᠳᠦᠷ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠦᠪᠦᠷ ᠮᠤᠩᠭᠤᠯ ᠤᠨ ᠶᠡᠭᠡ ᠰᠤᠷᠭᠠᠭᠤᠯᠢ ᠳᠤ ᠭᠦᠨᠵᠡᠭᠡᠶᠢᠷᠡᠨ᠂ ᠦᠷᠬᠡᠨ ᠤᠯᠠᠨ ᠪᠠᠭᠰᠢ ᠰᠤᠷᠤᠨᠨᠴᠢᠳ ᠢ ᠪᠤᠯᠭᠤᠭᠠᠨ ᠲᠤᠬᠤᠨᠢᠭᠤᠯᠵᠦ᠂ ᠶᠡᠭᠡ ᠲᠡᠬᠡᠳᠦ ᠰᠤᠷᠭᠠᠭᠤᠯᠢ ᠶᠢᠨ ᠴᠠᠭ ᠤᠨ ᠪᠠᠶᠢᠳᠠᠯ ᠲᠦᠷᠦ ᠶᠢᠨ ᠪᠣᠳᠣᠯᠭ᠎ᠠ ᠶᠢᠨ ᠮᠡᠳᠡᠭᠦᠯᠦᠯᠳᠡ ᠬᠢᠭᠰᠡᠨ ᠤ ᠬᠠᠮᠳᠤ ᠬᠢᠴᠢᠶᠡᠯ ᠤᠨ ᠲᠠᠩᠬᠢᠮ ᠳᠤ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠭᠢᠴᠢᠶᠡᠯ ᠢ ᠰᠤᠨᠤᠰᠴᠤ᠂ ᠤᠯᠠᠨ ᠢ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠬᠡᠢ ᠰᠤᠷᠤᠯᠴᠠᠨ ᠲᠤᠭᠤᠰᠢᠯᠠᠭᠤᠯᠵᠦ᠂ ᠨᠡᠶᠢᠬᠡᠮ ᠵᠢᠷᠤᠮᠳᠤ ᠤᠳᠤᠬᠢᠴᠢᠯᠬᠠᠰᠠᠨ ᠤᠯᠤᠰ ᠢ ᠪᠦᠭᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠠᠶᠠᠨ ᠳᠤ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠪᠠᠳᠠᠷᠠᠭᠤᠯᠵᠦ᠂ ᠵᠠᠯᠠᠭᠤ ᠨᠠᠰᠤᠨ ᠤ ᠭᠦᠴᠦᠨ ᠴᠢᠳᠠᠯ ᠢᠶᠠᠨ ᠡᠷᠭᠦᠰᠦᠬᠡᠢ ᠭᠡᠵᠦ ᠵᠤᠷᠢᠨᠨᠵᠢᠭᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠬᠠᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠱᠤᠤ ᠴᠦᠨ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠲᠤᠰ ᠠᠵᠢᠯᠯᠠᠭ᠎ᠠ ᠳᠤ ᠤᠷᠤᠯᠴᠠᠪᠠ᠃ ᠭᠦᠬᠡᠬᠤᠳᠠ ᠳᠠᠬᠢ ᠦᠪᠡᠷᠳᠡᠬᠡᠨ ᠵᠠᠰᠠᠬᠤ ᠤᠷᠤᠨ ᠤ ᠶᠡᠭᠡ ᠲᠡᠬᠡᠳᠦ ᠰᠤᠷᠭᠠᠭᠤᠯᠢ ᠶᠢᠨ ᠪᠠᠭᠰᠢ ᠰᠤᠷᠤᠨᠨᠴᠢ ᠶᠢᠨ 260 ᠭᠠᠷᠤᠢ ᠲᠦᠯᠦᠬᠡᠯᠡᠭᠴᠢ ᠮᠡᠳᠡᠭᠦᠯᠦᠯᠳᠡ ᠶᠢ ᠰᠤᠨᠤᠰᠪᠠ᠃

ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠳᠤ ᠭᠦᠨᠵᠡᠬᠡᠶᠢᠷᠡᠨ᠂ ᠯᠢᠶᠤᠤ ᠤᠯᠤᠰ ᠤᠨ ᠦᠶ᠎ᠡ ᠶᠢᠨ ᠡᠤ ᠠᠨ ᠵᠸᠤ ᠶᠢᠨ ᠰᠤᠪᠤᠷᠭ᠎ᠠ ᠶᠢᠨ ᠬᠠᠮᠠᠭᠠᠯᠠᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃

ᠪᠦᠭᠦ ᠤᠷᠤᠨ ᠤ ᠤᠳᠤᠷᠢᠳᠬᠤ ᠺᠠᠳ᠋ᠷ ᠤᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠳᠦ ᠰᠤᠳᠤᠯᠤᠨ ᠶᠠᠷᠢᠯᠴᠠᠬᠤ ᠠᠩᠭᠢ ᠦᠪᠦᠷ ᠮᠤᠩᠭᠤᠯ ᠤᠨ ᠨᠠᠮ ᠤᠨ ᠰᠤᠷᠭᠠᠭᠤᠯᠢ ᠳᠤ ᠰᠤᠷᠤᠯᠭ᠎ᠠ ᠲᠡᠭᠦᠰᠪᠡ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠰᠤᠷᠤᠯᠭ᠎ᠠ ᠲᠡᠭᠦᠰᠬᠦ ᠶᠤᠰᠤᠯᠠᠯ ᠢ ᠡᠷᠬᠢᠯᠡᠭᠰᠡᠨ ᠪᠦᠬᠡᠳ ᠳ᠋ᠦᠩᠨᠡᠯᠳᠡ ᠶᠢᠨ ᠶᠠᠷᠢᠶ᠎ᠠ ᠲᠠᠯᠪᠢᠪᠠ᠃ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠯᠢᠣ ᠴᠢ ᠹᠠᠨ᠂ ᠪᠠᠢ ᠢᠤᠢ ᠭᠠᠩ᠂ ᠮᠧᠩ ᠹᠠᠨ ᠯᠢ᠂ ᠳ᠋ᠣᠸᠠᠨ ᡁᠢ ᠴᠢᠶᠠᠩ᠂ ᠵᠠᠩ ᠡᠧᠨ ᠬᠤᠢ᠂ ᠠᠢ ᠯᠢ ᠬᠤᠸᠠ᠂ ᠡᠸᠣ ᠶᠠᠩ ᠰᠢᠶᠤᠤ ᠬᠤᠢ᠂ ᠯᠢ ᠪᠢᠩ ᠷᠦᠩ᠂ ᠵᠧᠡᠭ ᠬᠤᠩ ᠹᠠᠨ᠂ ᠬᠤᠸᠠᠩ ᡁᠢ ᠴᠢᠶᠠᠩ᠂ ᠴᠢ᠊ ᠪᠠᠳᠣ ᠰᠤᠷᠤᠯᠭ᠎ᠠ ᠲᠡᠭᠦᠰᠬᠦ ᠶᠤᠰᠤᠯᠠᠯ ᠳᠤ ᠣᠷᠣᠯᠴᠠᠪᠠ᠃ ᠡᠯ᠎ᠡ ᠠᠶᠢᠮᠠᠭ ᠬᠤᠳᠠ ᠵᠢᠴᠢ ᠦᠪᠡᠷᠳᠡᠬᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠳ᠂ ᠦᠪᠡᠷᠳᠡᠬᠡᠨ ᠵᠠᠰᠬᠠᠤ ᠤᠷᠤᠨ ᠤ ᠡᠯ᠎ᠡ ᠶᠡᠭᠡ ᠲᠡᠬᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠰᠤᠷᠤᠯᠭ᠎ᠠ ᠲᠡᠭᠦᠰᠬᠦ ᠶᠤᠰᠤᠯᠠᠯ ᠳᠤ ᠣᠷᠣᠯᠴᠠᠪᠠ᠃

12 ᠳ᠋ᠤᠭᠠᠷ ᠰᠠᠷ᠎ᠠ ᠶᠢᠨ 9 ᠤ ᠡᠳᠦᠷ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠭᠦᠬᠡᠬᠤᠳᠠ ᠳᠤ ᠡᠬᠢᠯᠡᠪᠡ᠂ ᠡᠨᠡ ᠤᠳᠠᠭᠠᠨ ᠤ ᠬᠤᠷᠠᠯ ᠨᠢ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠦᠪᠡᠷᠳᠡᠬᠡᠨ ᠵᠠᠰᠬᠠᠤ ᠤᠷᠤᠨ ᠤ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠳᠤ ᠰᠠᠨᠠᠯ ᠰᠠᠨᠠᠭᠤᠯᠭ᠎ᠠ ᠲᠡᠪᠰᠢᠭᠦᠯᠦᠨ ᠠᠷᠭ᠎ᠠ ᠪᠣᠳᠣᠯᠭ᠎ᠠ ᠭᠠᠷᠭᠠᠬᠤ ᠪᠠᠷ ᠭᠤᠤᠯ ᠰᠡᠳᠦᠪ ᠪᠤᠯᠭᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ ᠬᠤᠷᠠᠯ ᠳᠤ ᠤᠷᠤᠯᠴᠬᠠᠰᠠᠨ ᠪᠦᠬᠡᠳ ᠦᠪᠡᠷᠳᠡᠬᠡᠨ ᠵᠠᠰᠠᠬᠤ ᠤᠷᠤᠨ ᠤ ᠭᠤᠣᠯᠳᠠᠯᠭ᠎ᠠ ᠲᠠᠢ ᠠᠵᠢᠯ ᠤᠨ ᠪᠠᠶᠢᠳᠠᠯ ᠪᠠ ᠦᠪᠡᠷᠳᠡᠬᠡᠨ ᠵᠠᠰᠠᠬᠤ ᠤᠷᠤᠨ ᠤ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠦ ᠪᠠᠶᠢᠭ᠎ᠠ ᠠᠬᠢᠴᠠ ᠶᠢᠨ ᠪᠠᠶᠢᠳᠠᠯ ᠢ ᠨᠡᠪᠳᠡᠷᠡᠭᠦᠯᠦᠨ ᠮᠡᠳᠡᠬᠡᠯᠡᠪᠡ᠃ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠣ ᠯᠢᠩ ᠬᠤᠷᠠᠯ ᠢ ᠡᠷᠬᠢᠯᠡᠪᠡ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ᠂ ᠦᠪᠡᠷᠳᠡᠬᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠡᠳ᠋ ᠱᠦᠵᠢ ᠳ᠋ᠣᠸᠠᠨ ᡁᠢ ᠴᠢᠶᠠᠩ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠤᠳᠤᠷᠢᠳᠤᠯᠭ᠎ᠠ ᠸᠠᠩ ᠵᠦᠩ ᠡᠾᠧ᠂ ᠯᠦᠸᠧ ᡁᠢ ᠬᠤ᠋᠂ ᠵᠧᠡᠭ ᠹᠥ᠋ ᠲᠢᠶᠠᠨ᠂ ᠴᠠᠩ ᠵᠢᠶᠦ᠋ᠨ ᠵᠧᠡᠭ᠂ ᠮᠠ ᠰᠢᠣᠸᠠᠢ ᠵᠢᠶᠦ᠋ᠨ᠂ ᠵᠠᠩ ᠬᠤᠸᠠ᠂ ᠴᠡᠴᠡᠭ᠂ ᠸᠧᠢ ᠭᠦᠸᠧ ᠨᠠᠨ ᠵᠢᠴᠢ ᠨᠠᠷᠢᠨ ᠪᠢᠴᠢᠭ ᠤᠨ ᠲᠠᠷᠤᠭ᠎ᠠ ᠳ᠋ᠢ ᠷᠦᠢ ᠮᠢᠩ ᠬᠤᠷᠠᠯ ᠳᠤ ᠣᠷᠣᠯᠴᠠᠪᠠ᠃ ᠬᠤᠷᠠᠯ ᠠᠴᠠ ᠲᠦᠪ ᠤᠨ ᠨᠠᠮ ᠤᠨ ᠰᠤᠷᠭᠠᠭᠤᠯᠢ ᠶᠢᠨ ᠫᠷᠤᠹᠧᠰᠰᠦᠷ᠂ ᠳ᠋ᠣᠺᠲ᠋ᠣᠷᠠᠨᠲ ᠤᠨ ᠵᠢᠯᠤᠭᠤᠳᠤᠨᠨᠴᠢ ᠪᠠᠭᠰᠢ ᠳ᠋ᠢᠩ ᠸᠧᠨ ᠹᠧᠡᠭ ᠢ ᠤᠷᠢᠵᠦ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠭᠤᠯᠪᠠ᠃

ᠪᠦᠭᠦ ᠤᠷᠤᠨ ᠤ ᠰᠤᠷᠭᠠᠨ ᠭᠦᠮᠦᠵᠢᠯ ᠤ ᠰᠢᠰᠲ᠋ᠧᠮ ᠤᠨ ᠬᠢᠨ ᠰᠡᠷᠡᠮᠵᠢᠯᠡᠬᠦᠯᠬᠦ ᠭᠦᠮᠦᠵᠢᠯ ᠤᠨ ᠲᠧᠯᠸᠢᠰ ᠣᠳᠠᠰᠣᠳᠣ ᠬᠤᠷᠠᠯ ᠬᠤᠷᠠᠯᠳᠤᠭᠤᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠭᠦᠯᠡᠯᠳᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠤᠯᠤᠰ ᠲᠦᠷᠦ ᠶᠢᠨ ᠴᠢᠨᠠᠷᠳᠠᠢ ᠰᠡᠷᠡᠮᠵᠢᠯᠡᠬᠦᠯᠬᠦ ᠭᠦᠮᠦᠵᠢᠯ ᠢ ᠪᠠᠶᠢᠩᠭᠤᠵᠢᠭᠤᠯᠤᠨ ᠦᠷᠨᠢᠬᠦᠯᠵᠦ᠂ ᠮᠠᠨ ᠤ ᠤᠷᠤᠨ ᠤ ᠰᠤᠷᠭᠠᠨ ᠭᠦᠮᠦᠵᠢᠯ ᠤᠨ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠢ ᠶᠢ ᠪᠦᠭᠦ ᠲᠠᠯ᠎ᠠ ᠪᠠᠷ ᠴᠡᠪᠡᠷᠰᠢᠬᠦᠯᠦᠨ ᠰᠡᠷᠬᠦᠬᠡᠬᠦ ᠬᠡᠷᠡᠭᠳᠡᠢ ᠭᠡᠵᠦ ᠴᠢᠬᠤᠯᠠᠴᠢᠯᠠᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ ᠬᠤᠷᠠᠯ ᠳᠤ ᠣᠷᠣᠯᠴᠬᠠᠰᠠᠨ ᠪᠦᠬᠡᠳ ᠶᠠᠷᠢᠶ᠎ᠡ ᠲᠠᠯᠪᠢᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠣ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠤ ᠴᠢ ᠹᠠᠨ ᠬᠤᠷᠠᠯ ᠳᠤ ᠣᠷᠣᠯᠴᠬᠠᠰᠠᠨ ᠪᠦᠬᠡᠳ ᠬᠡᠷᠡᠭ ᠤᠨ ᠵᠠᠳᠠᠯᠤᠯᠳᠠ ᠶᠢᠨ ᠮᠡᠳᠡᠭᠦᠯᠦᠯᠳᠡ ᠬᠢᠪᠡ᠃ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠧᠡᠭ ᠬᠤᠩ ᠹᠠᠨ ᠬᠤᠷᠠᠯ ᠢ ᠡᠷᠬᠢᠯᠡᠪᠡ᠃ ᠬᠤᠷᠠᠯ ᠠᠴᠠ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠦᠢᠯᠡᠳᠦᠭᠰᠡᠨ ︽ᠶᠡᠭᠡ ᠲᠡᠬᠡᠳᠦ ᠰᠤᠷᠭᠠᠭᠤᠯᠢ ᠠᠴᠠ ᠠᠰᠠᠭᠤᠬᠤᠢ︾ ᠬᠡᠭᠦ ᠰᠡᠷᠡᠮᠵᠢᠯᠡᠬᠦᠯᠬᠦ ᠭᠦᠮᠦᠵᠢᠯ ᠤᠨ ᠹᠢᠯᠢᠮ ᠢ ᠵᠤᠬᠢᠶᠠᠨ ᠪᠠᠶᠢᠭᠤᠯᠵᠦ ᠦᠵᠡᠪᠡ᠃ ᠦᠪᠡᠷᠳᠡᠬᠡᠨ ᠵᠠᠰᠬᠠᠤ ᠣᠷᠣᠨ ᠤ ᠰᠤᠷᠭᠠᠨ ᠭᠦᠮᠦᠵᠢᠯ ᠤᠨ ᠲᠢᠩᠬᠢᠮ᠂ ᠡᠯ᠎ᠡ ᠠᠶᠢᠮᠠᠭ ᠬᠤᠳᠠ ᠶᠢᠨ ᠰᠤᠷᠭᠠᠨ ᠭᠦᠮᠦᠵᠢᠯ ᠤᠨ ᠲᠣᠪᠴᠢᠶ᠎ᠠ᠂ ᠡᠯ᠎ᠡ ᠶᠡᠭᠡ ᠲᠡᠬᠡᠳᠦ ᠰᠣᠷᠭᠠᠭᠤᠯᠢ ᠶᠢᠨ ᠬᠤᠯᠪᠤᠨᠨᠳᠠᠯ ᠪᠦᠭᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃

12 ᠳ᠋ᠤᠭᠠᠷ ᠰᠠᠷ᠎ᠠ ᠶᠢᠨ 10 ᠤ ᠡᠳᠦᠷ ᠦᠪᠡᠷᠳᠡᠬᠡᠨ ᠵᠠᠰᠠᠬᠤ ᠤᠷᠤᠨ ᠤ ᠭᠦᠳᠡᠯᠮᠦᠷᠢ ᠶᠢᠨ ᠵᠢᠱᠢᠶᠡᠴᠢ ᠪᠠ ᠲᠡᠷᠢᠬᠦᠨ ᠤ ᠠᠵᠢᠯᠲᠠᠨ ᠢ ᠭᠦᠬᠢᠬᠦᠯᠦᠨ ᠰᠠᠶᠢᠰᠢᠶᠠᠬᠤ ᠶᠡᠭᠡ ᠬᠤᠷᠠᠯ ᠭᠦᠬᠡᠬᠤᠳᠠ ᠳᠤ ᠬᠤᠷᠠᠯᠳᠤᠵᠦ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠠ ᠲᠠᠷᠢᠬᠦᠨ ᠤ ᠠᠵᠢᠯᠲᠠᠨ ᠢ ᠭᠦᠬᠢᠬᠦᠯᠦᠨ ᠰᠠᠶᠢᠰᠢᠶᠠᠬᠤ ᠶᠡᠭᠡ ᠬᠤᠷᠠᠯ ᠲᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠬᠡᠢ ᠰᠤᠷᠤᠯᠴᠠᠨ ᠲᠤᠭᠤᠰᠢᠯᠠᠭᠤᠯᠵᠦ᠂ ᠪᠦᠭᠦ ᠤᠷᠤᠨ ᠤ ᠡᠯ᠎ᠡ ᠠᠵᠢᠯ ᠲᠦᠷᠦᠯ ᠤᠨ ᠭᠦᠳᠡᠯᠮᠦᠷᠢ ᠶᠢᠨ ᠵᠢᠱᠢᠶᠡᠴᠢ ᠪᠠ ᠲᠠᠷᠢᠬᠦᠨ ᠤ ᠠᠵᠢᠯᠲᠠᠨ ᠢ ᠦᠪᠡᠳᠡᠭᠰᠢ ᠶᠡᠭᠡ ᠪᠠᠷ ᠭᠦᠬᠢᠬᠦᠯᠦᠨ ᠰᠠᠶᠢᠰᠢᠶᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠬᠤᠷᠠᠯ ᠳᠤ ᠣᠷᠣᠯᠴᠠᠵᠦ ᠶᠠᠷᠢᠶ᠎ᠡ ᠲᠠᠯᠪᠢᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ ᠲᠣᠰ ᠭᠦᠬᠢᠬᠦᠯᠦᠨ ᠰᠠᠶᠢᠰᠢᠶᠠᠬᠤ ᠶᠡᠭᠡ ᠬᠤᠷᠠᠯ ᠢ ᠡᠷᠬᠢᠯᠡᠪᠡ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ ᠬᠤᠷᠠᠯ ᠳᠤ ᠣᠷᠣᠯᠴᠬᠠᠰᠠᠨ ᠪᠦᠬᠡᠳ ᠭᠦᠬᠢᠬᠦᠯᠦᠨ ᠰᠠᠶᠢᠰᠢᠶᠠᠬᠤ ᠲᠤᠨᠨᠳᠠᠭᠠᠯ ᠢ ᠤᠩᠰᠢᠨ ᠨᠡᠶᠢᠳᠡᠯᠡᠪᠡ᠃ ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠯᠢ ᠰᠢᠣ ᠯᠢᠩ᠂ ᠯᠢᠣ ᠴᠢ ᠹᠠᠨ᠂ ᠪᠠᠢ ᠢᠤᠢ ᠭᠠᠩ᠂ ᠵᠠᠩ ᠱᠤᠤ ᠴᠦᠨ᠂ ᠡᠣ ᠲᠤᠸᠠᠨ ᠶᠢᠩ᠂ ᠠᠢ ᠯᠢ ᠬᠤᠸᠠ ᠬᠤᠷᠠᠯ ᠳᠤ ᠣᠷᠣᠯᠴᠠᠪᠠ᠃ ᠦᠪᠡᠷᠳᠡᠬᠡᠨ ᠵᠠᠰᠠᠬᠤ ᠤᠷᠤᠨ ᠤ ᠣᠳᠣᠷᠢᠳᠣᠯᠭ᠎ᠠ ᠨᠠᠷ ᠦᠪᠡᠷᠳᠡᠬᠡᠨ ᠵᠠᠰᠠᠬᠤ ᠤᠷᠤᠨ ᠤ ᠭᠦᠳᠡᠯᠮᠦᠷᠢ ᠶᠢᠨ ᠵᠢᠱᠢᠶᠡᠴᠢ ᠪᠠ ᠲᠠᠷᠢᠭᠦᠨ ᠤ ᠠᠵᠢᠯᠳᠠᠳ ᠤᠨ ᠲᠦᠯᠦᠬᠡᠯᠡᠭᠴᠢ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃ ᠭᠦᠳᠡᠯᠮᠦᠷᠢ ᠶᠢᠨ ᠵᠢᠱᠢᠶᠡᠴᠢ ᠹᠥ᠋ ᠱᠣᠣ ᠴᠢᠩ ᠦᠪᠡᠷᠳᠡᠬᠡᠨ ᠵᠠᠰᠠᠬᠤ ᠤᠷᠤᠨ ᠤ ᠭᠦᠳᠡᠯᠮᠦᠷᠢ ᠶᠢᠨ ᠵᠢᠱᠢᠶᠡᠴᠢ ᠪᠠ ᠲᠡᠷᠢᠬᠦᠨ ᠤ ᠠᠵᠢᠯᠲᠠᠨ ᠢ ᠲᠦᠯᠦᠬᠡᠯᠡᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠳᠡᠯᠡᠪᠠ᠃ ᠦᠪᠡᠷᠳᠡᠬᠡᠨ ᠵᠠᠰᠬᠠᠤ ᠤᠷᠤᠨ ᠤ ᠭᠦᠳᠡᠯᠮᠦᠷᠢ ᠶᠢᠨ ᠵᠢᠱᠢᠶᠡᠴᠢ ᠶᠢ ᠭᠦᠬᠢᠬᠦᠯᠦᠨ ᠰᠠᠶᠢᠰᠢᠶᠠᠬᠤ ᠠᠵᠢᠯ ᠤᠨ ᠪᠡᠯᠡᠳᠬᠡᠯ ᠺᠤᠮᠢᠰ ᠤᠨ ᠪᠦᠷᠢᠯᠳᠦᠬᠦᠨ ᠨᠢᠭᠡᠴᠢ ᠪᠠ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠳ᠂ ᠦᠪᠡᠷᠳᠡᠬᠡᠨ ᠵᠠᠰᠠᠬᠤ ᠤᠷᠤᠨ ᠤ ᠡᠯ᠎ᠡ ᠠᠵᠦ ᠦᠢᠯᠡᠰ ᠤᠨ ᠠᠵᠢᠯᠴᠢᠨ ᠤ ᠡᠪᠯᠡᠯ᠂ ᠦᠪᠡᠷᠳᠡᠬᠡᠨ ᠵᠠᠰᠬᠠᠤ ᠤᠷᠤᠨ ᠤ ᠰᠢᠭᠤᠳ ᠬᠠᠷᠢᠶ᠎ᠡ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯᠯᠠᠬᠤ ᠬᠤᠷᠢᠶᠠᠨ ᠤ ᠬᠠᠷᠢᠭᠤᠴᠠᠯᠭᠠᠳᠠᠨ᠂ ᠭᠦᠬᠡᠬᠤᠳᠠ ᠳᠤ ᠪᠠᠶᠢᠭ᠎ᠠ 2020 ᠤᠨ ᠤ ᠦᠪᠡᠷᠳᠡᠬᠡᠨ ᠵᠠᠰᠠᠬᠤ ᠤᠷᠤᠨ ᠤ ᠭᠦᠳᠡᠯᠮᠦᠷᠢ ᠶᠢᠨ ᠵᠢᠱᠢᠶᠡᠴᠢ ᠪᠠ ᠲᠡᠷᠢᠬᠦᠨ ᠤ ᠠᠵᠢᠯᠲᠠᠨ᠂ ᠦᠪᠡᠷᠳᠡᠬᠡᠨ ᠵᠠᠰᠬᠠᠤ ᠤᠷᠤᠨ ᠤ ᠠᠵᠢᠯᠴᠢᠨ ᠤ ᠶᠡᠷᠦᠩᠬᠡᠢ ᠡᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠰᠠᠯᠠᠭ᠎ᠠ ᠮᠦᠴᠢᠷ ᠨᠢᠭᠡᠴᠢ ᠶᠢᠨ ᠭᠤᠤᠯ ᠬᠠᠷᠢᠭᠤᠴᠠᠯᠭᠠᠳᠠᠨ ᠭᠦᠬᠢᠬᠦᠯᠦᠨ ᠰᠠᠶᠢᠰᠢᠶᠠᠬᠤ ᠶᠡᠭᠡ ᠬᠤᠷᠠᠯ ᠳᠤ ᠤᠷᠤᠯᠴᠠᠪᠠ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠦ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠳᠤ ᠬᠤᠷᠠᠯ ᠤᠨ ᠬᠤᠪᠢᠶᠠᠷᠢ ᠲᠠᠯᠠᠪᠠᠢ ᠲᠤᠭᠢᠷᠠᠭᠤᠯᠪᠠ᠃

ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠷᠠᠯᠲᠠ ᠡᠭᠦᠷᠬᠡ ᠶᠢ ᠨᠠᠶᠢᠳᠠᠪᠤᠷᠢᠵᠢᠭᠤᠯᠤᠨᠨᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠬᠤᠳᠠ ᠭᠦᠳᠡᠭᠡ ᠶᠢ ᠠᠭᠤᠰᠤᠯᠴᠠᠭᠤᠯᠤᠨ ᠭᠦᠭᠵᠢᠬᠦᠯᠬᠦ ᠪᠠᠶᠢᠭᠤᠯᠤᠯ ᠲᠤᠨᠨᠳᠠᠴᠠ ᠪᠠ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠬᠦ ᠶᠢᠨ ᠬᠡᠷᠡᠭᠵᠢᠬᠦᠯᠬᠦ ᠰᠠᠨᠠᠯ ᠵᠡᠷᠬᠡ ᠵᠦᠢᠯᠡᠰ ᠢ ᠰᠤᠳᠤᠯᠪᠠ᠃

ᠦᠪᠡᠷᠳᠡᠬᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠭᠦᠬᠡᠬᠤᠳᠠ ᠳᠤ ᠲᠡᠭᠦᠰᠪᠡ᠃ ᠦᠪᠡᠷᠳᠡᠬᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ ᠲᠡᠭᠦᠰᠬᠦ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠡ ᠲᠠᠯᠪᠢᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠳ᠋ᠣᠸᠠᠨ ᡁᠢ ᠴᠢᠶᠠᠩ᠂ ᠦᠪᠡᠷᠳᠡᠬᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠲᠡᠭᠦᠰᠬᠦ ᠬᠤᠷᠠᠯ ᠳᠤ ᠤᠷᠤᠯᠴᠬᠠᠰᠠᠨ ᠪᠦᠬᠡᠳ ᠶᠡᠭᠡ ᠬᠤᠷᠠᠯ ᠤᠨ ᠶᠠᠷᠢᠶ᠎ᠡ ᠢᠯᠡᠳᠬᠡᠯ ᠢ ᠰᠤᠨᠤᠰᠪᠠ᠃ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠭᠦᠯᠡᠭᠴᠢ ᠯᠦᠸᠧ ᡁᠢ ᠬᠤ᠋ ᠲᠡᠭᠦᠰᠬᠦ ᠬᠤᠷᠠᠯ ᠢ ᠡᠷᠬᠢᠯᠡᠪᠡ᠃ ᠦᠪᠡᠷᠳᠡᠬᠡᠨ ᠵᠠᠰᠬᠠᠤ ᠤᠷᠤᠨ ᠤ ᠤᠳᠤᠷᠢᠳᠤᠯᠭ᠎ᠠ ᠸᠠᠩ ᠵᠦᠩ ᠾᠧ᠂ ᠵᠧᠩ ᠹᠥ᠋ ᠲᠢᠶᠠᠨ᠂ ᠴᠠᠩ ᠵᠢᠶᠦ᠋ᠨ ᠵᠧᠡᠭ᠂ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠸᠧᠢ ᠭᠦᠸᠧ ᠨᠠᠨ ᠲᠡᠭᠦᠰᠬᠦ ᠬᠤᠷᠠᠯ ᠳᠤ ᠤᠷᠤᠯᠴᠠᠪᠠ᠃

ᠦᠪᠡᠷᠳᠡᠬᠡᠨ ᠵᠠᠰᠬᠠᠤ ᠤᠷᠤᠨ ᠤ ᠰᠤᠷᠤᠨᠨᠴᠢ ᠡᠯᠰᠡᠬᠦ ᠰᠢᠯᠭᠠᠯᠳᠠ ᠶᠢᠨ ᠺᠣᠮᠢᠰ 2021 ᠤᠨ ᠤ ᠠᠰᠫᠢᠷᠠᠨᠲ ᠡᠯᠰᠡᠬᠦ ᠰᠢᠯᠭᠠᠯᠳᠠ ᠶᠢᠨ ᠠᠮᠤᠷ ᠲᠦᠪᠰᠢᠨ ᠤ ᠠᠵᠢᠯ ᠤᠨ ᠸᠢᠳᠢᠤ᠋ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠦ᠂ ᠰᠢᠯᠭᠠᠯᠳᠠ ᠶᠢᠨ ᠠᠮᠤᠷ ᠲᠦᠪᠰᠢᠨ ᠤ ᠠᠵᠢᠯ ᠢ ᠪᠦᠭᠦ ᠲᠠᠯ᠎ᠠ ᠪᠠᠷ ᠪᠠᠶᠢᠷᠢᠯᠠᠭᠤᠯᠪᠠ᠃ ᠦᠪᠡᠷᠳᠡᠬᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ᠂ ᠦᠪᠡᠷᠳᠡᠬᠡᠨ ᠵᠠᠰᠬᠠᠤ ᠤᠷᠤᠨ ᠤ ᠰᠤᠷᠤᠨᠨᠴᠢ ᠡᠯᠰᠡᠬᠦ ᠰᠢᠯᠭᠠᠯᠳᠠ ᠶᠢᠨ ᠺᠤᠮᠢᠰ ᠤᠨ ᠡᠷᠬᠢᠯᠡᠭᠴᠢ ᠵᠧᠡᠭ ᠬᠤᠩ ᠹᠠᠨ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃ ᠦᠪᠡᠷᠳᠡᠬᠡᠨ ᠵᠠᠰᠠᠬᠤ ᠤᠷᠤᠨ ᠪᠠ ᠠᠶᠢᠮᠠᠭ ᠬᠤᠳᠠ ᠶᠢᠨ ᠰᠤᠷᠤᠨᠨᠴᠢ ᠡᠯᠰᠡᠬᠦ ᠰᠢᠯᠭᠠᠯᠳᠠ ᠶᠢᠨ ᠺᠤᠮᠢᠰ ᠤᠨ ᠡᠯ᠎ᠡ ᠪᠦᠷᠢᠯᠳᠦᠬᠦᠨ ᠨᠢᠭᠡᠴᠢ᠂ ᠰᠤᠷᠭᠠᠨ ᠭᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠰᠤᠷᠭᠠᠨ ᠭᠦᠮᠦᠵᠢᠯ ᠤᠨ ᠰᠤᠷᠤᠨᠨᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ᠂ ᠠᠰᠫᠢᠷᠠᠨᠲ ᠡᠯᠰᠡᠬᠦ ᠨᠢᠭᠡᠴᠢ ᠵᠡᠷᠬᠡ ᠶᠢᠨ ᠬᠠᠷᠢᠭᠤᠴᠠᠯᠭᠠᠳᠠᠨ ᠲᠤᠰ ᠲᠤᠰ ᠭᠤᠤᠯ ᠲᠠᠯᠠᠪᠠᠢ ᠪᠠ ᠬᠤᠪᠢᠶᠠᠷᠢ ᠲᠠᠯᠠᠪᠠᠢ ᠶᠢᠨ ᠬᠤᠷᠠᠯ ᠳᠤ ᠤᠷᠤᠯᠴᠠᠪᠠ᠃

12 ᠳ᠋ᠤᠭᠠᠷ ᠰᠠᠷ᠎ᠠ ᠶᠢᠨ 11 ᠤ ᠡᠳᠦᠷ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠶᠢᠯᠠᠩ 2020 ᠤᠨ ᠤ ᠠᠷᠪᠠᠨ ᠬᠤᠶᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠭᠦᠯᠡᠯᠳᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠰᠤᠳᠤᠯᠤᠨ ᠶᠠᠷᠢᠯᠴᠠᠵᠦ ᠰᠠᠨᠠᠯ ᠢᠶᠠᠨ ᠰᠤᠯᠢᠯᠴᠠᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠬᠠᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠬᠠᠮᠳᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃ ᠬᠠᠮᠳᠤ ᠶᠢᠨ ᠰᠤᠷᠤᠯᠴᠠᠯᠭ᠎ᠠ ᠲᠡᠭᠡᠷ᠎ᠡ᠂ ᠯᠢᠨ ᠱᠣᠣ ᠴᠦᠨ᠂ ᠸᠠᠩ ᠯᠢ ᠰᠢᠶᠠ᠂ ᠪᠠᠢ ᠢᠤᠢ ᠭᠠᠩ᠂ ᠮᠧᠩ ᠹᠠᠨ ᠯᠢ᠂ ᠳ᠋ᠣᠸᠠᠨ ᡁᠢ ᠴᠢᠶᠠᠩ᠂ ᠵᠠᠩ ᠡᠧᠨ ᠬᠤᠢ᠂ ᠵᠧᠡᠭ ᠬᠤᠩ ᠹᠠᠨ ᠦᠪᠡᠷ ᠤᠨ ᠦᠵᠡᠯ ᠰᠠᠨᠠᠭ᠎ᠠ ᠪᠠ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ ᠦᠬᠡ ᠶᠠᠷᠢᠵᠦ᠂ ᠤᠯᠤᠯᠳᠠ ᠲᠦᠷᠦᠭᠳᠡᠯ ᠢᠶᠠᠨ ᠰᠤᠯᠢᠯᠴᠠᠨ ᠰᠠᠨᠠᠯ ᠰᠠᠨᠠᠭᠤᠯᠭ᠎ᠠ ᠲᠤᠷᠠᠳᠪᠠ᠃ ᠭᠤᠤᠯ ᠲᠣᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠢᠶᠠᠷ ᠦᠬᠡ ᠶᠠᠷᠢᠪᠠ᠃

ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠠᠮᠤᠨ ᠪᠠ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠣᠷᠳᠣᠨ ᠬᠠᠮᠳᠤ ᠪᠠᠷ ᠡᠷᠬᠢᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠦᠪᠦᠷ ᠮᠤᠩᠭᠤᠯ ᠢᠶᠠᠨ ᠮᠠᠨᠳᠤᠭᠤᠯᠬᠤ ᠬᠠᠮᠳᠤᠷᠠᠯᠴᠠᠭ᠎ᠠ ᠶᠢ ᠠᠬᠢᠭᠤᠯᠬᠤ ᠬᠤᠷᠠᠯ ᠭᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠬᠠᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠠᠮᠤᠨ ᠤ ᠰᠠᠶᠢᠳ ᠸᠠᠩ ᡁᠢ ᠭᠠᠩ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠡ ᠲᠠᠯᠪᠢᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ ᠬᠤᠷᠠᠯ ᠳᠤ ᠤᠷᠤᠯᠴᠬᠠᠰᠠᠨ ᠪᠦᠬᠡᠳ ᠪᠠᠶᠠᠷ ᠤᠨ ᠦᠬᠡ ᠬᠡᠯᠡᠪᠡ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠠᠮᠤᠨ ᠤ ᠲᠡᠳ᠋ ᠰᠠᠶᠢᠳ ᠰᠢᠤᠢ ᠨᠠᠨ ᠫᠢᠩ ᠬᠤᠷᠠᠯ ᠢ ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠬᠠᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠱᠣᠣ ᠴᠦᠨ ᠬᠤᠷᠠᠯ ᠳᠤ ᠤᠷᠤᠯᠴᠠᠪᠠ᠃ ᠦᠪᠡᠷᠳᠡᠬᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠬᠤᠷᠠᠯ ᠳᠤ ᠤᠷᠤᠯᠴᠬᠠᠰᠠᠨ ᠪᠦᠬᠡᠳ ︽ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢᠬᠢ ᠠᠵᠢᠯ ᠤᠨ ᠠᠬᠢᠴᠠ ᠶᠢᠨ ᠪᠠᠶᠢᠳᠠᠯ ᠢ ᠨᠡᠪᠳᠡᠷᠡᠭᠦᠯᠦᠨ ᠮᠡᠳᠡᠭᠡᠯᠡᠪᠡ᠃ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠲᠡᠬᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠱᠠᠨ ᠠᠢ ᠳ᠋ᠠᠩ᠂ ᠲᠤᠮᠳᠠᠳᠤ ᠤᠯᠤᠰ ᠤᠨ ᠭᠦᠳᠡᠭᠡ ᠠᠵᠦ ᠠᠬᠤᠢ ᠶᠢᠨ ᠰᠢᠨᠵᠢᠯᠡᠬᠦ ᠣᠬᠠᠭᠠᠨ ᠤ ᠭᠦᠷᠢᠶᠡᠯᠡᠩ ᠤᠨ ᠲᠡᠳ᠋ ᠲᠠᠷᠤᠭ᠎ᠠ ᠰᠦᠨ ᠲᠠᠨ᠂ ᠭᠤᠸᠠᠩᠳᠦ᠋ᠩ ᠮᠤᠵᠢ ᠶᠢᠨ ᠲᠡᠳ᠋ ᠲᠠᠷᠤᠭ᠎ᠠ ᠸᠠᠩ ᠰᠢ᠂ ᠪᠡᠬᠡᠵᠢᠩ ᠬᠤᠳᠠ ᠶᠢᠨ ᠲᠡᠳ᠋ ᠲᠠᠷᠤᠭ᠎ᠠ ᠰᠦᠢ ᠵᠧᠨ ᠵᠢᠶᠠᠩ ᠵᠡᠷᠬᠡ ︽ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠦᠪᠦᠷ ᠮᠤᠩᠭᠤᠯ ᠢᠶᠠᠨ ᠮᠠᠨᠳᠤᠭᠤᠯᠬᠤ︾ ᠬᠠᠮᠳᠤᠷᠠᠯᠴᠠᠭᠠᠨ ᠤ ᠭᠤᠤᠯ ᠴᠣᠨᠨᠴᠠ ᠶᠢᠨ ᠲᠦᠯᠦᠬᠡᠯᠡᠭᠴᠢᠳ ᠳᠠᠷᠠᠭᠠᠯᠠᠨ ᠦᠬᠡ ᠶᠠᠷᠢᠪᠠ᠃ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠣᠷᠳᠣᠨ᠂ ᠬᠤᠯᠪᠤᠨᠨᠳᠠᠯ ᠪᠦᠭᠦᠢ ᠠᠶᠢᠮᠠᠭ ᠬᠤᠳᠠ᠂ ᠦᠪᠡᠷᠳᠡᠬᠡᠨ ᠵᠠᠰᠠᠬᠤ ᠤᠷᠤᠨ ᠤ ᠬᠤᠯᠪᠤᠨᠨᠳᠠᠯ ᠪᠦᠭᠦᠢ ᠰᠢᠨ᠎ᠡ ᠶᠢ ᠡᠭᠦᠳᠬᠦ ᠭᠤᠤᠯ ᠴᠤᠨᠨᠴᠠ ᠲᠤᠰ ᠲᠤᠰ ᠬᠤᠯᠪᠤᠨᠨᠳᠠᠯ ᠪᠦᠭᠦᠢ ᠬᠠᠮᠳᠤᠷᠠᠯᠴᠠᠭᠠᠨ ᠤ ᠭᠤᠤᠯ ᠴᠤᠨᠨᠴᠠ ᠯᠤᠭ᠎ᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠦᠪᠦᠷ ᠮᠤᠩᠭᠤᠯ ᠢᠶᠠᠨ ᠮᠠᠨᠳᠤᠭᠤᠯᠬᠤ ᠬᠠᠮᠳᠤᠷᠠᠯᠴᠠᠭᠠᠨ ᠤ ᠭᠡᠷ᠎ᠡ ᠳᠤ ᠭᠠᠷ ᠤᠨ ᠦᠰᠦᠭ ᠵᠢᠷᠤᠪᠠ᠃ ᠬᠤᠷᠠᠯ ᠤᠨ ᠲᠠᠷᠠᠭ᠎ᠠ᠂ ᠬᠤᠷᠠᠯ ᠳᠤ ᠤᠷᠤᠯᠴᠬᠠᠰᠠᠳ ︽ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢᠶᠠᠷ ᠦᠪᠦᠷ ᠮᠤᠩᠭᠤᠯ ᠢᠶᠠᠨ ᠮᠠᠨᠳᠤᠭᠤᠯᠬᠤ︾ ᠬᠠᠮᠳᠤᠷᠠᠯᠴᠠᠭᠠᠨ ᠤ ᠦᠷ᠎ᠡ ᠪᠦᠳᠦᠬᠡᠯ ᠤᠨ ᠦᠵᠡᠬᠦᠯᠬᠡ ᠶᠢ ᠲᠤᠭᠤᠷᠢᠨ ᠦᠵᠡᠪᠡ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠠᠮᠤᠨ ᠤ ᠬᠤᠯᠪᠤᠨᠨᠳᠠᠯ ᠪᠦᠭᠦᠢ ᠵᠤᠷᠭᠠᠨ ᠲᠤᠪᠴᠢᠶ᠎ᠠ᠂ ᠤᠷᠤᠨ ᠤ ᠭᠠᠳᠠᠨᠠᠬᠢ ᠬᠠᠮᠳᠤᠷᠠᠯᠴᠠᠭᠠᠨ ᠤ ᠨᠢᠭᠡᠴᠢ᠂ ᠡᠯ᠎ᠡ ᠠᠶᠢᠮᠠᠭ ᠬᠤᠳᠠ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ᠂ ᠦᠪᠡᠷᠳᠡᠬᠡᠨ ᠵᠠᠰᠬᠠᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠡᠭᠦᠳᠦᠯᠳᠡ ᠶᠢᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠨᠢᠭᠡᠴᠢ᠂ ᠦᠪᠡᠷᠳᠡᠬᠡᠨ ᠵᠠᠰᠬᠠᠤ ᠤᠷᠤᠨ ᠤ ᠲᠡᠬᠡᠳᠦ ᠰᠢᠨ᠎ᠡ ᠮᠡᠷᠬᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠲᠤᠭᠤᠷᠢᠭ᠂ ᠶᠡᠭᠡ ᠲᠡᠬᠡᠳᠦ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠭᠦᠷᠢᠶᠡᠯᠡᠩ ᠲᠤᠭᠤᠷᠢᠭ᠂ ᠭᠤᠣᠯᠳᠠᠯᠭ᠎ᠠ ᠲᠠᠢ ᠠᠵᠦ ᠠᠬᠤᠶᠢᠯᠠᠯ ᠤᠨ ᠬᠠᠷᠢᠭᠤᠴᠠᠯᠭᠠᠳᠠᠳ ᠪᠠ ᠭᠠᠷ ᠤᠨ ᠦᠰᠦᠭ ᠵᠢᠷᠤᠬᠤ ᠲᠦᠯᠦᠬᠡᠯᠡᠭᠴᠢᠳ ᠲᠤᠰ ᠠᠵᠢᠯᠯᠠᠭ᠎ᠠ ᠳᠤ ᠣᠷᠣᠯᠴᠠᠪᠠ᠃

ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠭᠦᠬᠡᠬᠤᠳᠠ ᠳᠤ ᠲᠤᠮᠳᠠᠳᠤ ᠤᠯᠤᠰ ᠤᠨ ᠴᠦᠮ᠎ᠠ ᠶᠢᠨ ᠠᠵᠦ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ ᠢᠤᠢ ᠵᠢᠶᠠᠨ ᠹᠧᠡᠭ ᠲᠠᠢ ᠠᠭᠤᠯᠵᠠᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠬᠠᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠱᠣᠣ ᠴᠦᠨ ᠵᠢᠴᠢ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠠᠭᠤᠯᠵᠠᠯᠳᠠ ᠳᠤ ᠤᠷᠤᠯᠴᠠᠪᠠ᠃

ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠠᠮᠤᠨ ᠤ ᠰᠠᠶᠢᠳ ᠸᠠᠩ ᡁᠢ ᠭᠠᠩ ᠭᠦᠬᠡᠬᠤᠳᠠ ᠳᠤ ᠠᠵᠦ ᠠᠬᠤᠶᠢᠯᠠᠯ ᠤᠨ ᠮᠡᠷᠬᠡᠵᠢᠯ ᠤᠨ ᠰᠢᠨ᠎ᠡ ᠡᠭᠦᠳᠦᠯᠳᠡ᠂ ᠰᠤᠳᠤᠯᠭᠠᠨ ᠨᠡᠬᠡᠬᠡᠯᠳᠡ ᠬᠡᠷᠡᠭᠯᠡᠯᠳᠡ ᠵᠡᠷᠬᠡ ᠠᠵᠢᠯ ᠳᠤ ᠪᠠᠶᠢᠴᠠᠭᠠᠨ ᠰᠤᠳᠤᠯᠤᠯᠳᠠ ᠬᠢᠪᠡ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠠᠮᠤᠨ ᠤ ᠲᠡᠳ᠋ ᠰᠠᠶᠢᠳ ᠰᠢᠤᠢ ᠨᠠᠨ ᠫᠢᠩ᠂ ᠦᠪᠡᠷᠳᠡᠬᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠶᠠᠮᠤᠨ᠂ ᠦᠪᠡᠷᠳᠡᠬᠡᠨ ᠵᠠᠰᠬᠠᠤ ᠤᠷᠤᠨ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃

12 ᠳ᠋ᠤᠭᠠᠷ ᠰᠠᠷ᠎ᠠ ᠶᠢᠨ 13 ᠤ ᠡᠳᠦᠷ ︽ᠰᠤᠶᠤᠯ ᠤᠨ ᠭᠦᠴᠦᠷᠬᠡᠭ ᠭᠦᠭ ᠠᠶᠠᠰ ᠢ ᠴᠢᠪᠬᠠᠳᠠᠵᠦ᠂ ᠲᠠᠯ᠎ᠠ ᠨᠣᠳᠤᠭ ᠤᠨ ᠬᠤᠳᠠ ᠶᠢ ᠪᠠᠶᠢᠭᠤᠯᠤᠶ᠎ᠠ︾ ᠬᠡᠭᠦ ᠭᠤᠤᠯ ᠰᠡᠳᠦᠪ ᠲᠠᠢ ᠭᠦᠬᠡᠬᠤᠳᠠ ᠶᠢᠨ ︽ᠠᠷᠪᠠᠨ ᠲᠦᠷᠪᠡᠳᠦᠬᠡᠷ ᠲᠠᠪᠤᠨ ᠵᠢᠯ︾ ᠤᠨ ᠰᠤᠶᠤᠯ ᠤᠨ ᠠᠵᠦ ᠦᠢᠯᠡᠰ ᠤᠨ ᠴᠢᠨᠠᠷ ᠰᠠᠶᠢᠳᠠᠢ ᠭᠦᠭᠵᠢᠯᠳᠡ ᠶᠢᠨ ᠶᠡᠭᠡ ᠬᠤᠷᠠᠯ ᠭᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠭᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠦᠪᠡᠷᠳᠡᠬᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠵᠧᠡᠭ ᠬᠤᠩ ᠹᠠᠨ ᠬᠤᠷᠠᠯ ᠳᠤ ᠤᠷᠤᠯᠴᠠᠪᠠ᠃

12 ᠳ᠋ᠤᠭᠠᠷ ᠰᠠᠷ᠎ᠠ ᠶᠢᠨ 14 ᠤ ᠡᠳᠦᠷ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ ᠦᠪᠡᠷᠳᠡᠬᠡᠨ ᠵᠠᠰᠬᠠᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠡᠭ ᠦᠪᠡᠷ ᠤᠨ ᠪᠠᠶᠢᠭ᠎ᠠ ᠨᠠᠮ ᠤᠨ ᠡᠭᠦᠷ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠳᠤ ᠤᠷᠤᠯᠴᠠᠵᠦ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠤᠭᠤᠷᠢᠨ ᠳᠤ ᠨᠠᠮ ᠤᠨ ᠡᠭᠦᠷ ᠤᠨ ᠨᠠᠮ ᠤᠨ ᠬᠡᠰᠢᠬᠦᠳ ᠲᠤ ᠨᠠᠮ ᠤᠨ ᠬᠢᠴᠢᠶᠡᠯ ᠤᠷᠤᠨᠨᠰᠠᠨ ᠤ ᠬᠠᠮᠳᠤ᠂ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠭᠤᠷᠪᠠ ᠳᠤ ᠦᠢᠯᠡᠴᠢᠯᠡᠬᠦ︾ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠬᠦ ᠲᠠᠯ᠎ᠠ ᠪᠠᠷ ᠱᠠᠭᠠᠷᠳᠠᠯᠭ᠎ᠠ ᠲᠤᠷᠠᠳᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠬᠠᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠱᠣᠣ ᠴᠦᠨ ᠬᠤᠷᠠᠯ ᠳᠤ ᠤᠷᠤᠯᠴᠠᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ ᠪᠠ ᠡᠯ᠎ᠡ ᠭᠠᠵᠠᠷ ᠲᠠᠰᠤᠭ ᠨᠢᠭᠡᠴᠢ ᠶᠢᠨ ᠨᠠᠮ ᠤᠨ ᠡᠭᠦᠷ ︵ᠶᠡᠷᠦᠩᠬᠡᠢ ᠡᠭᠦᠷ︶ ᠤᠨ ᠱᠦᠵᠢ ᠬᠤᠷᠠᠯ ᠳᠤ ᠰᠤᠯᠠ ᠤᠷᠤᠯᠴᠠᠪᠠ᠃

ᠪᠦᠭᠦ ᠤᠷᠤᠨ ᠤ ︽ᠬᠡᠷᠡᠯ ᠭᠡᠭᠡ ᠶᠢᠨ ᠠᠶᠠᠯᠠᠯ︾ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠳ᠋ᠦᠩᠨᠡᠯᠳᠡ ᠬᠢᠵᠦ ᠭᠦᠬᠢᠬᠦᠯᠦᠨ ᠰᠠᠶᠢᠰᠢᠶᠠᠬᠤ ᠬᠤᠷᠠᠯ ᠭᠦᠬᠡᠬᠤᠳᠠ ᠳᠤ ᠶᠠᠪᠤᠨᠨᠳᠠᠪᠠ᠃ ᠦᠪᠡᠷᠳᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠬᠢᠬᠡᠳ ᠤᠯᠠᠭᠠᠨ ᠰᠠᠷᠠ ᠨᠡᠶᠢᠬᠡᠮᠯᠢᠭ ᠤᠨ ᠤᠯᠠᠨ ᠤᠯᠤᠰ ᠤᠨ ᠬᠤᠯᠪᠤᠭᠠᠳᠤ ᠬᠤᠷᠠᠯ ᠤᠨ ᠵᠡᠭᠦᠨ ᠠᠽᠢᠶ᠎ᠡ ᠶᠢᠨ ᠭᠠᠵᠠᠷ ᠤᠷᠤᠨ ᠤ ᠲᠦᠯᠦᠬᠡᠯᠡᠭᠴᠢ ᠶᠢᠨ ᠭᠠᠵᠠᠷ᠂ ᠠᠽᠢᠶ᠎ᠡ ᠲᠢᠪ ᠤᠨ ᠬᠠᠷᠠᠭ᠎ᠠ ᠠᠯᠳᠠᠬᠤ ᠶᠢ ᠰᠡᠷᠬᠡᠶᠢᠯᠡᠬᠦ ᠰᠠᠭᠤᠷᠢ ᠮᠦᠩᠬᠦᠨ ᠤ ᠨᠡᠶᠢᠬᠡᠮᠯᠢᠭ᠂ ᠲᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠶᠡᠷᠦᠩᠬᠡᠢ ᠨᠡᠶᠢᠭᠡᠮᠯᠢᠭ ᠠᠴᠠ ᠶᠡᠭᠡ ᠬᠤᠷᠠᠯ ᠳᠤ ᠪᠡᠶᠡᠷ ᠤᠨ ᠵᠠᠬᠢᠳᠠᠯ ᠢᠷᠡᠭᠦᠯᠪᠡ᠂ ︽ᠭᠡᠷᠡᠯ ᠭᠡᠭᠡ ᠶᠢᠨ ᠠᠶᠠᠯᠠᠯ︾ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ 45 ᠲᠡᠷᠢᠬᠦᠨ ᠤ ᠬᠠᠮᠳᠤ ᠪᠠ 80 ᠲᠡᠷᠢᠭᠦᠨ ᠤ ᠬᠤᠪᠢ ᠭᠦᠮᠦᠨ ᠭᠦᠬᠢᠬᠦᠯᠦᠨ ᠰᠠᠶᠢᠰᠢᠶᠠᠬᠳᠠᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠲᠡᠷᠢᠭᠦᠯᠡᠭᠴᠢ᠂ ᠦᠪᠡᠷᠳᠡᠬᠡᠨ ᠵᠠᠰᠬᠠᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠨᠡᠷ᠎ᠡ ᠭᠦᠨᠳᠦᠳᠦ ᠲᠠᠷᠤᠭ᠎ᠠ᠂ ᠪᠦᠭᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ ᠬᠡᠰᠢᠬᠦᠨ ᠪᠥ᠋ ᠰᠢᠶᠤᠤ ᠯᠢᠨ ᠭᠦᠬᠢᠬᠦᠯᠦᠨ ᠰᠠᠶᠢᠰᠢᠶᠠᠬᠤ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠡ ᠲᠠᠯᠪᠢᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠳ᠋ᠣᠸᠠᠨ ᡁᠢ ᠴᠢᠶᠠᠩ ᠬᠤᠷᠠᠯ ᠢ ᠡᠷᠬᠢᠯᠡᠪᠡ᠃ ᠦᠪᠡᠷᠳᠡᠬᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ᠂ ᠦᠪᠡᠷᠳᠡᠬᠡᠨ ᠵᠠᠰᠬᠠᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠲᠠᠷᠤᠭ᠎ᠠ᠂ ᠪᠦᠭᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠲᠡᠳ᠋ ᠡᠷᠬᠢᠯᠡᠭᠴᠢ ᠬᠡᠰᠢᠬᠦᠨ ᠡᠸᠤ ᠶᠠᠩ ᠰᠢᠶᠤᠤ ᠬᠤᠢ ᠬᠤᠷᠠᠯ ᠳᠤ ᠤᠷᠤᠯᠴᠬᠠᠰᠠᠨ ᠪᠦᠬᠡᠳ ᠲᠤᠰ ᠠᠵᠢᠯᠯᠠᠭ᠎ᠠ ᠶᠢ ᠦᠷᠨᠢᠭᠦᠯᠦᠭᠰᠡᠨ ᠪᠠᠶᠢᠳᠠᠯ ᠢᠶᠠᠨ ᠨᠡᠪᠳᠡᠷᠡᠭᠦᠯᠦᠨ ᠮᠡᠳᠡᠬᠡᠯᠡᠪᠡ᠃ ᠭᠦᠬᠢᠬᠦᠯᠦᠨ ᠰᠠᠶᠢᠰᠢᠶᠠᠬᠳ᠋ᠬᠠᠰᠠᠨ ᠲᠡᠷᠢᠬᠦᠨ ᠤ ᠬᠠᠮᠳᠤ ᠪᠠ ᠠᠰᠢᠭ ᠬᠦᠷᠲᠡᠭᠰᠡᠨ ᠡᠪᠡᠳᠴᠢᠳᠠᠨ ᠤ ᠲᠦᠯᠦᠬᠡᠯᠡᠭᠴᠢ ᠦᠬᠡ ᠬᠡᠯᠡᠪᠡ᠃

ᠦᠪᠡᠷᠳᠡᠬᠡᠨ ᠵᠠᠰᠬᠠᠤ ᠤᠷᠤᠨ ᠪᠦᠬᠦ ᠤᠷᠤᠨ ᠤ ᠠᠶᠤᠯ ᠦᠬᠡᠢ ᠦᠢᠯᠡᠳᠪᠦᠷᠢᠯᠡᠯ ᠬᠢᠬᠡᠳ ᠠᠩᠬᠠᠳᠤᠭᠠᠷ ᠤᠳᠠᠭᠠᠨ ᠤ ᠪᠦᠭᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠤᠨ ᠲᠧᠯᠸᠢᠰ ᠤᠳᠠᠰᠤᠳᠤ ᠬᠤᠷᠠᠯ ᠬᠤᠷᠠᠯᠳᠤᠭᠤᠯᠵᠦ᠂ ᠪᠦᠬᠦ ᠤᠯᠤᠰ ᠤᠨ ᠨᠡᠭᠦᠷᠡᠰᠦᠨ ᠤ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠪᠠᠴᠢᠮ ᠸᠢᠳᠢᠤ᠋ ᠬᠤᠷᠠᠯ ᠪᠠ ᠪᠦᠭᠦ ᠤᠯᠤᠰ ᠤᠨ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠣᠷᠢᠵᠢᠭᠤᠯᠵᠦ᠂ ᠤᠳᠤᠬᠠᠨ ᠤ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠵᠠᠳᠠᠯᠵᠦ᠂ ᠡᠨᠡ ᠵᠢᠯ ᠤᠨ ᠰᠡᠭᠦᠯᠴᠢ ᠪᠠ ᠢᠷᠡᠬᠦ ᠵᠢᠯ ᠤᠨ ᠡᠬᠢᠨ ᠳᠠᠬᠢ ᠠᠶᠤᠯ ᠦᠬᠡᠢ ᠦᠢᠯᠡᠳᠪᠦᠷᠢᠯᠡᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠤᠭᠢᠷᠠᠭᠤᠯᠤᠨ ᠪᠠᠶᠢᠷᠢᠯᠠᠭᠤᠯᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠲᠠᠷᠤᠭ᠎ᠠ᠂ ᠦᠪᠡᠷᠳᠡᠬᠡᠨ ᠵᠠᠰᠬᠠᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠱᠣᠣ ᠴᠦᠨ ᠬᠤᠷᠠᠯ ᠳᠤ ᠤᠷᠤᠯᠴᠬᠠᠰᠠᠨ ᠪᠦᠬᠡᠳ ᠶᠠᠷᠢᠶ᠎ᠠ ᠲᠠᠯᠪᠢᠪᠠ᠃

12 ᠳ᠋ᠤᠭᠠᠷ ᠰᠠᠷ᠎ᠠ ᠶᠢᠨ 15 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠰᠦ ᠶᠢᠨ ᠦᠢᠯᠡᠰ ᠢ ᠭᠦᠭᠵᠢᠬᠦᠯᠦᠨ ᠮᠠᠨᠳᠤᠭᠤᠯᠬᠤ ᠰᠣᠨᠢᠨ ᠮᠡᠳᠡᠭᠡ ᠨᠡᠶᠢᠳᠡᠯᠡᠬᠦ ᠬᠤᠷᠠᠯ ᠪᠡᠬᠡᠵᠢᠩ ᠳᠤ ᠬᠤᠷᠠᠯᠳᠤᠪᠠ᠃ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠬᠠᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ ᠰᠣᠨᠢᠨ ᠮᠡᠳᠡᠭᠡ ᠨᠡᠶᠢᠳᠡᠯᠡᠬᠦ ᠬᠤᠷᠠᠯ ᠳᠤ ᠤᠷᠤᠯᠴᠠᠪᠠ᠃ ᠦᠪᠡᠷᠳᠡᠬᠡᠨ ᠵᠠᠰᠬᠠᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ᠂ ᠲᠠᠷᠢᠶᠠᠯᠠᠩ ᠭᠦᠳᠡᠭᠡ ᠲᠤᠰᠬᠤᠨ ᠤ ᠶᠠᠮᠤᠨ ᠤ ᠶᠡᠷᠦᠩᠬᠡᠢ ᠮᠠᠯ ᠠᠵᠦ ᠠᠬᠤᠶᠢᠴᠢ ᠮᠠ ᠶᠢᠤ ᠰᠢᠶᠠᠩ ᠰᠣᠨᠢᠨ ᠮᠡᠳᠡᠭᠡ ᠨᠡᠶᠢᠳᠡᠯᠡᠬᠦ ᠬᠤᠷᠠᠯ ᠳᠤ ᠤᠷᠤᠯᠴᠬᠠᠰᠠᠨ ᠪᠦᠬᠡᠳ ᠪᠠᠶᠠᠷ ᠤᠨ ᠦᠬᠡ ᠬᠡᠯᠡᠪᠡ᠃ ᠲᠤᠮᠳᠠᠳᠤ ᠤᠯᠤᠰ ᠤᠨ ᠰᠦ ᠶᠢᠨ ᠦᠢᠯᠡᠰ ᠤᠨ ᠨᠡᠶᠢᠬᠡᠮᠯᠢᠭ ᠤᠨ ᠲᠡᠳ᠋ ᠲᠠᠷᠤᠭ᠎ᠠ᠂ ᠨᠠᠷᠢᠨ ᠪᠢᠴᠢᠭ ᠤᠨ ᠲᠠᠷᠤᠭ᠎ᠠ ᠯᠢᠤ ᠶᠠ ᠴᠢᠩ ᠦᠪᠦᠷ ᠮᠤᠩᠭᠤᠯ ᠤᠨ ᠰᠦ ᠶᠢᠨ ᠦᠢᠯᠡᠰ ᠢ ᠭᠦᠭᠵᠢᠬᠦᠯᠦᠨ ᠮᠠᠨᠳᠤᠭᠤᠯᠬᠤ ᠠᠵᠢᠯ ᠤᠨ ᠠᠬᠢᠭᠤᠯᠤᠨᠨᠰᠠᠨ ᠪᠠᠶᠢᠳᠠᠯ ᠢ ᠨᠡᠶᠢᠳᠡᠯᠡᠪᠡ᠃ ᠰᠣᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠡ᠂ ᠦᠪᠦᠷ ᠮᠤᠩᠭᠤᠯ ᠤᠨ ᠢ ᠯᠢ ᠠᠵᠦ ᠦᠢᠯᠡᠰ ᠤᠨ ᠪᠦᠯᠦᠭᠯᠡᠯ ᠤᠨ ᠬᠤᠪᠢ ᠤᠷᠤᠭᠤᠯᠤᠨᠨᠰᠠᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠮᠧᠩ ᠨᠢᠤ ᠰᠦ ᠶᠢᠨ ᠦᠢᠯᠡᠰ ︵ᠪᠦᠯᠦᠭᠯᠡᠯ︶ ᠤᠨ ᠬᠤᠪᠢ ᠤᠷᠤᠭᠤᠯᠤᠨᠨᠰᠠᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠶᠢᠤ ᠷᠡᠨ ᠮᠠᠯ ᠠᠵᠦ ᠠᠬᠤᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠰᠢᠯᠢ ᠶᠢᠨ ᠬᠤᠳᠠ ᠶᠢᠨ ᠹᠧᠡᠭ ᠬᠤᠸᠠ ᠴᠠᠭᠠᠨ ᠢᠳᠡᠭᠡᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠲᠦᠯᠦᠬᠡᠯᠡᠭᠴᠢ ᠠᠵᠦ ᠦᠢᠯᠡᠰ ᠤᠨ ᠪᠦᠯᠦᠭᠵᠢᠯ ᠢ ᠪᠠᠶᠢᠭᠤᠯᠬᠤ᠂ ᠲᠤᠰᠬᠠᠶᠢᠵᠢᠨᠨᠰᠠᠨ ᠰᠣᠳᠣᠨ ᠦᠪᠡᠷᠮᠢᠴᠡ ᠰᠢᠨ᠎ᠡ ᠪᠤᠯᠪᠠᠰᠤᠷᠠᠭᠤᠯᠬᠤ ᠠᠵᠦ ᠠᠬᠤᠶᠢᠯᠠᠯ ᠤᠨ ᠪᠤᠶᠢᠵᠢᠯᠳᠠ ᠶᠢ ᠲᠤᠰᠠᠯᠠᠬᠤ᠂ ᠦᠨᠳᠦᠰᠦᠳᠡᠨ ᠤ ᠤᠯᠠᠮᠵᠢᠯᠠᠯᠳᠣ ᠴᠠᠭᠠᠨ ᠢᠳᠡᠭᠡ ᠶᠢ ᠪᠤᠯᠪᠠᠰᠤᠷᠠᠭᠤᠯᠬᠤ ᠬᠤᠷᠳᠤᠴᠠ ᠶᠢ ᠲᠦᠷᠬᠡᠳᠬᠡᠨ ᠲᠡᠰ ᠲᠡᠪᠰᠢᠬᠦᠯᠬᠦ ᠵᠡᠷᠬᠡ ᠠᠭᠤᠯᠭ᠎ᠠ ᠶᠢᠨ ᠲᠤᠭᠤᠷᠢᠨ ᠳᠤ ᠦᠬᠡ ᠶᠠᠷᠢᠪᠠ᠃ ᠲᠠᠷᠢᠶᠠᠯᠠᠩ ᠭᠦᠳᠡᠭᠡ ᠲᠤᠰᠬᠤᠨ ᠤ ᠶᠠᠮᠤᠨ᠂ ᠤᠯᠤᠰ ᠤᠨ ᠵᠠᠬ᠎ᠠ ᠲᠡᠯᠬᠡᠭᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ᠂ ᠲᠤᠮᠳᠠᠳᠤ ᠤᠯᠤᠰ ᠤᠨ ᠪᠠᠩᠬᠢ ᠲᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠵᠦᠪᠯᠡᠯ᠂ ᠤᠯᠤᠰ ᠤᠨ ᠭᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠬᠡ ᠤᠯᠤᠰ ᠤᠨ ᠶᠠᠮᠤᠨ ᠵᠦᠪᠯᠡᠯ ᠪᠠ ᠦᠪᠡᠷᠳᠡᠬᠡᠨ ᠵᠠᠰᠬᠠᠤ ᠤᠷᠤᠨ ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠬᠠᠴᠢ ᠲᠤᠰ ᠰᠣᠨᠢᠨ ᠮᠡᠳᠡᠭᠡ ᠨᠡᠶᠢᠳᠡᠯᠡᠬᠦ ᠬᠤᠷᠠᠯ ᠳᠤ ᠤᠷᠤᠯᠴᠠᠪᠠ᠃

ᠭᠠᠷ ᠤᠲᠠᠰᠤ ᠪᠠᠷ ᠦᠵᠡᠬᠦ