ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠠᠮᠠᠯᠠᠯᠲᠠ᠎ᠪᠠᠨ ᠪᠠᠳᠤ ᠦᠶ᠋ᠯᠡᠳᠦᠯᠭᠡᠵᠢᠭᠦᠯᠵᠦ᠍ ᠪᠥᠬᠥ᠌ ᠪᠥᠮᠪᠥᠷᠴᠡᠭ᠎ᠦᠨ ᠠᠭᠤᠷ ᠠᠮᠢᠰᠭᠤᠯ᠎ᠤᠨ ᠵᠠᠰᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠶ᠎ᠡ
ᠨᠡᠶᠢᠲᠡᠯᠡᠭᠰᠡᠨ ᠴᠠᠭ᠄ 2025-09-29

— ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ

ᠲᠦᠷᠦᠭᠦᠴᠦᠳ᠎ᠦᠨ ᠬᠤᠷᠠᠯ ᠳᠡᠭᠡᠷᠡᠬᠢ ᠪᠠᠶᠠᠷ᠎ᠤᠨ ᠦᠭᠡ

(2025 ᠣᠨ᠎ᠤ 9 ᠰᠠᠷ᠎ᠠ᠎ᠶ᠋ᠢᠨ 24 ᠤ᠋ ᠡᠳᠦᠷ)

ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ   ᠰᠢ᠎ᠵᠢᠨ᠎ᠫᠢᠩ

ᠬᠦᠨᠳᠦᠲᠦ ᠨᠠᠷᠢᠨ ᠪᠢᠴᠢᠭ᠎ᠦᠨ ᠳᠠᠷᠤᠭ᠎ᠠ ᠭᠦᠲ᠋ᠸᠯᠸᠢᠢᠰ᠂

ᠬᠦᠨᠳᠦᠲᠦ ᠶᠡᠷᠦᠩᠬᠡᠢᠯᠡᠭ᠌ᠴᠢ ᠯᠦᠯᠠ᠂

ᠬᠠᠮᠲᠤ ᠠᠵᠢᠯᠯᠠᠭ᠍ᠰᠠᠳ ᠡ᠄

ᠡᠨᠡ ᠵᠢᠯ ᠪᠣᠯ 《ᠫᠠᠷᠢᠰ᠎ᠤᠨ ᠬᠡᠯᠡᠯᠴᠡᠭᠡᠷ》 ᠲᠣᠭ᠍ᠲᠠᠭ᠍ᠰᠠᠨ 10 ᠵᠢᠯ᠎ᠦᠨ ᠤᠢ ᠪᠣᠯᠤᠨ᠎ᠠ᠂ ᠪᠠᠰᠠ ᠴᠤ᠌ ᠱᠢᠨ᠎ᠡ ᠨᠢᠭᠡ ᠡᠭᠡᠯᠵᠢ᠎ᠶ᠋ᠢᠨ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ᠎ᠦᠵᠡᠬᠦᠯᠬᠦ ᠴᠢᠬᠤᠯᠠ ᠭᠣᠭ᠍ᠴᠣᠭ᠎ᠠ ᠪᠣᠯᠤᠨ᠎ᠠ᠂ ᠪᠦᠬᠦ᠌ ᠪᠥᠮᠪᠥᠷᠴᠡᠭ᠎ᠦᠨ ᠠᠭᠤᠷ ᠠᠮᠢᠰᠭᠤᠯ᠎ᠤᠨ ᠵᠠᠰᠠᠯᠲᠠ ᠵᠠᠩᠭᠢᠯᠠᠭ᠎ᠠ᠎ᠶ᠋ᠢᠨ ᠱᠠᠲᠤᠨ᠎ᠳᠤ ᠣᠷᠣᠪᠠ᠃ ᠪᠢ ᠭᠤᠷᠪᠠᠨ ᠲᠠᠯ᠎ᠠ᠎ᠶ᠋ᠢᠨ ᠦᠵᠡᠯᠲᠡ᠎ᠪᠡᠨ ᠬᠤᠪᠢᠶᠠᠯᠴᠠᠶ᠎ᠠ᠃

ᠨᠢᠭᠡ᠎ᠳᠦ᠂ ᠢᠲᠡᠭᠡᠯ ᠵᠣᠷᠢᠭ ᠎ᠢᠶᠠᠨ ᠪᠠᠲᠤᠳᠭᠠᠬᠤ ᠬᠡᠷᠡᠭ᠌ᠲᠡᠶ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠪᠣᠯ ᠴᠠᠭ ᠦᠶ᠎ᠡ᠎ᠶ᠋ᠢᠨ ᠤᠷᠤᠰᠭᠠᠯ ᠮᠥᠨ᠃ ᠬᠡᠳᠦᠢᠪᠡᠷ ᠣᠨᠴᠠ ᠵᠠᠷᠢᠮ ᠤᠯᠤᠰ ᠤᠷᠤᠰᠭᠠᠯ᠎ᠢ ᠰᠥᠷᠴᠦ᠍ ᠪᠠᠢᠭ᠎ᠠ ᠪᠣᠯᠪᠠᠴᠤ᠌᠂ ᠳᠡᠯᠡᠬᠡᠢ ᠨᠡᠢᠭᠡᠮ᠎ᠢᠶᠡᠷ᠎ᠢᠶᠡᠨ ᠵᠥᠪ ᠴᠢᠭ᠌ᠯᠡᠯ᠎ᠢ ᠡᠵᠡᠮᠳᠡᠵᠦ᠍᠂ ᠢᠲᠡᠭᠡᠯ ᠵᠣᠷᠢᠭ᠎ᠢᠶᠠᠨ ᠭᠤᠢᠪᠢᠯᠵᠠᠭᠤᠯᠬᠤ ᠦᠭᠡᠢ᠂ ᠠᠵᠢᠯᠯᠠᠭ᠎ᠠ᠎ᠪᠠᠨ ᠵᠣᠭ᠍ᠰᠣᠭᠠᠬᠤ ᠦᠭᠡᠢ᠂ ᠡᠷᠴᠢᠮ᠎ᠢᠶᠡᠨ ᠰᠤᠯᠠᠷᠠᠭᠤᠯᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠠᠭᠤᠷ ᠠᠮᠢᠰᠭᠤᠯ᠎ᠤᠨ ᠵᠠᠰᠠᠯᠲᠠ᠎ᠶ᠋ᠢᠨ ᠬᠠᠮᠲᠤᠷᠠᠯᠴᠠᠭ᠎ᠠ᠎ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠪᠡᠯ ᠵᠣᠬᠢᠨ᠎ᠠ᠃

ᠬᠣᠶᠠᠷ᠎ᠲᠤ᠂ ᠬᠠᠷᠢᠭᠤᠴᠠᠯᠭ᠎ᠠ᠎ᠪᠠᠨ ᠡᠬᠦᠷᠭᠡᠯᠡᠨ ᠭᠦᠶ᠋ᠴᠡᠳᠭᠡᠬᠦ᠌ ᠬᠡᠷᠡᠭ᠌ᠲᠡᠶ᠃ ᠪᠦᠬᠦ᠌ ᠪᠥᠮᠪᠥᠷᠴᠡᠭ᠎ᠦᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠡᠷᠬᠡ ᠲᠡᠭ᠌ᠰᠢ ᠲᠥᠪ ᠭᠣᠣᠯᠴᠢ ᠪᠠᠢᠬᠤ᠎ᠶ᠋ᠢ ᠪᠠᠷᠢᠮᠲᠠᠯᠠᠵᠤ᠂ ᠬᠥᠭ᠌ᠵᠢᠵᠦ᠍ ᠪᠠᠢᠭ᠎ᠠ ᠤᠯᠤᠰ᠎ᠤᠨ ᠬᠥᠭ᠌ᠵᠢᠯᠲᠡ᠎ᠶ᠋ᠢᠨ ᠡᠷᠬᠡ᠎ᠶ᠋ᠢ ᠭᠦᠢᠴᠡᠳ ᠬᠦᠨᠳᠦᠳᠭᠡᠵᠦ᠍᠂ ᠬᠡᠯᠪᠡᠷᠢ᠎ᠪᠡᠨ ᠬᠤᠪᠢᠷᠠᠭᠤᠯᠬᠤ᠎ᠪᠠᠷ ᠳᠠᠮᠵᠢᠨ ᠡᠮᠦᠨᠡᠲᠡᠬᠢ ᠤᠮᠠᠷᠠᠲᠠᠬᠢ᠎ᠶ᠋ᠢᠨ ᠵᠥᠷᠢᠢ᠎ᠡ᠎ᠶ᠋ᠢ ᠪᠠᠭᠠᠰᠭᠠᠬᠤ᠎ᠡᠴᠡ ᠪᠢᠰᠢ ᠦᠷᠭᠡᠳᠭᠡᠵᠦ ᠪᠣᠯᠬᠤ ᠦᠭᠡᠢ᠃ ᠡᠯ᠎ᠡ ᠤᠯᠤᠰ ᠬᠠᠮᠲᠤ᠎ᠵᠢᠨ ᠪᠣᠯᠪᠠᠴᠤ᠌ ᠢᠯᠭᠠᠭ᠎ᠠ᠎ᠲᠠᠶ ᠪᠠᠢᠬᠤ ᠬᠠᠷᠢᠭᠤᠴᠠᠯᠭ᠎ᠠ᠎ᠶ᠋ᠢᠨ ᠵᠠᠷᠴᠢᠮ᠎ᠢ ᠪᠠᠷᠢᠮᠲᠠᠯᠠᠵᠤ᠂ ᠬᠥᠭ᠌ᠵᠢᠭ᠌ᠰᠡᠨ ᠤᠯᠤᠰ ᠪᠣᠬᠢᠷᠲᠤᠯ ᠪᠣᠳᠠᠰ ᠭᠠᠳᠠᠭ᠍ᠰᠢᠯᠠᠭᠤᠯᠬᠤ᠎ᠶ᠋ᠢ ᠤᠷᠢᠳ᠎ᠢᠶᠠᠷ ᠪᠠᠭᠠᠰᠭᠠᠬᠤ ᠡᠭᠦᠷᠭᠡ᠎ᠪᠡᠨ ᠨᠠᠢᠳᠠᠪᠤᠷᠢᠵᠢᠭᠤᠯᠵᠤ᠂ ᠬᠥᠭ᠌ᠵᠢᠵᠦ᠍ ᠪᠠᠢᠭ᠎ᠠ ᠤᠯᠤᠰ᠎ᠲᠤ ᠨᠡᠩ ᠤᠯᠠᠨ ᠪᠡᠯᠡ ᠮᠥᠩᠭᠥ᠌ ᠪᠠ ᠮᠡᠷᠭᠡᠵᠢᠯ᠎ᠦᠨ ᠳᠡᠮᠵᠢᠯᠭᠡ ᠬᠠᠩᠭᠠᠪᠠᠯ ᠵᠤᠬᠢᠨ᠎ᠠ᠃

ᠭᠤᠷᠪᠠ᠎ᠳᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ ᠬᠡᠷᠡᠭᠲᠡᠢ᠃ ᠣᠳᠣᠬᠠᠨ᠎ᠳᠤ᠂ ᠪᠦᠬᠦ᠌ ᠪᠥᠮᠪᠥᠷᠴᠡᠭ᠎ᠦᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠬᠡᠷᠡᠭ᠌ᠴᠡᠭᠡ ᠯᠤᠲᠤ ᠶᠡᠬᠡ ᠪᠠᠢᠨ᠎ᠠ᠃ ᠡᠯ᠎ᠡ ᠤᠯᠤᠰ᠎ᠤᠨ ᠬᠢᠨ ᠪᠣᠬᠢᠷᠲᠤᠯ ᠦᠭᠡᠢ ᠮᠡᠷᠭᠡᠵᠢᠯ ᠪᠣᠯᠤᠨ ᠠᠵᠤ ᠦᠢᠯᠡᠰ᠎ᠦᠨ ᠤᠯᠠᠨ ᠤᠯᠤᠰ᠎ᠤᠨ ᠬᠠᠮᠵᠢᠯᠴᠠᠭ᠎ᠠ᠎ᠪᠠᠨ ᠴᠢᠩᠭᠠᠳᠭᠠᠵᠤ᠂ ᠪᠣᠬᠢᠷᠲᠤᠯ ᠦᠭᠡᠢ ᠦᠢᠯᠡᠳᠪᠦᠷᠢᠯᠡᠯ᠎ᠦᠨ ᠴᠢᠳᠠᠪᠤᠷᠢ᠎ᠶ᠋ᠢᠨ ᠳᠤᠲᠠᠭᠤᠳᠠᠯ᠎ᠢ ᠴᠢᠷᠮᠠᠢᠨ ᠨᠥᠬᠥᠪᠥᠷᠢᠯᠡᠵᠦ᠍᠂ ᠴᠢᠨᠠᠷ ᠰᠠᠢᠲᠠᠢ ᠪᠣᠬᠢᠷᠲᠤᠯ ᠦᠭᠡᠢ ᠦᠢᠯᠡᠳᠬᠦᠨ ᠪᠦᠬᠦ᠌ ᠪᠥᠮᠪᠥᠷᠴᠡᠭ ᠲᠦ᠍ ᠴᠢᠯᠥᠭᠡᠲᠠᠢ ᠭᠦᠢᠯᠭᠡᠭᠡᠭᠳᠡᠬᠦ᠎ᠶ᠋ᠢ ᠦᠨᠡᠨ ᠬᠦ᠌ ᠪᠠᠲᠤᠯᠠᠵᠤ᠂ ᠪᠣᠬᠢᠷᠲᠤᠯ ᠦᠭᠡᠢ ᠬᠥᠭ᠌ᠵᠢᠯᠲᠡ᠎ᠪᠡᠷ ᠳᠡᠯᠡᠬᠡᠢ᠎ᠶ᠋ᠢᠨ ᠭᠠᠵᠠᠷ ᠪᠣᠯᠭᠠᠨ᠎ᠳᠤ ᠦᠨᠡᠨ ᠬᠦ᠌ ᠠᠱᠢᠭ ᠬᠦᠷᠲᠡᠭᠡᠪᠡᠯ ᠵᠣᠬᠢᠨ᠎ᠠ᠃

ᠬᠠᠮᠲᠤ ᠠᠵᠢᠯᠯᠠᠭ᠍ᠰᠠᠳ ᠡ!

ᠡᠨᠡ ᠬᠦ᠌ ᠲᠣᠬᠢᠶᠠᠯ᠎ᠢ ᠠᠱᠢᠭ᠍ᠯᠠᠨ᠂ ᠪᠢ ᠳᠤᠮᠳᠠᠳᠤ ᠤᠯᠤᠰ᠎ᠤᠨ ᠱᠢᠨ᠎ᠡ ᠨᠢᠭᠡ ᠡᠭᠡᠯᠵᠢ᠎ᠶ᠋ᠢᠨ ᠤᠯᠤᠰ᠎ᠤᠨ ᠪᠡᠶ᠎ᠡ᠎ᠪᠡᠨ ᠳᠠᠭᠠᠭᠠᠵᠤ ᠬᠤᠪᠢ ᠨᠡᠮᠡᠷᠢ ᠦᠵᠡᠭᠦᠯᠬᠦ ᠬᠠᠷᠠᠯᠲᠠ᠎ᠵᠢ ᠵᠠᠷᠯᠠᠶ᠎ᠠ᠄ 2035 ᠣᠨ ᠪᠣᠯᠬᠤ᠎ᠳᠤ᠂ ᠳᠤᠮᠳᠠᠳᠤ ᠤᠯᠤᠰ᠎ᠤᠨ ᠪᠥᠬᠥ᠌ ᠠᠵᠤ ᠠᠬᠤᠶ᠎ᠶ᠋ᠢᠨ ᠬᠡᠪᠴᠢᠶᠡᠨ᠎ᠦ ᠬᠦᠯᠡᠮᠵᠢ᠎ᠶ᠋ᠢᠨ ᠬᠡᠶ ᠪᠡᠶᠡᠲᠦ᠍᠎ᠶ᠋ᠢᠨ ᠴᠡᠪᠡᠷ ᠭᠠᠳᠠᠭ᠍ᠰᠢᠯᠠᠭᠤᠯᠤᠯᠲᠠ᠎ᠶ᠋ᠢᠨ ᠬᠡᠮᠵᠢᠶ᠎ᠡ᠎ᠶ᠋ᠢ ᠣᠷᠭᠢᠯ ᠬᠡᠮᠵᠢᠭ᠌ᠳᠡᠯ᠎ᠡᠴᠡ 7%–10% ᠎ᠪᠠᠷ ᠪᠠᠭᠤᠷᠠᠭᠤᠯᠵᠤ᠂ ᠨᠠᠩ ᠰᠠᠢᠨ ᠬᠢᠬᠦ᠌᠎ᠪᠡᠷ ᠴᠢᠷᠮᠠᠢᠨ᠎ᠠ᠃ ᠡᠨᠧᠷᠭᠢ᠎ᠶ᠋ᠢᠨ ᠬᠡᠷᠡᠭ᠌ᠯᠡᠭᠡᠨ᠎ᠦ ᠶᠡᠷᠦᠩᠬᠡᠶ ᠬᠡᠮᠵᠢᠶ᠎ᠡ᠎ᠳᠡᠬᠢ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠬᠡᠷᠡᠭ᠌ᠯᠡᠭᠡᠨ᠎ᠦ ᠡᠵᠡᠯᠡᠬᠦ᠌ ᠬᠤᠪᠢ᠎ᠶ᠋ᠢᠨ ᠵᠢᠩ᠎ᠢ 30% ᠎ᠡᠴᠡ ᠳᠡᠭᠡᠭ᠌ᠰᠢ᠎ᠳᠦ ᠬᠦᠷᠬᠡᠵᠦ᠍᠂ ᠰᠠᠯᠬᠢᠨ ᠬᠦᠴᠦᠨ᠎ᠵᠢᠡᠷ ᠴᠠᠬᠢᠯᠭᠠᠨ ᠭᠠᠷᠭᠠᠬᠤ ᠪᠠ ᠨᠡᠷᠡᠨ᠎ᠤ ᠡᠨᠧᠷᠭᠢ᠎ᠪᠡᠷ ᠴᠠᠬᠢᠯᠭᠠᠨ ᠭᠠᠷᠭᠠᠬᠤ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠶ᠋ᠢ 2020 ᠣᠨ᠎ᠤ ᠬᠢ᠎ᠠᠴᠠ 6 ᠳᠠᠬᠢᠨ᠎ᠡᠴᠡ ᠳᠡᠭᠡᠭ᠌ᠰᠢ᠎ᠳᠦ ᠬᠦᠷᠭᠡᠵᠦ᠍᠂ 36 ᠳ᠋ᠦᠩᠱᠢᠭᠤᠷ ᠺᠢᠯᠦᠸᠠᠲ᠎ᠲᠤ ᠬᠦᠷᠭᠡᠬᠦ᠎ᠪᠠᠷ ᠴᠢᠷᠮᠠᠢᠵᠤ᠂ ᠣᠶ ᠱᠢᠭᠤᠶ᠎ᠶ᠋ᠢᠨ ᠬᠠᠳᠠᠭᠠᠯᠠᠭ᠍ᠳᠡᠴᠡ᠎ᠶ᠋ᠢᠨ ᠬᠡᠮᠵᠢᠶ᠎ᠡ᠎ᠶ᠋ᠢ 240 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠡᠴᠡ ᠳᠡᠭᠡᠭ᠌ᠰᠢ᠎ᠳᠦ ᠬᠦᠷᠭᠡᠵᠦ᠍᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠱᠢᠨ᠎ᠡ᠎ᠪᠡᠷ ᠪᠣᠷᠣᠯᠠᠭᠤᠯᠬᠤ ᠲᠡᠷᠭᠡ ᠬᠥᠰᠭᠡ᠎ᠶ᠋ᠢᠨ ᠭᠤᠤᠯ ᠤᠷᠤᠰᠭᠠᠯ ᠪᠣᠯᠭᠠᠵᠤ᠂ ᠪᠥᠬᠥ᠌ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠭᠤᠤᠯ ᠪᠣᠯᠬᠤ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ᠎ᠪᠡᠷ ᠶᠡᠬᠡ ᠠᠵᠢᠯ ᠲᠥᠷᠥᠯ᠎ᠢ ᠬᠠᠮᠤᠷᠤᠭᠤᠯᠵᠤ᠂ ᠠᠭᠤᠷ ᠠᠮᠢᠰᠭᠤᠯ᠎ᠳᠤ ᠵᠣᠬᠢᠴᠠᠬᠤ ᠬᠡᠯᠪᠡᠷᠢ᠎ᠶ᠋ᠢᠨ ᠨᠡᠢᠭᠡᠮ᠎ᠢ ᠦᠨᠳᠦᠰᠦᠨ᠎ᠳᠡᠭᠡᠨ ᠪᠠᠢᠭᠤᠯᠤᠨ᠎ᠠ᠃

ᠡᠨᠡ ᠪᠣᠯ ᠳᠤᠮᠳᠠᠳᠤ ᠤᠯᠤᠰ᠎ᠤᠨ 《ᠫᠠᠷᠢᠰ᠎ᠤᠨ ᠬᠡᠯᠡᠯᠴᠡᠭᠡᠷ》᠎ᠤᠨ ᠱᠠᠭᠠᠷᠳᠠᠯᠭ᠎ᠠ᠎ᠲᠠᠶ ᠬᠠᠷᠭᠤᠭᠤᠯᠵᠤ᠂ ᠬᠠᠮᠤᠭ᠎ᠤᠨ ᠶᠡᠬᠡ ᠴᠢᠷᠮᠠᠢᠯᠭ᠎ᠠ᠎ᠵᠢ ᠢᠯᠡᠷᠡᠭᠦᠯᠵᠤ ᠲᠣᠭ᠍ᠲᠠᠭᠠᠭ᠍ᠰᠠᠨ ᠬᠠᠷᠠᠯᠲᠠ᠎ᠪᠤᠯᠤᠨ᠎ᠠ᠃ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠳᠤᠮᠳᠠᠳᠤ ᠤᠯᠤᠰ ᠥᠪᠡᠷ᠎ᠢᠶᠡᠨ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ ᠴᠢᠬᠤᠯᠠᠲᠠᠢ᠂ ᠪᠠᠰᠠ ᠠᠱᠢᠭ᠍ᠲᠠᠢ ᠪᠥᠭᠡᠳ ᠨᠡᠭᠡᠭᠡᠯᠲᠡᠲᠦ ᠳᠡᠯᠡᠬᠡᠢ᠎ᠶ᠋ᠢᠨ ᠣᠷᠴᠢᠨ ᠨᠥᠬᠥᠴᠡᠯ᠎ᠢ ᠭᠡᠷᠡᠭᠰᠡᠨ᠎ᠡ᠃ ᠪᠢᠳᠡ ᠠᠮᠠᠯᠠᠯᠲᠠ᠎ᠪᠠᠨ ᠪᠡᠶᠡᠯᠡᠭᠦᠯᠬᠦ᠌ ᠢᠲᠡᠭᠡᠯ ᠲᠠᠢ ᠵᠣᠷᠢᠭ᠎ᠲᠠᠶ ᠪᠠᠢᠨ᠎ᠠ᠃

ᠬᠠᠮᠲᠤ ᠠᠵᠢᠯᠯᠠᠭ᠍ᠰᠠᠳ ᠡ!

ᠶᠡᠬᠡ ᠶᠣᠰᠣ᠎ᠵᠢ ᠶᠠᠪᠤᠭᠤᠯᠬᠤ ᠨᠢ ᠲᠤᠢᠯ᠎ᠤᠨ ᠳᠦᠭᠦᠮ᠂ ᠪᠣᠳᠠᠲᠠᠢ ᠠᠵᠢᠯᠯᠠᠬᠤ ᠨᠢ ᠲᠤᠢᠯ᠎ᠤᠨ ᠴᠢᠬᠤᠯᠠ ᠶᠤᠮ᠃ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠡᠭᠠᠬᠤ ᠪᠣᠯ ᠨᠢᠭᠡᠨ ᠪᠠᠴᠢᠮ ᠪᠥᠭᠡᠳ ᠤᠷᠳᠤ ᠬᠤᠭᠤᠴᠠᠭᠠᠨ᠎ᠤ ᠡᠭᠦᠷᠭᠡ ᠮᠥᠨ᠃ ᠪᠢᠳᠡ ᠢᠳᠡᠪᠬᠢᠲᠡᠶ᠎ᠪᠡᠷ ᠬᠥᠳᠡᠯᠦᠯᠴᠡᠵᠦ᠍᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠤᠬᠢᠴᠠᠨᠭᠭᠤᠢ ᠬᠠᠮᠲᠤ ᠣᠷᠣᠱᠢᠬᠤ ᠰᠠᠢᠨ ᠰᠠᠢᠬᠠᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌᠎ᠶ᠋ᠢ ᠠᠬᠢᠭᠤᠯᠵᠤ᠂ ᠮᠠᠨ᠎ᠤ ᠬᠠᠮᠲᠤ᠎ᠶ᠋ᠢᠨ ᠳᠡᠯᠡᠬᠡᠶ᠎ᠶ᠋ᠢᠨ ᠪᠥᠮᠪᠥᠷᠴᠡᠭ᠎ᠦᠨ ᠬᠡᠷ ᠣᠷᠣᠨ᠎ᠢᠶᠠᠨ ᠰᠠᠢᠲᠤᠷ ᠰᠠᠬᠢᠨ ᠬᠠᠮᠠᠭᠠᠯᠠᠶ᠎ᠠ!

ᠲᠠ ᠪᠦᠬᠦᠨ᠎ᠳᠤ ᠪᠠᠶᠠᠷᠯᠠᠯ᠎ᠠ!

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 9 ᠰᠠᠷ᠎ᠠ᠎ᠶ᠋ᠢᠨ 24 ᠎ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            